ᠥᠪᠥᠷ ᠵᠠᠰᠠᠭ ᠠᠯᠪᠠᠨ ᠲᠠᠷᠬᠠᠭᠠᠭᠰᠠᠨ ﹇2016﹈ 15 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ 27 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠭᠠᠵᠠᠷ ᠰᠢᠷᠤᠢ | ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠳᠦᠷᠢᠮ︾ ︵ᠳᠤᠷᠤᠭᠰᠢ ︽ᠳᠦᠷᠢᠮ︾ ᠭᠡᠵᠦ | ᠲᠣᠪᠴᠢᠯᠠᠨ᠎ᠠ︶ ᠢ 2015 ᠣᠨ ᠤ 11 ᠳ᠋ᠤᠭᠡᠷ ᠰᠠᠷ᠎ᠠ ᠶᠢᠨ 25 ᠤ ᠡᠳᠦᠷ ᠦᠪᠡᠷᠲᠡᠭᠡᠨ ᠵᠠᠰᠠᠬᠤ ᠣᠷᠣᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠷᠪᠠ ᠶᠢᠰᠦᠳᠦᠭᠡᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠂ 2016 ᠣᠨ ᠤ 3 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠳᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ | ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠠᠵᠢᠯᠯᠠᠭ᠎ᠠ ᠶᠢ ᠵᠢᠷᠤᠮᠵᠢᠭᠤᠯᠤᠨ᠂ ᠪᠦᠬᠦ ᠣᠷᠣᠨ ᠤ | ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ | ᠠᠵᠢᠯ ᠢ ᠤᠷᠤᠭᠰᠢᠲᠠᠢ ᠦᠷᠨᠢᠭᠦᠯᠬᠦ ᠶᠢ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ | ᠮᠡᠳᠡᠭᠳᠡᠪᠡ᠄ | ᠨᠢᠭᠡ᠂ ︽ᠳᠦᠷᠢᠮ︾ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠬᠤ ᠬᠡᠷᠡᠭᠲᠡᠢ | ᠣᠶᠢᠷ᠎ᠠ ᠶᠢᠨ ᠵᠢᠯ ᠤᠨ ᠲᠣᠷᠰᠢ᠂ ᠮᠠᠨ ᠤ ᠣᠷᠣᠨ ᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ | ᠭᠦᠨᠵᠡᠭᠡᠢ ᠠᠬᠢᠭᠤᠯᠵᠤ᠂ ᠬᠠᠭᠤᠴᠢᠨ ᠬᠤᠲᠠ ᠲᠣᠭᠤᠷᠢᠭ ᠢ ᠦᠭᠡᠷᠡᠴᠢᠯᠡᠨ ᠪᠠᠶᠢᠭᠤᠯᠬᠤ᠂ ᠳᠦᠭᠦᠮ ᠪᠦᠳᠦᠭᠦᠯᠢᠭ | ᠣᠷᠣᠨ ᠰᠠᠭᠤᠴᠠᠲᠤ ᠲᠣᠭᠤᠷᠢᠭ ᠢ ᠦᠭᠡᠷᠡᠴᠯᠡᠨ ᠵᠠᠰᠠᠬᠤ ᠵᠢᠴᠢ ᠡᠯ᠎ᠡ ᠲᠦᠷᠦᠯ ᠤᠨ ᠪᠠᠲᠤᠯᠠᠭ᠎ᠠ ᠶᠢᠨ ᠴᠢᠨᠠᠷᠲᠠᠢ | ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠬᠦ ᠶᠢ ᠳᠠᠭᠠᠯᠳᠤᠨ᠂ ᠤᠯᠤᠰ ᠤᠨ ᠦᠮᠴᠢᠯᠡᠯᠲᠦ | ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠠᠵᠢᠯ ᠳᠤ ᠰᠢᠨ᠎ᠡ ᠪᠠᠶᠢᠳᠠᠯ᠂ | ᠰᠢᠨ᠎ᠡ ᠠᠰᠠᠭᠤᠳᠠᠯ ᠢᠯᠡᠷᠡᠪᠡ᠃ ︽ᠳᠦᠷᠢᠮ︾ ᠢ ᠨᠡᠶᠢᠲᠡᠯᠡᠨ ᠬᠡᠷᠡᠭᠵᠢᠭᠦᠯᠬᠦ ᠨᠢ ᠤᠯᠤᠰ ᠤᠨ ᠦᠮᠴᠢᠯᠡᠯᠲᠦ ᠭᠠᠵᠠᠷ | ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠠᠵᠢᠯᠯᠠᠭ᠎ᠠ ᠶᠢ ᠵᠢᠷᠤᠮᠵᠢᠭᠤᠯᠵᠤ᠂ ᠡᠯ᠎ᠡ | ᠲᠠᠯ᠎ᠠ ᠶᠢᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠨ᠂ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠠᠵᠢᠯ᠂ ᠴᠢᠬᠤᠯᠠ ᠶᠡᠭᠡ ᠲᠦᠷᠦᠯ ᠵᠦᠢᠯ ᠢ ᠤᠷᠤᠭᠰᠢᠲᠠᠢ ᠦᠷᠨᠢᠭᠦᠯᠬᠦ ᠶᠢ ᠦᠨᠡᠨᠬᠦ ᠪᠠᠲᠤᠯᠠᠵᠤ᠂ ᠦᠪᠡᠷᠲᠡᠭᠡᠨ | ᠵᠠᠰᠠᠬᠤ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ | ᠪᠦᠭᠡᠳ ᠲᠣᠭᠲᠠᠭᠤᠨ ᠪᠠᠶᠢᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠦᠴᠢᠷ ᠤᠳ ︽ᠳᠦᠷᠢᠮ︾ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ | ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ︽ᠳᠦᠷᠢᠮ︾ ᠤᠨ | ᠳᠤᠳᠤᠭᠠᠲᠤ ᠱᠠᠭᠠᠷᠳᠠᠯᠭ᠎ᠠ ᠶᠢ ᠬᠢᠨᠠᠮᠠᠭᠠᠢ ᠣᠶᠢᠯᠠᠭᠠᠬᠤ ᠪᠠ ᠣᠨᠣᠪᠴᠢᠲᠠᠢ ᠡᠵᠡᠮᠰᠢᠵᠦ᠂ ︽ᠳᠦᠷᠢᠮ︾ ᠤᠨ ᠡᠯ᠎ᠡ | ᠵᠦᠢᠯ ᠤᠨ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠪᠠᠨ | ᠴᠢᠩᠭᠠᠷᠠᠭᠤᠯᠵᠤ᠂ ᠠᠵᠢᠯ ᠤᠨ ᠰᠡᠳᠬᠢᠴᠡ ᠳᠡᠭᠡᠨ ᠰᠢᠨ᠎ᠡ ᠶᠢ ᠡᠭᠦᠳᠦᠨ᠂ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠠᠭᠤᠷᠢ ᠪᠡᠯᠡᠳᠭᠡᠮᠵᠢ᠂ | ᠣᠯᠠᠨ ᠨᠡᠶᠢᠲᠡ ᠶᠢᠨ ᠠᠵᠢᠯ ᠦᠢᠯᠡᠰ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ | ᠢᠨᠵᠧᠨᠧᠷᠢᠩ ᠤᠨ ᠲᠦᠷᠦᠯ ᠵᠦᠢᠯ ᠢ ᠪᠦᠲᠦᠭᠡᠨ ᠪᠠᠶᠢᠭᠤᠯᠬᠤ ᠪᠠ ᠬᠠᠭᠤᠴᠢᠨ ᠬᠤᠲᠠ ᠲᠣᠭᠤᠷᠢᠭ ᠢ ᠦᠭᠡᠷᠡᠴᠢᠯᠡᠨ | ᠪᠠᠶᠢᠭᠤᠯᠬᠤ ᠵᠡᠷᠭᠡ ᠣᠯᠠᠨ ᠨᠡᠶᠢᠲᠡ ᠳᠤ ᠠᠴᠢ ᠲᠤᠰᠠᠲᠠᠢ ᠲᠦᠷᠦᠯ ᠵᠦᠢᠯ ᠢ ᠤᠷᠤᠭᠰᠢᠲᠠᠢ ᠬᠡᠷᠡᠭᠵᠢᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ᠃ | ᠬᠤᠶᠠᠷ᠂ ︽ᠳᠦᠷᠢᠮ︾ ᠢ ᠲᠤᠤᠱᠯᠠᠭᠤᠯᠤᠨ ᠬᠡᠷᠡᠭᠵᠢᠭᠦᠯᠬᠦ ᠶᠢᠨ ᠭᠤᠣᠯᠳᠠᠯᠭ᠎ᠠ ᠲᠠᠢ ᠠᠵᠢᠯ | ︵ᠨᠢᠭᠡ︶ ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠶᠢ ᠵᠦᠢ ᠵᠣᠬᠢᠰᠲᠠᠢ ᠢᠯᠭᠠᠨ | ᠲᠣᠭᠲᠠᠭᠠᠬᠤ ᠬᠡᠷᠡᠭᠲᠡᠢ᠃ ᠭᠡᠷ ᠪᠠᠶᠢᠰᠢᠩ ᠲᠠᠲᠠᠪᠤᠷᠢᠯᠠᠬᠤ ᠲᠣᠭᠲᠠᠭᠠᠯ ᠭᠠᠷᠭᠠᠬᠤ ᠡᠷᠬᠡ ᠲᠠᠢ ᠲᠣᠭᠤᠷᠢᠭ | ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠤᠭᠤᠳ ︽ᠳᠦᠷᠢᠮ︾ ᠤᠨ ᠨᠠᠢᠮᠠᠳᠤᠭᠠᠷ ᠵᠦᠢᠯ ᠤᠨ ᠲᠣᠭᠲᠠᠭᠠᠯ ᠶᠤᠰᠤᠭᠠᠷ᠂ | ᠲᠠᠲᠠᠪᠤᠷᠢᠯᠠᠬᠤ ᠲᠦᠷᠦᠯ ᠵᠦᠢᠯ ᠨᠢ ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠳᠤ ᠨᠡᠶᠢᠴᠡᠬᠦ ᠡᠰᠡᠬᠦ | ᠪᠠᠶᠢᠳᠠᠯ ᠢ ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ ᠢᠯᠡ ᠨᠡᠶᠢᠲᠡᠯᠡᠵᠦ᠂ ᠭᠡᠷ ᠪᠠᠶᠢᠰᠢᠩ ᠢᠶᠠᠨ | ᠲᠠᠲᠠᠪᠤᠷᠢᠯᠠᠭᠳᠠᠭᠰᠠᠨ ᠬᠦᠮᠦᠰ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠂ ᠤᠯᠤᠰ ᠤᠨ ᠦᠮᠴᠢᠯᠡᠯᠲᠦ | ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠠᠵᠢᠯ ᠤᠨ ᠤᠷᠤᠭᠰᠢᠲᠠᠢ | ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠠᠲᠠᠪᠤᠷᠢᠯᠠᠬᠤ ᠬᠡᠪᠴᠢᠶᠡᠨ ᠳᠤᠲᠤᠷᠠᠬᠢ ᠭᠡᠷ ᠪᠠᠶᠢᠰᠢᠩ ᠢ ᠪᠠᠶᠢᠴᠠᠭᠠᠵᠤ ᠳᠠᠩᠰᠠᠯᠠᠨ ᠲᠡᠮᠲᠡᠭᠯᠡᠬᠦ | ᠪᠠ ᠳᠠᠩᠰᠠᠯᠠᠨ ᠲᠡᠮᠲᠡᠭᠯᠡᠭᠰᠡᠨ ᠦᠭᠡᠢ ᠭᠡᠷ ᠪᠠᠶᠢᠰᠢᠩ ᠢ ᠮᠠᠭᠠᠳᠯᠠᠨ ᠲᠣᠭᠲᠠᠭᠠᠬᠤ᠂ ᠰᠢᠢᠳᠪᠦᠷᠢᠯᠡᠬᠦ ᠠᠵᠢᠯ ᠢ | ᠰᠠᠶᠢᠲᠤᠷ ᠬᠢᠬᠦ ᠬᠡᠷᠡᠭᠲᠡᠢ᠃ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠪᠣᠲᠠᠲᠠᠢ ᠠᠵᠢᠯ ᠤᠨ | ᠲᠦᠰᠦᠯ ᠢ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ ᠪᠠᠶᠢᠭᠠᠳ ᠭᠡᠷ ᠪᠠᠶᠢᠰᠢᠩ | ᠲᠠᠲᠠᠪᠤᠷᠢᠯᠠᠬᠤ ᠬᠡᠪᠴᠢᠶᠡᠨ ᠳᠤᠲᠤᠷᠠᠬᠢ ᠭᠡᠷ ᠪᠠᠶᠢᠰᠢᠩ ᠤᠨ ᠡᠷᠬᠡ ᠬᠠᠷᠢᠶ᠎ᠠ᠂ ᠣᠷᠣᠨ ᠪᠠᠶᠢᠷᠢ᠂ ᠬᠡᠷᠡᠭᠴᠡᠭᠡ᠂ | ᠪᠠᠷᠢᠯᠭ᠎ᠠ ᠶᠢᠨ ᠲᠠᠯᠠᠪᠠᠢ ᠵᠡᠷᠭᠡ ᠪᠠᠶᠢᠳᠠᠯ ︵ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠰᠡᠭᠦᠳᠡᠷ ᠮᠠᠲ᠋ᠧᠷᠢᠶᠠᠯ | ᠪᠠᠭᠲᠠᠨ᠎ᠠ︶ ᠢ ᠬᠢᠨᠠᠮᠠᠭᠠᠢ ᠪᠠᠶᠢᠴᠠᠭᠠᠵᠤ ᠳᠠᠩᠰᠠᠯᠠᠨ ᠲᠡᠮᠲᠡᠭᠯᠡᠬᠦ ᠶᠢᠨ ᠬᠠᠮᠲᠤ᠂ ᠭᠡᠷ ᠪᠠᠶᠢᠰᠢᠩ ᠲᠠᠲᠠᠪᠤᠷᠢᠯᠠᠬᠤ | ᠬᠡᠪᠴᠢᠶᠡᠨ ᠳᠤᠲᠤᠷ᠎ᠠ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠰ ᠲᠤ ᠪᠠᠶᠢᠴᠠᠭᠠᠭᠰᠠᠨ ᠦᠷ᠎ᠡ ᠳ᠋ᠦᠩ ᠢᠶᠠᠨ | ᠨᠡᠶᠢᠲᠡᠯᠡᠬᠦ ᠬᠡᠷᠡᠭᠲᠡᠢ᠃ ᠲᠠᠲᠠᠪᠤᠷᠢᠯᠠᠬᠤ ᠬᠡᠪᠴᠢᠶᠡᠨ ᠳᠣᠲᠤᠷ᠎ᠠ ᠦᠮᠴᠢᠯᠡᠬᠦ ᠡᠷᠬᠡ ᠪᠠᠨ ᠳᠠᠩᠰᠠᠯᠠᠨ | ᠲᠡᠮᠲᠡᠭᠯᠡᠭᠦᠯᠦᠭᠰᠡᠨ ᠦᠭᠡᠢ ᠭᠡᠷ ᠪᠠᠶᠢᠰᠢᠩ ᠤᠨ ᠬᠠᠤᠯᠢ ᠶᠤᠰᠤᠨ ᠤ ᠴᠢᠨᠠᠷᠲᠠᠢ ᠮᠠᠭᠠᠳᠯᠠᠨ ᠲᠣᠭᠲᠠᠭᠠᠬᠤ ᠠᠵᠢᠯ ᠢ | ᠵᠣᠬᠢᠶᠠᠨ ᠪᠠᠶᠢᠭᠤᠯᠤᠨ ᠦᠷᠨᠢᠭᠦᠯᠬᠦ ᠶᠢᠨ ᠬᠠᠮᠲᠤ᠂ ᠮᠠᠭᠠᠳᠯᠠᠨ ᠲᠣᠭᠲᠠᠭᠠᠬᠤ᠂ ᠰᠢᠢᠳᠪᠦᠷᠢᠯᠡᠬᠦ ᠠᠬᠢᠴᠠ ᠪᠠᠨ | ᠲᠦᠷᠭᠡᠳᠭᠡᠵᠦ᠂ ᠮᠠᠭᠠᠳᠯᠠᠨ ᠲᠣᠭᠲᠠᠭᠠᠬᠤ ᠠᠵᠢᠯ ᠤᠨ ᠰᠢᠯᠲᠠᠭᠠᠨ ᠠᠴᠠ ᠪᠣᠯᠵᠤ ᠪᠦᠬᠦ᠋ᠢᠯᠡ ᠲᠠᠲᠠᠪᠤᠷᠢᠯᠠᠬᠤ | ᠲᠦᠷᠦᠯ ᠵᠦᠢᠯ ᠤᠨ ᠬᠡᠷᠡᠭᠵᠢᠭᠦᠯᠦᠭᠳᠡᠬᠦ ᠶᠢ ᠨᠦᠯᠦᠭᠡᠯᠡᠵᠦ ᠪᠣᠯᠬᠤ ᠦᠭᠡᠢ᠃ | ︵ᠭᠤᠷᠪᠠ︶ ᠨᠡᠶᠢᠭᠡᠮ ᠤᠨ ᠲᠣᠭᠲᠠᠭᠤᠨ ᠤ ᠲᠠᠯ᠎ᠠ ᠪᠠᠷ ᠬᠢ ᠲᠥᠭᠰᠢᠭᠦᠷᠢ ᠶᠢ ᠦᠨᠡᠯᠡᠨ ᠵᠢᠱᠢᠬᠦ ᠠᠵᠢᠯ ᠢ | ᠬᠠᠤᠯᠢ ᠶᠤᠰᠤᠭᠠᠷ ᠦᠷᠨᠢᠭᠦᠯᠬᠦ ᠬᠡᠷᠡᠭᠲᠡᠢ᠃ ᠭᠡᠷ ᠪᠠᠶᠢᠰᠢᠩ ᠢ ᠲᠠᠲᠠᠪᠤᠷᠢᠯᠠᠬᠤ ᠲᠣᠭᠲᠠᠭᠠᠯ ᠭᠠᠷᠭᠠᠬᠤ ᠠᠴᠠ ᠡᠮᠦᠨ᠎ᠡ᠂ | ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠭᠡᠷ ᠪᠠᠶᠢᠰᠢᠩ ᠲᠠᠲᠠᠪᠤᠷᠢᠯᠠᠬᠤ ᠨᠡᠶᠢᠭᠡᠮ ᠤᠨ | ᠲᠣᠭᠲᠠᠭᠤᠨ ᠤ ᠲᠠᠯ᠎ᠠ ᠪᠠᠷ ᠬᠢ ᠲᠥᠭᠰᠢᠭᠦᠷᠢ ᠶᠢ ᠦᠨᠡᠯᠡᠨ ᠵᠢᠱᠢᠬᠦ ᠠᠵᠢᠯ ᠦᠷᠨᠢᠭᠦᠯᠬᠦ ᠶᠢᠨ ᠠᠭᠤᠯᠭ᠎ᠠ᠂ ᠠᠵᠢᠯ ᠤᠨ | ᠳᠡᠰ ᠳᠠᠷᠠᠭᠠᠯᠠᠯ᠂ ᠠᠵᠢᠯ ᠤᠨ ᠬᠦᠴᠦᠨ ᠲᠡᠭᠦᠯᠳᠡᠷ ᠬᠤᠭᠤᠴᠠᠭ᠎ᠠ ᠵᠡᠷᠭᠡ ᠶᠢ ᠲᠤᠳᠤᠷᠬᠠᠶᠢᠯᠠᠵᠤ᠂ ᠨᠡᠶᠢᠭᠡᠮ ᠤᠨ | ᠲᠣᠭᠲᠠᠭᠤᠨ ᠤ ᠲᠠᠯ᠎ᠠ ᠪᠠᠷ ᠬᠢ ᠲᠥᠭᠰᠢᠭᠦᠷᠢ ᠶᠢ ᠦᠨᠡᠯᠡᠨ ᠵᠢᠱᠢᠬᠦ ᠶᠢᠨ ᠨᠤᠲᠠᠯᠠᠬᠤ ᠬᠤᠷᠠᠯ ᠢ ᠴᠠᠭ ᠲᠤᠨᠢ | ᠲᠣᠬᠢᠷᠠᠭᠤᠯᠤᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠡᠷ ᠪᠠᠶᠢᠰᠢᠩ ᠲᠠᠲᠠᠪᠤᠷᠢᠯᠠᠬᠤ ᠶᠢᠨ ᠬᠠᠤᠯᠢ ᠶᠤᠰᠤᠴᠢ | ᠴᠢᠨᠠᠷ᠂ ᠵᠦᠢ ᠶᠤᠰᠤᠴᠢ ᠴᠢᠨᠠᠷ᠂ ᠬᠡᠷᠡᠭᠵᠢᠭᠦᠯᠦᠭᠦᠰᠢᠲᠡᠢ ᠴᠢᠨᠠᠷ ᠪᠠ ᠪᠠᠶᠢᠬᠤ ᠪᠤᠯᠤᠮᠵᠢᠲᠠᠢ ᠨᠡᠶᠢᠭᠡᠮ ᠤᠨ | ᠲᠣᠭᠲᠠᠭᠤᠨ ᠤ ᠲᠠᠯ᠎ᠠ ᠪᠠᠷ ᠬᠢ ᠲᠥᠭᠰᠢᠭᠦᠷᠢ ᠶᠢ ᠦᠨᠡᠯᠡᠨ ᠵᠢᠱᠢᠵᠦ ᠨᠤᠲᠠᠯᠠᠨ᠂ ᠨᠡᠶᠢᠭᠡᠮ ᠤᠨ ᠲᠣᠭᠲᠠᠭᠤᠨ ᠤ | ᠲᠠᠯ᠎ᠠ ᠪᠠᠷ ᠬᠢ ᠲᠥᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠪᠢᠴᠢᠬᠦ ᠬᠡᠷᠡᠭᠲᠡᠢ᠃ ᠨᠡᠶᠢᠭᠡᠮ ᠤᠨ | ᠲᠣᠭᠲᠠᠭᠤᠨ ᠤ ᠲᠠᠯ᠎ᠠ ᠪᠠᠷ ᠬᠢ ᠲᠥᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠭᠡᠷ ᠪᠠᠶᠢᠰᠢᠩ | ᠲᠠᠲᠠᠪᠤᠷᠢᠯᠠᠬᠤ ᠲᠣᠭᠲᠠᠭᠠᠯ ᠭᠠᠷᠭᠠᠬᠤ ᠡᠰᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ | ︵ᠳᠥᠷᠪᠡ︶ ᠨᠦᠬᠦᠪᠦᠷᠢ ᠥᠭᠬᠦ ᠪᠠᠷᠢᠮᠵᠢᠶ᠎ᠠ ᠶᠢ ᠬᠠᠤᠯᠢ ᠶᠤᠰᠤᠭᠠᠷ ᠲᠣᠭᠲᠠᠭᠠᠬᠤ ᠬᠡᠷᠡᠭᠲᠡᠢ᠃ ᠬᠤᠪᠢ | ᠬᠦᠮᠦᠨ ᠤ ᠣᠷᠣᠨ ᠰᠠᠭᠤᠴᠠ ᠶᠢ ᠲᠠᠲᠠᠪᠤᠷᠢᠯᠠᠬᠤ ᠳᠤ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠰ ᠵᠤᠭᠤᠰ | ᠮᠦᠩᠭᠦ ᠪᠠᠷ ᠨᠦᠬᠦᠪᠦᠷᠢᠯᠡᠬᠦ ᠶᠢ ᠰᠤᠩᠭᠤᠪᠠᠯ᠂ ᠠᠳᠠᠯᠢᠬᠠᠨ ᠪᠠᠷᠢᠯᠭ᠎ᠠ ᠶᠢᠨ ᠲᠠᠯᠠᠪᠠᠢ ᠪᠠ ᠰᠢᠨ᠎ᠡ ᠪᠠᠷ ᠪᠠᠶᠢᠭᠤᠯᠤᠭᠰᠠᠨ | ᠠᠳᠠᠯᠢᠪᠲᠤᠷ ᠲᠠᠸᠠᠷ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠤᠰᠤᠭᠠᠷ ᠨᠦᠬᠦᠪᠦᠷᠢ | ᠥᠭᠬᠦ ᠬᠡᠷᠡᠭᠲᠡᠢ᠃ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢ ᠲᠠᠲᠠᠪᠤᠷᠢᠯᠠᠬᠤ ᠳᠤ ᠭᠡᠷ ᠪᠠᠶᠢᠰᠢᠩ ᠭᠠᠵᠠᠷ | ᠬᠦᠷᠦᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠲᠣᠭᠲᠠᠭᠠᠭᠰᠠᠨ ᠲᠠᠲᠠᠪᠤᠷᠢᠯᠠᠬᠤ ᠭᠡᠷ | ᠪᠠᠶᠢᠰᠢᠩ ᠤᠨ ᠦᠨᠡᠯᠡᠨ ᠵᠢᠱᠢᠬᠦ ᠦᠨ᠎ᠡ ᠬᠠᠩᠰᠢ ᠶᠤᠰᠤᠭᠠᠷ ᠨᠦᠬᠦᠪᠦᠷᠢ ᠥᠭᠬᠦ ᠬᠡᠷᠡᠭᠲᠡᠢ᠃ ᠭᠡᠷ ᠪᠠᠶᠢᠰᠢᠩ | ᠲᠠᠲᠠᠪᠤᠷᠢᠯᠠᠬᠤ ᠨᠦᠬᠦᠪᠦᠷᠢ ᠵᠠᠷᠤᠳᠠᠯ ᠳᠤ ᠭᠡᠷ ᠪᠠᠶᠢᠰᠢᠩ ᠤᠨ ᠦᠨ᠎ᠡ ᠥᠷᠲᠡᠭ ᠤᠨ ᠨᠦᠬᠦᠪᠦᠷᠢ᠂ ᠨᠡᠭᠦᠯᠭᠡᠨ | ᠰᠢᠯᠵᠢᠭᠦᠯᠬᠦ ᠪᠠ ᠲᠦᠷ ᠴᠠᠭ ᠲᠥᠪᠬᠢᠨᠡᠭᠦᠯᠬᠦ ᠨᠦᠬᠦᠪᠦᠷᠢ᠂ ᠦᠢᠯᠡᠳᠪᠦᠷᠢᠯᠡᠯ ᠠᠷᠠᠯᠵᠢᠶ᠎ᠠ ᠵᠣᠭᠰᠤᠭᠰᠠᠨ | ᠬᠤᠬᠢᠷᠠᠯ ᠤᠨ ᠨᠦᠬᠦᠪᠦᠷᠢ ᠪᠠᠭᠲᠠᠨ᠎ᠠ᠃ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ︽ᠳᠦᠷᠢᠮ︾ ᠤᠨ | ᠲᠣᠭᠲᠠᠭᠠᠯ ᠶᠤᠰᠤᠭᠠᠷ ᠲᠤᠰᠠᠯᠠᠮᠵᠢ ᠥᠭᠬᠦ ᠪᠠ ᠱᠠᠩᠨᠠᠯ ᠣᠯᠭᠤᠬᠤ ᠠᠷᠭ᠎ᠠ ᠶᠢ ᠲᠣᠭᠲᠠᠭᠠᠵᠤ᠂ ᠭᠡᠷ ᠪᠠᠶᠢᠰᠢᠩ ᠢᠶᠠᠨ | ᠲᠠᠲᠠᠪᠤᠷᠢᠯᠠᠭᠳᠠᠭᠰᠠᠨ ᠬᠦᠮᠦᠰ ᠲᠤ ᠲᠤᠰᠠᠯᠠᠮᠵᠢ ᠪᠠ ᠱᠠᠩᠨᠠᠯ ᠣᠯᠭᠤᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ | ᠤᠯᠤᠰ ᠪᠠ ᠦᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠦᠨ᠎ᠡ ᠬᠠᠩᠰᠢ ᠶᠢ ᠦᠨᠡᠯᠡᠨ | ᠵᠢᠱᠢᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠨ᠎ᠡ | ᠬᠠᠩᠰᠢ ᠶᠢᠨ ᠦᠨᠡᠯᠡᠨ ᠵᠢᠱᠢᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠣᠭᠲᠠᠭᠠᠯ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠠᠶᠢᠮᠠᠭ | ᠬᠤᠲᠠ ᠨᠤᠭᠤᠳ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠭᠡᠷ ᠪᠠᠶᠢᠰᠢᠩ ᠭᠠᠵᠠᠷ ᠬᠦᠷᠦᠩᠭᠡ ᠶᠢᠨ ᠦᠨ᠎ᠡ | ᠬᠠᠩᠰᠢ ᠶᠢᠨ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠺᠤᠮᠢᠰ ᠢ ᠲᠦᠷᠭᠡᠬᠡᠨ ᠪᠠᠶᠢᠭᠤᠯᠵᠤ᠂ ᠭᠡᠷ ᠪᠠᠶᠢᠰᠢᠩ | ᠭᠠᠵᠠᠷ ᠬᠦᠷᠦᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠶᠢᠨ ᠮᠠᠷᠭᠤᠯᠳᠤᠭᠠᠨ ᠢ ᠴᠠᠭ ᠲᠣᠬᠠᠢ ᠳᠤᠨᠢ ᠬᠦᠯᠢᠶᠡᠨ | ᠠᠪᠴᠤ ᠰᠢᠢᠳᠪᠦᠷᠢᠯᠡᠨ᠂ ᠤᠯᠤᠰ ᠤᠨ ᠦᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ | ᠨᠦᠬᠦᠪᠦᠷᠢ ᠥᠭᠬᠦ ᠠᠵᠢᠯᠯᠠᠭ᠎ᠠ ᠳᠤᠮᠳᠠᠬᠢ ᠭᠡᠷ ᠪᠠᠶᠢᠰᠢᠩ ᠭᠠᠵᠠᠷ ᠬᠦᠷᠦᠩᠭᠡ ᠶᠢᠨ ᠦᠨ᠎ᠡ ᠬᠠᠩᠰᠢ ᠶᠢ ᠦᠨᠡᠯᠡᠨ | ᠵᠢᠱᠢᠬᠦ ᠶᠢᠨ ᠢᠳᠡᠪᠬᠢ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ | ︵ᠲᠠᠪᠤ︶ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ | ᠨᠦᠬᠦᠪᠦᠷᠢ ᠥᠭᠬᠦ ᠠᠵᠢᠯ ᠳᠤᠮᠳᠠᠬᠢ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠬᠤ ᠬᠡᠷᠡᠭᠲᠡᠢ᠃ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠲᠤᠰ ᠵᠠᠰᠠᠭ ᠵᠠᠬᠢᠷᠭᠠᠨ ᠤ | ᠣᠷᠣᠨ ᠪᠦᠰᠡ ᠳᠤᠲᠤᠷᠠᠬᠢ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ | ᠪᠠ ᠨᠦᠬᠦᠪᠦᠷᠢ ᠥᠭᠬᠦ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠭᠡᠷ ᠪᠠᠶᠢᠰᠢᠩ ᠲᠠᠲᠠᠪᠤᠷᠢᠯᠠᠬᠤ | ᠲᠣᠭᠲᠠᠭᠠᠯ ᠭᠠᠷᠭᠠᠬᠤ᠂ ᠲᠠᠲᠠᠪᠤᠷᠢᠯᠠᠬᠤ ᠨᠦᠬᠦᠪᠦᠷᠢ ᠥᠭᠬᠦ ᠲᠦᠰᠦᠯ ᠢ ᠨᠡᠶᠢᠲᠡᠯᠡᠬᠦ ᠵᠢᠴᠢ ᠭᠡᠷ ᠪᠠᠶᠢᠰᠢᠩ | ᠲᠠᠲᠠᠪᠤᠷᠢᠯᠠᠬᠤ ᠪᠠ ᠨᠦᠬᠦᠪᠦᠷᠢ ᠥᠭᠬᠦ ᠶᠢᠨ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ︽ | ᠳᠦᠷᠢᠮ︾ ᠤᠨ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ | ᠮᠦᠴᠢᠷ ᠪᠠ ᠭᠡᠷ ᠪᠠᠶᠢᠰᠢᠩ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ ᠶᠢ ᠲᠦᠷᠭᠡᠬᠡᠨ ᠲᠤᠭᠲᠠᠭᠠᠬᠤ ᠬᠡᠷᠡᠭᠲᠡᠢ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ᠂ ᠲᠦᠯᠦᠪᠵᠢᠭᠦᠯᠭᠡ᠂ ᠡᠳ᠋ ᠤᠨ ᠵᠠᠰᠠᠭ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ | ᠬᠥᠭᠵᠢᠭᠦᠯᠦᠯᠲᠡ ᠦᠭᠡᠷᠡᠴᠢᠯᠡᠯᠲᠡ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ | ᠳᠤᠲᠤᠭᠠᠲᠤ ᠶᠢ ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠡᠷᠭᠡ ᠰᠠᠯᠠᠭ᠎ᠠ ᠮᠦᠴᠢᠷ ᠤᠳ ︽ᠳᠦᠷᠢᠮ︾ ᠤᠨ ᠲᠣᠭᠲᠠᠭᠠᠯ ᠪᠠ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠤᠰᠤᠭᠠᠷ᠂ ᠬᠠᠷᠢᠯᠴᠠᠨ ᠬᠠᠮᠵᠢᠯᠴᠠᠵᠤ᠂ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ | ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠳᠤ ᠪᠠᠶᠢᠭ᠎ᠠ ᠭᠠᠵᠠᠷ ᠣᠷᠣᠨ ᠤ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠢᠯᠡᠳᠦᠯ ᠪᠠ | ᠢᠳᠡᠪᠬᠢᠵᠢᠯ ᠢ ᠭᠦᠢᠴᠡᠳ ᠪᠠᠳᠠᠷᠠᠭᠤᠯᠤᠨ ᠳᠠᠶᠢᠴᠢᠯᠠᠵᠤ᠂ ᠤᠯᠤᠰ ᠤᠨ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ | ᠲᠠᠲᠠᠪᠤᠷᠢᠯᠠᠬᠤ ᠪᠠ ᠨᠦᠬᠦᠪᠦᠷᠢ ᠥᠭᠬᠦ ᠶᠢᠨ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ︵ᠵᠢᠷᠭᠤᠭ᠎ᠠ︶ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠳᠤ | ᠤᠷᠢᠳᠠᠪᠠᠷ ᠨᠦᠬᠦᠪᠦᠷᠢ ᠥᠭᠴᠦ᠂ ᠳᠠᠷᠠᠭ᠎ᠠ ᠨᠢ ᠨᠡᠭᠦᠯᠭᠡᠨ ᠰᠢᠯᠵᠢᠭᠦᠯᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠴᠢᠩᠭ᠎ᠠ ᠬᠡᠷᠡᠭᠵᠢᠭᠦᠯᠬᠦ ᠬᠡᠷᠡᠭᠲᠡᠢ᠃ ᠭᠡᠷ ᠪᠠᠶᠢᠰᠢᠩ ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠲᠣᠭᠤᠷᠢᠭ | ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠠᠴᠠ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠰ ᠲᠤ ᠨᠦᠬᠦᠪᠦᠷᠢ | ᠣᠯᠭᠤᠭᠰᠠᠨ ᠤ ᠳᠠᠷᠠᠭ᠎ᠠ᠂ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠰ ᠨᠢ ᠨᠦᠬᠦᠪᠦᠷᠢ ᠥᠭᠬᠦ | ᠬᠡᠯᠡᠯᠴᠡᠭᠡᠷ ᠲᠤ ᠪᠣᠯᠵᠣᠭᠰᠠᠨ ᠪᠤᠶᠤ ᠨᠦᠬᠦᠪᠦᠷᠢ ᠥᠭᠬᠦ ᠲᠣᠭᠲᠠᠭᠠᠯ ᠳᠤ ᠲᠣᠭᠲᠠᠭᠠᠭᠰᠠᠨ ᠨᠡᠭᠦᠨ ᠰᠢᠯᠵᠢᠬᠦ | ᠬᠤᠭᠤᠴᠠᠭ᠎ᠠ ᠳᠤᠲᠤᠷ᠎ᠠ ᠨᠡᠭᠦᠨ ᠰᠢᠯᠵᠢᠬᠦ ᠶᠢ ᠪᠡᠶᠡᠯᠡᠭᠦᠯᠬᠦ ᠬᠡᠷᠡᠭᠲᠡᠢ᠃ ᠶᠠᠮᠠᠷᠪᠠ ᠨᠢᠭᠡᠴᠡ ᠪᠠ ᠬᠤᠪᠢ ᠬᠦᠮᠦᠨ ᠭᠡᠳ | ᠬᠦᠴᠦᠷᠬᠡᠭᠯᠡᠯ᠂ ᠰᠦᠷᠳᠡᠭᠦᠯᠬᠦ ᠪᠤᠶᠤ ᠲᠣᠭᠲᠠᠭᠠᠯ ᠠᠴᠠ ᠵᠦᠷᠢᠴᠡᠨ ᠤᠰᠤ᠂ ᠢᠯᠴᠢ᠂ ᠰᠢᠲᠠᠮᠠᠬᠠᠢ ᠬᠡᠢ ᠬᠠᠩᠭᠠᠬᠤ | ᠪᠠ ᠵᠠᠮ ᠬᠠᠷᠢᠯᠴᠠᠭ᠎ᠠ ᠨᠡᠪᠲᠡᠷᠡᠬᠦ ᠶᠢ ᠨᠢ ᠲᠠᠰᠤᠯᠬᠤ ᠵᠡᠷᠭᠡ ᠬᠠᠤᠯᠢ ᠪᠤᠰᠤ ᠠᠷᠭ᠎ᠠ ᠮᠠᠶ᠋ᠢᠭ ᠢᠶᠠᠷ ᠭᠡᠷ ᠪᠠᠶᠢᠰᠢᠩ ᠢᠶᠠᠨ | ᠲᠠᠲᠠᠪᠤᠷᠢᠯᠠᠭᠳᠠᠭᠰᠠᠨ ᠬᠦᠮᠦᠰ ᠢ ᠠᠯᠪᠠᠳᠠᠵᠤ ᠪᠠᠶᠢᠭᠠᠳ ᠨᠡᠭᠦᠯᠭᠡᠨ ᠰᠢᠯᠵᠢᠭᠦᠯᠵᠦ ᠪᠣᠯᠬᠤ ᠦᠭᠡᠢ᠃ ᠪᠦᠲᠦᠭᠡᠨ | ᠪᠠᠶᠢᠭᠤᠯᠬᠤ ᠨᠢᠭᠡᠴᠡ ᠨᠦᠭᠦᠳ ᠨᠡᠭᠦᠯᠭᠡᠨ ᠰᠢᠯᠵᠢᠭᠦᠯᠬᠦ ᠳᠤ ᠣᠷᠤᠯᠴᠠᠬᠤ ᠶᠢ ᠡᠷᠡᠰ ᠴᠠᠭᠠᠵᠠᠯᠠᠬᠤ ᠬᠡᠷᠡᠭᠲᠡᠢ᠃ | ᠲᠣᠭᠲᠠᠭᠠᠯ ᠠᠴᠠ ᠵᠦᠷᠢᠴᠡᠭᠰᠡᠳ ᠢ ᠬᠠᠤᠯᠢ ᠶᠤᠰᠤᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ | ︵ᠳᠤᠯᠤᠭ᠎ᠠ︶ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠲᠠᠲᠠᠪᠤᠷᠢᠯᠠᠬᠤ | ᠠᠵᠢᠯ ᠤᠨ ᠦᠷ᠎ᠡ ᠪᠦᠲᠦᠮᠵᠢ ᠶᠢ ᠬᠠᠤᠯᠢ ᠶᠤᠰᠤᠭᠠᠷ ᠳᠡᠭᠡᠭᠰᠢᠯᠡᠭᠦᠯᠬᠦ ᠬᠡᠷᠡᠭᠲᠡᠢ᠃ ᠭᠡᠷ ᠪᠠᠶᠢᠰᠢᠩ ᠢᠶᠠᠨ | ᠲᠠᠲᠠᠪᠤᠷᠢᠯᠠᠭᠳᠠᠭᠰᠠᠨ ᠬᠦᠮᠦᠰ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠵᠠᠰᠠᠭ ᠵᠠᠬᠢᠷᠭ᠎ᠠ ᠪᠠᠷ ᠳᠠᠬᠢᠨ | ᠵᠥᠪᠯᠡᠬᠦ ᠶᠢ ᠭᠤᠶᠤᠴᠢᠯᠠᠬᠤ ᠦᠭᠡᠢ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠦᠭᠡᠢ ᠪᠠᠶᠢᠵᠤ᠂ ᠨᠦᠬᠦᠪᠦᠷᠢ ᠥᠭᠬᠦ | ᠲᠣᠭᠲᠠᠭᠠᠯ ᠤᠨ ᠲᠣᠭᠲᠠᠭᠠᠭᠰᠠᠨ ᠬᠤᠭᠤᠴᠠᠭᠠᠨ ᠳᠤ ᠨᠡᠭᠦᠨ ᠰᠢᠯᠵᠢᠬᠦ ᠦᠭᠡᠢ ᠪᠦᠭᠡᠳ ᠬᠠᠤᠯᠢ ᠶᠤᠰᠤᠭᠠᠷ | ᠪᠢᠴᠢᠭ ᠢᠶᠠᠷ ᠱᠠᠭᠠᠷᠳᠠᠨ ᠮᠡᠳᠡᠭᠳᠡᠭᠰᠡᠨ ᠴᠦ ᠮᠦᠨᠬᠦ ᠨᠡᠭᠦᠨ ᠰᠢᠯᠵᠢᠭᠰᠡᠨ ᠦᠭᠡᠢ ᠠᠴᠠ ᠪᠣᠯᠵᠤ ᠦᠨᠡᠨᠬᠦ ᠠᠯᠪᠠᠳᠠᠨ | ᠬᠡᠷᠡᠭᠵᠢᠭᠦᠯᠬᠦ ᠴᠢᠬᠤᠯᠠᠲᠠᠢ ᠪᠠᠶᠢᠪᠠᠯ᠂ ᠭᠡᠷ ᠪᠠᠶᠢᠰᠢᠩ ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠵᠠᠰᠠᠭ ᠤᠨ | ᠣᠷᠳᠣᠨ ᠠᠴᠠ ᠬᠠᠤᠯᠢ ᠶᠤᠰᠤᠭᠠᠷ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ ᠬᠡᠷᠡᠭᠵᠢᠭᠦᠯᠬᠦ ᠭᠤᠶᠤᠴᠢᠯᠠᠯ | ᠭᠠᠷᠭᠠᠨ᠎ᠠ᠃ ᠡᠯ᠎ᠡ ᠭᠠᠵᠠᠷ ᠣᠷᠣᠨ ᠨᠤᠭᠤᠳ ᠦᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ | ᠰᠢᠭᠦᠬᠦ ᠬᠤᠷᠢᠶ᠎ᠠ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ︽ | ᠬᠤᠲᠠ ᠶᠢᠨ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ᠂ ᠬᠠᠭᠤᠴᠢᠨ ᠬᠤᠲᠠ ᠲᠣᠭᠤᠷᠢᠭ ᠢ | ᠰᠢᠨᠡᠳᠭᠡᠨ ᠵᠠᠰᠠᠬᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠪᠦᠲᠦᠭᠡᠨ ᠪᠠᠶᠢᠭᠤᠯᠬᠤ ᠳᠤᠮᠳᠠᠬᠢ | ᠤᠯᠤᠰ ᠤᠨ ᠦᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ | ᠠᠵᠢᠯ ᠢ ᠬᠠᠤᠯᠢ ᠶᠤᠰᠤᠭᠠᠷ ᠰᠠᠶᠢᠲᠤᠷ ᠬᠢᠬᠦ ᠲᠣᠬᠠᠢ ᠵᠢᠯᠤᠭᠤᠳᠬᠤ ᠰᠠᠨᠠᠯ︾ ︵ᠦᠪᠦᠷ ᠦᠨᠳᠦᠷ ᠰᠢᠭᠦᠬᠦ ﹇ | 2015﹈ 32 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠭᠡᠷ ᠪᠠᠶᠢᠰᠢᠩ ᠲᠠᠲᠠᠪᠤᠷᠢᠯᠠᠬᠤ ᠶᠢᠨ ᠠᠯᠪᠠᠳᠠᠨ ᠬᠡᠷᠡᠭᠵᠢᠭᠦᠯᠬᠦ ᠬᠡᠷᠡᠭ ᠢ ᠬᠦᠯᠢᠶᠡᠨ ᠠᠪᠬᠤ᠂ ᠬᠢᠨᠠᠨ ᠰᠢᠭᠦᠬᠦ᠂ | ᠬᠡᠷᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ | ᠪᠠᠶᠢᠰᠢᠩ ᠢ ᠲᠠᠲᠠᠪᠤᠷᠢᠯᠠᠬᠤ ᠲᠦᠷᠦᠯ ᠵᠦᠢᠯ ᠤᠨ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠲᠦᠷᠭᠡᠳᠭᠡᠬᠦ | ᠬᠡᠷᠡᠭᠲᠡᠢ᠃ | ︵ᠨᠠᠢᠮᠠ︶ ᠬᠤᠲᠠ ᠶᠢᠨ ᠲᠦᠯᠦᠪᠵᠢᠭᠦᠯᠭᠡ ᠵᠢᠴᠢ ᠬᠤᠲᠠ ᠶᠢᠨ ᠵᠢᠷᠤᠭ ᠲᠦᠯᠦᠪᠯᠡᠭᠡ ᠶᠢ ᠰᠠᠶᠢᠵᠢᠷᠠᠭᠤᠯᠬᠤ | ᠬᠡᠷᠡᠭᠲᠡᠢ᠃ ᠲᠥᠪ ᠤᠨ ᠬᠤᠲᠠ ᠶᠢᠨ ᠠᠵᠢᠯ ᠤᠨ ᠬᠤᠷᠠᠯ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠤᠲᠠ ᠶᠢᠨ ᠲᠦᠯᠦᠪᠵᠢᠭᠦᠯᠭᠡ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠰᠠᠨᠠᠯ ᠤᠳ︾ | ᠤᠨ ᠵᠣᠷᠢᠭ ᠰᠠᠨᠠᠭ᠎ᠠ ᠶᠤᠰᠤᠭᠠᠷ᠂ ᠬᠠᠭᠤᠴᠢᠨ ᠬᠤᠲᠠ ᠲᠣᠭᠤᠷᠢᠭ ᠢ ᠦᠭᠡᠷᠡᠴᠢᠯᠡᠨ ᠪᠠᠶᠢᠭᠤᠯᠬᠤ ᠪᠠᠷ ᠳᠠᠮᠵᠢᠨ | ᠰᠤᠯᠠᠯᠠᠨ ᠭᠠᠷᠭᠠᠭᠰᠠᠨ ᠭᠠᠵᠠᠷ ᠰᠢᠷᠤᠢ ᠶᠢ ᠭᠤᠣᠯᠳᠠᠭᠤ ᠬᠤᠲᠠ ᠶᠢᠨ ᠠᠮᠢ ᠠᠬᠤᠢ ᠶᠢ ᠰᠡᠷᠭᠦᠭᠡᠬᠦ᠂ ᠬᠤᠲᠠ ᠶᠢ | ᠰᠡᠯᠪᠢᠨ ᠵᠠᠰᠠᠬᠤ ᠪᠠ ᠤᠷᠭᠠᠨᠢᠭ ᠰᠢᠨᠡᠴᠢᠯᠡᠯᠲᠡ ᠬᠢᠬᠦ ᠳᠤ ᠬᠡᠷᠡᠭᠯᠡᠨ᠎ᠡ᠃ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠬᠤᠲᠠ ᠶᠢᠨ ᠠᠮᠢ ᠠᠬᠤᠢ ᠶᠢ ᠰᠡᠷᠭᠦᠭᠡᠬᠦ᠂ ᠬᠤᠲᠠ ᠶᠢ ᠰᠡᠯᠪᠢᠨ ᠵᠠᠰᠠᠬᠤ ᠠᠵᠢᠯ ᠤᠨ | ᠬᠡᠷᠡᠭᠵᠢᠭᠦᠯᠬᠦ ᠲᠦᠰᠦᠯ ᠢ ᠬᠢᠨᠠᠮᠠᠭᠠᠢ ᠲᠣᠭᠲᠠᠭᠠᠵᠤ᠂ ᠬᠠᠭᠤᠴᠢᠨ ᠬᠤᠲᠠ ᠲᠣᠭᠤᠷᠢᠭ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠳᠦᠬᠦᠷᠵᠢᠭᠦᠯᠭᠡ᠂ ᠠᠷᠠᠳ ᠲᠤ ᠳᠦᠭᠦᠮ ᠦᠵᠡᠭᠦᠯᠬᠦ ᠪᠡᠯᠡᠳᠭᠡᠮᠵᠢ᠂ ᠵᠡᠭᠡᠯᠢ ᠲᠣᠭᠤᠷᠢᠭ ᠤᠨ | ᠵᠦᠯᠭᠡ᠂ ᠬᠤᠲᠠ ᠶᠢᠨ ᠶᠠᠪᠤᠳᠠᠯ ᠤᠨ ᠵᠠᠮ᠂ ᠮᠠᠰᠢᠨ ᠲᠡᠷᠭᠡ ᠶᠢᠨ ᠵᠤᠭᠰᠤᠭᠠᠯ ᠤᠨ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ᠂ ᠲᠡᠦᠬᠡ ᠶᠢᠨ ᠰᠤᠶᠤᠯ ᠤᠨ ᠵᠡᠭᠡᠯᠢ ᠲᠣᠭᠤᠷᠢᠭ ᠤᠨ ᠰᠡᠷᠭᠦᠭᠡᠯᠲᠡ ᠶᠢ ᠴᠢᠩᠭᠠᠳᠬᠠᠨ᠂ ᠠᠮᠢ | ᠠᠬᠤᠢ ᠶᠢᠨ ᠣᠷᠴᠢᠨ ᠨᠢ ᠰᠠᠭᠤᠷᠢᠰᠢᠬᠤ ᠳᠤ ᠲᠣᠬᠢᠷᠠᠮᠵᠢᠲᠠᠢ᠂ ᠠᠮᠢᠵᠢᠷᠠᠯ ᠤᠨ ᠬᠦᠴᠦᠨ ᠪᠢᠯᠬᠠᠮ᠎ᠠ᠂ ᠦᠪᠡᠷ | ᠦᠪᠡᠷ ᠤᠨ ᠣᠨᠴᠠᠯᠢᠭ ᠲᠠᠢ ᠬᠤᠲᠠ ᠶᠢ ᠪᠣᠢ ᠪᠣᠯᠭᠠᠬᠤ ᠬᠡᠷᠡᠭᠲᠡᠢ᠃ ᠲᠦᠯᠦᠪᠵᠢᠭᠦᠯᠭᠡ ᠶᠢᠨ ᠰᠠᠯᠠᠭ᠎ᠠ ᠮᠦᠴᠢᠷ ᠢᠶᠠᠷ | ᠵᠥᠪᠰᠢᠶᠡᠷᠡᠭᠦᠯᠦᠭᠡᠳ᠂ ᠬᠠᠭᠤᠴᠢᠨ ᠬᠤᠲᠠ ᠲᠣᠭᠤᠷᠢᠭ ᠢ ᠦᠭᠡᠷᠡᠴᠢᠯᠡᠨ ᠪᠠᠶᠢᠭᠤᠯᠤᠭᠰᠠᠨ ᠬᠡᠰᠡᠭ ᠲᠤ ᠲᠠᠸᠠᠷ ᠤᠨ | ᠣᠷᠣᠨ ᠰᠠᠭᠤᠴᠠ ᠶᠢ ᠰᠢᠨ᠎ᠡ ᠪᠠᠷ ᠦᠨᠡᠨᠬᠦ ᠪᠠᠶᠢᠭᠤᠯᠬᠤ ᠴᠢᠬᠤᠯᠠᠲᠠᠢ ᠪᠠᠶᠢᠵᠤ᠂ ᠡᠩ ᠤᠨ ᠭᠡᠷ ᠪᠠᠶᠢᠰᠢᠩᠲᠦ ᠣᠷᠣᠨ | ᠰᠠᠭᠤᠴᠠ ᠪᠠᠨ ᠲᠠᠲᠠᠪᠤᠷᠢᠯᠠᠭᠳᠠᠭᠰᠠᠨ ᠬᠦᠮᠦᠰ ᠨᠢ ᠰᠢᠨᠡᠳᠭᠡᠨ ᠵᠠᠰᠠᠭᠰᠠᠨ ᠬᠡᠰᠡᠭ ᠲᠤ ᠦᠮᠴᠢᠯᠡᠬᠦ ᠡᠷᠬᠡ ᠪᠠᠨ | ᠰᠣᠯᠢᠬᠤ ᠶᠢ ᠰᠤᠩᠭᠤᠭᠰᠠᠨ ᠪᠠᠶᠢᠪᠠᠯ᠂ ᠲᠣᠬᠠᠢ ᠶᠢᠨ ᠭᠠᠵᠠᠷ ᠣᠷᠣᠨ ᠤ ᠵᠠᠰᠠᠭ ᠤᠨ ᠣᠷᠳᠣᠨ ᠨᠢ ︽ᠳᠦᠷᠢᠮ︾ | ᠤᠨ ᠬᠤᠷᠢᠨ ᠳᠤᠯᠤᠳᠤᠭᠠᠷ ᠵᠦᠢᠯ ᠤᠨ ᠬᠤᠶᠠᠳᠤᠭᠠᠷ ᠵᠣᠷᠪᠤᠰ ᠤᠨ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ | ᠦᠮᠴᠢᠯᠡᠬᠦ ᠡᠷᠬᠡ ᠪᠠᠨ ᠰᠤᠯᠢᠬᠤ ᠬᠠᠷᠢᠴᠠᠯ ᠶᠤᠰᠤᠭᠠᠷ ᠬᠡᠷᠡᠭᠵᠢᠭᠦᠯᠬᠦ ᠬᠡᠷᠡᠭᠲᠡᠢ︔ ᠡᠩ ᠤᠨ ᠭᠡᠷ ᠪᠠᠶᠢᠰᠢᠩᠲᠦ | ᠣᠷᠣᠨ ᠰᠠᠭᠤᠴᠠ ᠪᠠᠨ ᠲᠠᠲᠠᠪᠤᠷᠢᠯᠠᠭᠳᠠᠭᠰᠠᠨ ᠬᠦᠮᠦᠰ ᠨᠢ ᠤᠨᠳᠤᠤ ᠭᠠᠵᠠᠷ ᠲᠤ ᠲᠥᠪᠬᠢᠨᠡᠭᠦᠯᠬᠦ ᠶᠢ ᠰᠤᠩᠭᠤᠭᠰᠠᠨ | ᠪᠠᠶᠢᠪᠠᠯ᠂ ︽ᠳᠦᠷᠢᠮ︾ ᠤᠨ ᠲᠣᠭᠲᠠᠭᠠᠯ ᠶᠤᠰᠤᠭᠠᠷ 1᠄ 1.2 ᠪᠣᠯᠣᠨ 1᠄ 1.3 ᠶᠢᠨ ᠬᠠᠷᠢᠴᠠᠯ ᠠᠴᠠ ᠳᠣᠣᠷ᠎ᠠ | ᠪᠠᠶᠢᠯᠭᠠᠬᠤ ᠦᠭᠡᠢ ᠲᠠᠯᠠᠪᠠᠢ ᠪᠠᠷ ᠰᠤᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠢ᠃ | ︵ᠶᠢᠰᠦ︶ ᠣᠷᠣᠨ ᠰᠠᠭᠤᠴᠠ ᠭᠡᠷ ᠪᠠᠶᠢᠰᠢᠩ ᠲᠠᠲᠠᠪᠤᠷᠢᠯᠠᠬᠤ ᠳᠤ ᠵᠤᠭᠤᠰᠵᠢᠭᠤᠯᠤᠨ ᠲᠦᠪᠬᠢᠨᠡᠭᠦᠯᠬᠦ | ᠬᠠᠷᠢᠴᠠᠯ ᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ︽ᠭᠡᠷ ᠪᠠᠶᠢᠰᠢᠩ ᠭᠠᠵᠠᠷ ᠬᠦᠷᠦᠩᠭᠡ ᠶᠢᠨ | ᠬᠠᠳᠠᠭᠠᠯᠠᠯᠲᠠ ᠶᠢ ᠪᠠᠭᠠᠰᠬᠠᠬᠤ ᠠᠵᠢᠯ ᠢ ᠰᠠᠶᠢᠲᠤᠷ ᠬᠢᠵᠦ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ | ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠣᠬᠠᠢ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇ | 2016﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠳᠠᠭᠠᠯᠠᠯᠲᠠ ᠶᠢ ᠪᠠᠭᠠᠰᠬᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠂ ᠬᠠᠭᠤᠴᠢᠨ ᠬᠤᠲᠠ | ᠲᠣᠭᠤᠷᠢᠭ ᠢ ᠦᠭᠡᠷᠡᠴᠢᠯᠡᠨ ᠪᠠᠶᠢᠭᠤᠯᠬᠤ᠂ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠭᠡᠨ | ᠵᠠᠰᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠤᠰᠤᠭᠠᠷ᠂ ᠬᠠᠭᠤᠴᠢᠨ ᠬᠤᠲᠠ ᠲᠣᠭᠤᠷᠢᠭ ᠢ ᠦᠭᠡᠷᠡᠴᠢᠯᠡᠨ | ᠪᠠᠶᠢᠭᠤᠯᠬᠤ᠂ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠭᠡᠨ ᠵᠠᠰᠠᠭᠰᠠᠨ ᠭᠠᠵᠠᠷ ᠪᠤᠶᠤ | ᠣᠶᠢᠷ᠎ᠠ ᠬᠠᠪᠢ ᠶᠢᠨ ᠭᠠᠵᠠᠷ ᠲᠤ ᠲᠦᠪᠬᠢᠨᠡᠭᠦᠯᠬᠦ ᠭᠡᠷ ᠪᠠᠶᠢᠰᠢᠩ ᠢ ᠪᠦᠲᠦᠭᠡᠨ ᠪᠠᠶᠢᠭᠤᠯᠬᠤ ᠨᠦᠬᠦᠴᠡᠯ ᠦᠭᠡᠢ ᠪᠣᠯ᠂ | ᠣᠷᠣᠨ ᠰᠠᠭᠤᠴᠠ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠰ ᠢ ᠵᠤᠭᠤᠰᠵᠢᠭᠤᠯᠤᠨ ᠲᠦᠪᠬᠢᠨᠡᠭᠦᠯᠬᠦ ᠪᠠᠷ | ᠭᠤᠣᠯ ᠪᠣᠯᠭᠠᠨ᠂ ᠣᠷᠣᠨ ᠰᠠᠭᠤᠴᠠ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠰ ᠤᠨ ᠵᠤᠭᠤᠰᠵᠢᠭᠤᠯᠤᠨ | ᠲᠦᠪᠬᠢᠨᠡᠭᠦᠯᠬᠦ ᠶᠢ ᠰᠤᠩᠭᠤᠬᠤ ᠶᠢ ᠵᠣᠷᠢᠬᠵᠢᠭᠤᠯᠬᠤ ᠬᠡᠷᠡᠭᠲᠡᠢ᠃ ᠣᠷᠣᠨ ᠨᠣᠲᠤᠭ ᠤᠨ ᠡᠯ᠎ᠡ ᠱᠠᠲᠤᠨ ᠤ ᠵᠠᠰᠠᠭ ᠤᠨ | ᠣᠷᠳᠣᠨ ᠨᠤᠭᠤᠳ ᠲᠦᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠶᠢᠨ ᠮᠡᠳᠡᠭᠡ ᠵᠠᠩᠭᠢ ᠶᠢᠨ ᠲᠡᠪᠴᠡᠩ ᠢ ᠢᠳᠡᠪᠬᠢᠲᠡᠢ | ᠪᠠᠶᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠪᠠᠶᠢᠭ᠎ᠠ ᠦᠯᠡᠳᠡᠭᠡᠯ | ᠣᠷᠣᠨ ᠰᠠᠭᠤᠴᠠ ᠶᠢ ᠲᠡᠪᠴᠡᠩ ᠤᠨ ᠬᠡᠪᠴᠢᠶᠡᠨ ᠳᠤ ᠣᠷᠤᠭᠤᠯᠤᠨ᠂ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ | ᠬᠦᠮᠦᠰ ᠤᠨ ᠦᠪᠡᠰᠦᠪᠡᠨ ᠰᠤᠩᠭᠤᠵᠤ ᠬᠤᠳᠠᠯᠳᠤᠨ ᠠᠪᠬᠤ ᠪᠣᠶᠣ ᠤᠨᠳᠤᠤ ᠭᠠᠵᠠᠷ ᠦᠮᠴᠢᠯᠡᠬᠦ ᠡᠷᠬᠡ ᠪᠠᠨ | ᠰᠤᠯᠢᠬᠤ ᠳᠤ ᠭᠡᠷ ᠪᠠᠶᠢᠰᠢᠩ ᠤᠨ ᠢᠷᠡᠯᠲᠡ ᠶᠢᠨ ᠮᠡᠳᠡᠭᠡ ᠵᠠᠩᠭᠢ᠂ ᠯᠠᠪᠯᠠᠯᠭ᠎ᠠ᠂ ᠰᠤᠩᠭᠤᠵᠤ ᠬᠤᠳᠠᠯᠳᠤᠨ ᠠᠪᠬᠤ | ᠵᠡᠷᠭᠡ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ | ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠦᠪᠡᠷ ᠤᠨ ᠥᠷᠲᠡᠭ ᠢᠶᠠᠨ | ᠪᠠᠭᠤᠷᠠᠭᠤᠯᠬᠤ ᠶᠢ ᠳᠡᠮᠵᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠡᠷ | ᠪᠠᠶᠢᠰᠢᠩ ᠤᠨ ᠦᠨ᠎ᠡ ᠬᠠᠩᠰᠢ ᠶᠢ ᠪᠠᠭᠤᠷᠠᠭᠤᠯᠬᠤ᠂ ᠵᠠᠰᠠᠵᠤ ᠴᠢᠮᠡᠭᠡᠯᠡᠵᠦ ᠥᠭᠬᠦ᠂ ᠭᠡᠷ ᠤᠨ ᠴᠠᠬᠢᠯᠭᠠᠨ ᠬᠡᠷᠡᠭᠯᠡᠭᠦᠷ | ᠥᠭᠬᠦ ᠵᠡᠷᠭᠡ ᠠᠷᠭ᠎ᠠ ᠬᠡᠮᠵᠢᠶ᠎ᠠ ᠠᠪᠴᠤ ᠪᠠᠶᠢᠭᠠᠳ ᠦᠯᠡᠳᠡᠭᠡᠯ ᠣᠷᠣᠨ ᠰᠠᠭᠤᠴᠠ ᠪᠠᠨ ᠪᠣᠷᠤᠯᠠᠭᠤᠯᠬᠤ ᠶᠢ | ᠵᠣᠷᠢᠬᠵᠢᠭᠤᠯᠬᠤ ᠬᠡᠷᠡᠭᠲᠡᠢ᠃ | ︵ᠠᠷᠪᠠ︶ ︽ᠳᠦᠷᠢᠮ︾ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠲᠠᠲᠠᠪᠤᠷᠢᠯᠠᠭᠰᠠᠨ ᠲᠦᠷᠦᠯ ᠵᠦᠢᠯ ᠤᠨ | ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ | ᠲᠣᠬᠠᠢ ᠶᠢᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠲᠠᠲᠠᠪᠤᠷᠢᠯᠠᠭᠰᠠᠨ | ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ︽ᠳᠦᠷᠢᠮ︾ ᠢ ᠬᠡᠷᠡᠭᠵᠢᠭᠦᠯᠦᠭᠰᠡᠨ ᠤ ᠳᠠᠷᠠᠭ᠎ᠠ ᠲᠠᠲᠠᠪᠤᠷᠢᠯᠠᠭᠰᠠᠨ | ᠲᠦᠷᠦᠯ ᠵᠦᠢᠯ ᠳᠤ ᠪᠣᠢ ᠪᠣᠯᠬᠤ ᠪᠣᠯᠣᠮᠵᠢ ᠲᠠᠢ ᠨᠦᠯᠦᠭᠡᠯᠡᠯ ᠤᠨ ᠪᠠᠶᠢᠳᠠᠯ ᠵᠡᠷᠭᠡ ᠶᠢ ᠦᠨᠳᠦᠰᠦᠯᠡᠨ᠂ | ᠲᠠᠲᠠᠪᠤᠷᠢᠯᠠᠭᠰᠠᠨ ᠲᠦᠷᠦᠯ ᠵᠦᠢᠯ ᠤᠨ ᠲᠠᠲᠠᠪᠤᠷᠢᠯᠠᠬᠤ ᠨᠦᠬᠦᠪᠦᠷᠢ ᠥᠭᠬᠦ ᠲᠦᠰᠦᠯ ᠢ ᠶᠡᠷᠦᠩᠬᠡᠶᠢᠯᠡᠨ ᠲᠣᠭᠲᠠᠭᠠᠵᠤ᠂ | ︽ᠳᠦᠷᠢᠮ︾ ᠢ ᠬᠡᠷᠡᠭᠵᠢᠭᠦᠯᠬᠦ ᠶᠢᠨ ᠡᠮᠦᠨ᠎ᠡ ᠬᠤᠶᠢᠨ᠎ᠠ ᠠᠳᠠᠯᠢ ᠪᠤᠰᠤ ᠲᠦᠷᠦᠯ ᠵᠦᠢᠯ ᠪᠤᠶᠤ ᠠᠳᠠᠯᠢ ᠲᠦᠷᠦᠯ | ᠵᠦᠢᠯ ᠤᠨ ᠲᠠᠲᠠᠪᠤᠷᠢᠯᠠᠬᠤ ᠨᠦᠬᠦᠪᠦᠷᠢ ᠥᠭᠬᠦ ᠠᠵᠢᠯ ᠤᠨ ᠵᠤᠯᠭᠠᠭᠤᠯᠲᠠ ᠶᠢ ᠦᠨᠡᠨᠬᠦ ᠰᠠᠶᠢᠲᠤᠷ ᠬᠢᠵᠦ᠂ | ᠲᠠᠲᠠᠪᠤᠷᠢᠯᠠᠬᠤ ᠨᠦᠬᠦᠪᠦᠷᠢ ᠥᠭᠬᠦ ᠠᠵᠢᠯ ᠤᠨ ᠦᠷᠭᠦᠯᠵᠢᠯᠡᠯᠲᠦ ᠴᠢᠨᠠᠷ ᠢ ᠦᠨᠡᠨᠬᠦ ᠪᠠᠲᠤᠯᠠᠨ᠂ ᠨᠦᠬᠦᠪᠦᠷᠢ ᠥᠭᠬᠦ | ᠪᠠᠷᠢᠮᠵᠢᠶ᠎ᠠ᠂ ᠲᠥᠪᠬᠢᠨᠡᠭᠦᠯᠬᠦ ᠲᠠᠯᠠᠪᠠᠢ ᠶᠢᠨ ᠵᠦᠷᠢᠳᠡᠯ ᠬᠡᠲᠦᠷᠬᠡᠢ ᠶᠡᠭᠡ ᠠᠴᠠ ᠪᠣᠯᠵᠤ ᠰᠢᠨ᠎ᠡ ᠵᠢᠭᠤᠷᠠᠯᠳᠤᠭᠠᠨ ᠪᠠ | ᠵᠦᠷᠢᠴᠡᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ︽ᠳᠦᠷᠢᠮ︾ ᠢ ᠬᠡᠷᠡᠭᠵᠢᠭᠦᠯᠬᠦ ᠠᠴᠠ ᠡᠮᠦᠨ᠎ᠡ᠂ ︽ᠤᠯᠤᠰ ᠤᠨ | ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠳᠦᠷᠢᠮ︾ ︵ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 590 ᠳ᠋ᠤᠭᠡᠷ ᠲᠣᠭᠠᠲᠤ︶ ᠢ ᠬᠡᠷᠡᠭᠵᠢᠭᠦᠯᠬᠦ ᠠᠴᠠ ᠡᠮᠦᠨᠡᠬᠢ | ᠲᠦᠷᠦᠯ ᠵᠦᠢᠯ ᠳᠤ ᠬᠠᠷᠢᠶᠠᠯᠠᠭᠳᠠᠪᠠᠯ᠂ ︽ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ | ᠲᠠᠲᠠᠪᠤᠷᠢᠯᠠᠬᠤ ᠪᠠ ᠨᠦᠬᠦᠪᠦᠷᠢ ᠥᠭᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 590 | ᠳ᠋ᠤᠭᠡᠷ ᠲᠣᠭᠠᠲᠤ︶ ᠤᠨ ᠭᠤᠴᠢᠨ ᠲᠠᠪᠤᠳᠤᠭᠠᠷ ᠵᠦᠢᠯ ᠤᠨ ︽ᠲᠤᠰ ᠳᠦᠷᠢᠮ ᠢ ᠬᠡᠷᠡᠭᠵᠢᠭᠦᠯᠬᠦ ᠠᠴᠠ ᠡᠮᠦᠨ᠎ᠡ | ᠨᠢᠭᠡᠨᠲᠡ ᠬᠠᠤᠯᠢ ᠶᠤᠰᠤᠭᠠᠷ ᠭᠡᠷ ᠪᠠᠶᠢᠰᠢᠩ ᠨᠤᠷᠠᠭᠠᠵᠤ ᠨᠡᠭᠦᠯᠭᠡᠬᠦ ᠵᠥᠪᠰᠢᠶᠡᠷᠡᠯ ᠤᠨ ᠦᠨᠡᠮᠯᠡᠯ ᠤᠯᠤᠭᠰᠠᠨ ᠲᠦᠷᠦᠯ | ᠵᠦᠢᠯ ᠢ ᠣᠣᠯ ᠤᠨ ᠲᠣᠭᠲᠠᠭᠠᠯ ᠢ ᠦᠷᠭᠦᠯᠵᠢᠯᠡᠨ ᠬᠡᠷᠡᠭᠯᠡᠨ ᠭᠦᠢᠴᠡᠳᠭᠡᠨ᠎ᠡ᠂ ᠭᠡᠪᠡᠴᠦ ᠵᠠᠰᠠᠭ ᠤᠨ ᠣᠷᠳᠣᠨ ᠠᠴᠠ | ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠠᠷᠯᠢᠭᠳᠠᠵᠤ ᠪᠠᠶᠢᠭᠠᠳ ᠠᠯᠪᠠᠳᠠᠯᠭ᠎ᠠ ᠪᠠᠷ ᠨᠤᠷᠠᠭᠠᠨ ᠨᠡᠭᠦᠯᠭᠡᠵᠦ ᠪᠣᠯᠬᠤ | ᠦᠭᠡᠢ︾ ᠭᠡᠰᠡᠨ ᠲᠣᠭᠲᠠᠭᠠᠯ ᠶᠤᠰᠤᠭᠠᠷ ᠬᠡᠷᠡᠭᠵᠢᠭᠦᠯᠦᠨ᠎ᠡ︔ ︽ᠤᠯᠤᠰ ᠤᠨ ᠦᠮᠴᠢᠯᠡᠯᠲᠦ ᠭᠠᠵᠠᠷ ᠰᠢᠷᠤᠢ | ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠳᠦᠷᠢᠮ︾ ︵ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 590 ᠳ᠋ᠤᠭᠡᠷ ᠲᠣᠭᠠᠲᠤ︶ ᠢ ᠬᠡᠷᠡᠭᠵᠢᠭᠦᠯᠦᠭᠰᠡᠨ ᠤ ᠳᠠᠷᠠᠭᠠᠬᠢ᠂ ︽ᠳᠦᠷᠢᠮ︾ ᠢ | ᠬᠡᠷᠡᠭᠵᠢᠭᠦᠯᠬᠦ ᠠᠴᠠ ᠡᠮᠦᠨᠡᠬᠢ ᠲᠦᠷᠦᠯ ᠵᠦᠢᠯ ᠳᠤ ᠬᠠᠷᠢᠶᠠᠯᠠᠭᠳᠠᠪᠠᠯ᠂ ︽ᠳᠦᠷᠢᠮ︾ ᠤᠨ ᠳᠦᠴᠢᠨ ᠳᠤᠯᠤᠳᠤᠭᠠᠷ | ᠵᠦᠢᠯ ᠤᠨ ︽ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠳᠦᠷᠢᠮ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ | ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠪᠠᠶᠢᠪᠠᠯ᠂ ᠣᠣᠯ ᠤᠨ ᠲᠣᠭᠲᠠᠭᠠᠯ ᠢ ᠦᠷᠭᠦᠯᠵᠢᠯᠡᠨ ᠬᠡᠷᠡᠭᠯᠡᠨ | ᠭᠦᠢᠴᠡᠳᠭᠡᠨ᠎ᠡ︾ ᠭᠡᠰᠡᠨ ᠲᠣᠭᠲᠠᠭᠠᠯ ᠶᠤᠰᠤᠭᠠᠷ ᠴᠢᠩᠭ᠎ᠠ ᠬᠡᠷᠡᠭᠵᠢᠭᠦᠯᠵᠦ᠂ ᠲᠤᠰ ︽ᠳᠦᠷᠢᠮ︾ ᠳᠤ ᠲᠣᠬᠢᠷᠠᠬᠤ | ᠦᠭᠡᠢ ᠲᠦᠷᠦᠯ ᠵᠦᠢᠯ ᠢ ︽ᠳᠦᠷᠢᠮ︾ ᠤᠨ ᠬᠡᠪᠴᠢᠶᠡᠨ ᠳᠤ ᠣᠷᠤᠭᠤᠯᠤᠨ ᠬᠡᠷᠡᠭᠵᠢᠭᠦᠯᠵᠦ ᠪᠣᠯᠬᠤ ᠦᠭᠡᠢ᠃ | ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠬᠡᠷᠡᠭᠵᠢᠭᠦᠯᠵᠦ ᠪᠠᠶᠢᠭ᠎ᠠ ᠪᠠ ᠬᠡᠷᠡᠭᠵᠢᠭᠦᠯᠬᠦ ᠪᠠᠷ | ᠪᠠᠶᠢᠭ᠎ᠠ ᠲᠠᠲᠠᠪᠤᠷᠢᠯᠠᠬᠤ ᠲᠦᠷᠦᠯ ᠵᠦᠢᠯ ᠢ ᠢᠯᠭᠠᠨ ᠲᠣᠭᠲᠠᠭᠠᠵᠤ᠂ ᠲᠣᠬᠢᠷᠠᠬᠤ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢ ᠰᠤᠩᠭᠤᠬᠤ ᠶᠢᠨ ᠬᠠᠮᠲᠤ ᠲᠥᠷᠥ ᠶᠢᠨ ᠪᠣᠳᠣᠯᠭ᠎ᠠ ᠬᠡᠷᠡᠭᠯᠡᠭᠳᠡᠬᠦ ᠬᠡᠪᠴᠢᠶᠡᠨ ᠳᠤ ᠲᠠᠶᠢᠯᠪᠤᠷᠢᠯᠠᠬᠤ | ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠲᠣᠬᠠᠢ ᠣᠶᠢᠯᠠᠭᠠᠯᠲᠠ ᠵᠦᠷᠢᠶ᠎ᠡ ᠲᠠᠢ ᠠᠴᠠ ᠪᠣᠯᠵᠤ | ᠴᠢᠬᠤᠯᠠ ᠪᠤᠰᠤ ᠵᠢᠭᠤᠷᠠᠯᠳᠤᠭᠠᠨ ᠡᠭᠦᠰᠬᠦ ᠠᠴᠠ ᠵᠠᠶᠢᠯᠠᠰᠬᠢᠨ᠂ ᠠᠳᠠᠯᠢ ᠪᠤᠰᠤ ᠴᠠᠭ ᠬᠤᠭᠤᠴᠠᠭᠠᠨ ᠤ | ᠲᠠᠲᠠᠪᠤᠷᠢᠯᠠᠭᠰᠠᠨ ᠲᠦᠷᠦᠯ ᠵᠦᠢᠯ ᠤᠳ ᠢ ᠲᠤᠰ ᠲᠤᠰ ᠤᠨ ᠬᠡᠷᠡᠭᠯᠡᠭᠳᠡᠬᠦ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠤᠰᠤᠭᠠᠷ ᠪᠤᠲᠠᠲᠠᠢ ᠬᠡᠷᠡᠭᠵᠢᠭᠦᠯᠬᠦ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ᠶᠠᠷᠢᠶ᠎ᠠ ᠬᠡᠯᠡᠯᠴᠡᠭᠡᠨ ᠢᠶᠠᠷ ᠤᠬᠠᠭᠤᠯᠬᠤ ᠪᠠ ᠬᠦᠲᠦᠯᠦᠨ ᠵᠢᠯᠤᠭᠤᠳᠬᠤ ᠶᠢ ᠴᠢᠩᠭᠠᠳᠬᠠᠬᠤ | ᠬᠡᠷᠡᠭᠲᠡᠢ | ᠡᠯ᠎ᠡ ᠭᠠᠵᠠᠷ ᠣᠷᠣᠨ ᠨᠤᠭᠤᠳ ᠣᠳᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠲᠣᠭᠲᠠᠭᠠᠯ ᠪᠠ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠮᠠᠭᠠᠢ ᠢᠯᠭᠠᠷᠠᠭᠤᠯᠵᠤ᠂ ︽ᠳᠦᠷᠢᠮ︾ ᠤᠨ ᠲᠣᠭᠲᠠᠭᠠᠯ | ᠪᠦᠬᠦᠨ ᠯᠦᠭᠡ ᠨᠢᠭᠡᠲᠦᠯ ᠦᠭᠡᠢ ᠵᠦᠢᠯᠡᠰ ᠢ ᠬᠦᠴᠦᠨ ᠦᠭᠡᠢ ᠪᠣᠯᠭᠠᠪᠠᠰᠤ ᠵᠣᠬᠢᠬᠤ ᠶᠢ ᠨᠢ ᠳᠠᠷᠤᠢ ᠳᠤᠨᠢ ᠬᠦᠴᠦᠨ | ᠦᠭᠡᠢ ᠪᠣᠯᠭᠠᠵᠤ᠂ ᠵᠠᠰᠠᠪᠤᠷᠢ ᠣᠷᠤᠭᠤᠯᠪᠠᠰᠤ ᠵᠣᠬᠢᠬᠤ ᠶᠢ ᠨᠢ ᠴᠠᠭ ᠲᠣᠬᠠᠢ ᠳᠤᠨᠢ ᠵᠠᠰᠠᠪᠤᠷᠢ ᠣᠷᠤᠭᠤᠯᠬᠤ ᠬᠡᠷᠡᠭᠲᠡᠢ︔ | ︽ᠳᠦᠷᠢᠮ︾ ᠠᠴᠠ ᠡᠷᠬᠡ ᠣᠯᠭᠤᠵᠣ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠨᠡᠶᠢᠲᠡᠯᠡᠬᠦ ᠠᠷᠭ᠎ᠠ | ᠪᠤᠶᠤ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠪᠤᠲᠠᠲᠠᠢ ᠪᠠᠨ ᠦᠨᠳᠦᠰᠦᠯᠡᠨ ᠭᠠᠷᠭᠠᠬᠤ ᠪᠣᠲᠠᠲᠠᠢ | ᠲᠣᠭᠲᠠᠭᠠᠯ ᠢ ᠰᠢᠮᠳᠠᠵᠤ ᠲᠣᠭᠲᠠᠭᠠᠨ ᠨᠡᠶᠢᠲᠡᠯᠡᠵᠦ᠂ ︽ᠳᠦᠷᠢᠮ︾ ᠢ ᠣᠷᠤᠭᠰᠢᠲᠠᠢ ᠬᠡᠷᠡᠭᠵᠢᠭᠦᠯᠬᠦ ᠳᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠨ ︽ᠳᠦᠷᠢᠮ︾ ᠤᠨ ᠲᠤᠤᠱᠯᠠᠭᠤᠯᠤᠨ ᠬᠡᠷᠡᠭᠵᠢᠭᠦᠯᠦᠭᠳᠡᠭᠰᠡᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠪᠠᠨ ᠦᠨᠡᠨᠬᠦ ᠴᠢᠩᠭᠠᠳᠬᠠᠨ᠂ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠡᠷᠡᠰ ᠬᠤᠷᠢᠭᠯᠠᠨ ᠵᠠᠯᠠᠷᠠᠭᠤᠯᠵᠤ᠂ ᠡᠷᠬᠡ ᠲᠡᠭᠰᠢ᠂ ᠵᠦᠢ ᠵᠣᠬᠢᠰᠲᠠᠢ ᠨᠦᠬᠦᠪᠦᠷᠢ ᠥᠭᠬᠦ᠂ ᠡᠶ᠎ᠡ ᠵᠣᠬᠢᠴᠠᠯ ᠲᠠᠢ᠂ | ᠲᠠᠶᠢᠪᠣᠩ ᠲᠣᠭᠲᠠᠭᠤᠨ ᠢᠶᠠᠷ ᠲᠠᠲᠠᠪᠤᠷᠢᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃ | ᠡᠯ᠎ᠡ ᠭᠠᠵᠠᠷ ᠣᠷᠣᠨ ᠨᠤᠭᠤᠳ ᠭᠡᠷ ᠪᠠᠶᠢᠰᠢᠩ ᠲᠠᠲᠠᠪᠤᠷᠢᠯᠠᠬᠤ ᠶᠢ ᠬᠠᠮᠢᠶᠠᠷᠬᠤ ᠪᠠ ᠪᠣᠲᠠᠲᠠᠢ ᠬᠡᠷᠡᠭᠵᠢᠭᠦᠯᠬᠦ | ᠠᠵᠢᠯᠲᠠᠳ ᠲᠤ ᠣᠯᠠᠨ ᠬᠡᠯᠪᠡᠷᠢ ᠮᠠᠶ᠋ᠢᠭ ᠤᠨ ᠪᠣᠯᠪᠠᠰᠤᠷᠠᠭᠤᠯᠤᠯ ᠦᠷᠨᠢᠭᠦᠯᠵᠦ᠂ ︽ᠳᠦᠷᠢᠮ︾ ᠤᠨ ᠡᠯ᠎ᠡ ᠵᠦᠢᠯ ᠤᠨ | ᠠᠭᠤᠯᠭ᠎ᠠ ᠪᠠ ᠵᠣᠷᠢᠭ ᠰᠠᠨᠠᠭ᠎ᠠ ᠶᠢᠨ ᠮᠦᠨ ᠴᠢᠨᠠᠷ ᠢ ᠭᠦᠨᠵᠡᠭᠡᠢ ᠰᠤᠷᠤᠯᠴᠠᠬᠤ ᠪᠠ ᠪᠦᠬᠦ ᠲᠠᠯ᠎ᠠ ᠪᠠᠷ ᠡᠵᠡᠮᠰᠢᠬᠦ | ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠨᠢ ᠭᠡᠷ ᠪᠠᠶᠢᠰᠢᠩ ᠲᠠᠲᠠᠪᠤᠷᠢᠯᠠᠬᠤ ᠪᠠ ᠨᠦᠬᠦᠪᠦᠷᠢ ᠥᠭᠬᠦ ᠠᠵᠢᠯ ᠤᠨ ᠮᠡᠳᠡᠭᠡ | ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠴᠤᠪᠤᠷᠠᠯ ᠢ ᠨᠢᠭᠡᠲᠦᠯᠲᠡᠢ ᠪᠣᠯᠭᠠᠨ᠂ | ᠬᠠᠤᠯᠢ ᠶᠤᠰᠤᠭᠠᠷ ᠵᠠᠰᠠᠭ ᠶᠠᠪᠤᠭᠤᠯᠬᠤ᠂ ᠵᠢᠷᠤᠮᠵᠢᠭᠤᠯᠤᠨ ᠬᠠᠮᠢᠶᠠᠷᠬᠤ ᠬᠢᠷᠢ ᠬᠡᠮᠵᠢᠶ᠎ᠡ ᠪᠠᠨ ᠦᠨᠡᠨᠬᠦ | ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ︽ᠳᠦᠷᠢᠮ︾ ᠤᠨ ᠴᠢᠬᠤᠯᠠ ᠠᠴᠢ ᠬᠤᠯᠪᠤᠭᠳᠠᠯ ᠪᠠ ᠬᠠᠤᠯᠢ ᠲᠣᠭᠲᠠᠭᠠᠭᠰᠠᠨ ᠠᠬᠤᠢ ᠪᠠᠶᠢᠳᠠᠯ ᠢ | ᠶᠡᠬᠡᠪᠡᠷ ᠤᠬᠠᠭᠤᠯᠵᠤ᠂ ︽ᠳᠦᠷᠢᠮ︾ ᠤᠨ ᠭᠤᠣᠯ ᠠᠭᠤᠯᠭ᠎ᠠ ᠶᠢ ᠵᠥᠪ ᠣᠨᠣᠪᠴᠢᠲᠠᠢ ᠳᠤᠲᠤᠷᠬᠠᠶᠢᠯᠠᠨ ᠦᠭᠦᠯᠡᠵᠦ᠂ | ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠤᠭᠤᠳᠬᠤ ᠪᠠᠨ ᠴᠢᠩᠭᠠᠳᠬᠠᠨ᠂ ᠰᠡᠵᠢᠭ ᠡᠷᠡᠭᠡᠯᠵᠡᠭᠡ ᠶᠢ ᠲᠠᠶᠢᠯᠠᠵᠦ | ᠢᠯᠭᠠᠪᠦᠷᠢᠯᠠᠬᠤ ᠪᠠᠷ ᠳᠠᠮᠵᠢᠵᠦ᠂ ᠰᠡᠳᠬᠢᠯ ᠲᠠᠯᠪᠢᠵᠤ ᠪᠠᠶᠢᠭ᠎ᠠ ᠶᠠᠪᠤᠳᠠᠯ ᠳᠤᠨᠢ ᠬᠠᠷᠢᠭᠤ ᠲᠤᠰᠬᠠᠯᠲᠠ ᠬᠢᠵᠦ᠂ | ᠦᠨᠡᠨ ᠪᠤᠰᠤ ᠮᠡᠳᠡᠭᠡᠯᠡᠯ ᠪᠤᠶᠤ ᠦᠰᠬᠡᠨ ᠳᠦᠰᠬᠡᠨ ᠲᠠᠢ ᠬᠦᠭᠡᠷᠭᠡᠳᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠭᠦᠯ ᠵᠢᠴᠢ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ | ᠪᠦᠬᠦ ᠣᠷᠣᠨ ᠤ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ | ᠨᠦᠬᠦᠪᠦᠷᠢ ᠥᠭᠬᠦ ᠠᠵᠢᠯ ᠢ ᠴᠢᠩᠭᠠᠳᠬᠠᠨ ᠵᠢᠷᠤᠮᠵᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠣᠢ ᠪᠣᠯᠭᠠᠬᠤ ᠬᠡᠷᠡᠭᠲᠡᠢ᠃ | ᠡᠯ᠎ᠡ ᠭᠠᠵᠠᠷ ᠣᠷᠣᠨ ᠨᠤᠭᠤᠳ ︽ᠬᠠᠷᠢᠶᠠᠯᠠᠬᠳᠠᠬᠤ ᠭᠠᠵᠠᠷ ᠠᠴᠠ ᠬᠠᠮᠢᠶᠠᠷᠬᠤ᠂ ᠱᠠᠲᠤ ᠬᠤᠪᠢᠶᠠᠨ | ᠬᠠᠷᠢᠭᠤᠴᠠᠬᠤ︾ ᠵᠠᠷᠴᠢᠮ ᠶᠤᠰᠤᠭᠠᠷ᠂ ᠰᠡᠷᠭᠡᠶᠢᠯᠡᠬᠦ ᠠᠷᠭ᠎ᠠ ᠬᠡᠮᠵᠢᠶ᠎ᠡ ᠪᠠ ᠪᠡᠯᠡᠳᠭᠡᠯ ᠲᠦᠰᠦᠯ ᠢ ᠡᠷᠲᠡ ᠠᠴᠠ | ᠲᠣᠭᠲᠠᠭᠠᠵᠤ᠂ ᠤᠯᠤᠰ ᠤᠨ ᠦᠮᠴᠢᠯᠡᠯᠲᠦ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ | ᠨᠦᠬᠦᠪᠦᠷᠢ ᠥᠭᠬᠦ ᠠᠵᠢᠯ ᠤᠨ ᠳᠤᠮᠳᠠ ᠢᠯᠡᠷᠡᠵᠦ ᠮᠡᠳᠡᠬᠦ ᠴᠣᠬᠤᠶᠢᠯᠲᠠ ᠶᠢᠨ ᠴᠢᠨᠠᠷᠲᠠᠢ᠂ ᠬᠠᠨᠳᠤᠯᠭᠠᠲᠤ ᠴᠢᠨᠠᠷ ᠲᠠᠢ | ᠠᠰᠠᠭᠤᠳᠠᠯ ᠢ ᠴᠠᠭ ᠲᠣᠬᠠᠢ ᠳᠤᠨᠢ ᠡᠵᠡᠮᠳᠡᠬᠦ ᠪᠠ ᠠᠷᠢᠯᠭᠠᠨ᠂ ᠵᠦᠷᠢᠴᠡᠯ ᠬᠤᠷᠴᠠᠳᠬᠤ ᠠᠴᠠ ᠰᠡᠷᠭᠡᠶᠢᠯᠡᠵᠦ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠨ᠂ ᠪᠦᠬᠦ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠢ᠃ |