| ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ ᠠᠴᠠ | ᠨᠠᠰᠢᠬᠢ 5 ᠵᠢᠯ ᠪᠤᠯ ᠮᠠᠨ ᠤ ᠤᠷᠤᠨ ᠤ ᠬᠦᠭᠵᠢᠯᠳᠡ ᠶᠢᠨ ᠶᠠᠪᠤᠴᠠ ᠳᠠᠬᠢ ᠬᠦᠰᠢᠶ᠎ᠡ ᠳᠤᠷᠠᠰᠬᠠᠯ ᠤᠨ ᠠᠴᠢ | ᠬᠤᠯᠪᠤᠬᠳᠠᠯ ᠪᠦᠬᠦᠢ 5 ᠵᠢᠯ ᠪᠤᠯᠤᠨ᠎ᠠ᠃ 5 ᠵᠢᠯ ᠤᠨ ᠳᠤᠷᠰᠢ᠂ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠰᠢ᠂ ︽ᠭᠤᠷᠪᠠᠨ ᠬᠤᠭᠤᠴᠠᠭ᠎ᠠ ᠳᠠᠪᠬᠤᠴᠠᠭᠰᠠᠨ︾ ᠱᠠᠳᠤᠨ ᠳᠠᠬᠢ᠂ ᠲᠦᠪᠡᠭ | ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠪᠠ ᠦᠬᠡᠷᠡᠴᠢᠯᠡᠯᠳᠡ ᠬᠦᠭᠵᠢᠯᠳᠡ ᠶᠢᠨ ᠬᠦᠨᠳᠤ ᠡᠬᠦᠷᠬᠡ ᠶᠢᠨ ᠡᠮᠦᠨ᠎ᠡ᠂ | ᠨᠠᠮ ᠤᠨ ᠲᠦᠪ ᠬᠤᠷᠢᠶ᠎ᠠ ᠪᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ | ᠮᠠᠨ ᠤ ᠤᠷᠤᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠲᠦᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠨᠠᠠᠭ᠎ᠠ ᠶᠢ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ︽ᠳᠠᠪᠤ ᠶᠢ ᠨᠢᠬᠡ | ᠴᠤᠭᠴᠠᠵᠢᠭᠤᠯᠬᠤ︾ ᠪᠠ ︽ᠲᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ | ᠳᠤᠭᠤᠷᠢᠨ ᠳᠤ᠂ ᠬᠦᠭᠵᠢᠯᠳᠡ ᠶᠢᠨ ᠶᠡᠭᠡ ᠪᠠᠶᠢᠳᠠᠯ ᠢ ᠡᠵᠡᠮᠳᠡᠵᠦ᠂ ᠴᠠᠭ ᠦᠶ᠎ᠡ ᠶᠢᠨ ᠱᠠᠭᠠᠷᠳᠠᠯᠭ᠎ᠠ ᠲᠠᠢ ᠵᠤᠬᠢᠴᠠᠵᠤ᠂ | ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠶᠠᠪᠤᠴᠠ ᠳᠤ | ᠬᠢᠯᠢ ᠤᠷᠤᠨ ᠢᠶᠠᠨ ᠰᠠᠬᠢᠨ ᠬᠠᠮᠠᠭᠠᠯᠠᠵᠤ ᠠᠯᠤᠰ ᠢ ᠪᠠᠷᠠᠯᠠᠨ ᠬᠠᠷᠢᠯᠴᠠᠨ ᠬᠠᠪᠰᠤᠷᠠᠯᠴᠠᠵᠤ ᠪᠦᠯᠬᠦᠮᠳᠡᠨ ᠲᠡᠮᠡᠴᠡᠵᠤ᠂ | ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡᠳᠦ᠂ ᠬᠠᠮᠳᠤᠪᠡᠷ ᠡᠳ᠋ᠯᠡᠬᠦ ᠬᠦᠭᠵᠢᠯᠳᠡ ᠶᠢᠨ | ᠣᠨᠤᠯᠵᠢᠬᠤᠨ ᠤ ᠵᠢᠯᠤᠭᠤᠳᠤᠯᠭ᠎ᠠ ᠳᠤᠤᠷ᠎ᠠ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ | ᠦᠬᠡᠷᠡᠴᠢᠯᠡᠯᠳᠡ ᠶᠢ ᠴᠢᠩᠭᠠᠳᠬᠠᠵᠤ᠂ ᠰᠢᠨ᠎ᠡ ᠬᠡᠪ ᠪᠠᠶᠢᠳᠠᠯ ᠳᠤ ᠳᠠᠰᠤᠷᠠᠯᠳᠠ ᠦᠬᠡᠢ ᠵᠤᠬᠢᠴᠠᠭᠤᠯᠵᠤ᠂ ᠪᠦᠬᠦ | ᠤᠷᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠢ ᠠᠬᠢᠭᠤᠯᠬᠤ᠂ ᠠᠵᠤ ᠦᠢᠯᠡᠰ ᠤᠨ | ᠬᠦᠭᠵᠢᠯᠳᠡ ᠶᠢ ᠳᠡᠰ ᠳᠡᠪᠰᠢᠬᠦᠯᠬᠦ᠂ ᠬᠤᠳᠠ ᠬᠦᠳᠡᠭᠡ ᠶᠢᠨ ᠬᠦᠭᠵᠢᠯᠳᠡ ᠶᠢᠨ ᠲᠦᠷᠢ ᠲᠦᠷᠬᠦ᠂ ᠤᠷᠤᠨ | ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠲᠦᠪᠰᠢᠨ᠂ ᠪᠠᠳᠤᠯᠠᠪᠤᠷᠢ ᠶᠢᠨ ᠴᠢᠳᠠᠪᠤᠷᠢ ᠪᠠ ᠠᠷᠠᠳ ᠤᠨ | ᠠᠮᠢᠳᠤᠷᠠᠯ ᠤᠨ ᠲᠦᠪᠰᠢᠨ ᠢ ᠰᠠᠶᠢᠵᠢᠷᠠᠭᠤᠯᠬᠤ ᠶᠢ ᠰᠢᠨ᠎ᠡ ᠲᠦᠪᠰᠢᠨ ᠳᠤ ᠬᠦᠷᠬᠡᠵᠦ᠂ ᠪᠦᠬᠦ ᠤᠷᠤᠨ ᠤ ᠠᠵᠤ | ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠭᠠᠷᠤᠭ᠎ᠠ ᠶᠢ ᠡᠬᠢᠯᠡᠬᠦᠯᠪᠡ᠃ | ᠦᠩᠬᠡᠷᠡᠭᠰᠡᠨ ᠢᠶᠠᠨ ᠡᠷᠬᠢᠴᠡᠬᠦᠯᠵᠤ᠂ ᠢᠷᠡᠬᠡᠳᠦᠢ ᠳᠡᠰᠢ ᠪᠠᠨ ᠨᠡᠩ ᠢᠳᠡᠷᠡᠬᠦᠨ ᠤᠷᠤᠭᠰᠢᠯᠠᠨ᠂ | ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠢ | ᠪᠠᠶᠠᠷᠯᠠᠨ ᠤᠭᠳᠤᠬᠤ ᠶᠢᠨ ᠲᠦᠯᠦᠬᠡ ᠳᠤᠰ ᠰᠤᠨᠢᠨ ᠤ ᠬᠢᠨ ᠦᠩᠬᠡᠷᠡᠭᠰᠡᠨ 5 ᠵᠢᠯ ᠤᠨ ᠠᠵᠤ ᠠᠬᠤᠢ ᠨᠡᠶᠢᠬᠡᠮ ᠤᠨ | ᠬᠦᠭᠵᠢᠯᠳᠡ ᠶᠢ ᠪᠦᠬᠦ ᠳᠠᠯ᠎ᠠ ᠪᠠᠷ ᠬᠠᠷᠠᠭᠤᠯᠬᠤ ᠶᠢ ᠵᠤᠷᠢᠯ᠎ᠠ᠃ | ᠨᠡᠶᠢᠭᠡᠮ ᠤᠨ ᠦᠢᠯᠡᠰ ᠲᠣᠭᠲᠠᠭᠤᠨ ᠬᠦᠭᠵᠢᠵᠦ ᠵᠣᠯ ᠵᠢᠷᠭᠠᠯᠲᠤ ᠬᠠᠭᠤᠳᠠᠰᠤ ᠶᠢ ᠵᠢᠷᠤᠭᠯᠠᠯ᠎ᠠ | 【ᠰᠢᠢᠳᠪᠦᠷᠢᠲᠦ ᠪᠣᠳᠤᠯᠭ᠎ᠠ ᠶᠢᠨ ᠠᠶᠠᠨ】 | ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ ᠠᠴᠠ | ᠨᠠᠰᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ | ᠠᠯᠢ ᠤᠯᠠᠨ ᠲᠦᠷᠦ ᠶᠢᠨ ᠪᠤᠳᠤᠯᠭ᠎ᠠ ᠳᠤᠭᠳᠠᠭᠠᠵᠤ᠂ ᠦᠪᠦᠷ ᠮᠤᠩᠭᠤᠯ ᠤᠨ ᠨᠡᠶᠢᠬᠡᠮ ᠤᠨ ᠦᠢᠯᠡᠰ ᠤᠨ ᠪᠦᠬᠦ | ᠳᠠᠯ᠎ᠠ ᠶᠢᠨ ᠬᠦᠭᠵᠢᠯᠳᠡ ᠶᠢ ᠠᠬᠢᠭᠤᠯᠪᠠ᠃ ᠳᠤᠤᠷ᠎ᠠ ᠪᠢᠳᠡ ᠳᠡᠳᠡᠬᠡᠷ ᠪᠠᠳᠤᠯᠠᠪᠤᠷᠢ ᠶᠢᠨ ᠴᠢᠨᠠᠷᠳᠠᠢ ᠲᠦᠷᠦ ᠶᠢᠨ | ᠪᠤᠳᠤᠯᠭ᠎ᠠ ᠶᠢ ᠡᠷᠭᠢᠴᠡᠭᠦᠯᠦᠶ᠎ᠡ᠃ | ● ᠦᠪᠡᠷᠳᠡᠬᠡᠨ ᠵᠠᠰᠠᠬᠤ ᠤᠷᠤᠨ ︽ᠪᠦᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠭᠵᠢᠭᠤᠯᠬᠤ ᠲᠦᠯᠦᠪᠯᠡᠭᠡ | ︵2011 - 2015︶︾᠂ ︽ᠳᠠᠮᠢᠷ ᠤᠨ ᠠᠵᠤ ᠦᠢᠯᠡᠰ ᠢ ᠲᠦᠷᠬᠡᠳᠬᠡᠨ ᠬᠦᠭᠵᠢᠬᠦᠯᠬᠦ ᠳᠠᠮᠢᠷ ᠤᠨ | ᠬᠡᠷᠡᠭᠯᠡᠭᠡ ᠶᠢ ᠠᠬᠢᠭᠤᠯᠬᠤ ᠳᠤᠬᠠᠢ ᠬᠡᠷᠡᠭᠵᠢᠬᠦᠯᠬᠦ ᠰᠠᠨᠠᠯ︾᠂ ︽︿ᠳᠤᠮᠳᠠᠳᠤ ᠤᠯᠤᠰ ᠤᠨ ᠬᠦᠯ ᠪᠦᠮᠪᠦᠭᠡ ᠶᠢᠨ | ᠦᠬᠡᠷᠡᠴᠢᠯᠡᠯᠳᠡ ᠬᠦᠭᠵᠢᠬᠦᠯᠦᠯᠳᠡ ᠶᠢᠨ ᠶᠡᠷᠦᠩᠬᠡᠢ ᠲᠦᠰᠦᠯ﹀ ᠤᠨ ᠳᠤᠬᠠᠢ ᠰᠠᠨᠠᠯ ᠢ ᠨᠠᠶᠢᠳᠠᠪᠤᠷᠢᠵᠢᠭᠤᠯᠬᠤ︾ ᠪᠠ | ︽ᠬᠦᠯ ᠪᠦᠮᠪᠦᠭᠡ ᠶᠢᠨ ᠦᠬᠡᠷᠡᠴᠢᠯᠡᠯᠳᠡ ᠬᠦᠭᠵᠢᠬᠦᠯᠦᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ︵ | 2015-2017︶︾ ᠶᠢ ᠭᠠᠷᠭᠠᠪᠠ᠃ | ● ᠦᠪᠡᠷᠳᠡᠬᠡᠨ ᠵᠠᠰᠠᠬᠤ ᠤᠷᠤᠨ ᠤ ᠵᠢᠷᠭᠤᠭᠠᠨ ᠰᠠᠯᠠᠭ᠎ᠠ ᠮᠦᠴᠢᠷ ᠬᠠᠮᠳᠤᠷᠠᠨ ︽ᠳᠠᠮᠢᠷᠴᠢᠨ ᠢ ᠤᠷᠢᠵᠤ | ᠬᠡᠷᠡᠭᠯᠡᠬᠦ ᠳᠤᠬᠠᠢ ᠲᠦᠷ ᠬᠡᠷᠡᠭᠵᠢᠬᠦᠯᠬᠦ ᠠᠷᠭ᠎ᠠ︾ ᠵᠡᠷᠬᠡ ᠪᠠᠳᠤᠯᠠᠪᠤᠷᠢ ᠶᠢᠨ ᠴᠢᠨᠠᠷᠳᠠᠢ ᠮᠠᠲ᠋ᠧᠷᠢᠶᠠᠯ ᠢ ᠭᠠᠷᠭᠠᠵᠤ᠂ | ᠪᠦᠬᠦ ᠠᠷᠠᠳ ᠤᠨ ᠪᠡᠶ᠎ᠠ ᠪᠠᠨ ᠴᠢᠬᠢᠷᠠᠭᠵᠢᠭᠤᠯᠬᠤ᠂ ᠳᠠᠮᠢᠷ ᠤᠨ ᠰᠠᠭᠤᠷᠢ ᠲᠦᠬᠦᠬᠡᠷᠦᠮᠵᠢ᠂ ᠬᠦᠯ ᠪᠦᠮᠪᠦᠭᠡ ᠶᠢᠨ | ᠦᠬᠡᠷᠡᠴᠢᠯᠡᠯᠳᠡ ᠬᠦᠭᠵᠢᠬᠦᠯᠦᠯᠳᠡ ᠵᠡᠷᠬᠡ ᠠᠵᠢᠯ ᠢ ᠬᠠᠤᠯᠢ ᠶᠢᠨ ᠪᠠᠳᠤᠯᠠᠪᠤᠷᠢ ᠶᠢᠨ ᠰᠢᠰᠲ᠋ᠧᠮ ᠳᠤ ᠤᠷᠤᠭᠤᠯᠵᠤ᠂ | ᠦᠪᠡᠷᠳᠡᠬᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ᠂ ᠡᠷᠡᠬᠦᠯ ᠡᠩᠭᠡ ᠶᠢᠨ | ᠦᠢᠯᠡᠴᠢᠯᠡᠬᠡᠨ ᠤ ᠦᠢᠯᠡᠰ ᠪᠠ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢᠨ ᠴᠢᠬᠤᠯᠠ ᠠᠭᠤᠯᠭ᠎ᠠ | ᠪᠤᠯᠤᠨ᠎ᠠ᠃ | ● ᠦᠪᠡᠷᠳᠡᠬᠡᠨ ᠵᠠᠰᠠᠬᠤ ᠤᠷᠤᠨ ᠠᠴᠠ ︽ᠤᠳᠤᠬᠢᠴᠢᠯᠠᠭᠰᠠᠨ ᠤᠯᠠᠨ ᠨᠡᠶᠢᠳᠡ ᠶᠢᠨ ᠰᠤᠶᠤᠯ ᠤᠨ | ᠦᠢᠯᠡᠴᠢᠯᠡᠬᠡᠨ ᠤ ᠰᠢᠰᠲ᠋ᠧᠮ ᠢ ᠲᠦᠷᠬᠡᠳᠬᠡᠨ ᠪᠠᠶᠢᠭᠤᠯᠬᠤ ᠳᠤᠬᠠᠢ ᠬᠡᠷᠡᠭᠵᠢᠬᠦᠯᠬᠦ ᠰᠠᠨᠠᠯ︾ ᠪᠠ ︽ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠦᠰᠦᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢᠨ | ᠬᠡᠷᠡᠭᠵᠢᠬᠦᠯᠬᠦ ᠪᠠᠷᠢᠮᠵᠢᠶ᠎ᠠ ︵2015-2020︶︾ ᠶᠢ ᠳᠠᠷᠤᠮᠠᠯᠯᠠᠨ ᠳᠠᠷᠬᠠᠭᠠᠵᠤ᠂ ᠬᠠᠮᠢᠶ᠎ᠠ ᠪᠦᠬᠦᠢ ᠵᠢᠭᠠᠯᠳᠠ | ᠳᠤᠭ᠎ᠠ ᠶᠢ ᠨᠠᠷᠢᠯᠢᠭᠵᠢᠭᠤᠯᠵᠠᠢ᠃ | ● ᠦᠪᠡᠷᠳᠡᠬᠡᠨ ᠵᠠᠰᠠᠬᠤ ᠤᠷᠤᠨ ︽ᠦᠨᠳᠦᠰᠦᠳᠡᠨ ᠤ ᠰᠤᠷᠭᠠᠨ ᠬᠦᠮᠦᠵᠢᠯ ᠢ ᠲᠦᠷᠬᠡᠨ ᠬᠦᠭᠵᠢᠬᠦᠯᠬᠦ | ᠳᠤᠬᠠᠢ ᠬᠡᠷᠡᠭᠵᠢᠬᠦᠯᠬᠦ ᠰᠠᠨᠠᠯ︾ ᠢ ᠭᠠᠷᠭᠠᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠡ ᠶᠢᠨ | ᠲᠦᠪᠰᠢᠨ ᠢ ᠳᠡᠬᠡᠭᠰᠢᠯᠡᠬᠦᠯᠬᠦ ᠢᠨᠵᠧᠨᠧᠷᠢᠩ ᠪᠠ ᠦᠨᠳᠦᠰᠦᠳᠡᠨ ᠤ ᠰᠤᠷᠭᠠᠨ ᠬᠦᠮᠦᠵᠢᠯ ᠤᠨ ᠴᠢᠳᠠᠪᠤᠷᠢᠳᠠᠨ ᠢ | ᠬᠦᠮᠦᠵᠢᠬᠦᠯᠬᠦ ᠵᠠᠭᠪᠤᠷ ᠤᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ᠋ ᠢ ᠵᠤᠬᠢᠶᠠᠨ ᠪᠠᠶᠢᠭᠤᠯᠤᠨ | ᠬᠡᠷᠡᠭᠵᠢᠬᠦᠯᠦᠭᠰᠡᠨ ᠵᠢᠴᠢ ᠦᠨᠳᠦᠰᠦᠳᠡᠨ ᠤ ᠰᠤᠷᠭᠠᠭᠤᠯᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠶᠢᠨ | ᠢᠨᠵᠧᠨᠧᠷᠢᠩ ᠵᠡᠷᠬᠡ ᠪᠤᠯᠤᠨ᠎ᠠ᠃ | ● ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠯᠪᠠᠨ ᠠᠴᠠ ᠡᠷᠬᠢᠯᠡᠭᠰᠡᠨ ᠡᠮᠨᠡᠯᠬᠡ ᠶᠢᠨ | ᠬᠤᠷᠢᠶ᠎ᠠ ᠶᠢᠨ ᠦᠬᠡᠷᠡᠴᠢᠯᠡᠯᠳᠡ ᠶᠢᠨ ᠠᠵᠢᠯ ᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ | ᠪᠠᠶᠢᠷᠢᠰᠢᠭᠤᠯᠤᠯᠳᠠ ᠳᠤᠮᠳᠠ ᠨᠢᠬᠡᠳᠦᠯᠳᠡᠢ ᠲᠦᠯᠦᠪᠵᠢᠬᠦᠯᠦᠨ ᠠᠬᠢᠭᠤᠯᠵᠤ᠂ ᠪᠤᠳᠠᠳᠠᠢ ᠳᠤ ᠰᠠᠭᠤᠷᠢᠯᠠᠵᠤ ︽ | ᠬᠤᠰᠢᠭᠤ ᠰᠢᠶᠠᠨ ᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠦᠬᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠬᠤ ᠲᠤᠬᠠᠢ ᠬᠡᠷᠡᠭᠵᠢᠬᠦᠯᠬᠦ ᠲᠦᠰᠦᠯ︾᠂ ︽ᠬᠤᠳᠠ ᠶᠢᠨ | ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠳᠤᠷᠰᠢᠯᠳᠠ ᠶᠢᠨ | ᠴᠢᠭ᠋ ᠤᠨ ᠬᠡᠷᠡᠭᠵᠢᠬᠦᠯᠬᠦ ᠲᠦᠰᠦᠯ︾ ᠵᠡᠷᠬᠡ 72 ᠢᠵᠢ ᠪᠢᠴᠢᠭ ᠮᠠᠲ᠋ᠧᠷᠢᠶᠠᠯ ᠭᠠᠷᠭᠠᠪᠠ᠃ | ● ︽ᠰᠢᠨᠵᠢᠯᠡᠬᠦ ᠤᠬᠠᠭᠠᠨ ᠮᠡᠷᠬᠡᠵᠢᠯ ᠤᠨ ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠬᠦ ᠳᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷᠡᠭᠵᠢᠬᠦᠯᠬᠦ ᠲᠦᠰᠦᠯ︾ ᠢ | ᠳᠤᠭᠳᠠᠭᠠᠵᠤ᠂ 8 ᠳᠠᠯ᠎ᠠ ᠶᠢᠨ 25 ᠵᠦᠢᠯ ᠤᠨ ᠦᠬᠡᠷᠡᠴᠢᠯᠡᠯᠳᠡ ᠶᠢᠨ ᠠᠷᠭ᠎ᠠ ᠪᠠᠷᠢᠯ ᠢ ᠳᠤᠷᠠᠳᠴᠤ᠂ 101 | ᠪᠤᠳᠠᠳᠠᠢ ᠠᠷᠭ᠎ᠠ ᠠᠪᠴᠠᠯ ᠠᠪᠴᠠᠢ᠃ | 【 ᠠᠮᠵᠢᠯᠲᠠ ᠨᠢᠭᠡ】 ᠤᠯᠠᠨ ᠲᠦᠮᠡᠨ ᠳᠤ ᠨᠡᠩ ᠤᠯᠠᠨ ︽ᠬᠦᠷᠲᠡᠮᠵᠢ ᠶᠢᠨ ᠲᠦᠷᠦᠭᠳᠡᠯ︾ ᠤᠯᠭᠤᠯ᠎ᠠ | ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ | ᠠᠴᠠ ᠨᠠᠰᠢᠬᠢ 5 ᠵᠢᠯ ᠳᠤ᠂ ᠦᠪᠦᠷ ᠮᠤᠩᠭᠤᠯ ᠨᠢ ᠪᠦᠬᠦ ᠠᠷᠠᠳ ᠲᠤ ᠠᠰᠢᠭ ᠬᠦᠷᠳᠡᠬᠡᠭᠰᠡᠨ ᠤᠯᠠᠨ ᠨᠡᠶᠢᠳᠡ ᠶᠢᠨ | ᠦᠢᠯᠡᠴᠢᠯᠡᠭᠡ ᠶᠢᠨ ᠰᠢᠰᠲ᠋ᠧᠮ ᠢ ᠪᠦᠷᠢᠯᠳᠦᠬᠦᠯᠵᠦ᠂ ᠳᠡᠩᠴᠡᠬᠦᠷᠢᠰᠢᠯ ᠲᠠᠢ ᠤᠯᠠᠨ ᠨᠡᠶᠢᠳᠡ ᠶᠢᠨ ᠦᠢᠯᠡᠴᠢᠯᠡᠭᠡ ᠶᠢᠨ | ᠰᠢᠰᠲ᠋ᠧᠮ ᠨᠢ ᠠᠷᠠᠳ ᠤᠯᠠᠨ ᠳᠤ ᠨᠡᠩ ᠤᠯᠠᠨ ︽ᠬᠦᠷᠳᠡᠮᠵᠢ ᠶᠢᠨ ᠲᠦᠷᠦᠭᠳᠡᠯ︾ ᠤᠯᠭᠤᠯ᠎ᠠ᠃ 5 ᠵᠢᠯ ᠤᠨ | ᠳᠤᠷᠰᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠳᠤ ᠴᠢᠩᠭ᠎ᠠ | ᠤᠳᠤᠷᠢᠳᠤᠯᠭ᠎ᠠ ᠳᠤᠤᠷ᠎ᠠ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ᠂ ᠰᠤᠶᠤᠯ᠂ ᠡᠷᠡᠬᠦᠯ ᠬᠠᠮᠠᠭᠠᠯᠠᠯ᠂ | ᠳᠠᠮᠢᠷ ᠵᠡᠷᠬᠡ ᠰᠢᠰᠲ᠋ᠧᠮ ᠤᠨ ᠬᠢᠨ ᠳᠠᠰᠤᠷᠠᠯᠳᠠ ᠦᠬᠡᠢ ᠤᠯᠠᠨ ᠨᠡᠶᠢᠳᠡ ᠶᠢᠨ ᠦᠢᠯᠡᠴᠢᠯᠡᠭᠡ ᠶᠢᠨ ᠰᠢᠰᠲ᠋ᠧᠮ ᠢᠶᠠᠨ | ᠰᠠᠶᠢᠵᠢᠷᠠᠭᠤᠯᠵᠤ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠳᠤ | ᠤᠨᠴᠠ ᠶᠢᠨ ᠬᠡᠷᠡᠯ ᠬᠢᠯᠪᠠᠭ᠎ᠠ ᠨᠡᠮᠡᠷᠢᠯᠡᠭᠰᠡᠨ ᠶᠤᠮ᠃ | ︽12·5︾ ᠶᠢᠨ ᠬᠤᠭᠤᠴᠠᠭᠠᠨ ᠳᠤ᠂ ᠦᠪᠦᠷ ᠮᠤᠩᠭᠤᠯ ᠤᠨ ᠦᠨᠳᠦᠰᠦᠨ ᠡᠮ ᠡᠮᠨᠡᠯᠬᠡ ᠶᠢᠨ | ᠦᠢᠯᠡᠴᠢᠯᠡᠭᠡ ᠶᠢ ᠠᠭᠠᠵᠢᠮ ᠢᠶᠠᠷ ᠳᠡᠩᠴᠡᠬᠦᠷᠢᠰᠢᠬᠦᠯᠬᠦ ᠶᠢ ᠵᠢᠩᠬᠢᠨᠢ ᠪᠠᠷ ᠡᠬᠢᠯᠡᠨ ᠬᠡᠷᠡᠭᠵᠢᠬᠦᠯᠵᠦ᠂ ᠢᠯᠡᠷᠬᠡᠢ ᠦᠷ᠎ᠡ | ᠪᠦᠳᠦᠮᠵᠢ ᠤᠯᠤᠭᠰᠠᠨ ᠶᠤᠮ᠃ ᠦᠪᠦᠷ ᠮᠤᠩᠭᠤᠯ ᠤᠨ 15 ᠳᠤᠰᠬᠠᠢ ᠰᠠᠯᠠᠭ᠎ᠠ ᠨᠢ ᠤᠯᠤᠰ ᠤᠨ ᠡᠮᠴᠢᠯᠡᠬᠡᠨ ᠤ | ᠭᠤᠤᠯᠳᠠᠯᠭ᠎ᠠ ᠲᠠᠢ ᠳᠤᠰᠬᠠᠢ ᠰᠠᠯᠠᠭ᠎ᠠ ᠶᠢᠨ ᠲᠦᠷᠦᠯ ᠵᠦᠢᠯ ᠤᠨ ᠳᠡᠮᠵᠢᠯᠬᠡ ᠶᠢ ᠤᠯᠵᠤ᠂ 7100 ᠲᠦᠮᠡᠨ | ᠲᠦᠬᠦᠷᠢᠭ ᠤᠨ ᠨᠦᠬᠦᠪᠦᠷᠢ ᠪᠡᠯᠡ ᠮᠦᠩᠬᠦ ᠶᠢ ᠤᠯᠪᠠ᠃ ᠦᠪᠡᠷᠳᠡᠬᠡᠨ ᠵᠠᠰᠠᠬᠤ ᠤᠷᠤᠨ 560 ᠲᠦᠮᠡᠨ ᠲᠦᠬᠦᠷᠢᠭ | ᠤᠨ ᠳᠤᠰᠠᠯᠠᠨ ᠳᠡᠮᠵᠢᠬᠦ ᠪᠡᠯᠡ ᠮᠦᠩᠬᠦ ᠤᠷᠤᠭᠤᠯᠤᠨ᠂ ᠰᠢᠨᠵᠢᠯᠡᠬᠡᠨ ᠰᠤᠳᠤᠯᠭᠠᠨ ᠤ ᠰᠡᠳᠦᠪ 733 ᠶᠢ | ᠳᠤᠭᠳᠠᠭᠠᠵᠤ᠂ 202 ᠡᠷᠳᠡᠮ ᠰᠢᠨᠵᠢᠯᠡᠬᠡᠨ ᠤ ᠦᠷ᠎ᠠ ᠪᠦᠳᠦᠬᠡᠯ ᠨᠢ ᠪᠦᠬᠦ ᠤᠷᠤᠨ ᠤ ᠡᠯ᠎ᠠ ᠲᠦᠷᠦᠯ ᠤᠨ | ᠰᠢᠨᠵᠢᠯᠡᠬᠦ ᠤᠬᠠᠭᠠᠨ ᠮᠡᠷᠬᠡᠵᠢᠯ ᠤᠨ ᠱᠠᠩᠨᠠᠯ ᠬᠦᠷᠳᠡᠵᠡᠢ᠃ ᠤᠳᠤᠬᠠᠨ ᠳᠤ᠂ ᠪᠦᠬᠦ ᠤᠷᠤᠨ ᠤ ᠬᠦᠮᠦᠨ | ᠳᠤᠮᠳᠠᠴᠢ ᠶᠢᠨ ᠦᠨᠳᠦᠰᠦᠨ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠵᠠᠷᠤᠳᠠᠯ 2010 ᠣᠨ ᠤ | ᠬᠦᠮᠦᠨ ᠳᠤᠮᠳᠠᠴᠢ ᠪᠠᠷ 15 ᠲᠦᠬᠦᠷᠢᠭ ᠪᠠᠶᠢᠭᠰᠠᠨ ᠢ 2015 ᠣᠨ ᠪᠤᠯᠬᠤ ᠳᠤ ᠨᠡᠮᠡᠭᠳᠡᠬᠦᠯᠦᠬᠡᠳ 40 | ᠲᠦᠬᠦᠷᠢᠭ ᠪᠤᠯᠭᠠᠵᠤ᠂ 2010 ᠣᠨ ᠤ ᠬᠢ ᠠᠴᠠ 25 ᠲᠦᠬᠦᠷᠢᠭ ᠨᠡᠮᠡᠭᠳᠡᠬᠦᠯᠵᠡᠢ᠃ ᠦᠢᠯᠡᠴᠢᠯᠡᠬᠡᠨ ᠤ ᠲᠦᠷᠦᠯ | ᠢ ᠤᠤᠯ ᠤᠨ 9 ᠲᠦᠷᠦᠯ ᠠᠴᠠ 2015 ᠣᠨ ᠪᠤᠯᠬᠤ ᠳᠤ 12 ᠲᠦᠷᠦᠯ ᠪᠤᠯᠭᠠᠨ ᠨᠡᠮᠡᠭᠳᠡᠬᠦᠯᠵᠡᠢ᠃ | ᠤᠢᠢᠷ᠎ᠠ ᠶᠢᠨ ᠵᠢᠯ ᠳᠤ᠂ ᠡᠷᠡᠬᠦᠯ ᠬᠠᠮᠠᠭᠠᠯᠠᠯ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠦᠷᠬᠦᠯᠵᠢᠯᠡᠨ | ᠨᠡᠮᠡᠭᠳᠡᠪᠡ᠃ 2014 ᠣᠨ ᠤ ᠵᠢᠯ ᠤᠨ ᠰᠡᠬᠦᠯᠴᠢ ᠪᠤᠯᠳᠠᠯ᠎ᠠ᠂ ᠪᠦᠬᠦ ᠤᠷᠤᠨ ᠤ ᠡᠮ ᠡᠮᠨᠡᠯᠬᠡ ᠡᠷᠡᠬᠦᠯ ᠬᠠᠮᠠᠭᠠᠯᠠᠯ | ᠤᠨ ᠦᠢᠯᠡᠴᠢᠯᠡᠬᠡᠨ ᠤ ᠪᠠᠶᠢᠭᠤᠯᠤᠮᠵᠢ 2.34 ᠲᠦᠮᠡ ᠳᠤ ᠬᠦᠷᠴᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ | ᠡᠪᠡᠳᠴᠢᠳᠡᠨ ᠤ ᠤᠷᠤ 12.9 ᠲᠦᠮᠡ ᠳᠤ ᠬᠦᠷᠴᠦ᠂ 2010 ᠣᠨ ᠤ ᠬᠢ ᠠᠴᠠ 29.63% ᠢᠶᠠᠷ ᠨᠡᠮᠡᠭᠳᠡᠵᠦ᠂ | ᠮᠢᠩᠭᠠᠨ ᠬᠦᠮᠦᠨ ᠳᠤ 5.15 ᠡᠪᠡᠳᠴᠢᠳᠡᠨ ᠤ ᠤᠷᠤ ᠨᠤᠭᠳᠠᠵᠤ᠂ 2010 ᠣᠨ ᠤ ᠬᠢ ᠠᠴᠠ 30. | 05% ᠢᠶᠠᠷ ᠨᠡᠮᠡᠭᠳᠡᠵᠡᠢ᠃ | 5 ᠵᠢᠯ ᠤᠨ ᠳᠤᠷᠰᠢ᠂ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠳᠤᠨᠤᠭ ᠲᠦᠬᠦᠬᠡᠷᠦᠮᠵᠢ ᠨᠡᠩ | ᠳᠡᠬᠦᠯᠳᠡᠷᠵᠢᠵᠦ᠂ ᠪᠦᠬᠦ ᠤᠷᠤᠨ ᠤ ᠪᠡᠶ᠎ᠠ ᠴᠢᠬᠢᠷᠠᠭᠵᠢᠭᠤᠯᠬᠤ ᠦᠢᠯᠡᠴᠢᠯᠡᠬᠡᠨ ᠤ ᠰᠢᠰᠲ᠋ᠧᠮ ᠠᠩᠬ᠎ᠠ ᠠᠯᠬᠤᠮ | ᠪᠦᠷᠢᠯᠳᠦᠵᠡᠢ᠃ ︽12·5︾ ᠶᠢᠨ ᠬᠤᠭᠤᠴᠠᠭᠠᠨ ᠳᠤ᠂ 84% ᠶᠢᠨ ᠬᠤᠰᠢᠭᠤ ᠰᠢᠶᠠᠨ ︵ᠬᠤᠳᠠ᠂ | ᠳᠤᠭᠤᠷᠢᠭ︶ ᠳᠤ ᠪᠡᠶ᠎ᠠ ᠴᠢᠬᠢᠷᠠᠭᠵᠢᠭᠤᠯᠬᠤ ᠬᠦᠳᠡᠯᠬᠡᠬᠡᠨ ᠤ ᠲᠦᠪ ᠪᠠᠶᠢᠭᠤᠯᠵᠤ᠂ 81% ᠶᠢᠨ ᠰᠤᠮᠤ ᠰᠢᠶᠠᠩ | ᠪᠠᠯᠭᠠᠰᠤ ᠳᠤ ᠪᠠᠭ᠎ᠠ ᠬᠡᠯᠪᠡᠷᠢ ᠶᠢᠨ ᠪᠡᠶ᠎ᠠ ᠴᠢᠬᠢᠷᠠᠬᠵᠢᠭᠤᠯᠬᠤ ᠲᠦᠪ ᠪᠠᠶᠢᠭᠤᠯᠪᠠ᠃ 60% ᠶᠢᠨ ᠭᠠᠴᠠᠭ᠎ᠠ | ᠳᠤᠰᠬᠤᠨ ᠳᠤ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠬᠦᠳᠡᠯᠬᠡᠬᠡᠨ ᠤ ᠴᠢᠭ᠋ ᠭᠠᠷᠭᠠᠵᠤ᠂ ᠬᠦᠮᠦᠨ | ᠳᠤᠮᠳᠠᠴᠢ ᠶᠢᠨ ᠳᠠᠮᠢᠷ ᠤᠨ ᠳᠠᠯᠠᠪᠠᠢ ᠶᠢᠨ ᠬᠡᠮᠵᠢᠶ᠎ᠠ 1.66 ᠳᠡᠭᠰᠢ ᠲᠦᠷᠪᠡᠯᠵᠢᠨ ᠮᠧᠲᠷ ᠲᠤ ᠬᠦᠷᠴᠡᠢ᠃ ᠪᠦᠬᠦ | ᠤᠷᠤᠨ ᠤ ᠡᠯ᠎ᠠ ᠠᠶᠢᠮᠠᠭ ᠬᠤᠳᠠ᠂ 66% ᠶᠢᠨ ᠬᠤᠰᠢᠭᠤ ᠰᠢᠶᠠᠨ ︵ᠬᠤᠳᠠ᠂ ᠳᠤᠭᠤᠷᠢᠭ︶ ᠳᠤ ᠳᠠᠮᠢᠷ ᠤᠨ | ᠶᠡᠷᠦᠩᠬᠡᠢ ᠡᠪᠯᠡᠯ ᠪᠠᠶᠢᠭᠤᠯᠵᠤ᠂ ᠳᠠᠮᠢᠷ ᠤᠨ ᠲᠦᠷᠦᠯ ᠤᠨ ᠨᠡᠶᠢᠬᠡᠮ ᠤᠨ ᠵᠤᠬᠢᠶᠠᠨ ᠪᠠᠶᠢᠭᠤᠯᠤᠯᠳᠠ 1561 ᠳᠤ | ᠬᠦᠷᠴᠡᠢ᠃ | ᠦᠪᠦᠷ ᠮᠤᠩᠭᠤᠯ ᠨᠢ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ | ᠳᠡᠩᠴᠡᠬᠦᠷᠢᠰᠢᠬᠦᠯᠬᠦ ᠶᠢ ᠠᠬᠢᠭᠤᠯᠵᠤ᠂ ᠤᠯᠠᠨ ᠲᠦᠮᠡᠨ ᠤ ᠦᠨᠳᠦᠰᠦᠨ ᠰᠤᠶᠤᠯ ᠤᠨ ᠡᠷᠬᠡ ᠠᠰᠢᠭ ᠢ ᠦᠨᠡᠨᠬᠦ | ᠪᠠᠳᠤᠯᠠᠵᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠬᠡᠨ ᠪᠠᠶᠢᠭᠤᠯᠵᠤ᠂ ᠡᠬᠡ ᠤᠯᠤᠰ ᠤᠨ ᠤᠮᠠᠷᠠᠳᠤ ᠶᠢᠨ | ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠳᠤ ᠤᠶᠤᠨ ᠤᠬᠠᠭᠠᠨ ᠤ ᠬᠦᠴᠦᠨ ᠪᠠ ᠰᠤᠶᠤᠯ | ᠤᠨ ᠳᠡᠮᠵᠢᠯᠬᠡ ᠬᠠᠩᠭᠠᠪᠠ᠃ 3 ᠵᠢᠯ ᠤᠨ ᠳᠤᠷᠰᠢ᠂ ᠦᠪᠦᠷ ᠮᠤᠩᠭᠤᠯ ᠨᠢ ᠪᠦᠬᠦ ᠤᠷᠤᠨ ᠤ 10000 ᠵᠠᠰᠠᠭ | ᠵᠠᠬᠢᠷᠭᠠᠨ ᠤ ᠳᠤᠰᠬᠤᠨ ᠤ ᠰᠤᠶᠤᠯ ᠤᠨ ᠦᠷᠦᠬᠡ ᠶᠢᠨ ᠦᠷᠦᠬᠡ ᠨᠢᠬᠡᠪᠦᠷᠢ ᠳᠤ 5000 ᠲᠦᠬᠦᠷᠢᠭ ᠳᠤᠬᠢᠷᠠᠭᠤᠯᠵᠤ | ᠂ ᠨᠡᠶᠢᠳᠡ 5000 ᠲᠦᠮᠡᠨ ᠲᠦᠬᠦᠷᠢᠭ ᠢᠶᠠᠷ ᠰᠤᠶᠤᠯ ᠤᠨ ᠠᠵᠢᠯᠯᠠᠭ᠎ᠠ ᠶᠢᠨ ᠲᠤᠨᠤᠭ ᠲᠦᠬᠦᠬᠡᠷᠦᠮᠵᠢ ᠶᠢ | ᠲᠦᠬᠦᠷᠵᠢᠬᠦᠯᠵᠡᠢ᠃ ᠤᠳᠤᠬᠠᠨ ᠳᠤ 8975 ᠭᠠᠴᠠᠭ᠎ᠠ ᠳᠤᠰᠬᠤᠨ ᠳᠤ ᠳᠤᠨᠤᠭ ᠲᠦᠬᠦᠬᠡᠷᠦᠮᠵᠢ ᠶᠢ ᠳᠤᠬᠢᠷᠠᠭᠤᠯᠵᠤ | ᠳᠠᠭᠤᠰᠴᠠᠢ᠃ ᠪᠦᠷᠢᠳᠬᠡᠯ ᠢᠶᠠᠷ᠂ 2014 ᠣᠨ ᠠᠴᠠ ᠡᠮᠦᠨ᠎ᠡ᠂ ᠮᠠᠨ ᠤ ᠤᠷᠤᠨ ᠤ 11224 ᠵᠠᠰᠠᠭ ᠵᠠᠬᠢᠷᠭᠠᠨ | ᠤ ᠳᠤᠰᠬᠤᠨ ᠳᠤ ᠳᠤᠰᠬᠤᠨ ᠤ ᠳᠡᠰ ᠤᠨ ᠨᠤᠮ ᠤᠨ ᠦᠷᠦᠬᠡ 5332 ᠪᠠᠶᠢᠵᠤ᠂ 100 ᠳᠡᠭᠰᠢ ᠲᠦᠷᠪᠡᠯᠵᠢᠨ | ᠮᠧᠲᠷ ᠠᠴᠠ ᠳᠡᠬᠡᠭᠰᠢ ᠪᠠᠷᠢᠮᠵᠢᠶ᠎ᠠ ᠲᠠᠢ ᠨᠢ ᠵᠦᠪᠬᠡᠨ 1422 ᠪᠠᠶᠢᠵᠠᠢ᠃ 2015 ᠣᠨ ᠤ ᠵᠢᠯ ᠤᠨ ᠰᠡᠬᠦᠯᠴᠢ | ᠪᠤᠯᠳᠠᠯ᠎ᠠ᠂ ᠪᠦᠬᠦ ᠤᠷᠤᠨ ᠤ ᠤᠯᠠᠨ ᠨᠡᠶᠢᠳᠡ ᠶᠢᠨ ᠰᠢᠨ᠎ᠠ ᠪᠠᠷ ᠪᠠᠶᠢᠭᠤᠯᠤᠭᠰᠠᠨ᠂ ᠦᠷᠬᠡᠳᠬᠡᠨ ᠪᠠᠶᠢᠭᠤᠯᠤᠭᠰᠠᠨ | ᠰᠤᠶᠤᠯ ᠤᠨ ᠦᠷᠦᠬᠡ 2403 ᠳᠤ ᠬᠦᠷᠴᠦ᠂ ᠰᠤᠶᠤᠯ ᠤᠨ ᠦᠷᠦᠬᠡ ᠶᠢᠨ ᠶᠡᠷᠦᠩᠬᠡᠢ ᠳᠤᠭ᠎ᠠ 10733 ᠳᠤ | ᠬᠦᠷᠴᠡᠢ᠃ | 【 ᠠᠮᠵᠢᠯᠲᠠ ᠬᠤᠶᠠᠷ】 ᠳᠤᠲᠠᠭᠤᠳᠠᠯ ᠢᠶᠠᠨ ᠨᠦᠬᠦᠪᠦᠷᠢᠯᠡᠵᠦ ᠦᠨᠳᠦᠰᠦᠨ ᠠᠷᠠᠳ ᠤᠨ ᠠᠮᠢᠳᠤᠷᠠᠯ ᠢᠶᠠᠨ | ᠪᠠᠲᠤᠯᠠᠯ᠎ᠠ | ᠠᠷᠠᠳ ᠤᠨ ᠠᠮᠢᠳᠤᠷᠠᠯ ᠨᠡᠶᠢᠬᠡᠮ ᠤᠨ ᠦᠢᠯᠡᠰ ᠤᠨ ᠬᠦᠭᠵᠢᠯᠳᠡ ᠶᠢᠨ ᠳᠤᠳᠠᠭᠤᠳᠠᠯ ᠢᠶᠠᠨ ᠨᠦᠬᠦᠪᠦᠷᠢᠯᠡᠵᠦ᠂ | ᠦᠨᠳᠦᠰᠦᠨ ᠠᠷᠠᠳ ᠤᠨ ᠠᠮᠢᠳᠤᠷᠠᠯ ᠢ ᠪᠠᠳᠤᠯᠠᠵᠤ᠂ ᠤᠯᠠᠨ ᠨᠡᠶᠢᠳᠡ ᠶᠢᠨ ᠦᠢᠯᠡᠴᠢᠯᠡᠭᠡ ᠶᠢᠨ ᠬᠠᠩᠭᠠᠯᠭ᠎ᠠ ᠶᠢ | ᠨᠡᠮᠡᠭᠳᠡᠬᠦᠯᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠳᠡᠩᠴᠡᠬᠦᠷᠢᠰᠢᠯ ᠢ ᠨᠡᠮᠡᠭᠳᠡᠬᠦᠯᠵᠦ᠂ ᠨᠡᠶᠢᠬᠡᠮ | ᠤᠨ ᠪᠠᠳᠤᠯᠠᠪᠤᠷᠢ ᠶᠢᠨ ᠬᠤᠳᠠ ᠬᠦᠳᠡᠭᠡ ᠶᠢᠨ ᠨᠢᠬᠡ ᠴᠤᠭᠴᠠᠵᠢᠯᠳᠠ ᠶᠢ ᠪᠡᠶᠡᠯᠡᠬᠦᠯᠪᠡ᠃ | 2014 ᠣᠨ ᠤ 1 ᠳ᠋ᠦ᠋ᠭᠡᠷ ᠰᠠᠷ᠎ᠠ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠬᠦᠨᠳᠤ | ᠴᠢᠬᠤᠯᠠ ᠰᠢᠢᠳᠪᠦᠷᠢᠳᠤ ᠪᠤᠳᠤᠯᠭ᠎ᠠ ᠭᠠᠷᠭᠠᠵᠤ᠂ ᠬᠦᠳᠡᠭᠡ ᠳᠤᠰᠬᠤᠨ ᠮᠠᠯᠵᠢᠬᠤ ᠳᠠᠷᠢᠶᠠᠯᠠᠬᠤ ᠤᠷᠤᠨ ᠤ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠳᠡᠬᠡᠭᠰᠢᠯᠡᠬᠦᠯᠪᠠ᠃ ︽ᠮᠠᠯᠵᠢᠬᠤ ᠳᠠᠷᠢᠶᠠᠯᠠᠬᠤ | ᠤᠷᠤᠨ ᠤ ᠰᠤᠷᠭᠠᠭᠤᠯᠢ ᠶᠢᠨ ᠪᠠᠶᠢᠷᠢ ᠶᠢᠨ ᠪᠦᠳᠦᠬᠡᠨ ᠪᠠᠶᠢᠭᠤᠯᠤᠯᠳᠠ ᠵᠢᠴᠢ ᠠᠮᠤᠷ ᠲᠦᠪᠰᠢᠨ ᠤ ᠵᠠᠰᠠᠨ | ᠦᠬᠡᠷᠡᠴᠢᠯᠡᠬᠦ ᠢᠨᠵᠧᠨᠧᠷᠢᠩ︾ ᠪᠤᠯ ᠡᠬᠦᠨ ᠤ ᠳᠤᠳᠤᠷᠠᠬᠢ ᠴᠢᠬᠤᠯᠠ ᠠᠭᠤᠯᠭ᠎ᠠ ᠪᠤᠯᠤᠨ᠎ᠠ᠃ 3 ᠵᠢᠯ ᠤᠨ ᠲᠤᠷᠰᠢ᠂ | 23.98 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ︵ | ᠴᠡᠴᠡᠷᠯᠢᠭ︶ ᠶᠢᠨ ᠳᠠᠯᠠᠪᠠᠢ 98.02 ᠲᠦᠮᠡᠨ ᠳᠡᠭᠰᠢ ᠲᠦᠷᠪᠡᠯᠵᠢᠨ ᠮᠧᠲᠷ ᠲᠤ ᠬᠦᠷᠴᠦ᠂ ᠨᠡᠶᠢᠳᠡ 1276 | ᠪᠠᠭ᠎ᠠ ᠰᠤᠷᠭᠠᠭᠤᠯᠢ ︵ᠵᠢᠭᠠᠨ ᠰᠤᠷᠭᠠᠯᠳᠠ ᠶᠢᠨ ᠴᠢᠭ᠋︶᠂ ᠴᠡᠴᠡᠷᠯᠢᠭ ᠲᠠᠢ ᠬᠤᠯᠪᠤᠭᠳᠠᠪᠠ᠃ 2011 ᠣᠨ ᠤ | ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ᠂ ᠮᠠᠨ ᠤ ᠤᠷᠤᠨ ᠤ ᠳᠤᠮᠳᠠ ᠵᠡᠷᠬᠡ ᠶᠢᠨ | ᠠᠵᠢᠯ ᠮᠡᠷᠬᠡᠵᠢᠯ ᠤᠨ ᠰᠤᠷᠭᠠᠭᠤᠯᠢ ᠪᠠ ᠡᠩ ᠤᠨ ᠦᠨᠳᠦᠷ ᠳᠤᠮᠳᠠᠳᠤ ᠶᠢᠨ ᠮᠤᠩᠭᠤᠯ ᠬᠡᠯᠡ ︵ᠰᠤᠯᠤᠩᠭᠤᠰ ᠬᠡᠯᠡ︶ | ᠪᠠᠷ ᠰᠤᠷᠤᠯᠴᠠᠵᠤ ᠪᠠᠶᠢᠬᠤ ᠰᠤᠷᠤᠭᠴᠢᠳ ᠲᠤ ︽ᠬᠤᠶᠠᠷ ᠢ ᠬᠡᠯᠳᠦᠷᠢᠬᠦᠯᠬᠦ︾ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠵᠡᠢ᠃ 2012 ᠣᠨ ᠳᠤ ᠪᠦᠬᠦ ᠡᠩ ᠤᠨ ᠦᠨᠳᠦᠷ ᠳᠤᠮᠳᠠᠳᠤ ᠶᠢᠨ ᠰᠤᠷᠭᠠᠭᠤᠯᠢ ᠳᠤ ᠪᠠᠶᠢᠭ᠎ᠠ | ᠰᠤᠷᠤᠭᠴᠢᠳ ᠲᠤ ︽ᠬᠤᠶᠠᠷ ᠢ ᠬᠡᠯᠳᠦᠷᠢᠬᠦᠯᠬᠦ︾ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠪᠦᠬᠦ ᠤᠯᠤᠰ ᠲᠤ | ᠲᠦᠷᠦᠬᠦᠯᠡᠨ 12 ᠵᠢᠯ ᠤᠨ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠢ ᠪᠡᠶᠡᠯᠡᠬᠦᠯᠵᠦ᠂ ᠨᠡᠶᠢᠳᠡ 17. | 1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ᠦᠨᠳᠦᠷ ᠳᠤᠮᠳᠠᠳᠤ ᠶᠢᠨ ᠱᠠᠳᠤᠨ ᠤ 71.6 ᠲᠦᠮᠡᠨ | ᠰᠤᠷᠤᠭᠴᠢ ᠶᠢ ᠬᠠᠮᠤᠷᠴᠠᠢ᠃ | ᠤᠢᠢᠷ᠎ᠠ ᠶᠢᠨ ᠵᠢᠯ ᠠᠴᠠ᠂ ᠦᠪᠡᠷᠳᠡᠬᠡᠨ ᠵᠠᠰᠠᠬᠤ ᠤᠷᠤᠨ ᠨᠡᠶᠢᠬᠡᠮ ᠤᠨ ᠪᠠᠳᠤᠯᠠᠪᠤᠷᠢ ᠶᠢᠨ ᠲᠦᠷᠢᠮ ᠢ ᠨᠡᠩ | ᠲᠦᠪ ᠭᠤᠤᠯᠴᠢ ᠪᠠᠷ ᠦᠷᠬᠦᠯᠵᠢᠯᠡᠬᠦᠯᠵᠦ᠂ ᠨᠡᠶᠢᠬᠡᠮ ᠤᠨ ᠪᠠᠳᠤᠯᠠᠪᠤᠷᠢ ᠶᠢᠨ ᠲᠦᠷᠦ ᠶᠢᠨ ᠪᠤᠳᠤᠯᠭ᠎ᠠ ᠪᠠᠨ | ᠳᠡᠬᠦᠯᠳᠡᠷᠵᠢᠬᠦᠯᠵᠦ᠂ ᠬᠦᠷᠳᠡᠬᠡᠮᠵᠢ ᠤᠯᠭᠤᠮᠵᠢ ᠶᠢᠨ ᠲᠦᠪᠰᠢᠨ ᠢ ᠳᠤᠭᠳᠠᠭᠤᠨ ᠢᠶᠠᠷ ᠳᠡᠬᠡᠭᠰᠢᠯᠡᠬᠦᠯᠵᠦ᠂ ᠨᠡᠶᠢᠬᠡᠮ | ᠤᠨ ᠳᠠᠭᠠᠳᠬᠠᠯ ᠤᠨ ᠬᠠᠮᠢᠶᠠᠷᠤᠯᠳᠠ ᠶᠢᠨ ᠦᠢᠯᠡᠴᠢᠯᠡᠬᠡᠨ ᠤ ᠰᠢᠰᠲ᠋ᠧᠮ ᠢ ᠳᠠᠰᠤᠷᠠᠯᠳᠠ ᠦᠬᠡᠢ ᠴᠢᠩᠭᠠᠳᠬᠠᠵᠤ᠂ | ᠳᠠᠭᠠᠳᠬᠠᠯ ᠤᠨ ᠪᠦᠷᠬᠦᠴᠡ ᠶᠢᠨ ᠬᠡᠮᠵᠢᠶ᠎ᠡ ᠶᠢ ᠤᠯᠠᠮ ᠴᠢᠨᠠᠭᠰᠢᠳᠠ ᠦᠷᠬᠡᠳᠬᠡᠵᠡᠢ᠃ 2015 ᠣᠨ ᠳᠤ ᠬᠤᠳᠠ | ᠪᠠᠯᠭᠠᠰᠤ ᠶᠢᠨ ᠰᠠᠭᠤᠭᠠᠯᠢ ᠠᠷᠠᠳ ᠤᠨ ᠬᠦᠨᠳᠤ ᠡᠪᠡᠳᠴᠢᠨ ᠤ ᠳᠠᠭᠠᠳᠬᠠᠯ ᠢ ᠪᠦᠬᠦᠳᠡ ᠳᠤ ᠪᠦᠷᠬᠦᠬᠦᠯᠵᠦ᠂ | ᠳᠠᠭᠠᠳᠬᠠᠯ ᠳᠤ ᠤᠷᠤᠯᠴᠠᠭᠰᠠᠳ ᠤᠨ ᠳᠠᠩᠰᠡᠡ ᠠᠴᠠ ᠳᠠᠶᠢᠯᠵᠤ ᠦᠭᠬᠦᠭᠰᠡᠨ ᠤ ᠳᠠᠷᠠᠭᠠᠬᠢ ᠳᠤᠭᠳᠠᠭᠠᠯ ᠳᠤ | ᠨᠡᠶᠢᠴᠡᠭᠰᠡᠨ ᠡᠮ ᠡᠮᠨᠡᠯᠬᠡ ᠶᠢᠨ ᠰᠦᠢᠳᠬᠡᠯ ᠤᠨ ᠳᠠᠩᠰᠠᠨ ᠠᠴᠠ ᠳᠠᠶᠢᠯᠬᠤ ᠬᠠᠷᠢᠴᠠᠯ ᠨᠢ 55% ᠳᠤ ᠬᠦᠷᠴᠦ᠂ | ᠤᠯᠤᠰ ᠤᠨ ᠱᠠᠭᠠᠷᠳᠠᠯᠭ᠎ᠠ ᠶᠢᠨ 50% ᠠᠴᠠ ᠦᠨᠳᠦᠷ ᠪᠠᠶᠢᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠬᠡ ᠶᠢᠨ ᠨᠠᠰᠤᠵᠢᠯ ᠤᠨ ᠳᠠᠭᠠᠳᠬᠠᠯ ᠤᠨ ᠲᠦᠷᠢᠮ ᠢ ᠴᠢᠨᠠᠭᠰᠢᠳᠠ ᠳᠡᠬᠦᠯᠳᠡᠷᠵᠢᠬᠦᠯᠵᠦ᠂ | ᠰᠦᠢᠳᠬᠡᠯ ᠳᠤᠰᠢᠶᠠᠬᠤ ᠨᠦᠬᠦᠪᠦᠷᠢ ᠶᠢᠨ ᠪᠠᠷᠢᠮᠵᠢᠶ᠎ᠠ ᠶᠢ ᠨᠡᠮᠡᠭᠳᠡᠬᠦᠯᠵᠦ᠂ ᠨᠠᠰᠤᠵᠢᠯ ᠤᠨ ᠳᠠᠭᠠᠳᠬᠠᠯ ᠤᠨ ᠰᠦᠢᠳᠬᠡᠯ | ᠢ ᠤᠷᠤᠯᠠᠨ ᠳᠤᠰᠢᠶᠠᠵᠤ ᠦᠭᠬᠦ ᠬᠡᠪᠴᠢᠶ᠎ᠡ ᠶᠢ ᠦᠷᠬᠡᠳᠬᠡᠭᠰᠡᠨ ᠪᠠᠶᠢᠨ᠎ᠠ᠃ 2015 ᠣᠨ ᠳᠤ ᠪᠦᠬᠦ ᠤᠷᠤᠨ ᠤ | 15.9 ᠲᠦᠮᠡᠨ ᠶᠠᠳᠠᠭᠤ ᠬᠦᠴᠢᠷᠳᠡᠯᠳᠡᠢ ᠬᠦᠮᠦᠰ ᠤᠨ ᠨᠡᠶᠢᠬᠡᠮ ᠤᠨ ᠳᠠᠭᠠᠳᠬᠠᠯ ᠢ ᠤᠷᠤᠯᠠᠨ ᠲᠤᠰᠢᠶᠠᠵᠤ ᠥᠭᠴᠡᠢ᠃ | | ︽12·5︾ ᠶᠢᠨ ᠬᠤᠭᠤᠴᠠᠭᠠᠨ ᠳᠤ᠂ ᠲᠦᠪ ᠪᠠ ᠦᠪᠡᠷᠳᠡᠬᠡᠨ ᠵᠠᠰᠠᠬᠤ ᠤᠷᠤᠨ ᠠᠴᠠ ᠡᠷᠡᠬᠦᠯ | ᠬᠠᠮᠠᠭᠠᠯᠠᠯ ᠲᠦᠯᠦᠪᠯᠡᠬᠡᠳᠤ ᠦᠷᠡᠵᠢᠯ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ 165 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠵᠤ᠂ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠨᠢ 9544 ᠳᠤ ᠬᠦᠷᠴᠡᠢ᠃ | 5 ᠵᠢᠯ ᠤᠨ ᠳᠤᠷᠰᠢ᠂ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ | ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠬᠠᠮᠳᠤᠷᠠᠨ ᠴᠦᠬᠡᠨ ᠳᠤᠭᠠᠳᠤ ᠦᠨᠳᠦᠰᠦᠳᠡᠨ ᠤ ᠬᠦᠭᠵᠢᠯᠳᠡ ᠳᠤ 3. | 565 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠵᠤ᠂ 877 ᠲᠦᠷᠦᠯ ᠵᠦᠢᠯ ᠢ ᠬᠡᠷᠡᠭᠵᠢᠬᠦᠯᠵᠦ᠂ | ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠶᠠᠳᠠᠭᠤ ᠶᠢ ᠳᠡᠳᠬᠦᠬᠦ ᠪᠡᠯᠡ ᠮᠦᠩᠬᠦ ᠶᠢ 1.2533 ᠳ᠋ᠦᠩᠰᠢᠭᠤᠷ | ᠲᠦᠬᠦᠷᠢᠭ ᠤᠷᠤᠭᠤᠯᠵᠤ᠂ 86 ᠲᠦᠷᠦᠯ ᠵᠦᠢᠯ ᠢ ᠬᠡᠷᠡᠭᠵᠢᠬᠦᠯᠵᠡᠢ᠃ | 5 ᠵᠢᠯ ᠤᠨ ᠳᠤᠷᠰᠢ᠂ ᠪᠦᠬᠦ ᠤᠷᠤᠨ ᠤ ᠡᠯ᠎ᠠ ᠲᠦᠷᠦᠯ ᠤᠨ ᠨᠠᠰᠤᠳᠠᠨ ᠢ ᠠᠰᠠᠷᠠᠬᠤ ᠪᠠᠶᠢᠭᠤᠯᠤᠮᠵᠢ | 2421 ᠳᠤ ᠬᠦᠷᠴᠦ᠂ ᠤᠷᠤ ᠶᠢᠨ ᠳᠤᠭ᠎ᠠ 22.2 ᠲᠦᠮᠡ ᠳᠤ ᠬᠦᠷᠴᠦ᠂ ᠮᠢᠩᠭᠠᠨ ᠨᠠᠰᠤᠳᠠᠨ ᠳᠤ 58 ᠤᠷᠤ | ᠨᠤᠭᠳᠠᠵᠤ ᠪᠠᠶᠢᠨ᠎ᠠ᠃ ᠦᠪᠦᠷ ᠮᠤᠩᠭᠤᠯ ᠤᠨ ᠮᠢᠩᠭᠠᠨ ᠨᠠᠰᠤᠳᠠᠨ ᠳᠤ ᠨᠤᠭᠳᠠᠵᠤ ᠪᠠᠶᠢᠬᠤ ᠤᠷᠤ ᠶᠢᠨ ᠳᠤᠭ᠎ᠠ ᠨᠢ 2 | ᠵᠢᠯ ᠳᠠᠷᠠᠭᠠᠯᠠᠨ ᠪᠦᠬᠦ ᠤᠯᠤᠰ ᠲᠤ ᠳᠡᠷᠢᠬᠦᠯᠡᠵᠦ ᠪᠠᠶᠢᠨ᠎ᠠ᠃ | 【 ᠠᠮᠵᠢᠯᠲᠠ ᠭᠤᠷᠪᠠ】 ᠬᠦᠭᠵᠢᠯᠲᠡ ᠳᠤ ᠨᠡᠩ ᠤᠯᠠᠨ ᠬᠦᠳᠡᠯᠭᠡᠬᠦ ᠬᠦᠴᠦᠨ ᠬᠠᠩᠭᠠᠪᠠ | ᠦᠬᠡᠷᠡᠴᠢᠯᠡᠯᠳᠡ ᠶᠢᠨ ︽ᠬᠦᠨᠳᠤ ᠶᠡᠭᠡ ᠬᠦᠴᠢᠷ ᠲᠦᠪᠡᠭ︾ ᠪᠤᠯ ᠳᠡᠳᠡᠬᠡᠷ ᠬᠦᠭᠵᠢᠯᠳᠡ ᠶᠢ | ᠬᠦᠯᠢᠶᠡᠰᠦᠯᠡᠵᠦ ᠪᠠᠶᠢᠭ᠎ᠠ ᠪᠠᠶᠢᠭᠤᠯᠤᠮᠵᠢ ᠳᠤᠭᠳᠠᠴᠠ ᠶᠢᠨ ᠬᠠᠷᠰᠢ ᠰᠠᠭᠠᠳ ᠪᠤᠯᠤᠨ᠎ᠠ᠃ ︽12·5︾ ᠶᠢᠨ | ᠬᠤᠭᠤᠴᠠᠭᠠᠨ ᠳᠤ᠂ ᠦᠪᠦᠷ ᠮᠤᠩᠭᠤᠯ ᠤᠨ ᠦᠬᠡᠷᠡᠴᠢᠯᠡᠯᠳᠡ ᠶᠢᠨ ᠲᠤᠬᠠᠢ ᠬᠠᠮᠳᠤ ᠶᠢᠨ ᠳᠠᠨᠢᠯᠳᠠ ᠤᠯᠠᠮ | ᠳᠤᠳᠤᠷᠬᠠᠢ ᠪᠤᠯᠵᠤ᠂ ᠦᠪᠡᠷᠳᠡᠬᠡᠨ ᠵᠠᠰᠠᠬᠤ ᠤᠷᠤᠨ ᠤ ᠲᠦᠷᠦ ᠶᠢᠨ ᠪᠤᠳᠤᠯᠭ᠎ᠠ ᠪᠠ ᠤᠷᠤᠨ ᠨᠤᠳᠤᠭ ᠤᠨ | ᠡᠷᠢᠯᠬᠢᠯᠡᠯ ᠨᠢ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠳᠤᠮᠳᠠ ᠪᠦᠳᠦᠮᠵᠢᠳᠡᠢ ᠵᠠᠯᠭᠠᠯᠳᠤᠵᠤ᠂ ᠰᠢᠨ᠎ᠡ ᠶᠢ ᠡᠬᠦᠳᠬᠦ | ᠦᠢᠯᠡᠳᠦᠯᠬᠡ ᠶᠢᠨ ᠳᠤᠮᠳᠠ ᠠᠮᠢᠵᠢᠷᠠᠯ ᠤᠨ ᠬᠦᠴᠦᠨ ᠲᠠᠢ ᠪᠤᠯᠪᠠ᠃ | ᠤᠢᠢᠷ᠎ᠠ ᠶᠢᠨ ᠵᠢᠯ ᠠᠴᠠ ᠨᠠᠰᠢ᠂ ᠮᠠᠨ ᠤ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠰᠤᠷᠭᠠᠨ ᠬᠦᠮᠦᠵᠢᠯ ᠤᠨ ᠡᠷᠬᠡ ᠳᠡᠭᠰᠢ ᠶᠢ ᠶᠡᠬᠡᠪᠡᠷ | ᠠᠬᠢᠭᠤᠯᠵᠤ᠂ ᠦᠬᠡᠷᠡᠴᠢᠯᠡᠯᠳᠡ ᠶᠢᠨ ᠦᠢᠯᠡᠳᠦᠯᠬᠡ ᠶᠢ ᠯᠠᠪᠳᠠᠭᠤᠨ ᠪᠠᠳᠤᠳᠠᠢ ᠡᠮᠬᠢ ᠴᠡᠭᠴᠡᠳᠠᠢ ᠠᠬᠢᠭᠤᠯᠵᠤ᠂ ᠡᠯ᠎ᠠ | ᠱᠠᠳᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠤᠨ ᠵᠤᠬᠢᠴᠠᠩᠭᠤᠢ ᠬᠦᠭᠵᠢᠯᠳᠡ ᠶᠢ ᠪᠦᠬᠦ ᠳᠠᠯ᠎ᠠ ᠪᠠᠷ | ᠠᠬᠢᠭᠤᠯᠪᠠ᠃ ᠬᠤᠶᠠᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠠᠵᠢᠯᠯᠠᠭᠠᠨ | ᠤ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ | ᠪᠠᠶᠢᠭᠤᠯᠬᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠳᠡᠮᠵᠢᠬᠦ᠂ ᠬᠠᠮᠳᠤᠷᠠᠨ ᠴᠡᠴᠡᠷᠯᠢᠭ ᠡᠷᠬᠢᠯᠡᠬᠦ | ᠵᠠᠭᠪᠤᠷ ᠢ ᠡᠬᠦᠳᠬᠦ ᠵᠡᠷᠬᠡ ᠠᠷᠭ᠎ᠠ ᠵᠠᠮ ᠢᠶᠠᠷ᠂ ᠠᠷᠠᠳ ᠲᠤ ᠠᠰᠢᠭ ᠬᠦᠷᠳᠡᠬᠡᠬᠦ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠦᠮᠦᠵᠢᠯ ᠢ ᠦᠷᠬᠡᠳᠬᠡᠵᠡᠢ᠃ 2015 ᠣᠨ ᠤ ᠵᠢᠯ ᠤᠨ ᠰᠡᠬᠦᠯᠴᠢ ᠪᠤᠯᠳᠠᠯ᠎ᠠ᠂ ᠪᠦᠬᠦ ᠤᠷᠤᠨ | ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠴᠡᠴᠡᠷᠯᠢᠭ ᠲᠤ ᠰᠠᠭᠤᠭᠰᠠᠨ ᠨᠤᠷᠮ᠎ᠠ 91.57% ᠳᠤ ᠬᠦᠷᠴᠦ᠂ | ᠪᠦᠬᠦ ᠤᠯᠤᠰ ᠤᠨ ᠳᠤᠮᠳᠠᠴᠢ ᠲᠦᠪᠰᠢᠨ ᠠᠴᠠ 16.57% ᠦᠨᠳᠦᠷ ᠪᠤᠯᠤᠨ᠎ᠠ᠃ | ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ︽ᠪᠡᠷᠬᠡᠰᠢᠶᠡᠯᠳᠤ | ᠬᠤᠭᠤᠴᠠᠭ᠎ᠠ︾ ᠳᠤ ᠤᠷᠤᠭᠰᠠᠨ ᠵᠠᠩᠬᠢᠯᠠᠭ᠎ᠠ ᠶᠢᠨ ᠦᠶ᠎ᠡ ᠪᠤᠯᠤᠨ᠎ᠠ᠃ ᠡᠬᠦᠷᠬᠡ ᠬᠦᠨᠳᠤ ᠪᠤᠯᠪᠠᠴᠤ ᠡᠷᠬᠡᠪᠰᠢ | ᠰᠢᠨᠵᠢᠯᠡᠬᠦ ᠤᠬᠠᠭᠠᠨᠴᠢ ᠪᠠᠷ ᠠᠬᠢᠭᠤᠯᠬᠤ ᠬᠡᠷᠡᠭᠳᠡᠢ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠦᠬᠡᠷᠡᠴᠢᠯᠡᠯᠳᠡ ᠪᠤᠳᠠᠳᠤ ᠠᠬᠢᠴᠠ ᠲᠠᠢ ᠪᠤᠯᠵᠤ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠡᠬᠢᠯᠡᠬᠦᠯᠦᠭᠰᠡᠨ ᠤ ᠳᠠᠷᠠᠭ᠎ᠠ᠂ ᠦᠪᠡᠷᠳᠡᠬᠡᠨ ᠵᠠᠰᠠᠬᠤ ᠤᠷᠤᠨ | ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ | ᠦᠬᠡᠷᠡᠴᠢᠯᠡᠯᠳᠡ ᠶᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠬᠡ ᠶᠢᠨ ᠳᠤᠮᠳᠠ | ᠨᠢᠬᠡᠳᠦᠯᠳᠡᠢ ᠲᠦᠯᠦᠪᠯᠡᠨ ᠠᠬᠢᠭᠤᠯᠵᠤ᠂ ᠤᠯᠤᠰ ᠤᠨ ᠲᠦᠷᠦ ᠶᠢᠨ ᠪᠤᠳᠤᠯᠭ᠎ᠠ ᠶᠢ ᠰᠠᠶᠢᠳᠤᠷ | ᠨᠠᠶᠢᠳᠠᠪᠤᠷᠢᠵᠢᠭᠤᠯᠬᠤ ᠶᠢᠨ ᠵᠡᠷᠬᠡᠪᠡᠷ᠂ ︽ᠬᠤᠰᠢᠭᠤ ᠰᠢᠶᠠᠨ ᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠡᠷᠡᠭᠵᠢᠬᠦᠯᠬᠦ ᠲᠦᠰᠦᠯ︾᠂ ︽ᠬᠤᠳᠠ ᠶᠢᠨ ᠠᠯᠪᠠᠨ ᠠᠴᠠ | ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ᠋ ᠤᠨ | ᠬᠡᠷᠡᠭᠵᠢᠬᠦᠯᠬᠦ ᠲᠦᠰᠦᠯ︾ ᠵᠡᠷᠬᠡ 72 ᠢᠵᠢ ᠪᠢᠴᠢᠭ ᠮᠠᠲ᠋ᠧᠷᠢᠶᠠᠯ ᠢ ᠭᠠᠷᠭᠠᠵᠠᠢ᠃ | ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠪᠠ ᠲᠦᠷᠢᠮ ᠤᠨ ᠰᠢᠨ᠎ᠡ ᠶᠢ ᠡᠬᠦᠳᠬᠦ ᠪᠠᠷ ︽ | ᠬᠤᠤᠰ ᠬᠦᠷᠳᠤ︾ ᠪᠠᠨ ᠪᠤᠯᠭᠠᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ | ᠰᠢᠨ᠎ᠡ ᠠᠮᠢᠵᠢᠷᠠᠯ ᠤᠨ ᠬᠦᠴᠦᠨ ᠢ ᠬᠦᠭᠵᠢᠬᠡᠪᠡ᠃ ᠤᠢᠢᠷ᠎ᠠ ᠶᠢᠨ ᠵᠢᠯ ᠠᠴᠠ ᠨᠠᠰᠢ᠂ ᠮᠠᠨ ᠤ ᠤᠷᠤᠨ ᠰᠢᠨᠵᠢᠯᠡᠬᠦ | ᠤᠬᠠᠭᠠᠨ ᠮᠡᠷᠬᠡᠵᠢᠯ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭ᠎ᠠ ᠶᠢᠨ | ᠪᠠᠶᠢᠭᠤᠯᠤᠮᠵᠢ ᠳᠤᠭᠳᠠᠴᠠ ᠶᠢᠨ ᠰᠢᠨ᠎ᠡ ᠶᠢ ᠡᠬᠦᠳᠬᠦ ᠶᠢ ᠰᠠᠶᠢᠳᠤᠷ ᠠᠳᠬᠤᠵᠤ᠂ ᠰᠢᠨᠵᠢᠯᠡᠬᠦ ᠤᠬᠠᠭᠠᠨ ᠮᠡᠷᠬᠡᠵᠢᠯ ᠤᠨ | ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠡ ᠶᠢᠨ ᠠᠮᠢᠵᠢᠷᠠᠯ ᠤᠨ ᠬᠦᠴᠦᠨ ᠢ ᠬᠦᠭᠵᠢᠬᠡᠪᠡ᠃ ︽ᠰᠢᠨᠵᠢᠯᠡᠬᠦ | ᠤᠬᠠᠭᠠᠨ ᠮᠡᠷᠬᠡᠵᠢᠯ ᠤᠨ ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤᠬᠠᠢ ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠨᠠᠯ︾ ᠢ ᠭᠠᠷᠭᠠᠵᠤ᠂ 8 ᠳᠠᠯ᠎ᠠ ᠶᠢᠨ 25 ᠦᠬᠡᠷᠡᠴᠢᠯᠡᠯᠳᠡ ᠶᠢᠨ | ᠠᠷᠭ᠎ᠠ ᠬᠡᠮᠵᠢᠶ᠎ᠠ ᠶᠢ ᠠᠪᠴᠤ᠂ 101 ᠪᠤᠳᠠᠳᠠᠢ ᠠᠷᠭ᠎ᠠ ᠬᠡᠮᠵᠢᠶ᠎ᠠ ᠠᠪᠴᠠᠢ᠃ | 【ᠲᠤᠰᠬᠠᠢ ᠮᠡᠷᠭᠡᠵᠢᠯᠲᠡᠨ ᠤ ᠦᠨᠡᠯᠡᠯᠲᠡ】 ᠨᠡᠶᠢᠭᠡᠮ ᠤᠨ ᠦᠢᠯᠡᠰ ᠤᠨ ᠬᠦᠭᠵᠢᠯᠲᠡ ᠪᠠᠷ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ ᠳᠡᠭᠡᠭᠰᠢᠯᠡᠯᠡ | ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ ᠠᠴᠠ | ᠨᠠᠰᠢ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠨᠡᠶᠢᠬᠡᠮ ᠤᠨ ᠦᠢᠯᠡᠰ ᠤᠨ ᠥᠭᠡᠷᠡᠴᠢᠯᠡᠯᠲᠡ ᠪᠠ ᠰᠢᠨ᠎ᠡ ᠶᠢ | ᠡᠬᠦᠳᠬᠦ ᠶᠢ ᠶᠡᠬᠡᠪᠡᠷ ᠠᠬᠢᠭᠤᠯᠵᠤ᠂ ᠰᠢᠨᠵᠢᠯᠡᠬᠦ ᠤᠬᠠᠭᠠᠨ ᠮᠡᠷᠬᠡᠵᠢᠯ᠂ ᠰᠤᠷᠭᠠᠨ ᠬᠦᠮᠦᠵᠢᠯ᠂ ᠡᠮ ᠡᠮᠨᠡᠯᠬᠡ ᠡᠷᠡᠬᠦᠯ | ᠬᠠᠮᠠᠭᠠᠯᠠᠯ᠂ ᠰᠤᠶᠤᠯ ᠵᠢᠴᠢ ᠪᠤᠰᠤᠳ ᠨᠡᠶᠢᠬᠡᠮ ᠤᠨ ᠦᠢᠯᠡᠰ ᠤᠨ ᠪᠦᠬᠦ ᠳᠠᠯ᠎ᠠ ᠶᠢᠨ ᠡᠷᠡᠬᠦᠯ ᠢᠶᠠᠷ ᠬᠦᠭᠵᠢᠬᠦ ᠶᠢ | ᠠᠬᠢᠭᠤᠯᠵᠤ᠂ ᠠᠷᠠᠳ ᠤᠯᠠᠨ ᠤ ᠦᠨᠡᠨᠬᠦ ᠠᠰᠢᠭ ᠳᠤᠰᠠ ᠶᠢ ᠪᠠᠳᠤᠯᠠᠵᠤ᠂ ᠠᠷᠠᠳ ᠤᠯᠠᠨ ᠤ ᠬᠦᠷᠳᠡᠮᠵᠢ ᠶᠢᠨ | ᠲᠦᠷᠦᠭᠳᠡᠯ ᠢ ᠳᠡᠬᠡᠭᠰᠢᠯᠡᠬᠦᠯᠪᠡ᠃ | ᠰᠢᠨ᠎ᠡ ᠶᠢ ᠡᠬᠦᠳᠬᠦ ᠬᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠵᠤ᠂ ᠰᠢᠨ᠎ᠡ ᠶᠢ ᠡᠬᠦᠳᠬᠦ ᠪᠠᠷ | ᠬᠦᠳᠡᠯᠬᠡᠬᠦᠷ ᠪᠣᠯᠭᠠᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠦᠭᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠴᠢᠬᠤᠯᠠ ᠶᠡᠭᠡ ᠳᠤᠰᠬᠠᠢ ᠰᠢᠨᠵᠢᠯᠡᠬᠦ ᠤᠬᠠᠭᠠᠨ ᠮᠡᠷᠬᠡᠵᠢᠯ ᠤᠨ | ᠲᠦᠯᠦᠪᠯᠡᠭᠡ ᠶᠢ ᠵᠤᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠬᠡᠵᠢᠯ ᠢᠶᠠᠷ ᠰᠢᠨ᠎ᠡ ᠶᠢ ᠡᠬᠦᠳᠬᠦ ᠳᠠᠪᠴᠠᠩ ᠤᠨ | ᠪᠦᠳᠦᠬᠡᠨ ᠪᠠᠶᠢᠭᠤᠯᠤᠯᠳᠠ ᠪᠠ ᠨᠡᠬᠡᠬᠡᠯᠳᠡ ᠬᠢᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠬᠡᠵᠢᠯ ᠤᠨ ᠪᠦᠬᠦ | ᠳᠠᠯ᠎ᠠ ᠪᠠᠷ ᠰᠢᠨ᠎ᠡ ᠶᠢ ᠡᠬᠦᠳᠬᠦ ᠶᠠᠪᠤᠴᠠ ᠳᠤᠮᠳᠠᠬᠢ ᠳᠤᠯᠭᠠᠭᠤᠷᠢᠯᠠᠨ ᠬᠦᠳᠦᠯᠬᠦ ᠦᠢᠯᠡᠳᠦᠯ ᠢ ᠪᠠᠳᠠᠷᠠᠭᠤᠯᠵᠤ᠂ | ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠦᠳᠡᠯᠬᠡᠬᠦᠷ ᠤᠨ ᠡᠯᠧᠮᠧᠨ᠋ᠲ | ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠠ ᠪᠦ᠋ᠳᠦᠬᠡᠯ ᠢ ᠬᠤᠪᠢᠷᠠᠭᠤᠯᠤᠨ ᠬᠡᠷᠡᠭᠯᠡᠬᠦ ᠴᠢᠳᠠᠪᠤᠷᠢ ᠶᠢ | ᠢᠯᠡᠷᠬᠡᠢ ᠳᠡᠭᠡᠭᠰᠢᠯᠡᠭᠦᠯᠪᠡ᠃ | ᠵᠤᠬᠢᠴᠠᠩᠭᠤᠢ ᠪᠠ ᠬᠠᠮᠳᠤᠪᠡᠷ ᠬᠦᠭᠵᠢᠬᠦ ᠬᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠵᠤ᠂ ᠰᠤᠷᠭᠠᠨ | ᠬᠦᠮᠦᠵᠢᠯ᠂ ᠡᠮ ᠡᠮᠨᠡᠯᠬᠡ᠂ ᠡᠷᠡᠬᠦᠯ ᠬᠠᠮᠠᠭᠠᠯᠠᠯ᠂ ᠰᠤᠶᠤᠯ ᠤᠨ ᠠᠵᠤ ᠦᠢᠯᠡᠰ ᠤᠨ ᠳᠡᠩᠴᠡᠬᠦᠷᠢᠳᠡᠢ ᠬᠦᠭᠵᠢᠯᠳᠡ ᠶᠢ | ᠪᠠᠷᠢᠮᠳᠠᠯᠠᠪᠠ᠃ ᠠᠷᠠᠳ ᠤᠨ ᠰᠡᠳᠬᠢᠯ ᠳᠤ ᠬᠠᠨᠤᠮᠵᠢᠳᠠᠢ ᠰᠤᠷᠭᠠᠨ ᠬᠦᠮᠦᠵᠢᠯ ᠤᠨ ᠵᠤᠷᠢᠯᠳᠠ ᠶᠢ ᠪᠠᠷᠢᠮᠳᠠᠯᠠᠵᠤ᠂ | ᠰᠤᠷᠭᠠᠨ ᠬᠦᠮᠦᠵᠢᠯ ᠤᠨ ᠡᠷᠬᠡ ᠳᠡᠭᠰᠢ ᠶᠢ ᠠᠬᠢᠭᠤᠯᠵᠤ᠂ ᠰᠤᠷᠭᠠᠨ ᠬᠦᠮᠦᠵᠢᠯ ᠤᠨ ᠡᠬᠢ ᠪᠠᠶᠠᠯᠢᠭ ᠢ | ᠰᠢᠯᠢᠳᠡᠭᠵᠢᠬᠦᠯᠬᠦ ᠪᠠᠷ ᠭᠤᠤᠯ ᠰᠢᠵᠢᠮ ᠪᠤᠯᠭᠠᠵᠤ᠂ ᠦᠨᠳᠦᠰᠦᠨ ᠤᠯᠠᠨ ᠨᠡᠶᠢᠳᠡ ᠶᠢᠨ ᠰᠤᠷᠭᠠᠨ ᠬᠦᠮᠦᠵᠢᠯ ᠤᠨ | ᠦᠢᠯᠡᠴᠢᠯᠡᠭᠡ ᠶᠢᠨ ᠳᠡᠩᠴᠡᠬᠦᠷᠢᠰᠢᠯ ᠢ ᠠᠬᠢᠭᠤᠯᠵᠤ᠂ ᠦᠨᠳᠦᠰᠦᠳᠡᠨ ᠤ ᠰᠤᠷᠭᠠᠨ ᠬᠦᠮᠦᠵᠢᠯ ᠢ ︽ᠤᠷᠢᠳᠠᠪᠡᠷ | ᠭᠤᠤᠯᠳᠠᠯᠭ᠎ᠠ︾ ᠲᠠᠢ ᠬᠦᠭᠵᠢᠬᠦᠯᠵᠦ᠂ ᠤᠳᠤ ᠦᠶ᠎ᠠ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ | ᠢ ᠪᠠᠶᠢᠭᠤᠯᠵᠤ᠂ ᠳᠡᠬᠡᠳᠤ ᠵᠡᠷᠬᠡ ᠶᠢᠨ ᠰᠤᠷᠭᠠᠨ ᠬᠦᠮᠦᠵᠢᠯ ᠤᠨ ᠬᠦᠭᠵᠢᠯᠳᠡ ᠶᠢ ᠠᠬᠢᠭᠤᠯᠵᠤ᠂ ᠤᠯᠠᠨ ᠲᠦᠮᠡᠨ ᠤ | ᠤᠯᠠᠨ ᠶᠠᠩᠵᠤ ᠶᠢᠨ᠂ ᠳᠡᠬᠡᠳᠤ ᠴᠢᠨᠠᠷ ᠴᠢᠨᠰᠠᠭ᠎ᠠ ᠲᠠᠢ ᠰᠤᠷᠭᠠᠨ ᠬᠦᠮᠦᠵᠢᠯ ᠤᠨ ᠲᠤᠬᠠᠢ ᠱᠠᠭᠠᠷᠳᠠᠯᠭ᠎ᠠ ᠶᠢ | ᠲᠠᠰᠤᠷᠠᠯᠲᠠ ᠦᠭᠡᠢ ᠬᠠᠩᠭᠠᠵᠤ ᠪᠠᠶᠢᠨ᠎ᠠ᠃ | ᠠᠷᠠᠳ ᠤᠯᠠᠨ ᠤ ᠡᠷᠡᠬᠦᠯ ᠮᠡᠨᠳᠤ ᠶᠢᠨ ᠲᠦᠪᠰᠢᠨ ᠢ ᠳᠡᠬᠡᠭᠰᠢᠯᠡᠬᠦᠯᠬᠦ ᠪᠠᠷ ᠭᠤᠤᠯ ᠪᠤᠯᠭᠠᠵᠤ᠂ ᠬᠤᠳᠠ | ᠬᠦᠳᠡᠭᠡ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠦᠬᠡᠷᠡᠴᠢᠯᠡᠯᠳᠡ ᠶᠢᠨ ᠰᠢᠰᠲ᠋ᠧᠮ ᠤᠨ ᠪᠠᠶᠢᠭᠤᠯᠤᠯᠳᠠ ᠶᠢ ᠪᠦᠬᠦ | ᠳᠠᠯ᠎ᠠ ᠪᠠᠷ ᠠᠬᠢᠭᠤᠯᠵᠤ᠂ ᠦᠨᠳᠦᠰᠦᠨ ᠡᠮ ᠡᠮᠨᠡᠯᠬᠡ ᠪᠠ ᠡᠷᠡᠬᠦᠯ ᠬᠠᠮᠠᠭᠠᠯᠠᠯ ᠤᠨ ᠦᠢᠯᠡᠴᠢᠯᠡᠭᠡ ᠪᠠ | ᠪᠠᠳᠤᠯᠠᠪᠤᠷᠢ ᠶᠢᠨ ᠴᠢᠳᠠᠪᠤᠷᠢ ᠶᠢ ᠴᠢᠩᠭᠠᠳᠬᠠᠬᠤ ᠶᠢᠨ ᠵᠡᠷᠬᠡᠪᠡᠷ᠂ ᠬᠦᠨᠳᠤ ᠡᠪᠡᠳᠴᠢᠨ ᠢ ᠰᠡᠷᠬᠡᠶᠢᠯᠡᠬᠦ᠂ ᠡᠷᠡᠬᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ᠂ ᠡᠬᠡ ᠨᠢᠯᠬᠠᠰ ᠤᠨ ᠡᠷᠡᠬᠦᠯᠵᠢᠯ᠂ ᠮᠤᠩᠭᠤᠯ ᠬᠢᠳᠠᠳ ᠡᠮ | ᠡᠮᠨᠡᠯᠬᠡ ᠶᠢᠨ ᠦᠢᠯᠡᠴᠢᠯᠡᠭᠡ᠂ ᠡᠷᠡᠬᠦᠯ ᠬᠠᠮᠠᠭᠠᠯᠠᠯ ᠤᠨ ᠬᠢᠨᠠᠯᠳᠠ ᠳᠠᠯᠪᠢᠬᠤ ᠪᠠ ᠢᠳᠡᠬᠡᠨ ᠤ ᠠᠮᠤᠷ ᠲᠦᠪᠰᠢᠨ ᠤ | ᠲᠦᠭᠰᠢᠬᠦᠷᠢ ᠶᠢ ᠬᠢᠨᠠᠨ ᠰᠢᠯᠭᠠᠬᠤ ᠬᠡᠮᠵᠢᠶ᠎ᠠ ᠪᠠ ᠲᠦᠪᠰᠢᠨ ᠢ ᠶᠡᠬᠡᠪᠡᠷ ᠳᠡᠬᠡᠭᠰᠢᠯᠡᠬᠦᠯᠵᠦ᠂ ᠬᠤᠳᠠ ᠬᠦᠳᠡᠭᠡ᠂ | ᠭᠠᠵᠠᠷ ᠤᠷᠤᠨ᠂ ᠤᠯᠠᠨ ᠲᠦᠮᠡᠨ ᠤ ᠬᠤᠭᠤᠷᠤᠨᠳᠤᠬᠢ ᠦᠨᠳᠦᠰᠦᠨ ᠡᠷᠡᠬᠦᠯ ᠮᠡᠨᠳᠤ ᠶᠢᠨ ᠦᠢᠯᠡᠴᠢᠯᠡᠭᠡ ᠪᠠ | ᠪᠠᠳᠤᠯᠠᠪᠤᠷᠢ ᠶᠢᠨ ᠵᠦᠷᠢᠶ᠎ᠡ ᠵᠢᠠᠭᠠᠵᠢᠮᠵᠢᠡᠷᠪᠠᠭᠠᠰᠬᠠᠵᠠᠢ᠃ | ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠢ ᠬᠦᠨᠵᠡᠬᠡᠢ ᠠᠬᠢᠭᠤᠯᠵᠤ᠂ ᠡᠷᠬᠡ | ᠳᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠤᠬᠢᠴᠠᠩᠭᠤᠢ ᠨᠡᠶᠢᠬᠡᠮ ᠵᠢᠷᠤᠮ ᠤᠨ ᠦᠨᠳᠦᠰᠦᠳᠡᠨ ᠤ | ᠬᠠᠷᠢᠴᠠᠭ᠎ᠠ ᠶᠢ ᠴᠢᠨᠠᠭᠰᠢᠳᠠ ᠪᠠᠳᠤᠳᠬᠠᠪᠠ᠃ ᠳᠠᠮᠢᠷ᠂ ᠰᠤᠨᠢᠨ ᠮᠡᠳᠡᠭᠡ ᠷᠠᠳᠢᠣ᠋ ᠺᠢᠨᠣ᠋ ᠲᠧᠯᠧᠢᠰ᠂ ᠬᠦᠨ ᠤᠬᠠᠭᠠᠨ | ᠨᠡᠶᠢᠬᠡᠮ ᠤᠨ ᠰᠢᠨᠵᠢᠯᠡᠬᠦ ᠤᠬᠠᠭᠠᠨ ᠤ ᠦᠢᠯᠡᠰ ᠦᠷᠨᠢᠩᠬᠦᠢ ᠬᠦᠭᠵᠢᠵᠦ᠂ ᠴᠠᠭ ᠠᠭᠤᠷ᠂ ᠡᠮᠡᠭᠳᠡᠶᠢᠴᠤᠳ ᠬᠡᠦᠬᠡᠳ᠂ | ᠨᠠᠰᠤᠵᠢᠯ᠂ ᠵᠡᠮᠳᠡᠭᠴᠤᠳ ᠤᠨ ᠦᠢᠯᠡᠰ ᠰᠢᠨ᠎ᠡ ᠳᠡᠭᠲᠡᠷ ᠲᠤ ᠬᠦᠷᠪᠡ᠃ | ᠰᠠᠶᠢᠨ ᠰᠠᠶᠢᠬᠠᠨ ᠨᠡᠶᠢᠬᠡᠮ ᠤᠨ ᠦᠢᠯᠡᠰ ᠤᠨ ᠬᠦᠭᠵᠢᠯᠳᠡ ᠪᠤᠯ ᠪᠦᠬᠦ ᠤᠷᠤᠨ ᠤ ᠦᠨᠳᠦᠰᠦᠳᠡᠨ ᠨᠦᠭᠦᠳ | ᠤᠨ ᠠᠷᠠᠳ ᠲᠦᠮᠡᠨ ᠤ ᠬᠦᠰᠡᠯ ᠵᠤᠷᠢᠯ᠂ ᠨᠡᠩ ᠴᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠤ ᠬᠦᠭᠵᠢᠯᠳᠡ ᠶᠢᠨ ᠣᠨᠤᠯᠵᠢᠬᠤᠨ ᠪᠤᠯᠤᠨ᠎ᠠ᠃ 5 ᠵᠢᠯ ᠤᠨ ᠳᠤᠷᠰᠢ᠂ ᠦᠪᠡᠷᠳᠡᠬᠡᠨ ᠵᠠᠰᠠᠬᠤ ᠤᠷᠤᠨ | ᠤ ᠨᠡᠶᠢᠬᠡᠮ ᠤᠨ ᠦᠢᠯᠡᠰ ᠤᠨ ᠬᠦᠭᠵᠢᠯᠳᠡ ᠨᠢ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ | ᠨᠡᠬᠡᠬᠡᠯᠳᠡᠳᠤ᠂ ᠬᠠᠮᠳᠤᠪᠡᠷ ᠡᠳ᠋ᠯᠡᠬᠦ ᠬᠦᠭᠵᠢᠯᠳᠡ ᠶᠢᠨ ᠣᠨᠤᠯᠵᠢᠬᠤᠨ ᠢ ᠪᠠᠷᠢᠮᠳᠠᠯᠠᠵᠤ᠂ ᠬᠦᠮᠦᠰ ᠢ ᠪᠠᠶᠠᠷᠯᠠᠭᠤᠯᠤᠮ᠎ᠠ | ᠦᠷ᠎ᠡ ᠪᠦᠳᠦᠬᠡᠯ ᠤᠯᠵᠠᠢ᠃ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠬᠡᠯᠡᠭᠴᠢᠳ ᠤᠨ ᠬᠤᠷᠠᠯ ᠨᠢ ᠨᠡᠶᠢᠬᠡᠮ ᠤᠨ ᠦᠢᠯᠡᠰ ᠤᠨ ᠬᠦᠭᠵᠢᠯᠳᠡ ᠶᠢ ᠨᠡᠩ ᠨᠠᠷᠢᠯᠢᠭ ᠪᠠᠶᠢᠷᠢᠯᠠᠭᠤᠯᠬᠤ ᠳᠤ | ᠪᠢᠳᠡ ᠪᠠᠳᠤ ᠢᠳᠡᠬᠡᠯ ᠲᠠᠢ ᠪᠠᠶᠢᠨ᠎ᠠ᠂ ᠨᠡᠶᠢᠭᠡᠮ ᠤᠨ ᠦᠢᠯᠡᠰ ᠤᠨ ᠢᠷᠡᠭᠡᠳᠦᠢ ᠨᠡᠩ ᠰᠠᠶᠢᠨ ᠰᠠᠶᠢᠬᠠᠨ ᠪᠣᠯᠬᠤ ᠨᠢ | ᠯᠠᠪᠲᠠᠢ᠃ |