11 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ | ᠠᠭᠤᠷ ᠠᠮᠢᠰᠬᠤᠯ ᠤᠨ ᠬᠤᠪᠢᠷᠠᠯᠳᠠ ᠶᠢ ᠠᠡᠷᠭᠠᠴᠠᠬᠤ ᠵᠢᠴᠢ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ | ᠤᠳᠤᠷᠢᠳᠬᠤ ᠲᠤᠭᠤᠢᠢᠯᠠᠩ ︵ᠦᠷᠭᠡᠳᠭᠡᠭᠰᠡᠨ︶ ᠬᠤᠷᠠᠯ ᠬᠤᠷᠠᠯᠳᠤᠭᠤᠯᠵᠦ᠂ ︽12·5︾ ᠶᠢᠨ | ᠲᠦᠯᠦᠪᠵᠢᠭᠦᠯᠭᠡ ᠶᠢᠨ ᠠᠵᠢᠯ ᠢ ᠳ᠋ᠦᠩᠨᠡᠵᠦ᠂ ︽13·5︾ ᠶᠢᠨ ᠲᠦᠯᠦᠪᠵᠢᠭᠦᠯᠭᠡ ᠶᠢᠨ ᠭᠤᠤᠯᠳᠠᠯᠭ᠎ᠠ ᠲᠠᠢ | ᠡᠬᠦᠷᠭᠡ ᠶᠢ ᠪᠠᠶᠢᠷᠢᠯᠠᠭᠤᠯᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠵᠦ᠂ ᠦᠪᠡᠷᠲᠡᠭᠡᠨ | ᠵᠠᠰᠠᠬᠤ ᠤᠷᠤᠨ ᠤ ᠳᠡᠳ᠋ ᠲᠡᠷᠢᠬᠦᠯᠡᠭᠴᠢ ᠴᠠᠩ ᠵᠢᠶᠦ᠋ᠨ ᠵᠧᠩ ᠬᠤᠷᠠᠯ ᠳᠤ ᠤᠷᠤᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽12·5︾ ᠶᠢᠨ ᠬᠤᠭᠤᠴᠠᠭᠠᠨ ᠳᠤ᠂ ᠪᠦᠬᠦ ᠤᠷᠤᠨ | ᠳᠠᠶᠠᠭᠠᠷ ᠤᠨ ᠬᠠᠮᠳᠤ ᠶᠢᠨ ᠴᠢᠷᠮᠠᠶᠢᠯᠭ᠎ᠠ ᠪᠠᠷ᠂ ᠮᠠᠨ ᠤ ᠤᠷᠤᠨ ᠤ ᠠᠭᠤᠷ ᠠᠮᠢᠰᠬᠤᠯ ᠤᠨ ᠬᠤᠪᠢᠷᠠᠯᠳᠠ ᠶᠢ | ᠠᠷᠭᠠᠴᠠᠬᠤ ᠵᠢᠴᠢ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠮᠡᠳᠡᠭᠳᠡᠮ᠎ᠠ ᠠᠮᠵᠢᠯᠳᠠ ᠤᠯᠵᠦ᠂ | ᠤᠯᠤᠰ ᠠᠴᠠ ᠳᠠᠭᠠᠭᠠᠯᠭᠠᠭᠰᠠᠨ ᠬᠠᠷᠠᠯᠳᠠ ᠡᠬᠦᠷᠭᠡ ᠶᠢ ᠪᠠᠶᠠᠯᠡᠬᠦᠯᠪᠠ᠃ ︽13·5︾ ᠶᠢᠨ ᠬᠤᠭᠤᠴᠠᠭᠠᠨ ᠳᠤ᠂ | ᠮᠠᠨ ᠤ ᠤᠷᠤᠨ ᠤ ᠠᠵᠤ ᠦᠢᠯᠡᠰ ᠤᠨ ᠪᠦᠳᠦᠴᠡ ᠪᠠ ᠡᠨᠧᠷᠬᠢ ᠶᠢᠨ ᠪᠦᠳᠦᠴᠡ ᠤᠬᠤᠷ ᠬᠤᠭᠤᠴᠠᠭᠠᠨ ᠳᠤ | ᠦᠨᠳᠦᠰᠦᠨ ᠡᠷᠬᠢᠯᠳᠠ ᠭᠠᠷᠬᠤ ᠳᠤ ᠪᠡᠷᠭᠡ ᠪᠠᠶᠢᠵᠦ᠂ ᠦᠨᠳᠦᠷ ᠬᠤᠷᠤᠭᠳᠠᠯ ᠪᠠ ᠪᠤᠬᠢᠷᠳᠤᠯ ᠪᠤᠳᠠᠰ | ᠭᠠᠳᠠᠭᠰᠢᠯᠠᠭᠤᠯᠬᠤ ᠭᠡᠮᠵᠢᠶ᠎ᠠ ᠨᠡᠯᠢᠶᠡᠳ ᠶᠡᠭᠡ᠂ ᠡᠬᠢ ᠪᠠᠶᠠᠯᠢᠭ ᠤᠷᠴᠢᠨ ᠲᠤᠭᠤᠷᠢᠨ ᠤ ᠬᠢᠵᠠᠭᠠᠷᠯᠠᠯ ᠴᠢᠩᠭᠠᠷᠠᠵᠦ᠂ | ᠡᠨᠧᠷᠬᠢ ᠠᠰᠢᠬᠯᠠᠬᠤ ᠨᠤᠷᠮ᠎ᠠ ᠶᠢ ᠳᠡᠭᠡᠭᠰᠢᠯᠡᠬᠦᠯᠬᠦ ᠤᠯᠤᠰ ᠤᠨ ᠬᠠᠷᠠᠯᠳᠠ ᠡᠬᠦᠷᠭᠡ ᠶᠢ ᠪᠡᠶᠡᠯᠡᠬᠦᠯᠬᠦ ᠳᠠᠷᠤᠯᠳᠠ | ᠨᠡᠯᠢᠶᠡᠳ ᠶᠡᠭᠡ ᠪᠠᠶᠢᠨ᠎ᠠ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠤᠳᠤᠬᠠᠨ ᠤ ᠪᠤᠳᠤᠯᠢᠶᠠᠨᠳᠠᠢ ᠴᠢᠨᠠᠷ ᠪᠡ | ᠪᠡᠷᠭᠡ ᠬᠠᠳᠠᠭᠤᠵᠢᠯᠳᠠᠢ ᠴᠢᠨᠠᠷ ᠢ ᠬᠦᠢᠴᠡᠳ ᠲᠠᠨᠢᠵᠦ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠵᠢᠴᠢ | ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠢ ᠴᠤᠴᠠᠰᠢ ᠦᠭᠡᠢ᠂ ᠤᠭᠳᠤ ᠰᠤᠯᠠᠷᠠᠭᠤᠯᠬᠤ ᠦᠭᠡᠢ | ᠰᠠᠶᠢᠳᠤᠷ ᠠᠳᠬᠤᠬᠤ ᠭᠡᠷᠡᠭᠲᠡᠢ ᠭᠡᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠤ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ | ᠡᠨᠧᠷᠬᠢ ᠶᠢᠨ ᠭᠡᠷᠡᠭᠯᠡᠭᠡᠨ ᠤ ᠶᠡᠷᠦᠩᠭᠡᠢ ᠭᠡᠮᠵᠢᠶ᠎ᠠ᠂ ᠡᠨᠧᠷᠬᠢ ᠶᠢᠨ ᠬᠤᠷᠤᠭᠳᠠᠯ ᠤᠨ ᠭᠡᠮᠵᠢᠶ᠎ᠠ ᠪᠠ | ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠤᠯᠠᠭᠠᠨ ᠱᠤᠭᠤᠮ ᠤᠨ ᠬᠠᠮᠢᠶᠠᠷᠤᠯᠳᠠ ᠡᠵᠡᠮᠳᠡᠯᠳᠠ ᠶᠢ ᠴᠢᠩᠭᠠᠳᠬᠠᠵᠦ᠂ | ᠭᠤᠤᠯᠳᠠᠯᠭ᠎ᠠ ᠲᠠᠢ ᠬᠦᠷᠢᠶ᠎ᠠ᠂ ᠭᠤᠤᠯᠳᠠᠯᠭ᠎ᠠ ᠲᠠᠢ ᠭᠠᠵᠠᠷ ᠤᠷᠤᠨ ᠤ ᠡᠨᠧᠷᠬᠢ ᠶᠢ ᠠᠷᠪᠢᠯᠠᠵᠦ ᠪᠤᠬᠢᠷᠳᠤᠯ ᠢ | ᠪᠠᠭᠠᠰᠬᠠᠬᠤ ᠠᠵᠢᠯ ᠢ ᠦᠷᠬᠦᠯᠵᠢᠯᠡᠨ ᠰᠠᠶᠢᠳᠤᠷ ᠬᠢᠬᠦ ᠭᠡᠷᠡᠭᠲᠡᠢ᠃ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠶᠢ | ᠪᠠᠷᠢᠮᠳᠠᠯᠠᠵᠦ᠂ ᠬᠢᠨᠠᠨ ᠪᠠᠶᠢᠴᠠᠭᠠᠵᠦ ᠰᠢᠯᠭᠠᠬᠤ ᠶᠢ ᠡᠷᠴᠢᠮᠵᠢᠬᠦᠯᠦᠨ᠂ ︽13·5︾ ᠶᠢᠨ ᠲᠦᠯᠦᠪᠵᠢᠭᠦᠯᠭᠡ | ᠵᠢᠴᠢ ᠣᠨ ᠤ ᠬᠠᠷᠠᠯᠳᠠ ᠡᠬᠦᠷᠭᠡ ᠪᠡᠶᠡᠯᠡᠭᠳᠡᠬᠦ ᠶᠢ ᠪᠠᠳᠤᠯᠠᠬᠤ ᠭᠡᠷᠡᠭᠲᠡᠢ ᠭᠡᠵᠠᠢ᠃ | ᠬᠤᠷᠠᠯ ᠠᠴᠠ ᠪᠠᠰᠠ ᠦᠪᠡᠷᠲᠡᠭᠡᠨ ᠵᠠᠰᠠᠬᠤ ᠤᠷᠤᠨ ᠤ ︽12·5︾ ᠶᠢᠨ ᠲᠦᠯᠦᠪᠵᠢᠭᠦᠯᠭᠡ ᠶᠢᠨ | ᠡᠨᠧᠷᠬᠢ ᠠᠷᠪᠢᠯᠠᠵᠦ ᠨᠡᠬᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠢ ᠪᠠᠭᠠᠰᠬᠠᠬᠤ ᠠᠵᠢᠯ ᠤᠨ ᠲᠡᠷᠢᠬᠦᠨ ᠤ | ᠬᠠᠮᠳᠦ ᠪᠠ ᠲᠡᠷᠢᠬᠦᠨ ᠤ ᠬᠤᠪᠢ ᠬᠦᠮᠦᠨ ᠢ ᠬᠦᠬᠢᠬᠦᠯᠦᠨ ᠱᠠᠩᠨᠠᠵᠠᠢ᠃ |