ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 79 ᠳ᠋ᠤᠭᠡᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠭᠠᠷᠠᠭ ᠤᠨ ᠠᠮᠠᠷᠠᠯᠲᠠ ᠶᠢᠨ ᠲᠠᠶᠢᠯᠤᠮᠵᠢ ᠡᠷᠬᠢᠯᠡᠵᠠᠢ
ᠨᠡᠶᠢᠲᠡᠯᠡᠭᠰᠡᠨ ᠴᠠᠭ᠄
2016/11/21
      11 ᠳ᠋ᠦ᠋ᠭᠡᠷ ᠰᠠᠷ᠎ᠠ ᠶᠢᠨ 19᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 79 ᠳ᠋ᠤᠭᠡᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠭᠠᠷᠠᠭ ᠤᠨ ᠠᠮᠠᠷᠠᠯᠲᠠ ᠶᠢᠨ ᠲᠠᠶᠢᠯᠤᠮᠵᠢ ᠡᠷᠬᠢᠯᠡᠪᠡ᠃ ᠲᠠᠶᠢᠯᠤᠮᠵᠢ ᠳᠤ᠂ ᠲᠦᠪ ᠤᠨ ᠨᠠᠮ ᠤᠨ ᠰᠤᠷᠭᠠᠭᠤᠯᠢ ᠶᠢᠨ ᠮᠡᠷᠺᠰ ᠤᠨ ᠦᠵᠡᠯ ᠤᠨ ᠤᠨᠤᠯ ᠤᠨ ᠵᠢᠭᠠᠨ ᠰᠣᠳᠤᠯᠬᠤ ᠭᠠᠵᠠᠷ ᠤᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠤᠨ ᠰᠣᠳᠤᠯᠬᠤ ᠲᠠᠰᠤᠭ ᠤᠨ ᠡᠷᠬᠢᠯᠡᠭᠴᠢ ᠰᠦᠩ ᠹᠦ᠋ ᠹᠠᠨ ᠫᠷᠦᠹᠧᠰᠰᠤᠷ ᠢ ᠤᠷᠢᠵᠦ᠂ ᠪᠦᠬᠦ ᠤᠷᠤᠨ ᠤ ᠺᠠᠳ᠋ᠷᠴᠤᠳ ᠲᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢᠨ ᠲᠤᠬᠠᠢ ᠬᠦᠨᠵᠡᠬᠡᠢ ᠲᠠᠶᠢᠯᠤᠮᠵᠢ ᠬᠢᠯᠭᠡᠵᠡᠢ᠃      ᠰᠦᠩ ᠹᠦ᠋ ᠹᠠᠨ ᠨᠦᠬᠦᠷ ᠭᠤᠤᠯ ᠰᠡᠳᠦᠪ᠂ ᠰᠡᠳᠬᠢᠬᠦᠢ ᠪᠤᠯᠤᠨ ᠪᠠᠶᠢᠷᠢᠯᠠᠭᠤᠯᠤᠯᠲᠠ ᠭᠤᠷᠪᠠᠨ ᠲᠠᠯ᠎ᠠ ᠠᠴᠠ ᠭᠠᠷᠳᠠᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠎ ᠤᠨ ᠵᠤᠷᠢᠭ ᠰᠠᠨᠠᠭ᠎ᠠ ᠶᠢ ᠬᠦᠨᠵᠡᠬᠡᠢ ᠲᠤᠳᠤᠷᠬᠠᠢᠢᠯᠠᠨ ᠦᠬᠦᠯᠡᠭᠰᠡᠨ ᠪᠠᠶᠢᠨ᠎ᠠ᠃ ᠲᠠᠶᠢᠯᠤᠮᠵᠢ ᠨᠢ ᠰᠡᠳᠬᠢᠴᠡ ᠳᠤᠳᠤᠷᠬᠠᠢ᠂ ᠣᠶᠢᠯᠠᠭᠠᠭᠳᠠᠬᠤᠨ ᠪᠠᠶᠠᠯᠢᠭ ᠪᠠᠶᠢᠵᠤ᠂ ᠤᠨᠤᠯᠴᠢ ᠴᠢᠨᠠᠷ᠂ ᠯᠤᠬᠢᠭᠴᠢ ᠴᠢᠨᠠᠷ ᠪᠤᠯᠤᠨ ᠬᠠᠨᠳᠤᠯᠭᠠᠲᠦ ᠴᠢᠨᠠᠷ ᠢᠶᠠᠷ ᠪᠦᠷ ᠮᠠᠰᠢ ᠴᠢᠩᠭ᠎ᠠ ᠪᠠᠶᠢᠵᠦ᠂ ᠦᠷᠭᠡᠨ ᠤᠯᠠᠨ ᠺᠠᠳ᠋ᠷᠴᠤᠳ ᠤᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠳᠤ ᠬᠦᠨ ᠰᠡᠩᠭᠡᠷᠡᠬᠦᠯᠦᠯ ᠤᠯᠭᠤᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠱᠠᠭᠠᠷᠳᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠬᠤ ᠪᠤᠯ ᠤᠳᠤᠬᠠᠨ ᠪᠠ ᠬᠤᠵᠢᠮ ᠤᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠤᠯᠤᠨ᠎ᠠ᠃ ᠦᠷᠭᠡᠨ ᠤᠯᠠᠨ ᠤᠳᠤᠷᠢᠳᠬᠤ ᠺᠠᠳ᠋ᠷᠴᠤᠳ ᠲᠠᠶᠢᠯᠤᠮᠵᠢ ᠶᠢᠨ ᠠᠭᠤᠯᠭ᠎ᠠ ᠶᠢ ᠨᠠᠷᠢᠨ ᠬᠢᠨᠠᠮᠠᠭᠠᠢ᠂ ᠵᠦᠪ ᠤᠨᠤᠪᠴᠢᠲᠠᠢ ᠰᠤᠷᠤᠯᠴᠠᠨ ᠤᠢᠢᠯᠠᠭᠠᠵᠦ᠂ ᠵᠢᠷᠭᠤᠳᠤᠭᠠᠷ ᠪᠦᠬᠦᠳᠡ ᠬᠤᠷᠠᠯ ᠎ ᠤᠨ ᠭᠤᠤᠯᠯᠠᠬᠴᠢ ᠠᠴᠢ ᠬᠤᠯᠪᠤᠬᠳᠠᠯ ᠪᠤᠯᠤᠨ ᠵᠤᠷᠢᠭ ᠰᠠᠨᠠᠭᠠᠨ ᠤ ᠮᠦᠨ ᠴᠢᠨᠠᠷ ᠢ ᠰᠠᠶᠢᠲᠤᠷ ᠡᠵᠡᠮᠰᠢᠵᠦ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ ᠪᠤᠯᠤᠨ ᠨᠢᠭᠡᠲᠦᠯᠲᠡᠢ ᠪᠠᠶᠢᠬᠤ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠪᠤᠳᠠᠳᠦ ᠦᠢᠯᠡ ᠠᠵᠢᠯᠯᠠᠭ᠎ᠠ ᠪᠠᠷ ᠢᠶᠠᠨ ᠲᠦᠪ ᠤᠨ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠳᠤ ᠲᠤᠤᠱᠯᠠᠭᠤᠯᠬᠤ ᠬᠡᠷᠡᠭᠲᠡᠢ ᠭᠡᠵᠡᠢ᠃      ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ᠂ ᠭᠡᠰᠡᠭ ᠠᠵᠦ ᠠᠬᠤᠢᠢᠯᠡᠯ ᠠᠵᠢᠯ ᠦᠢᠯᠡᠰ ᠤᠨ ᠨᠢᠭᠡᠴᠡ ᠶᠢᠨ ᠭᠠᠵᠠᠷ ᠤᠨ ᠳᠡᠰ ᠠᠴᠠ ᠳᠡᠭᠡᠭᠰᠢᠬᠢ ᠺᠠᠳ᠋ᠷᠴᠤᠳ ᠭᠤᠤᠯ ᠬᠤᠷᠠᠯ ᠤᠨ ᠲᠠᠯᠠᠪᠠᠢ ᠳᠤ ᠲᠠᠶᠢᠯᠤᠮᠵᠢ ᠶᠢ ᠰᠤᠨᠤᠰᠴᠦ᠂ ᠪᠦᠬᠦ ᠤᠷᠤᠨ ᠤ 12 ᠠᠶᠢᠮᠠᠭ ᠬᠤᠲᠠ ᠶᠢᠨ ᠬᠠᠮᠢᠶ᠎ᠠ ᠪᠦᠬᠦᠢ ᠺᠠᠳ᠋ᠷᠴᠤᠳ ᠬᠤᠪᠢᠶᠠᠷᠢ ᠬᠤᠷᠠᠯ ᠤᠨ ᠲᠠᠯᠠᠪᠠᠢ ᠳᠤ ᠰᠢᠭᠤᠳ ᠨᠡᠪᠲᠡᠷᠡᠭᠦᠯᠭᠡ ᠪᠠᠷ ᠲᠠᠶᠢᠯᠤᠮᠵᠢ ᠶᠢ ᠬᠦᠯᠢᠶᠡᠨ ᠠᠪᠴᠦ ᠰᠤᠨᠤᠰᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号