ᠥᠪᠥᠷ ᠮᠣᠩᠭᠤᠯ᠄ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠯ ᠤᠨ ᠵᠠᠭᠪᠤᠷ ᠢ 18᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2016/11/18
     2016 ᠣᠨ ᠤ 11 ᠳ᠋ᠦ᠋ᠭᠡᠷ ᠰᠠᠷ᠎ᠠ ᠶᠢᠨ 17᠎ ᠤ ᠡᠳᠦᠷ᠂ ᠥᠪᠥᠷ ᠮᠣᠩᠭᠤᠯ ᠤᠨ ᠵᠠᠰᠠᠭ ᠤᠨ ᠣᠷᠳᠣᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠪᠣᠯᠣᠨ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠢ ︽ᠬᠤᠶᠠᠷ ᠦᠨᠡᠮᠯᠡᠯ ᠢ ᠨᠡᠶᠢᠯᠡᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠥᠷ ᠮᠣᠩᠭᠤᠯ ᠤᠨ ᠠᠵᠣ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠵᠡᠷᠭᠡ ᠲᠠᠪᠤᠨ ᠰᠠᠯᠠᠭ᠎ᠠ ᠮᠥᠴᠢᠷ ᠵᠢᠴᠢ ᠲᠥᠪ ᠤᠨ ᠪᠠ ᠥᠪᠥᠷ ᠮᠣᠩᠭᠤᠯ ᠤᠨ 30 ᠭᠠᠷᠤᠶ ᠵᠠᠭᠤᠴᠢᠯᠠᠭᠤᠷ ᠤᠨ ᠰᠤᠷᠪᠤᠯᠵᠢᠯᠠᠭᠴᠢᠳ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃ ᠥᠪᠥᠷ ᠮᠣᠩᠭᠤᠯ ᠤᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠳᠡᠳ᠋ ᠳᠠᠷᠤᠭ᠎ᠠ ᠾᠸᠦ ᠡᠦ ᠪᠠᠶᠢᠳᠠᠯ ᠢ ᠨᠡᠶᠢᠲᠡᠯᠡᠪᠡ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠤ ︽ᠬᠤᠶᠠᠷ ᠦᠨᠡᠮᠯᠡᠯ ᠢ ᠨᠡᠶᠢᠯᠡᠭᠦᠯᠬᠦ︾ ᠥᠭᠡᠷᠡᠴᠢᠯᠡᠯᠲᠡ ᠶᠢᠨ ᠠᠬᠤᠶ ᠪᠠᠶᠢᠳᠠᠯ ᠵᠢᠴᠢ ᠦᠨᠳᠦᠰᠦ ᠪᠠᠷᠢᠮᠲᠠ ᠨᠢ ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠪᠣᠯᠣᠨ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠤᠨ ︿ᠬᠤᠶᠠᠷ ᠦᠨᠡᠮᠯᠡᠯ ᠢ ᠨᠡᠶᠢᠯᠡᠭᠦᠯᠬᠦ﹀᠎ ᠶᠢ ᠬᠡᠷᠡᠭᠵᠢᠭᠦᠯᠬᠦ ᠲᠤᠬᠠᠶ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠤᠨ ᠰᠠᠨᠠᠯ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠪᠣᠯᠣᠨ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠢ ︿ᠬᠤᠶᠠᠷ ᠦᠨᠡᠮᠯᠡᠯ ᠢ ᠨᠡᠶᠢᠯᠡᠭᠦᠯᠬᠦ﹀᠎ ᠶᠢ ᠬᠡᠷᠡᠭᠵᠢᠭᠦᠯᠬᠦ ᠲᠥᠰᠦᠯ︾ ᠪᠣᠯᠬᠤ ᠶᠢ ᠨᠡᠶᠢᠲᠡᠯᠡᠪᠡ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠲᠣᠳᠣᠷᠬᠠᠶᠢᠯᠠᠭᠰᠠᠨ ᠨᠢ ︽ᠬᠤᠶᠠᠷ ᠦᠨᠡᠮᠯᠡᠯ ᠢ ᠨᠡᠶᠢᠯᠡᠭᠦᠯᠬᠦ︾ ᠠᠭᠤᠯᠭ᠎ᠠ ᠶᠢᠨ ᠨᠢᠭᠡ ᠳᠤ ᠳᠠᠩᠰᠠᠯᠠᠬᠤ ᠳᠠᠷᠠᠭᠠᠯᠠᠯ ᠢ ᠲᠥᠬᠦᠮᠴᠢᠯᠡᠬᠦ ᠪᠣᠯᠣᠨ᠎ᠠ᠃ ᠭᠤᠶᠤᠴᠢᠯᠠᠭᠴᠢ ᠵᠥᠪᠬᠡᠨ ︽ᠨᠢᠭᠡ ᠬᠦᠰᠦᠨᠦᠭᠲᠦ︾᠎ ᠶᠢ ᠲᠠᠭᠯᠠᠵᠤ᠂ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠤᠨ ︽ᠨᠢᠭᠡ ᠴᠣᠩᠬᠤᠪᠴᠢ︾᠎ ᠳᠤ᠂ ︽ᠨᠢᠭᠡᠨ ᠢᠵᠢ ᠮᠠᠲ᠋ᠧᠷᠢᠶᠠᠯ︾ ᠲᠤᠰᠢᠶᠠᠪᠠᠯ ᠳᠠᠷᠤᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠳ᠋ᠤᠭᠠᠷ ᠢ ᠬᠠᠳᠠᠭᠰᠠᠨ ᠡᠵᠡᠩᠨᠡᠯᠲᠡ ᠶᠢᠨ ᠦᠨᠡᠮᠯᠡᠯ ᠢ ᠭᠦᠢᠴᠡᠳᠬᠡᠵᠦ ᠪᠣᠯᠣᠨ᠎ᠠ᠃ ᠬᠤᠶᠠᠷ ᠲᠤ ᠦᠨᠡᠮᠯᠡᠯ ᠢ ᠨᠡᠶᠢᠯᠡᠭᠦᠯᠬᠦ ᠴᠢᠳᠠᠮᠵᠢ ᠲᠠᠢ ᠪᠣᠯᠣᠨ᠎ᠠ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠯ ᠪᠠᠶᠢᠭᠤᠯᠬᠤ᠂ ᠬᠤᠪᠢᠷᠠᠭᠤᠯᠬᠤ ᠳᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 18 ᠲᠤᠭ᠎ᠠ ᠲᠠᠢ ︽ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠳ᠋ᠤᠭᠠᠷ︾᠎ ᠢ ᠬᠠᠳᠠᠬᠤ ᠪᠥᠭᠡᠳ ᠤᠤᠯ ᠤᠨ ᠡᠵᠡᠩᠨᠡᠯᠲᠡ ᠶᠢᠨ ᠦᠨᠡᠮᠯᠡᠯ ᠪᠣᠯᠤᠨ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠤᠨ ᠴᠢᠳᠠᠮᠵᠢ ᠪᠦᠬᠦᠢ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠨ᠎ᠠ᠃ ᠭᠤᠷᠪᠠ ᠳᠤ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠪᠣᠯᠣᠨ᠎ᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠲᠦᠰᠢᠭ ᠪᠣᠯᠭᠠᠭᠰᠠᠨ᠂ ᠥᠪᠥᠷ ᠮᠣᠩᠭᠤᠯ ᠤᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠠᠴᠢᠶᠠᠯᠠᠪᠤᠷᠢ ᠪᠣᠯᠭᠠᠭᠰᠠᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠰᠦᠯᠵᠢᠶ᠎ᠡ ᠶᠢ ᠪᠣᠢ ᠪᠣᠯᠭᠠᠵᠤ᠂ ᠰᠠᠯᠠᠭ᠎ᠠ ᠮᠥᠴᠢᠷ ᠤᠳ ᠬᠤᠭᠤᠷᠣᠨᠳᠤ ᠪᠠᠨ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠠᠲᠤᠯᠠᠨ᠎ᠠ᠃ ᠳᠥᠷᠪᠡ ᠳᠤ ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠪᠣᠯᠣᠨ᠎ᠠ ᠭᠡᠵᠡᠢ᠃      11 ᠳ᠋ᠦ᠋ᠭᠡᠷ ᠰᠠᠷ᠎ᠠ ᠶᠢᠨ 18᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠪᠦᠬᠦ ᠣᠷᠣᠨ ᠤ ᠬᠡᠪᠴᠢᠶᠡᠨ ᠳᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠯ ᠤᠨ ᠵᠠᠭᠪᠤᠷ ᠢ ᠨᠢᠭᠡᠳᠦᠯᠲᠡᠶ ᠬᠡᠷᠡᠭᠵᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号