ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠨᠠᠢᠮᠠᠳᠤᠭᠠᠷ ᠬᠤᠷᠠᠯ ᠢ 11 ᠳ᠋ᠦ᠋ᠭᠡᠷ ᠰᠠᠷ᠎ᠠ ᠶᠢᠨ 28᠎ ᠤ ᠡᠳᠦᠷ ᠬᠤᠷᠠᠯᠳᠤᠭᠤᠯᠤᠨ᠎ᠠ
ᠨᠡᠶᠢᠲᠡᠯᠡᠭᠰᠡᠨ ᠴᠠᠭ᠄
2016/11/21
     11 ᠳ᠋ᠦ᠋ᠭᠡᠷ ᠰᠠᠷ᠎ᠠ ᠶᠢᠨ 18᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ 81 ᠳ᠋ᠦ᠋ᠭᠡᠷ ᠣᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠤᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠠᠢᠮᠠᠳᠤᠭᠠᠷ ᠬᠤᠷᠠᠯ ᠢ 11  ᠳ᠋ᠦ᠋ᠭᠡᠷ ᠰᠠᠷ᠎ᠠ ᠶᠢᠨ 28᠎ ᠤ ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠭᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠭᠢᠯᠡᠭᠴᠢ ᠬᠤᠷᠴᠡ ᠬᠤᠷᠠᠯ ᠢ ᠡᠷᠬᠢᠯᠡᠵᠤ᠂ ᠲᠡᠳ᠋ ᠡᠷᠬᠢᠯᠡᠭᠴᠢ ᠳ᠋ᠦ᠋ ᠽᠢ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋ ᠪᠤᠯᠤᠨ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠠᠢᠮᠠᠳᠤᠭᠠᠷ ᠬᠤᠷᠠᠯ ᠤᠨ ᠰᠠᠨᠠᠭᠤᠯᠭ᠎ᠠ ᠶᠢᠨ ᠵᠦᠪᠯᠡᠭᠦ ᠵᠦᠢᠯᠡᠰ ᠪᠤᠯ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ ︵ᠲᠦᠰᠦᠯ︶︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠶᠤᠯᠬᠦᠢ ᠦᠢᠯᠡᠳᠪᠤᠷᠢᠯᠡᠯ ᠤᠨ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠴᠢᠬᠤᠯᠠ ᠵᠦᠢᠯᠡᠰ ᠢ ᠵᠦᠪᠳᠡᠨ ᠲᠤᠬᠳᠠᠭᠠᠬᠤ ᠲᠤᠬᠳᠠᠭᠠᠯ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶︾᠂ ︽ᠬᠦᠬᠡᠬᠤᠳᠠ ᠶᠢᠨ ᠰᠢᠳᠠᠭᠠᠯᠭ᠎ᠠ ᠶᠢᠨ ᠭᠡᠢ ᠶᠢᠨ ᠬᠠᠮᠢᠶᠠᠷᠤᠯᠳᠠ ᠶᠢᠨ ᠲᠦᠷᠢᠮ︾᠂ ︽ᠬᠦᠯᠦᠨ ᠪᠤᠶᠢᠷ ᠬᠤᠳᠠ ᠶᠢᠨ ᠬᠤᠳᠠ ᠶᠢᠨ ᠳᠦᠷᠢ ᠳᠦᠷᠬᠦ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾᠂ ︽ᠲᠦᠡᠭᠯᠢᠶᠤᠤ ᠬᠤᠳᠠ ᠶᠢᠨ ᠬᠤᠳᠠ ᠶᠢᠨ ᠳᠦᠷᠢ ᠳᠦᠷᠬᠦ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾᠂ ︽ᠤᠯᠠᠭᠠᠨᠬᠠᠳᠠ ᠬᠤᠳᠠ ᠶᠢᠨ ᠣᠯᠠᠭᠠᠨ ᠬᠠᠳᠠ ᠰᠤᠶᠤᠯ ᠤᠨ ᠪᠠᠭᠤᠷᠢ ᠶᠢᠨ ᠰᠦᠷᠦᠭᠵᠢᠯ ᠤᠨ ᠬᠠᠮᠠᠭᠠᠯᠠᠯᠳᠠ ᠶᠢᠨ ᠲᠦᠷᠢᠮ︾᠂ ︽ᠤᠷᠳᠤᠰ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ︾᠂ ︽ᠦᠬᠠᠢ ᠬᠤᠳᠠ ᠶᠢᠨ ᠬᠠᠶᠢᠷᠤᠪ ᠤᠨ ᠲᠤᠬᠤᠢ ᠠᠮᠢ ᠠᠬᠤᠢ ᠶᠢᠨ ᠠᠭᠤᠯᠤᠬᠳᠠᠴᠠᠳᠣ ᠤᠷᠤᠨ ᠤ ᠬᠠᠮᠠᠭᠠᠯᠠᠯᠳᠠ ᠶᠢᠨ ᠲᠦᠷᠢᠮ︾᠎ ᠢ ᠬᠢᠨᠠᠨ ᠵᠦᠪᠯᠡᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠴᠠ ᠲᠤᠰᠢᠶᠠᠨ ᠦᠭᠭᠦᠭᠰᠡᠨ 5 ᠳᠤᠭᠠᠷ ᠨᠤᠮᠧᠷᠳᠤ ᠰᠠᠨᠠᠯ ᠵᠦᠪᠯᠡᠯᠭᠡ ᠶᠢ ᠰᠢᠢᠳᠪᠤᠷᠢᠯᠡᠭᠰᠡᠨ ᠰᠠᠨᠠᠯ ᠤᠨ ᠮᠡᠳᠡᠭᠦᠯᠦᠯᠳᠡ ︵ᠲᠦᠰᠦᠯ︶ ︵ᠪᠢᠴᠢᠭ ᠤᠨ ᠬᠡᠯᠪᠡᠷᠢ︶᠎ ᠶᠢ ᠬᠢᠨᠠᠨ ᠵᠦᠪᠯᠡᠨ᠎ᠠ᠃ 2016 ᠤᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠲᠤ ᠲᠤᠬᠢᠷᠠᠭᠤᠯᠣᠯᠳᠠ ᠬᠢᠭᠰᠡᠨ ᠲᠦᠰᠦᠯ ᠤᠨ ᠲᠤᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯᠳᠠᠨ ᠤ ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠠᠯᠪᠠᠨ ᠲᠢᠩᠭᠢᠮ᠂ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠠᠯᠳᠠ ᠶᠢᠨ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠢᠩᠭᠢᠮ ᠤᠨ 4 ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠭᠢᠵᠢᠯᠳᠡ ᠶᠢᠨ ᠵᠦᠪᠯᠡᠯ ᠤᠨ 2016 ᠤᠨ ᠠᠴᠠ ᠨᠠᠰᠢᠬᠢ ᠠᠵᠢᠯ ᠤᠨ ᠪᠠᠶᠢᠳᠠᠯ ᠤᠨ ᠮᠡᠳᠡᠭᠦᠯᠦᠯᠳᠡ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠶᠠᠪᠣᠭᠤᠯᠬᠤ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠬᠦᠨᠵᠡᠭᠡᠶᠢᠷᠡᠭᠦᠯᠭᠦ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠯᠳᠡ ᠶᠢ ᠰᠤᠨᠤᠰᠴᠤ ᠬᠢᠨᠠᠨ ᠵᠦᠪᠯᠡᠨ᠎ᠠ᠃ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠭᠢᠵᠢᠯᠳᠡ ᠶᠢᠨ ᠵᠦᠪᠯᠡᠯ ᠤᠨ 2016ᠤᠨ ᠠᠴᠠ ᠨᠠᠰᠢᠭᠢ ᠠᠵᠢᠯ ᠤᠨ ᠪᠠᠶᠢᠳᠠᠯ ᠳᠤ ᠠᠵᠢᠯ ᠤᠨ ᠦᠨᠡᠯᠡᠯᠳᠡ ᠬᠢᠨ᠎ᠠ᠃ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠠᠯᠳᠠ ᠶᠢᠨ ᠵᠦᠪᠯᠡᠯ᠂ ᠡᠳ᠋ ᠤᠨ ᠵᠠᠰᠠᠬ ᠤᠨ ᠲᠢᠩᠭᠢᠮ ᠳᠤ ᠠᠵᠢᠯ ᠤᠨ ᠦᠨᠡᠯᠡᠯᠳᠡ ᠪᠠ ᠬᠠᠨᠤᠮᠵᠢ ᠶᠢᠨ ᠬᠡᠮᠵᠢᠶᠠᠨ ᠤ ᠰᠢᠯᠭᠠᠨ ᠦᠨᠡᠯᠡᠯᠳᠡ ᠬᠢᠵᠦ᠂ ᠠᠵᠢᠯᠳᠠᠨ ᠤ ᠶᠠᠪᠤᠳᠠᠯ ᠲᠤᠰᠢᠶᠠᠯ ᠲᠤ ᠳᠣᠮᠢᠯᠠᠵᠣ ᠲᠤᠰᠢᠶᠠᠯ ᠠᠴᠠ ᠪᠠᠭᠤᠯᠭᠠᠬᠤ ᠵᠦᠢᠯᠡᠰ ᠢ ᠬᠢᠨᠠᠨ ᠵᠦᠪᠯᠡᠨ᠎ᠠ᠃      ᠡᠷᠭᠢᠯᠡᠭᠴᠢᠳ ᠤᠨ ᠬᠤᠷᠠᠯ ᠠᠴᠠ᠂ ᠲᠡᠭᠡᠷ᠎ᠡ ᠳᠣᠷᠠᠳᠣᠭᠰᠠᠨ ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠲᠦᠰᠦᠯ ᠪᠠ ᠬᠠᠮᠢᠶ᠎ᠠ ᠪᠦᠭᠦᠢ ᠮᠡᠳᠡᠭᠦᠯᠦᠯᠳᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠠᠢᠮᠠᠳᠤᠭᠠᠷ ᠬᠤᠷᠠᠯ ᠳᠤ ᠲᠡᠪᠰᠢᠭᠦᠯᠵᠦ ᠬᠢᠨᠠᠨ ᠵᠦᠪᠯᠡᠭᠦᠯᠬᠦ ᠪᠠᠷ ᠳᠣᠭᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号