ᠥᠪᠥᠷ ᠮᠣᠩᠭᠤᠯ ᠣᠷᠣᠨ ᠳᠤ ᠪᠣᠷᠣᠭᠠᠨ ᠴᠠᠰᠤ ᠤᠷᠤᠵᠤ ᠠᠭᠤᠷ ᠠᠮᠢᠰᠬᠤᠯ ᠬᠦᠢᠲᠡᠷᠡᠨ ᠶᠡᠭᠡ ᠰᠠᠯᠬᠢᠨ ᠰᠠᠯᠬᠢᠯᠠᠨ᠎ᠠ
ᠨᠡᠶᠢᠲᠡᠯᠡᠭᠰᠡᠨ ᠴᠠᠭ᠄
2016/11/18
      ᠪᠠᠷᠠᠭᠤᠨ ᠤ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ 17~19᠎ ᠤ ᠡᠳᠦᠷ ᠪᠣᠯᠲᠠᠯ᠎ᠠ᠂ ᠥᠪᠥᠷ ᠮᠣᠩᠭᠤᠯ ᠣᠷᠣᠨ ᠳᠤ ᠪᠠᠰᠠ ᠨᠢᠭᠡ ᠤᠳᠠᠭᠠᠨ ᠤ ᠪᠣᠷᠣᠭᠠᠨ ᠴᠠᠰᠤ ᠤᠷᠤᠵᠤ ᠠᠭᠤᠷ ᠠᠮᠢᠰᠬᠤᠯ ᠬᠦᠢᠲᠡᠷᠡᠨ ᠶᠡᠭᠡ ᠰᠠᠯᠬᠢᠨ ᠰᠠᠯᠬᠢᠯᠠᠨ᠎ᠠ᠃ 17᠎ ᠤ ᠡᠳᠦᠷ ᠤᠨ 8 ᠴᠠᠭ ᠠᠴᠠ 19᠎ ᠤ ᠡᠳᠦᠷ ᠤᠨ 20 ᠴᠠᠭ ᠪᠣᠯᠲᠠᠯ᠎ᠠ᠂ ᠥᠪᠥᠷ ᠮᠣᠩᠭᠤᠯ ᠤᠨ ᠪᠠᠷᠠᠭᠤᠨ ᠪᠡᠶ᠎ᠡ ᠠᠴᠠ ᠵᠡᠭᠦᠨᠰᠢᠬᠢ᠂ ᠳᠤᠮᠳᠠᠬᠢ ᠪᠣᠯᠣᠨ ᠵᠡᠭᠦᠨ ᠪᠡᠶ᠎ᠡ ᠶᠢᠨ ᠭᠠᠵᠠᠷ ᠣᠷᠣᠨ ᠳᠤ ᠪᠣᠷᠣᠭᠠᠨ ᠤᠷᠤᠬᠤ ᠪᠣᠯᠣᠨ᠎ᠠ᠃ ᠡᠭᠦᠨ ᠤ ᠬᠠᠮᠲᠤ᠂ ᠪᠥᠬᠦ ᠣᠷᠣᠨ ᠤ ᠬᠤᠶᠢᠭᠤᠷᠬᠢ ᠶᠡᠬᠡᠩᠬᠢ ᠬᠡᠰᠡᠭ ᠭᠠᠵᠠᠷ ᠣᠷᠣᠨ ᠳᠤ ᠪᠠᠷᠠᠭᠤᠨ ᠬᠤᠶᠢᠲᠤ ᠠᠴᠠ 5 ᠳᠡᠰ ᠤᠨ ᠰᠠᠯᠬᠢᠨ ᠰᠠᠯᠬᠢᠯᠠᠵᠤ᠂ ᠬᠡᠰᠡᠭ ᠲᠡᠭᠡᠨ 6~7 ᠳᠡᠰ ᠤᠨ ᠰᠠᠯᠬᠢᠨ ᠰᠠᠯᠬᠢᠯᠠᠨ᠎ᠠ᠃ 18᠎ ᠤ ᠡᠳᠦᠷ᠂ ᠪᠠᠷᠠᠭᠤᠨ ᠠᠴᠠ ᠵᠡᠭᠦᠨᠰᠢ ᠠᠭᠠᠷ ᠤᠨ ᠳᠤᠯᠠᠭᠠᠨ ᠳᠣᠷᠣᠭᠰᠢᠯᠠᠵᠤ᠂ ᠪᠦᠬᠦ ᠣᠷᠣᠨ ᠤ ᠶᠡᠬᠡᠩᠬᠢ ᠬᠡᠰᠡᠭ ᠤᠨ ᠠᠭᠠᠷ ᠤᠨ ᠳᠤᠯᠠᠭᠠᠨ 4~6 ᠭᠷᠠᠳᠦ᠋ᠰ ᠳᠣᠷᠤᠭᠰᠢᠯᠠᠨ᠂ ᠬᠡᠰᠡᠭ ᠭᠠᠵᠠᠷ ᠤᠨ ᠠᠭᠠᠷ ᠤᠨ ᠳᠤᠯᠠᠭᠠᠨ 8~10 ᠭᠷᠠᠳᠦ᠋ᠰ ᠳᠣᠷᠣᠭᠰᠢᠯᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号