ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠬᠡᠮ ᠤᠨ ᠪᠠᠲᠤᠯᠠᠭ᠎ᠠ ᠶᠢᠨ | ᠲᠢᠩᠬᠢᠮ ᠠᠴᠠ ᠭᠤᠤᠯᠯᠠᠨ ᠡᠷᠬᠢᠯᠡᠵᠦ᠂ ᠠᠶᠢᠮᠠᠭ ᠬᠤᠲᠠ ᠶᠢᠨ ᠬᠠᠮᠢᠶ᠎ᠠ ᠪᠦᠬᠦᠢ ᠪᠠᠶᠢᠭᠤᠯᠭ᠎ᠠ ᠠᠴᠠ ᠬᠠᠮᠵᠢᠨ | ᠡᠷᠬᠢᠯᠡᠭᠰᠡᠨ 2016 ᠣᠨ ᠤ ᠪᠦᠬᠦ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠬᠡᠭᠦᠷ ᠤᠨ | ᠤᠶᠤᠲᠠᠳ ᠲᠤ ᠠᠵᠢᠯ ᠤᠯᠭᠤᠬᠤ ᠦᠢᠯᠡᠴᠢᠯᠡᠭᠡᠨ ᠤ ᠭᠠᠷᠠᠭ ᠤᠨ ᠠᠵᠢᠯᠯᠠᠭ᠎ᠠ 11 ᠳ᠋ᠦ᠋ᠭᠡᠷ ᠰᠠᠷ᠎ᠠ ᠶᠢᠨ 21 ᠤ | ᠡᠳᠦᠷ ᠠᠴᠠ 12 ᠳ᠋ᠤᠭᠠᠷ ᠰᠠᠷ᠎ᠠ ᠶᠢᠨ 4 ᠤ ᠡᠳᠦᠷ ᠪᠤᠯᠲᠠᠯ᠎ᠠ ᠶᠠᠪᠤᠬᠳᠠᠨ᠎ᠠ᠃ | ᠲᠤᠰ ᠤᠳᠠᠭᠠᠨ ᠤ ᠠᠵᠢᠯᠯᠠᠭ᠎ᠠ ᠨᠢ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠲᠠᠳ ᠲᠤ ᠠᠵᠢᠯ | ᠤᠯᠭᠤᠬᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠪᠠᠷ ᠵᠣᠷᠢᠯᠭ᠎ᠠ ᠪᠣᠯᠭᠠᠵᠣ᠂ ᠦᠢᠯᠡᠴᠢᠯᠡᠬᠦ ᠡᠲᠡᠭᠡᠳ ᠨᠢ ᠭᠤᠣᠯᠳᠠᠭᠤ | 2017 ᠣᠨ ᠳᠤ ᠲᠡᠭᠦᠰᠬᠦ ᠤᠶᠤᠲᠠᠨ ᠪᠤᠯᠤᠨ ᠦᠩᠬᠡᠷᠡᠭᠰᠡᠨ ᠵᠢᠯ ᠳᠤ ᠲᠡᠭᠦᠰᠦᠭᠡᠳ ᠠᠵᠢᠯ ᠤᠯᠤᠭᠠᠳᠤᠢ | ᠤᠶᠤᠲᠠᠨ᠂ ᠵᠢᠷᠭᠤᠭᠠᠨ ᠲᠦᠷᠦᠯ ᠵᠦᠢᠯ ᠢᠶᠠᠷ ᠦᠨᠳᠦᠰᠦᠨ ᠱᠠᠲᠦᠨ ᠳᠤ ᠦᠢᠯᠡᠴᠢᠯᠡᠬᠦ ᠬᠤᠭᠤᠴᠠᠭ᠎ᠠ ᠨᠢ | ᠭᠦᠢᠴᠡᠭᠡᠳ ᠠᠵᠢᠯ ᠤᠯᠤᠭᠠᠳᠤᠢ ᠤᠶᠤᠲᠠᠨ ᠪᠣᠯᠣᠨ᠎ᠠ᠃ | ᠡᠨᠡ ᠣᠳᠠᠭ᠎ᠠ ᠶᠢᠨ ᠠᠵᠢᠯᠯᠠᠭ᠎ᠠ ᠨᠢ ᠰᠦᠯᠵᠢᠶ᠎ᠡ ᠪᠠᠷ ᠳᠠᠮᠵᠢᠭᠤᠯᠣᠨ ᠠᠵᠢᠯᠲᠠᠨ ᠡᠯᠰᠡᠨ ᠬᠡᠷᠡᠭᠯᠡᠬᠦ᠂ ᠲᠤᠬᠠᠢ | ᠶᠢᠨ ᠲᠠᠯᠠᠪᠤᠷ ᠲᠤ ᠠᠵᠢᠯᠲᠠᠨ ᠤᠷᠢᠨ ᠡᠯᠰᠡᠬᠦ ᠬᠡᠯᠪᠡᠷᠢ ᠶᠢ ᠬᠡᠷᠡᠭᠵᠢᠭᠦᠯᠵᠦ ᠦᠨᠳᠦᠷ ᠲᠦᠪᠰᠢᠨ ᠪᠦᠬᠦᠢ ᠡᠵᠡᠩᠨᠡᠯᠲᠡ | ᠶᠢᠨ ᠬᠡᠯᠪᠡᠷᠢ ᠶᠢᠨ ᠬᠦᠮᠦᠨ ᠤ ᠬᠦᠴᠦᠨ ᠤ ᠡᠬᠢ ᠪᠡᠶᠡᠯᠢᠬ ᠤᠨ ᠦᠢᠯᠡᠴᠢᠯᠡᠬᠡᠨ ᠤ ᠪᠠᠶᠢᠭᠤᠯᠤᠮᠵᠢ ᠶᠢ ᠳᠠᠶᠢᠴᠢᠯᠠᠵᠦ | ᠲᠤᠰᠬᠠᠢ ᠳᠠᠯᠠᠪᠠᠢ ᠠᠵᠢᠯᠲᠠᠨ ᠤᠷᠢᠨ ᠡᠯᠰᠡᠬᠦ ᠠᠵᠢᠯᠯᠠᠭ᠎ᠠ ᠦᠷᠨᠢᠭᠦᠯᠬᠦ ᠶᠢᠨ ᠬᠠᠮᠳᠣ ᠶᠡᠭᠡ ᠳᠡᠭᠡᠳᠦ | ᠰᠤᠷᠭᠠᠭᠤᠯᠢ ᠠᠴᠠ ᠲᠡᠭᠦᠰᠦᠭᠰᠡᠳ ᠤᠨ ᠠᠵᠢᠯ ᠤᠯᠬᠤ ᠪᠤᠯᠤᠨ ᠦᠢᠯᠡᠰ ᠪᠣᠰᠬᠠᠬᠤ ᠶᠢ ᠵᠢᠯᠤᠭᠤᠳᠬᠤ ᠠᠵᠢᠯᠯᠠᠭ᠎ᠠ᠂ | ᠪᠦᠬᠦ ᠤᠯᠤᠰ ᠤᠨ ︽ᠲᠦᠮᠡᠨ ᠠᠵᠦ ᠠᠬᠤᠢᠢᠯᠠᠯ ᠤᠨ ᠬᠦᠮᠦᠨ ᠤ ᠬᠦᠴᠦᠨ ᠤ ᠡᠬᠢ ᠪᠠᠶᠠᠯᠢᠭ ᠤᠨ ᠳᠠᠭᠠᠭᠠᠮᠠᠯ | ᠰᠤᠷᠭᠠᠭᠤᠯᠢ ᠶᠢᠨ ᠬᠦᠷᠢᠶᠡᠨ ᠳᠤ ᠬᠦᠷᠬᠦ︾ ᠵᠡᠷᠭᠡ ᠠᠵᠢᠯᠯᠠᠭ᠎ᠠ ᠦᠷᠨᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ | ᠶᠢᠨ ᠤᠶᠤᠲᠠᠳ ᠤᠨ ᠠᠵᠢᠯ ᠤᠯᠬᠤ ᠳᠤ ᠦᠵᠡᠭᠦᠯᠬᠦ ᠲᠤᠰᠠᠯᠠᠮᠵᠢ ᠶᠢ ᠴᠢᠩᠭᠠᠳᠬᠠᠵᠣ᠂ ᠤᠯᠠᠨ ᠨᠡᠶᠢᠲᠡ ᠶᠢᠨ ᠠᠵᠢᠯ | ᠤᠯᠭᠤᠬᠤ ᠪᠤᠯᠤᠨ ᠴᠢᠳᠠᠪᠤᠷᠢᠲᠠᠨ ᠤ ᠦᠢᠯᠡᠴᠢᠯᠡᠭᠡ ᠶᠢᠨ ᠪᠠᠶᠢᠭᠤᠯᠤᠮᠵᠢ ᠴᠠᠭ ᠲᠤᠬᠠᠢ ᠳᠤᠨᠢ ᠵᠢᠷᠣᠮᠵᠢᠭᠰᠠᠨ | ᠦᠢᠯᠡᠴᠢᠯᠡᠭᠡ ᠬᠠᠩᠭᠠᠬᠤ ᠪᠣᠯᠣᠨ᠎ᠠ᠃ |