| 11 ᠳ᠋ᠦ᠋ᠭᠡᠷ ᠰᠠᠷ᠎ᠠ ᠶᠢᠨ 22 ᠤᠨ ᠦᠳᠡ ᠶᠢᠨ ᠡᠮᠦᠨ᠎ᠡ᠂ ᠳᠣᠮᠳᠠᠳᠣ ᠣᠯᠣᠰ ᠤᠨ ᠡᠪ ᠬᠠᠮᠳᠣ ᠨᠠᠮ ᠤᠨ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ | ᠬᠤᠷᠠᠯ ᠦᠪᠦᠷ ᠮᠣᠩᠭᠤᠯ ᠤᠨ ᠠᠷᠠᠳ ᠤᠨ ᠬᠤᠷᠠᠯ ᠤᠨ ᠳᠠᠩᠬᠢᠮ ᠳᠤ ᠥᠪᠳᠡᠭᠰᠢ ᠶᠡᠬᠡᠪᠡᠷ ᠡᠬᠢᠯᠡᠪᠡ | | ᠯᠢ ᠵᠢᠢ ᠾᠧᠩ ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ᠢᠯᠡᠳᠭᠡᠯ ᠬᠢᠪᠡ | | | ᠪᠦ᠋ ᠰᠢᠶᠣᠣ ᠯᠢᠨ ᠬᠤᠷᠠᠯ ᠡᠷᠬᠢᠯᠡᠵᠡᠢ | 11 ᠳ᠋ᠦ᠋ᠭᠡᠷ ᠰᠠᠷ᠎ᠠ ᠶᠢᠨ 22 ᠤᠨ ᠦᠳᠡ ᠶᠢᠨ ᠡᠮᠦᠨ᠎ᠡ᠂ ᠳᠣᠮᠳᠠᠳᠣ ᠣᠯᠣᠰ ᠤᠨ ᠡᠪ ᠬᠠᠮᠳᠣ ᠨᠠᠮ ᠤᠨ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ | ᠬᠤᠷᠠᠯ ᠦᠪᠦᠷ ᠮᠣᠩᠭᠤᠯ ᠤᠨ ᠠᠷᠠᠳ ᠤᠨ ᠬᠤᠷᠠᠯ ᠤᠨ ᠳᠠᠩᠬᠢᠮ ᠳᠤ ᠥᠪᠳᠡᠭᠰᠢ ᠶᠡᠬᠡᠪᠡᠷ ᠡᠬᠢᠯᠡᠪᠡ᠃ ᠯᠢ ᠵᠢᠢ | ᠾᠧᠩ ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠶᠢᠰᠦᠳᠦᠭᠡᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ︽ᠰᠢ ᠶᠢᠨ ᠫᠢᠩ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠳᠣᠭᠤᠷᠢᠨ ᠳᠤ ᠨᠢᠭᠳᠠᠷᠠᠨ ᠪᠦᠯᠬᠦᠮᠳᠡᠵᠦ ᠡᠬᠡ ᠣᠯᠣᠰ ᠤᠨ | ᠣᠮᠠᠷᠠᠳᠣ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ ᠪᠠᠶᠢᠭᠤᠯᠣᠶ᠎ᠠ︾ | ᠭᠡᠰᠡᠨ ᠰᠡᠳᠦᠪ ᠢᠶᠠᠷ ᠢᠯᠡᠳᠭᠡᠯ ᠬᠢᠪᠡ᠃ ᠯᠢ ᠵᠢᠢ ᠾᠧᠩ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠣᠷᠣᠨ | ᠤ ᠠᠷᠪᠠᠳᠣᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯ᠂ ᠮᠠᠨ ᠤ ᠣᠷᠣᠨ ᠴᠢᠨᠡᠭᠡᠯᠢᠭ | ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠱᠠᠳᠣᠨ ᠳᠤ ᠣᠷᠣᠭᠰᠠᠨ ᠪᠠ ᠨᠠᠮ ᠤᠨ ᠠᠷᠪᠠᠨ | ᠨᠠᠢᠮᠠᠳᠣᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠣᠷᠣᠯᠴᠠᠨ ᠳᠣᠣᠱᠯᠠᠭᠤᠯᠵᠣ ᠪᠠᠶᠢᠭ᠎ᠠ ᠴᠢᠬᠤᠯᠠ ᠴᠠᠭ ᠮᠦᠴᠡ ᠳᠤ ᠬᠤᠷᠠᠯᠳᠣᠭᠤᠯᠣᠭᠰᠠᠨ ᠨᠢᠭᠡ | ᠣᠳᠠᠭ᠎ᠠ ᠶᠢᠨ ᠣᠷᠢᠳᠣᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠭᠡᠷᠡᠭᠦᠯᠬᠦ᠂ ᠤᠷᠢᠳᠤᠭᠢ ᠶᠢ ᠵᠠᠯᠭᠠᠮᠵᠢᠯᠠᠵᠦ | ᠬᠤᠶᠢᠰᠢᠭᠢ ᠳᠤ ᠵᠠᠮ ᠨᠡᠭᠡᠭᠡᠬᠦ ᠬᠤᠷᠠᠯ ᠪᠣᠯᠣᠨ᠎ᠠ᠃ ᠶᠡᠭᠡ ᠬᠤᠷᠠᠯ ᠤᠨ ᠭᠤᠣᠯ ᠰᠡᠳᠦᠪ ᠪᠣᠯ᠄ ᠳᠣᠮᠳᠠᠳᠣ ᠣᠯᠣᠰ | ᠤᠨ ᠣᠨᠴᠠᠯᠢᠭ ᠲᠠᠢ ᠨᠡᠶᠢᠭᠡᠮ ᠵᠢᠷᠣᠮ ᠤᠨ ᠠᠭᠤᠣ ᠶᠡᠭᠡ ᠳᠤᠭ ᠢ ᠦᠨᠳᠦᠷ ᠮᠠᠨᠳᠣᠭᠤᠯᠵᠣ᠂ ᠰᠢ ᠶᠢᠨ ᠫᠢᠩ | ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠳᠣᠭᠤᠷᠢᠨ ᠳᠤ ᠨᠢᠭᠳᠠᠷᠠᠨ ᠪᠦᠯᠬᠦᠮᠳᠡᠵᠦ᠂ | ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠣᠨ ᠲᠦᠷᠦ ᠶᠢ ᠵᠠᠰᠠᠵᠣ ᠵᠠᠰᠠᠭ ᠢ ᠡᠷᠬᠢᠯᠡᠬᠦ | ᠰᠢᠨ᠎ᠡ ᠣᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠣᠬᠤ ᠪᠣᠳᠣᠯᠭ᠎ᠠ ᠶᠢ ᠭᠦᠨᠵᠡᠭᠡᠢ ᠳᠣᠣᠱᠯᠠᠭᠤᠯᠵᠣ᠂ | ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶ᠎ᠠ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ | ᠬᠠᠷᠢᠯᠴᠠᠨ ᠬᠠᠪᠰᠣᠷᠣᠯᠴᠠᠵᠣ᠂ ᠪᠦᠯᠬᠦᠮᠳᠡᠨ ᠳᠡᠮᠡᠴᠡᠵᠦ᠂ ᠪᠣᠴᠠᠯᠳᠠ ᠦᠭᠡᠢ ᠣᠷᠣᠭᠰᠢᠯᠠᠵᠣ᠂ ᠡᠬᠡ ᠣᠯᠣᠰ ᠤᠨ | ᠣᠮᠠᠷᠠᠳᠣ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ | ᠶᠠᠪᠣᠳᠠᠯ ᠪᠣᠯᠣᠨ᠎ᠠ | ᠭᠡᠵᠡᠢ᠃ | ᠦᠪᠦᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠲᠦᠪ ᠶᠡᠬᠡᠮᠰᠦᠭ ᠪᠦᠭᠡᠳ ᠪᠠᠶᠠᠷ ᠬᠦᠷ ᠢᠶᠠᠷ | ᠪᠢᠯᠬᠠᠨ᠎ᠠ᠃ ᠪᠦᠬᠦ ᠣᠷᠣᠨ ᠤ ᠡᠯ᠎ᠡ ᠹᠷᠣᠨᠲ ᠠᠴᠠ ᠢᠷᠡᠭᠰᠡᠨ ᠨᠠᠮ ᠤᠨ ᠲᠦᠯᠦᠭᠡᠯᠡᠭᠴᠢᠳ ᠬᠦᠨᠳᠦ ᠨᠠᠶᠢᠳᠠᠯᠭ᠎ᠠ ᠶᠢ | ᠬᠦᠯᠢᠶᠡᠵᠦ᠂ ᠬᠡᠭᠦᠳᠡᠭ ᠳᠦᠭᠦᠷᠡᠩ ᠬᠦᠰᠡᠯ ᠡᠷᠡᠮᠡᠯᠵᠡᠯ ᠢ ᠡᠪᠦᠷᠯᠡᠨ᠂ ᠢᠳᠡᠷᠬᠡᠭ ᠠᠯᠬᠤᠭ᠎ᠠ ᠪᠠᠷ ᠬᠤᠷᠠᠯ ᠤᠨ | ᠳᠠᠯᠠᠪᠠᠢ ᠳᠤ ᠠᠯᠬᠤᠨ ᠣᠷᠣᠵᠠᠭᠠᠯ᠎ᠠ᠃ ᠳᠡᠷᠢᠭᠦᠯᠡᠭᠴᠢᠳ ᠤᠨ ᠳᠠᠶᠢᠰᠠᠨ ᠤ ᠳᠡᠭᠡᠷ᠎ᠡ ᠳᠠᠯ᠎ᠠ ᠳᠤ ᠮᠣᠩᠭᠤᠯ | ᠬᠢᠳᠡᠳ ᠢᠶᠠᠷ ᠪᠢᠴᠢᠭᠰᠡᠨ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ | ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ︾ ᠭᠡᠰᠡᠨ ᠬᠤᠷᠠᠯ ᠤᠨ | ᠢᠯᠡᠷᠬᠡᠶᠢᠯᠡᠯ ᠢ ᠡᠯᠭᠦᠵᠦ᠂ ᠠᠷᠣ ᠬᠦᠰᠢᠭᠡ ᠶᠢᠨ ᠬᠢᠨᠢ ᠭᠤᠣᠯ ᠳᠣᠮᠳᠠ ᠠᠷᠪᠠᠨ ᠭᠠᠯ ᠣᠯᠠᠭᠠᠨ ᠳᠤᠭ ᠰᠢᠵᠢᠷ | ᠬᠢᠯᠪᠠᠭ᠎ᠠ ᠰᠠᠴᠣᠷᠠᠭᠤᠯᠣᠭᠰᠠᠨ ᠨᠠᠮ ᠤᠨ ᠰᠦᠯᠳᠡ ᠶᠢ ᠬᠦᠷᠢᠶᠡᠯᠡᠵᠦ ᠨᠡᠩ ᠭᠤᠶᠣ ᠪᠣᠯᠭᠠᠪᠠ᠃ ᠬᠤᠶᠠᠳᠣᠭᠠᠷ | ᠳᠠᠪᠬᠤᠷᠯᠢᠭ ᠤᠨ ᠪᠠᠷᠠᠯᠠᠬᠤ ᠳᠠᠶᠢᠰᠠᠨ ᠳᠡᠭᠡᠷ᠎ᠡ ︽ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ | ᠲᠦᠪ ᠬᠤᠷᠢᠶ᠎ᠠ ᠶᠢᠨ ᠳᠣᠭᠤᠷᠢᠨ ᠳᠤ ᠨᠢᠭᠳᠠᠷᠠᠨ ᠪᠦᠯᠬᠦᠮᠳᠡᠵᠦ᠂ ᠡᠬᠡ ᠣᠯᠣᠰ ᠤᠨ ᠣᠮᠠᠷᠠᠳᠣ ᠶᠢᠨ ᠦᠵᠡᠮᠵᠢ ᠶᠢᠨ | ᠣᠷᠣᠨ ᠢᠶᠠᠨ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ ᠪᠠᠶᠢᠭᠤᠯᠣᠶ᠎ᠠ︾ ᠭᠡᠰᠡᠨ ᠬᠦᠨᠳᠡᠯᠡᠨ ᠪᠢᠴᠢᠭᠡᠰᠦ | ᠡᠯᠭᠦᠵᠡᠢ᠃ ᠶᠡᠭᠡ ᠬᠤᠷᠠᠯ ᠤᠨ ᠭᠦᠢᠴᠡᠳᠭᠡᠭᠴᠢ ᠳᠡᠷᠢᠭᠦᠯᠡᠭᠴᠢ ᠯᠢ ᠵᠢᠢ ᠾᠧᠩ᠂ ᠪᠦ᠋ ᠰᠢᠶᠣᠣ ᠯᠢᠨ᠂ ᠸᠠᠩ | ᠵᠢᠶᠦ᠋ᠨ᠂ ᠷᠧᠨ ᠶᠠ ᠫᠢᠩ᠂ ᠸᠠᠩ ᠵᠠᠨ᠂ ᠯᠢ ᠵᠢᠶᠠ᠂ ᠵᠠᠩ ᠵᠢᠶᠠᠨ ᠮᠢᠨ᠂ ᠨᠠᠰᠣᠨᠮᠦ᠋ᠩᠬᠡ᠂ ᠸᠠᠩ ᠵᠦᠩ ᠾᠧ᠂ | ᠸᠠᠩ ᠯᠢ ᠰᠢᠶᠠ᠂ ᠶᠠᠩ ᠵᠢᠶᠦ᠋ᠨ ᠰᠢᠩ᠂ ᠽᠧᠩ ᠢ ᠴᠦᠨ᠂ ᠯᠢᠦ ᠴᠢ ᠹᠠᠨ᠂ ᠵᠠᠩ ᠶᠣᠸᠠᠨ ᠵᠦᠩ᠂ ᠬᠤᠷᠴᠠ᠂ | ᠴᠢᠨ ᠢ᠂ ᠵᠠᠩ ᠡᠸ᠋ᠨ ᠬᠤᠢ᠂ ᠣᠣ ᠬᠤᠢ ᠷᠠᠨ᠂ ᠬᠠᠶᠢᠳᠠᠩ ᠲᠡᠷᠢᠭᠦᠯᠡᠭᠴᠢᠳ ᠤᠨ ᠳᠠᠶᠢᠰᠠᠨ ᠤ ᠡᠮᠦᠨ᠎ᠡ ᠮᠦᠷ ᠲᠤ | ᠰᠠᠭᠠᠳᠠᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ᠂ ᠲᠦᠯᠦᠭᠡᠯᠡᠭᠴᠢᠳ ᠤᠨ | ᠳᠣᠳᠣᠷᠠᠬᠢ ᠮᠣᠵᠢ ᠠᠷᠮᠢ ᠶᠢᠨ ᠳᠡᠰ ᠤᠨ ᠺᠠᠳ᠋ᠷ᠂ ᠰᠣᠯᠠ ᠣᠷᠣᠯᠴᠠᠭᠰᠠᠳ ᠤᠨ ᠳᠣᠳᠣᠷᠠᠬᠢ ᠮᠣᠵᠢ ᠠᠷᠮᠢ ᠶᠢᠨ ᠳᠡᠰ | ᠤᠨ ᠠᠵᠢᠯ ᠠᠴᠠ ᠪᠠᠨ ᠳᠠᠷᠬᠠᠯᠠᠭᠳᠠᠵᠣ ᠠᠵᠢᠯ ᠠᠴᠠ ᠪᠠᠨ ᠠᠮᠠᠷᠠᠭᠰᠠᠨ ᠺᠠᠳ᠋ᠷ ᠵᠢᠴᠢ ᠣᠷᠢᠭᠰᠠᠨ ᠵᠣᠴᠢᠳ ᠤᠨ | ᠳᠣᠳᠣᠷᠠᠬᠢ ᠡᠯ᠎ᠡ ᠠᠷᠠᠳᠴᠢᠯᠠᠭᠰᠠᠨ ᠨᠠᠮ ᠪᠦᠯᠦᠭ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠶᠢᠨ | ᠬᠠᠷᠢᠭᠤᠴᠠᠯᠭᠠᠳᠠᠨ ᠪᠠᠰᠠ ᠲᠡᠷᠢᠭᠦᠯᠡᠭᠴᠢᠳ ᠤᠨ ᠳᠠᠶᠢᠰᠠᠨ ᠳᠤ ᠰᠠᠭᠠᠳᠠᠵᠠᠢ᠃ ᠨᠠᠮ ᠤᠨ ᠲᠦᠪ ᠬᠤᠷᠢᠶ᠎ᠠ ᠦᠪᠦᠷ | ᠮᠣᠩᠭᠤᠯ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ | ᠲᠦᠪ ᠤᠨ ᠵᠣᠬᠢᠶᠠᠨ ᠪᠠᠶᠢᠭᠤᠯᠬᠤ ᠬᠡᠯᠳᠡᠰ ᠤᠨ ᠱᠠᠯᠠᠪᠳᠠᠭᠤᠯᠣᠨ ᠵᠢᠯᠣᠭᠤᠳᠬᠤ ᠳᠣᠭᠤᠢᠢᠯᠠᠩ ᠳᠣᠰᠬᠠᠢᠢᠯᠠᠨ | ᠬᠤᠷᠠᠯ ᠳᠤ ᠣᠷᠣᠯᠴᠠᠵᠣ ᠵᠢᠭᠠᠨ ᠵᠢᠯᠣᠭᠤᠳᠴᠠᠢ᠃ | ᠪᠦ᠋ ᠰᠢᠶᠣᠣ ᠯᠢᠨ ᠶᠡᠭᠡ ᠬᠤᠷᠠᠯ ᠢ ᠡᠷᠬᠢᠯᠡᠵᠡᠢ᠃ ᠦᠳᠡ ᠶᠢᠨ ᠡᠮᠦᠨᠡᠬᠢ 9 ᠴᠠᠭ ᠲᠤ᠂ ᠬᠤᠷᠠᠯ ᠡᠬᠢᠯᠡᠵᠦ᠂ | ᠪᠦᠭᠦᠳᠡᠭᠡᠷ ᠢᠶᠠᠨ ᠪᠣᠰᠴᠠᠭᠠᠨ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠯᠣᠰ ᠤᠨ ᠰᠦᠯᠳᠡ | ᠳᠠᠭᠤᠣ︾ ᠶᠢ ᠳᠠᠭᠤᠯᠠᠵᠠᠭᠠᠪᠠ᠃ | ᠶᠡᠭᠡ ᠬᠤᠷᠠᠯ ᠳᠤ ᠣᠷᠣᠯᠴᠠᠪᠠᠰᠣ ᠵᠣᠬᠢᠬᠤ 665 ᠲᠦᠯᠦᠭᠡᠯᠡᠭᠴᠢ ᠶᠢᠨ 659 ᠬᠦᠮᠦᠨ ᠨᠢ ᠬᠤᠷᠠᠯ ᠳᠤ | ᠣᠷᠣᠯᠴᠠᠵᠠᠢ᠃ | ᠯᠢ ᠵᠢᠢ ᠾᠧᠩ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠭᠡᠯ ᠨᠢ ᠨᠠᠢᠮᠠᠨ ᠪᠦᠯᠦᠭ ᠢᠶᠠᠷ ᠪᠦᠷᠢᠯᠳᠦᠵᠡᠢ᠄ | ᠨᠢᠭᠡ᠂ ᠦᠩᠭᠡᠷᠡᠭᠰᠡᠨ ᠳᠠᠪᠣᠨ ᠵᠢᠯ ᠤᠨ ᠠᠵᠢᠯ ᠤᠨ ᠡᠷᠭᠢᠴᠡᠭᠦᠯᠦᠯ︔ ᠬᠤᠶᠠᠷ᠂ ᠵᠠᠩᠭᠢᠯᠠᠭ᠎ᠠ ᠶᠢᠨ ᠴᠠᠭ ᠦᠶ᠎ᠡ ᠶᠢᠨ | ᠪᠠᠶᠢᠳᠠᠯ ᠪᠠ ᠡᠭᠦᠷᠭᠡ︔ ᠭᠤᠷᠪᠠ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ | ᠲᠦᠷᠭᠡᠳᠬᠡᠨ ᠠᠬᠢᠭᠤᠯᠤᠨ᠎ᠠ︔ ᠳᠦᠷᠪᠡ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠢᠳᠡᠪᠬᠢᠳᠠᠢ | ᠬᠦᠭᠵᠢᠭᠦᠯᠦᠨ᠎ᠠ︔ ᠳᠠᠪᠤ᠂ ᠨᠡᠶᠢᠭᠡᠮ ᠵᠢᠷᠤᠮ ᠤᠨ ᠳᠡᠷᠢᠭᠦᠨ ᠤ ᠰᠤᠶᠤᠯ ᠢ ᠶᠡᠭᠡᠪᠠᠷ ᠪᠠᠳᠠᠷᠠᠭᠤᠯᠤᠨ᠎ᠠ︔ ᠵᠢᠷᠭᠤᠭ᠎ᠠ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠣᠶᠠᠨ ᠵᠢᠷᠭᠠᠯ ᠢ ᠬᠦᠴᠦᠯᠡᠨ ᠨᠡᠮᠡᠭᠳᠡᠭᠦᠯᠦᠨ᠎ᠡ︔ ᠲᠤᠯᠤᠭ᠎ᠠ᠂ | ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢ ᠪᠦᠬᠦ ᠲᠠᠯ᠎ᠡ ᠪᠠᠷ ᠴᠢᠩᠭᠠᠳᠬᠠᠨ᠎ᠠ︔ ᠨᠠᠢᠮᠠ᠂ ᠪᠦᠬᠦ ᠲᠠᠯ᠎ᠡ ᠪᠠᠷ | ᠨᠠᠮ ᠢᠶᠠᠨ ᠴᠢᠩᠭ᠎ᠠ ᠵᠠᠰᠠᠬᠤ ᠶᠢ ᠬᠦᠨᠵᠡᠬᠡᠢ ᠠᠬᠢᠭᠤᠯᠤᠨ᠎ᠠ᠃ ᠯᠢ ᠵᠢᠢ ᠾᠧᠩ ᠡᠩ ᠳᠡᠷᠢᠭᠦᠨ ᠳᠤ ᠵᠢᠭᠠᠵᠣ | ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠡᠨ ᠤ ᠵᠢᠷᠭᠤᠳᠤᠭᠠᠷ ᠪᠦᠬᠦᠳᠡ | ᠬᠤᠷᠠᠯ ᠤᠨ ᠬᠠᠮᠤᠭ ᠤᠨ ᠬᠦᠰᠢᠶ᠎ᠡ ᠲᠤᠷᠠᠰᠬᠠᠯ ᠤᠨ ᠴᠢᠨᠠᠷᠳᠠᠢ ᠲᠡᠤᠭᠡᠳᠤ ᠴᠢᠨᠠᠷᠳᠠᠢ ᠠᠴᠢ ᠬᠤᠯᠪᠤᠭᠳᠠᠯ ᠪᠦᠬᠦᠢ | ᠦᠷ᠎ᠡ ᠪᠦᠳᠦᠭᠡᠯ ᠪᠤᠯ᠂ ᠳᠠᠷᠣᠢ ᠶᠡᠷᠦᠩᠭᠡᠢ ᠱᠦᠵᠢ ᠰᠢ ᠶᠢᠨ ᠫᠢᠩ ᠤᠨ ᠭᠤᠤᠯᠠᠬᠴᠢ ᠪᠠᠶᠢᠷᠢ ᠰᠠᠭᠤᠷᠢ ᠶᠢ | ᠲᠤᠳᠤᠷᠬᠠᠢᠢᠯᠠᠵᠣ᠂ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ︾ ᠬᠡᠳᠡᠭ ᠢ | ᠵᠢᠩᠬᠢᠨᠢ ᠪᠠᠷ ᠲᠤᠷᠠᠳᠤᠭᠰᠠᠨ ᠶᠠᠪᠤᠳᠠᠯ ᠪᠤᠯᠤᠨ᠎ᠠ᠃ ᠬᠢᠯᠢ ᠬᠢᠵᠠᠭᠠᠷ ᠤᠨ ᠦᠨᠳᠦᠰᠦᠳᠡᠨ ᠤ ᠭᠠᠵᠠᠷ ᠤᠷᠤᠨ | ᠪᠤᠯᠤᠭᠰᠠᠨ ᠤ ᠬᠤᠪᠢ ᠳᠤ᠂ ᠦᠪᠦᠷ ᠮᠤᠩᠭᠤᠯ ᠤᠨ 2500 ᠭᠠᠷᠤᠢ ᠲᠦᠮᠡᠨ ᠦᠨᠳᠦᠰᠦᠳᠡᠨ ᠨᠦᠭᠦᠳ ᠤᠨ | ᠠᠷᠠᠳ ᠲᠦᠮᠡᠨ ᠶᠡᠷᠦᠩᠭᠡᠢ ᠱᠦᠵᠢ ᠰᠢ ᠶᠢᠨ ᠫᠢᠩ ᠤᠨ ᠭᠤᠤᠯᠯᠠᠬᠴᠢ ᠪᠠᠶᠢᠷᠢ ᠰᠠᠭᠤᠷᠢ ᠶᠢ ᠴᠢᠩ | ᠰᠡᠳᠬᠢᠯ ᠠᠴᠠ ᠪᠠᠨ ᠬᠦᠷᠢᠶᠡᠯᠡᠵᠦ᠂ ᠡᠷᠡᠰ ᠬᠠᠮᠠᠭᠠᠯᠠᠨ᠎ᠠ᠃ ᠪᠢᠳᠡ ︽ᠲᠦᠷᠪᠡᠨ ᠤᠬᠠᠮᠰᠠᠷ︾ ᠤᠨᠴᠠᠭᠠᠢᠢᠯᠠᠨ | ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠭᠰᠢᠳᠠ ᠴᠢᠩᠭᠠᠷᠠᠭᠤᠯᠵᠣ᠂ ᠦᠵᠡᠯ | ᠰᠠᠨᠠᠭ᠎ᠠ ᠶᠢᠨ ᠲᠡᠯ᠎ᠡ ᠪᠠᠷ ᠭᠤᠤᠯ ᠪᠤᠯᠬᠤ ᠶᠢ ᠦᠨᠡᠨ ᠰᠡᠳᠬᠢᠯ ᠠᠴᠠ ᠪᠠᠨ ᠬᠦᠷᠢᠶᠡᠯᠡᠵᠦ᠂ ᠤᠯᠤᠰ ᠲᠦᠷᠦ ᠶᠢᠨ | ᠲᠡᠯ᠎ᠡ ᠪᠠᠷ ᠭᠤᠤᠯ ᠪᠤᠯᠬᠤ ᠶᠢ ᠡᠷᠡᠰ ᠬᠠᠮᠠᠭᠠᠯᠠᠵᠤ᠂ ᠵᠤᠬᠢᠶᠠᠨ ᠪᠠᠶᠢᠭᠤᠯᠤᠯᠳᠠ ᠶᠢᠨ ᠲᠡᠯ᠎ᠡ ᠪᠠᠷ ᠭᠤᠤᠯ ᠪᠤᠯᠬᠤ ᠶᠢ | ᠤᠬᠠᠮᠰᠠᠷ ᠠᠴᠠ ᠪᠠᠨ ᠲᠠᠭᠠᠵᠤ᠂ ᠦᠢᠯᠡ ᠠᠵᠢᠯᠯᠠᠭ᠎ᠠ ᠶᠢᠨ ᠲᠡᠯ᠎ᠡ ᠪᠠᠷ ᠭᠤᠤᠯ ᠪᠤᠯᠬᠤ ᠶᠢ ᠢᠮᠠᠭᠳᠠ ᠡᠷᠡᠰ ᠲᠠᠭᠠᠵᠤ᠂ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠡᠷᠠᠨ | ᠪᠦᠯᠬᠦᠮᠳᠡᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ | ᠨᠡᠩ ᠡᠷᠡᠰ ᠢᠶᠠᠷ ᠬᠠᠮᠠᠭᠠᠯᠠᠵᠤ᠂ ᠨᠡᠩ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ | ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠡ ᠲᠠᠢ ᠲᠡᠭᠡᠳᠤ | ᠬᠡᠮᠵᠢᠶ᠎ᠡ ᠪᠠᠷ ᠨᠢᠭᠡᠳᠦᠯᠳᠡᠢ ᠪᠠᠶᠢᠵᠦ᠂ ᠨᠠᠮ ᠤᠨ ᠲᠦᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠨᠡᠩ ᠯᠠᠪᠳᠠᠭᠤᠨ ᠪᠠᠳᠤᠳᠠᠢ ᠪᠠᠷ ᠪᠣᠳᠠᠳᠠᠢ ᠳᠤ ᠨᠠᠶᠢᠳᠠᠪᠤᠷᠢᠵᠢᠭᠤᠯᠵᠤ᠂ ᠦᠪᠦᠷ ᠮᠤᠩᠭᠤᠯ ᠤᠨ | ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠴᠢᠷᠮᠠᠶᠢᠨ | ᠨᠡᠭᠡᠭᠡᠬᠦ ᠬᠡᠷᠡᠭᠳᠡᠢ ᠭᠡᠵᠡᠢ᠃ ᠯᠢ ᠵᠢᠢ ᠾᠧᠩ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠣᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠠᠵᠢᠯ ᠢ ᠡᠷᠭᠢᠴᠡᠭᠦᠯᠪᠡ᠃ ᠳᠡᠷᠡ ᠵᠢᠭᠠᠵᠣ ᠭᠠᠷᠭᠠᠭᠰᠠᠨ ᠨᠢ᠂ | ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠠᠴᠠ | ᠨᠠᠰᠢᠬᠢ ᠲᠠᠪᠤᠨ ᠵᠢᠯ ᠪᠤᠯ ᠳᠣᠩ ᠶᠡᠷᠦ ᠪᠤᠰᠤ ᠶᠢᠨ ᠲᠠᠪᠤᠨ ᠵᠢᠯ ᠪᠤᠯᠣᠨ᠎ᠠ᠃ ᠲᠦᠪᠡᠭ ᠪᠤᠳᠤᠯᠢᠶᠠᠨᠳᠠᠢ ᠠᠵᠤ ᠠᠬᠤᠢ | ᠶᠢᠨ ᠪᠠᠶᠢᠳᠠᠯ ᠪᠠ ᠨᠦᠰᠡᠷ ᠬᠦᠨᠳᠤ ᠬᠠᠳᠠᠭᠤ ᠪᠡᠷᠭᠡᠰᠢᠶᠡᠯᠳᠡᠢ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠡᠬᠦᠷᠭᠡ | ᠶᠢᠨ ᠡᠮᠦᠨ᠎ᠡ᠂ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠠᠨ ᠢ ᠪᠦᠯᠬᠦᠮᠳᠡᠬᠦᠯᠦᠨ | ᠲᠠᠭᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠡ ᠪᠠᠷ ᠲᠤᠤᠱᠯᠠᠭᠤᠯᠵᠣ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠤᠢᠢᠯᠠᠭᠠᠭᠳᠠᠬᠤᠨ ᠰᠢᠨ᠎ᠡ ᠦᠵᠡᠯ | ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ | ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ | ᠲᠤᠤᠱᠯᠠᠭᠤᠯᠵᠣ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠡᠢ | ᠲᠦᠯᠦᠪᠵᠢᠬᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠪᠡᠷᠭᠡ ᠶᠢ ᠲᠤᠭᠤᠯᠤᠨ ᠬᠦᠴᠢᠷ ᠢ ᠲᠠᠪᠠᠵᠤ᠂ ᠯᠠᠪᠳᠠᠭᠤᠨ | ᠪᠠᠳᠤᠳᠠᠢ ᠠᠵᠢᠯᠯᠠᠵᠤ᠂ ︽12·5︾ ᠶᠢᠨ ᠲᠦᠯᠦᠪᠵᠢᠬᠦᠯᠭᠡ ᠶᠢ ᠠᠮᠵᠢᠯᠳᠠ ᠲᠠᠢ ᠪᠡᠶᠡᠯᠡᠬᠦᠯᠵᠣ᠂ ︽13·5︾ | ᠶᠢᠨ ᠲᠦᠯᠦᠪᠵᠢᠬᠦᠯᠭᠡ ᠶᠢ ᠤᠷᠤᠭᠰᠢᠳᠡᠢ ᠬᠡᠷᠡᠭᠵᠢᠬᠦᠯᠵᠦ᠂ ᠡᠯ᠎ᠡ ᠲᠡᠯ᠎ᠡ ᠶᠢᠨ ᠠᠵᠢᠯ ᠰᠢᠨ᠎ᠡ ᠠᠬᠢᠯᠳᠠ ᠲᠠᠢ ᠪᠣᠯᠵᠣ | ᠰᠢᠨ᠎ᠡ ᠠᠮᠵᠢᠯᠳᠠ ᠤᠯᠵᠠᠢ᠃ ᠳᠠᠪᠣᠨ ᠵᠢᠯ ᠤᠨ ᠳᠣᠷᠰᠢ᠂ ᠮᠠᠨ ᠤ ᠣᠷᠣᠨ ᠤ ᠠᠵᠤ ᠠᠬᠤᠢ ᠶᠢᠨ ᠬᠦᠭᠵᠢᠯᠳᠡ | ᠲᠤᠭᠳᠠᠭᠤᠨ ᠢᠶᠠᠷ ᠠᠬᠢᠵᠤ᠂ ᠦᠭᠡᠷᠡᠴᠢᠯᠡᠯᠳᠡ ᠨᠡᠭᠡᠭᠡᠯᠳᠡ ᠪᠦᠬᠦ ᠳᠠᠯ᠎ᠠ ᠪᠠᠷ ᠭᠦᠨᠵᠡᠭᠡᠶᠢᠷᠡᠵᠦ᠂ ᠠᠷᠠᠳ ᠤᠨ | ᠠᠮᠢᠳᠣᠷᠠᠯ ᠤᠨ ᠪᠠᠳᠣᠯᠠᠪᠣᠷᠢ ᠦᠨᠡᠨᠬᠦ ᠴᠢᠩᠭᠠᠷᠠᠵᠣ᠂ ᠠᠷᠠᠳᠴᠢᠯᠡᠯ ᠬᠠᠣᠯᠢᠵᠢᠯ ᠳᠠᠰᠣᠷᠠᠯᠳᠠ ᠦᠭᠡᠢ ᠬᠦᠭᠵᠢᠵᠦ᠂ | ᠰᠣᠶᠣᠯ ᠤᠨ ᠪᠠᠶᠢᠭᠤᠯᠣᠯᠳᠠ ᠡᠯᠪᠡᠭ ᠳᠡᠯᠪᠡᠭ ᠦᠷ᠎ᠡ ᠪᠦᠳᠦᠮᠵᠢ ᠣᠯᠵᠣ᠂ ᠨᠡᠶᠢᠭᠡᠮ ᠤᠨ ᠶᠡᠭᠡ ᠳᠠᠯ᠎ᠠ ᠡᠶ᠎ᠡ | ᠵᠣᠬᠢᠴᠠᠩᠭᠤᠢ ᠳᠣᠭᠳᠠᠭᠤᠨ ᠪᠣᠯᠵᠣ᠂ ᠠᠮᠢ ᠠᠬᠤᠢ ᠶᠢᠨ ᠣᠷᠴᠢᠨ ᠳᠣᠭᠤᠷᠢᠨ ᠦᠷᠬᠦᠯᠵᠢᠯᠡᠨ ᠰᠠᠶᠢᠵᠢᠷᠠᠵᠣ᠂ | ᠨᠠᠮ ᠢᠶᠠᠨ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠠᠬᠢᠵᠠᠢ ᠭᠡᠪᠡ᠃ | ᠯᠢ ᠵᠢᠢ ᠾᠧᠩ ᠵᠢᠭᠠᠵᠣ ᠭᠠᠷᠭᠠᠭᠰᠠᠨ ᠨᠢ᠂ ᠲᠠᠪᠤᠨ ᠵᠢᠯ ᠤᠨ ᠳᠣᠷᠰᠢ ᠬᠤᠷᠠᠮᠳᠤᠭᠤᠯᠤᠭᠰᠠᠨ ᠲᠤᠷᠰᠢᠯᠭ᠎ᠠ | ᠲᠦᠢᠯ ᠤᠨ ᠬᠤᠪᠤᠷ ᠨᠠᠨᠳᠢᠨ᠃ ᠡᠳᠡᠭᠡᠷ ᠨᠢ ᠳᠠᠷᠣᠢ᠂ ᠡᠷᠬᠡᠪᠰᠢ ᠡᠷᠡᠰ ᠪᠠᠳᠣ ᠵᠦᠪ ᠣᠨᠣᠪᠴᠢᠳᠠᠢ ᠤᠯᠤᠰ ᠲᠦᠷᠦ | ᠶᠢᠨ ᠴᠢᠭᠯᠡᠯ ᠢ ᠪᠠᠷᠢᠮᠳᠠᠯᠠᠵᠣ᠂ ᠲᠦᠪ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠰᠢᠢᠳᠪᠦᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠮᠠᠭᠳᠠ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠡ ᠲᠠᠢ ᠲᠡᠭᠡᠳᠤ ᠬᠡᠮᠵᠢᠶ᠎ᠡ ᠪᠠᠷ ᠨᠢᠭᠡᠳᠦᠯᠳᠡᠢ ᠪᠠᠶᠢᠬᠤ | ᠭᠡᠷᠡᠭᠳᠡᠢ︔ ᠡᠷᠭᠡᠪᠰᠢ ᠬᠦᠭᠵᠢᠬᠦᠯᠬᠦ ᠬᠡᠰᠡᠨ ᠡᠨᠡᠬᠦ ᠲᠡᠷᠢᠬᠦᠨ ᠴᠢᠬᠤᠯᠠ ᠡᠬᠦᠷᠭᠡ ᠶᠢ ᠴᠢᠩᠭ᠎ᠠ ᠠᠳᠬᠤᠵᠤ᠂ ᠦᠪᠦᠷ | ᠮᠤᠩᠭᠤᠯ ᠤᠨ ᠪᠤᠳᠠᠳᠠᠢ ᠠᠴᠠ ᠪᠠᠨ ᠡᠬᠦᠰᠦᠨ ᠠᠵᠢᠯ ᠢᠶᠠᠨ ᠪᠦᠳᠦᠭᠡᠯᠴᠢ ᠪᠠᠷ ᠦᠷᠨᠢᠬᠦᠯᠵᠦ᠂ ᠨᠡᠶᠢᠭᠡᠮ ᠤᠨ | ᠦᠢᠯᠡᠳᠪᠦᠷᠢᠯᠡᠯ ᠤᠨ ᠬᠦᠴᠦᠨ ᠢ ᠲᠠᠰᠤᠷᠠᠯᠳᠠ ᠦᠭᠡᠢ ᠴᠢᠯᠦᠭᠡᠯᠡᠠ ᠬᠦᠭᠵᠢᠬᠦᠯᠬᠦ ᠭᠡᠷᠡᠭᠳᠡᠢ︔ ᠡᠷᠭᠡᠪᠰᠢ | ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠨᠡᠭᠡᠭᠡᠯᠳᠡ ᠪᠠᠨ ᠦᠷᠭᠡᠳᠭᠡᠵᠦ᠂ ᠬᠠᠤᠯᠢ ᠪᠠᠷ ᠤᠷᠤᠨ ᠢᠶᠠᠨ ᠵᠠᠰᠠᠬᠤ ᠶᠢ | ᠪᠦᠬᠦ ᠲᠠᠯ᠎ᠡ ᠪᠠᠷ ᠠᠬᠢᠭᠤᠯᠵᠤ᠂ ᠤᠷᠤᠨ ᠲᠠᠶᠠᠭᠠᠷ ᠢᠶᠠᠨ ᠠᠮᠢᠵᠢᠷᠠᠯ ᠤᠨ ᠬᠦᠴᠦᠨ ᠪᠢᠯᠬᠠᠮ᠎ᠠ ᠮᠦᠷᠳᠡᠭᠡᠨ ᠡᠮᠬᠢ | ᠵᠢᠷᠣᠮ ᠲᠠᠢ ᠪᠠᠶᠢᠬᠤ ᠶᠢ ᠦᠨᠡᠨᠬᠦ ᠪᠠᠳᠤᠯᠠᠬᠤ ᠭᠡᠷᠡᠭᠳᠡᠢ︔ ᠡᠷᠭᠡᠪᠰᠢ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠦᠨᠳᠦᠰᠦᠳᠡᠨ | ᠨᠦᠭᠦᠳ ᠤᠨ ᠠᠷᠠᠳ ᠲᠦᠮᠡᠨ ᠳᠤ ᠠᠰᠢᠭ ᠲᠤᠰᠠ ᠤᠯᠭᠤᠵᠤ᠂ ᠠᠷᠠᠳ ᠲᠦᠮᠡᠨ ᠤ ᠪᠣᠶᠠᠨ ᠵᠢᠷᠭᠠᠯ ᠢ ᠲᠠᠰᠤᠷᠠᠯᠳᠠ | ᠦᠭᠡᠢ ᠨᠡᠮᠡᠭᠳᠡᠬᠦᠯᠬᠦ ᠭᠡᠷᠡᠭᠳᠡᠢ︔ ᠡᠷᠭᠡᠪᠰᠢ ᠦᠨᠳᠦᠰᠦᠳᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠦᠨᠳᠦᠷ | ᠮᠠᠨᠳᠤᠭᠤᠯᠵᠤ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ ᠬᠠᠷᠢᠯᠴᠠᠨ ᠬᠠᠪᠰᠤᠷᠤᠯᠴᠠᠬᠤ ᠶᠢ ᠪᠠᠷᠢᠮᠳᠠᠯᠠᠵᠣ᠂ | ᠪᠦᠯᠬᠦᠮᠳᠡᠯ ᠲᠠᠢ ᠡᠶ᠎ᠡ ᠵᠤᠬᠢᠴᠡᠩᠭᠤᠢ ᠠᠮᠤᠷ ᠲᠤᠭᠳᠠᠭᠤᠨ ᠤᠯᠤᠰ ᠲᠦᠷᠦ ᠶᠢᠨ ᠪᠠᠶᠢᠳᠠᠯ ᠢ ᠲᠠᠰᠤᠷᠠᠯᠳᠠ ᠦᠭᠡᠢ | ᠪᠠᠬᠢᠵᠢᠬᠦᠯᠦᠨ ᠬᠦᠭᠵᠢᠬᠦᠯᠬᠦ ᠭᠡᠷᠡᠭᠳᠡᠢ︔ ᠡᠷᠭᠡᠪᠰᠢ ᠨᠡᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ | ᠨᠠᠮ ᠢᠶᠠᠨ ᠴᠢᠩᠭ᠎ᠠ ᠵᠠᠰᠠᠬᠤ ᠶᠢ ᠪᠦᠬᠦ ᠲᠠᠯ᠎ᠡ ᠪᠠᠷ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ | ᠨᠠᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠳᠤ ᠡᠷᠡᠰ ᠴᠢᠩᠭ᠎ᠠ ᠪᠠᠳᠤᠯᠠᠭ᠎ᠠ ᠬᠠᠩᠭᠠᠬᠤ ᠭᠡᠷᠡᠭᠳᠡᠢ | ᠭᠡᠵᠡᠢ᠃ | ᠯᠢ ᠵᠢᠢ ᠾᠧᠩ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠪᠣᠯ᠂ ᠴᠢᠨᠡᠭᠡᠯᠢᠭ ᠨᠡᠶᠢᠭᠡᠮ ᠢ | ᠪᠦᠬᠦ ᠲᠠᠯ᠎ᠡ ᠪᠠᠷ ᠪᠡᠶᠡᠯᠡᠭᠦᠯᠬᠦ ᠰᠢᠢᠳᠪᠦᠷᠢᠳᠦ ᠱᠠᠲᠤ ᠪᠣᠯᠣᠨ᠎ᠠ᠂ ᠨᠠᠮ ᠤᠨ ᠲᠥᠪ ᠬᠤᠷᠢᠶ᠎ᠠ ᠶᠢᠨ ᠥᠪᠥᠷ | ᠮᠣᠩᠭᠤᠯ ᠲᠠᠬᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠦᠬᠦ ᠲᠠᠯ᠎ᠡ ᠪᠠᠷ | ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠢᠷᠡᠭᠡᠳᠦᠢ ᠪᠠᠨ ᠪᠠᠷᠠᠯᠠᠬᠤᠶ᠎ᠠ᠂ ᠥᠪᠥᠷ | ᠮᠣᠩᠭᠤᠯ ᠤᠨ ᠬᠥᠭᠵᠢᠯᠲᠡ ᠮᠥᠨᠬᠦ ᠶᠡᠭᠡ ᠦᠢᠯᠡᠰ ᠪᠦᠲᠦᠭᠡᠵᠦ ᠪᠣᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ | ᠠᠵᠠ ᠳᠣᠬᠢᠶᠠᠯᠳᠣ ᠬᠤᠭᠤᠴᠠᠭᠠᠨ ᠳᠤ ᠣᠷᠣᠰᠢᠵᠤ ᠪᠣᠢ᠃ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ᠂ | ᠪᠦᠬᠦ ᠣᠷᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠣ᠂ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠡ ᠪᠠᠷ | ᠲᠤᠤᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ ᠪᠣᠯᠣᠨ | ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠪᠦᠬᠦ ᠲᠠᠯ᠎ᠡ ᠪᠠᠷ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠡ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ | ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠢᠢᠯᠠᠭᠠᠭᠳᠠᠬᠤᠨ ᠢ ᠶᠡᠭᠡ ᠪᠠᠷ ᠦᠢᠯᠡᠳᠦᠯᠭᠡᠵᠢᠭᠦᠯᠦᠨ᠂ | ᠬᠥᠭᠵᠢᠯᠲᠡ᠂ ᠠᠮᠢ ᠠᠬᠤᠢ ᠪᠣᠯᠣᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠬᠡᠯᠪᠡᠷᠢ | ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠤᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ ᠠᠬᠤᠢ ᠲᠠᠷᠢᠶᠠᠯᠠᠩ ᠤᠨ | ᠣᠳᠣᠬᠢᠴᠢᠯᠠᠯᠲᠠ ᠪᠠ ᠪᠣᠬᠢᠷᠲᠤᠯ ᠦᠭᠡᠶ ᠬᠦᠭᠵᠢᠭᠦᠯᠦᠯᠳᠡ ᠶᠢ ᠵᠣᠬᠢᠴᠠᠭᠤᠯᠤᠨ ᠠᠬᠢᠭᠤᠯᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠡ ᠪᠠᠷ ᠠᠬᠢᠭᠤᠯᠵᠤ᠂ ᠬᠠᠤᠯᠢ ᠪᠠᠷ ᠣᠷᠣᠨ ᠢᠶᠠᠨ ᠵᠠᠰᠠᠬᠤ ᠶᠢ ᠭᠦᠨᠵᠡᠭᠡᠢ ᠠᠬᠢᠭᠤᠯᠵᠤ᠂ | ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠶᠢ ᠴᠢᠩᠭ᠎ᠠ ᠠᠬᠢᠭᠤᠯᠵᠤ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ | ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠪᠤᠴᠠᠯᠲᠠ ᠦᠭᠡᠢ ᠤᠷᠤᠭᠰᠢᠯᠠᠵᠣ᠂ ᠴᠢᠨᠡᠭᠡᠯᠢᠭ ᠨᠡᠶᠢᠭᠡᠮ ᠢ | ᠪᠦᠬᠦ ᠲᠠᠯ᠎ᠡ ᠪᠠᠷ ᠪᠡᠶᠡᠯᠡᠭᠦᠯᠬᠦ ᠰᠢᠢᠳᠪᠦᠷᠢᠳᠦ ᠱᠠᠲᠤᠨ ᠤ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠪᠠᠷ | ᠴᠢᠷᠮᠠᠶᠢᠵᠤ᠂ ᠣᠳᠣᠬᠢᠴᠢᠯᠠᠯᠲᠠ ᠶᠢ ᠦᠨᠳᠦᠰᠦᠨ ᠲᠡᠭᠡᠨ ᠪᠡᠶᠡᠯᠡᠭᠦᠯᠬᠦ ᠰᠢᠨ᠎ᠡ ᠠᠶᠠᠨ ᠢᠶᠠᠨ ᠪᠦᠬᠦ ᠲᠠᠯ᠎ᠡ ᠪᠠᠷ | ᠡᠬᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ | ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡᠬᠦ ᠵᠢᠯᠣᠭᠤᠳᠬᠤ ᠦᠵᠡᠯ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠳᠤ᠂ ᠭᠤᠷᠪᠠᠨ ᠵᠣᠷᠪᠣᠰ ᠬᠤᠷᠢᠭ᠎ᠠ ᠱᠣᠭᠤᠮ ᠢ ᠰᠠᠬᠢᠬᠤ ᠶᠢ ᠦᠨᠳᠦᠰᠦᠨ ᠱᠠᠭᠠᠷᠳᠠᠯᠭ᠎ᠠ | ᠪᠣᠯᠭᠠᠵᠣ᠂ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠶᠢ ᠭᠤᠣᠯ ᠳᠠᠭᠠᠷᠢᠯᠳᠠ ᠶᠢᠨ ᠴᠢᠭᠯᠡᠯ ᠪᠣᠯᠭᠠᠵᠣ᠂ | ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ | ᠠᠬᠤᠢ ᠲᠠᠷᠢᠶᠠᠯᠠᠩ ᠤᠨ ᠣᠳᠣᠬᠢᠴᠢᠯᠠᠯᠲᠠ ᠪᠠ ᠪᠣᠬᠢᠷᠲᠤᠯ ᠦᠭᠡᠶ ᠬᠦᠭᠵᠢᠭᠦᠯᠦᠯᠳᠡ ᠶᠢ ᠵᠣᠬᠢᠴᠠᠩᠭᠤᠢ ᠪᠠᠷ | ᠠᠬᠢᠭᠤᠯᠬᠤ ᠶᠢ ᠵᠠᠶᠢᠯᠠᠰᠢ ᠦᠭᠡᠢ ᠰᠣᠩᠭᠤᠯᠳᠠ ᠪᠣᠯᠭᠠᠵᠣ᠂ ᠦᠭᠡᠷᠡᠴᠢᠯᠡᠯᠳᠡ ᠨᠡᠭᠡᠭᠡᠯᠳᠡ ᠶᠢ ᠭᠦᠨᠵᠡᠭᠡᠶᠢᠷᠡᠭᠦᠯᠬᠦ ᠶᠢ | ᠦᠨᠳᠦᠰᠦ ᠠᠴᠠ ᠨᠢ ᠵᠠᠰᠠᠬᠤ ᠠᠷᠭ᠎ᠠ ᠪᠣᠯᠭᠠᠵᠣ᠂ ᠬᠠᠣᠯᠢ ᠪᠠᠷ ᠣᠷᠣᠨ ᠢᠶᠠᠨ ᠵᠠᠰᠠᠬᠤ ᠶᠢ ᠴᠢᠬᠤᠯᠠ ᠪᠠᠳᠣᠯᠠᠭ᠎ᠠ | ᠪᠣᠯᠭᠠᠵᠣ᠂ ᠨᠠᠮ ᠢᠶᠠᠨ ᠴᠢᠩᠭ᠎ᠠ ᠵᠠᠰᠠᠬᠤ ᠶᠢ ᠦᠨᠳᠦᠰᠦᠨ ᠪᠠᠳᠣᠯᠠᠭ᠎ᠠ ᠪᠣᠯᠭᠠᠬᠤ ᠬᠡᠷᠡᠭᠳᠡᠢ᠃ ᠪᠦᠬᠦ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ | ᠬᠦᠴᠦᠨ ᠢᠶᠠᠨ ᠰᠢᠨ᠎ᠡ ᠦᠰᠦᠷᠦᠯᠳᠡ ᠲᠠᠢ ᠪᠣᠯᠭᠠᠵᠣ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ | ᠳᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠣ᠂ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠰᠢᠨ᠎ᠡ | ᠬᠤᠪᠢᠷᠠᠯᠲᠠ ᠲᠠᠢ ᠪᠣᠯᠭᠠᠵᠣ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠰᠢᠨ᠎ᠡ ᠳᠠᠪᠰᠢᠯᠲᠠ ᠲᠠᠢ ᠪᠣᠯᠭᠠᠵᠣ᠂ | ᠪᠣᠯᠪᠠᠰᠤᠨ ᠡᠶ᠎ᠡ ᠵᠣᠬᠢᠴᠠᠩᠭᠤᠢ ᠶᠢᠨ ᠲᠦᠪᠰᠢᠨ ᠢ ᠰᠢᠨ᠎ᠡ ᠳᠡᠭᠡᠭᠰᠢᠯᠡᠯᠲᠡ ᠲᠠᠢ ᠪᠣᠯᠭᠠᠵᠣ᠂ ᠠᠷᠠᠳ ᠲᠦᠮᠡᠨ ᠤ | ᠠᠮᠢᠳᠤᠷᠠᠯ ᠤᠨ ᠲᠦᠪᠰᠢᠨ ᠢ ᠰᠢᠨ᠎ᠡ ᠳᠡᠭᠡᠭᠰᠢᠯᠡᠯᠲᠡ ᠲᠠᠢ ᠪᠣᠯᠭᠠᠵᠣ᠂ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠰᠢᠨ᠎ᠡ ᠰᠠᠶᠢᠵᠢᠷᠠᠯᠲᠠ ᠲᠠᠢ ᠪᠣᠯᠭᠠᠨ᠎ᠠ ᠭᠡᠵᠡᠢ᠃ | ᠯᠢ ᠵᠢᠢ ᠾᠧᠩ ᠴᠢᠬᠤᠯᠠᠴᠢᠯᠠᠬᠰᠠᠨ ᠨᠢ᠂ ᠬᠥᠭᠵᠢᠭᠦᠯᠬᠦ ᠪᠣᠯ ᠠᠯᠢᠪᠠ ᠠᠰᠠᠭᠤᠳᠠᠯ ᠢ ᠰᠢᠢᠳᠪᠤᠷᠢᠯᠡᠬᠦ ᠶᠢᠨ | ᠵᠠᠩᠭᠢᠯᠠᠭ᠎ᠠ ᠪᠣᠯᠣᠨ᠎ᠠ᠃ ᠡᠷᠬᠡᠪᠰᠢ ᠬᠥᠭᠵᠢᠯᠲᠡ ᠶᠢᠨ ᠰᠢᠨ᠎ᠡ ᠣᠨᠣᠯᠵᠢᠬᠤᠨ ᠢᠶᠠᠷ ᠠᠵᠤ ᠠᠬᠤᠢ ᠶᠢᠨ ᠬᠥᠭᠵᠢᠯᠲᠡ | ᠶᠢᠨ ᠰᠢᠨ᠎ᠡ ᠬᠡᠪ ᠪᠠᠶᠢᠳᠠᠯ ᠢ ᠬᠥᠲᠥᠯᠥᠨ ᠳᠠᠭᠠᠭᠤᠯᠵᠣ᠂ ᠬᠠᠩᠭᠠᠯᠭ᠎ᠠ ᠶᠢᠨ ᠲᠠᠯ᠎ᠡ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠭᠤᠣᠯ | ᠳᠠᠭᠠᠷᠢᠯᠳᠠ ᠶᠢᠨ ᠴᠢᠭᠯᠡᠯ ᠪᠣᠯᠭᠠᠵᠣ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ᠂ ᠰᠢᠨ᠎ᠡ ᠬᠡᠯᠪᠡᠷᠢ ᠶᠢᠨ ᠬᠢᠮᠢ | ᠶᠢᠨ ᠠᠵᠤ ᠦᠢᠯᠡᠳᠪᠦᠷᠢ ᠶᠢᠨ ᠰᠠᠭᠤᠷᠢᠨ᠂ ᠥᠩᠭᠡᠲᠦ ᠲᠡᠮᠦᠷᠯᠢᠭ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ᠂ | ᠪᠤᠬᠢᠷᠳᠦᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠨ ᠡᠳ᠋ᠰᠢᠭᠦᠯᠬᠦ | ᠰᠠᠭᠤᠷᠢᠨ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠵᠣ ᠪᠠᠶᠢᠭ᠎ᠠ ᠠᠵᠤ ᠦᠢᠯᠡᠰ ᠤᠨ | ᠰᠠᠭᠤᠷᠢᠨ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠲᠠᠢ ᠵᠤᠭᠠᠴᠠᠯ ᠤᠨ ᠬᠠᠷᠠᠯᠲᠠ ᠶᠢᠨ ᠭᠠᠵᠠᠷ ᠢ | ᠪᠦᠲᠦᠭᠡᠨ ᠪᠠᠶᠢᠭᠤᠯᠬᠤ ᠪᠠᠷ ᠴᠢᠬᠤᠯᠠ ᠭᠠᠷᠳᠠᠴᠠ ᠪᠤᠯᠭᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠦᠴᠦᠯᠡᠨ | ᠬᠤᠪᠢᠷᠠᠭᠤᠯᠵᠤ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠤᠯᠠᠷᠢᠯᠠᠭᠤᠯᠵᠤ᠂ ᠠᠵᠤ ᠠᠬᠤᠢ ᠶᠢᠨ | ᠲᠤᠬᠳᠠᠭᠤᠨ ᠢᠶᠠᠷ ᠲᠦᠷᠭᠡᠨ ᠢᠶᠠᠷ ᠨᠡᠮᠡᠭᠳᠡᠬᠦ ᠶᠢ ᠪᠠᠳᠣᠯᠠᠵᠣ᠂ ᠮᠠᠯ ᠠᠵᠤ ᠠᠬᠤᠢ ᠲᠠᠷᠢᠶᠠᠯᠠᠩ ᠤᠨ | ᠤᠳᠤᠬᠢᠴᠢᠯᠠᠯᠳᠠ ᠶᠢᠨ ᠠᠬᠢᠴᠠ ᠶᠢ ᠲᠦᠷᠭᠡᠳᠭᠡᠨ᠂ ᠠᠵᠤ ᠦᠢᠯᠡᠰ ᠤᠨ ᠪᠦᠳᠦᠴᠡ ᠶᠢᠨ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠳᠠ ᠶᠢ ᠠᠬᠢᠭᠤᠯᠵᠤ᠂ ᠰᠢᠨ᠎ᠡ ᠶᠢ ᠡᠭᠦᠳᠭᠦ ᠪᠠᠷ ᠬᠦᠳᠡᠯᠭᠡᠭᠦᠷ ᠪᠣᠯᠭᠠᠭᠰᠠᠨ | ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠬᠤᠳᠠ ᠬᠦᠳᠡᠭᠡ ᠤᠷᠤᠨ ᠪᠦᠰᠡ ᠶᠢᠨ | ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠤᠤᠷ ᠤᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠨ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ | ᠂ ᠭᠠᠳᠠᠭᠠᠳᠣ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠵᠤ᠂ ᠶᠠᠰᠤ ᠴᠢᠨᠠᠷ ᠨᠡᠩ ᠰᠠᠶᠢᠨ᠂ ᠦᠷ᠎ᠡ ᠠᠰᠢᠭ ᠨᠡᠩ | ᠦᠨᠳᠦᠷ᠂ ᠪᠦᠲᠦᠴᠡ ᠨᠡᠩ ᠰᠢᠯᠢᠳᠡᠭ᠂ ᠨᠥᠭᠡᠴᠡ ᠬᠦᠴᠦ ᠨᠡᠩ ᠭᠦᠢᠴᠡᠳ᠂ ᠳᠠᠪᠠᠭᠤᠯᠢᠭ ᠢᠶᠠᠨ ᠭᠦᠢᠴᠡᠳ | ᠪᠠᠳᠠᠷᠠᠭᠤᠯᠤᠭᠰᠠᠨ ᠬᠥᠭᠵᠢᠯᠲᠡ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠬᠤ ᠬᠡᠷᠡᠭᠳᠡᠢ ᠬᠡᠪᠡ᠃ | ᠯᠢ ᠵᠢᠢ ᠾᠧᠩ ᠴᠢᠬᠤᠯᠠᠴᠢᠯᠠᠬᠰᠠᠨ ᠨᠢ᠂ ᠠᠷᠠᠳᠴᠢᠯᠠᠯ ᠬᠠᠤᠯᠢᠵᠢᠯ ᠢ ᠴᠢᠩᠭᠠᠳᠬᠠᠵᠤ᠂ ᠦᠨᠳᠦᠰᠦᠳᠡᠨ ᠤ | ᠪᠦᠯᠬᠦᠮᠳᠡᠯ ᠢ ᠬᠠᠮᠠᠭᠠᠯᠠᠬᠤ ᠪᠤᠯ᠂ ᠤᠳᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠶᠢᠨ ᠴᠢᠬᠤᠯᠠ | ᠬᠠᠷᠠᠯᠳᠠ ᠪᠠ ᠪᠠᠳᠤᠯᠠᠭ᠎ᠠ ᠪᠣᠯᠣᠨ᠎ᠠ᠃ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠢᠳᠡᠪᠬᠢᠳᠡᠢ | ᠬᠦᠭᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠭᠡ ᠮᠡᠳᠡᠬᠦ᠂ ᠬᠠᠤᠯᠢ ᠪᠠᠷ | ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠵᠤ᠂ ᠤᠯᠤᠰ ᠢᠶᠠᠨ ᠬᠠᠶᠢᠷᠠᠯᠠᠬᠤ ᠨᠢᠭᠡᠳᠦᠮᠡᠯ | ᠹᠷᠤᠨᠲ ᠢ ᠪᠠᠬᠢᠵᠢᠭᠦᠯᠦᠨ ᠬᠦᠴᠦᠷᠭᠡᠭᠵᠢᠭᠦᠯᠵᠤ᠂ ᠦᠨᠳᠦᠰᠦᠳᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ | ᠬᠦᠭᠵᠢᠭᠦᠯᠵᠤ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠠᠬᠢᠴᠠ ᠶᠢ ᠠᠬᠢᠭᠤᠯᠵᠤ᠂ ᠪᠦᠯᠬᠦᠮᠳᠡᠨ | ᠳᠡᠮᠡᠴᠡᠬᠦ ᠤᠶᠤᠨ ᠤᠬᠠᠭᠠᠨ ᠪᠠ ᠬᠦᠴᠦᠨ ᠴᠢᠳᠠᠯ ᠢ ᠦᠷᠭᠡᠨ ᠳᠡᠯᠭᠡᠷ ᠨᠢᠭᠳᠠᠷᠠᠭᠤᠯᠬᠤ ᠬᠡᠷᠡᠭᠳᠡᠢ ᠬᠡᠪᠡ᠃ | ᠯᠢ ᠵᠢᠢ ᠾᠧᠩ ᠴᠢᠬᠤᠯᠠᠴᠢᠯᠠᠬᠰᠠᠨ ᠨᠢ᠂ ᠰᠤᠶᠤᠯ ᠪᠤᠯ ᠳᠡᠤᠬᠡ ᠶᠢᠨ ᠠᠴᠢᠶᠠᠯᠠᠪᠤᠷᠢ᠂ ᠪᠤᠯᠪᠠᠰᠤᠨ ᠪᠤᠯ | ᠢᠷᠡᠭᠡᠳᠦᠢ ᠶᠢᠨ ᠵᠠᠷᠯᠠᠯ ᠪᠣᠯᠣᠨ᠎ᠠ᠃ ᠨᠡᠶᠢᠭᠡᠮ ᠵᠢᠷᠤᠮ ᠤᠨ ᠳᠡᠷᠢᠭᠦᠨ ᠤ ᠰᠤᠶᠤᠯ ᠢ ᠶᠡᠭᠡ ᠪᠠᠷ ᠪᠠᠳᠠᠷᠠᠭᠤᠯᠵᠤ᠂ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠤᠶᠤᠯ ᠤᠨ ᠬᠦᠭᠵᠢᠯᠳᠠ ᠶᠢᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠦᠨᠳᠦᠰᠦᠳᠡᠨ ᠨᠦᠭᠦᠳ ᠤᠨ ᠬᠠᠮᠳᠤ ᠶᠢᠨ ᠤᠶᠤᠨ ᠰᠠᠨᠠᠭᠠᠨ ᠤ ᠬᠡᠷ ᠤᠷᠤᠨ ᠢᠶᠠᠨ | ᠰᠠᠶᠢᠳᠤᠷ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠶᠢᠨ ᠭᠦᠳᠦᠯᠦᠨ ᠳᠠᠭᠠᠭᠤᠯᠭ᠎ᠠ ᠪᠠ | ᠬᠠᠮᠢᠶᠠᠷᠤᠯᠳᠠ ᠶᠢ ᠴᠢᠩᠭᠠᠳᠬᠠᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭ᠎ᠠ ᠰᠤᠶᠤᠯ | ᠤᠨ ᠠᠮᠢᠳᠤᠷᠠᠯ ᠢ ᠪᠠᠶᠠᠯᠢᠬᠵᠢᠭᠤᠯᠤᠨ᠂ ᠰᠤᠶᠤᠯ ᠤᠨ ᠦᠢᠯᠡᠰ ᠪᠠ ᠰᠤᠶᠤᠯ ᠤᠨ ᠠᠵᠤ ᠦᠢᠯᠡᠰ ᠤᠨ | ᠦᠭᠡᠷᠡᠴᠢᠯᠡᠯᠳᠡ ᠬᠦᠭᠵᠢᠯᠳᠡ ᠶᠢ ᠠᠬᠢᠭᠤᠯᠵᠤ᠂ ᠨᠡᠶᠢᠭᠡᠮ ᠵᠢᠷᠤᠮ ᠤᠨ ᠰᠤᠶᠤᠯ ᠤᠨ ᠶᠡᠭᠡ ᠬᠦᠭᠵᠢᠯᠳᠡ ᠶᠡᠭᠡ | ᠴᠡᠴᠡᠭᠯᠡᠯᠳᠡ ᠶᠢ ᠠᠬᠢᠭᠤᠯᠬᠤ ᠬᠡᠷᠡᠭᠳᠡᠢ ᠬᠡᠪᠡ᠃ | ᠯᠢ ᠵᠢᠢ ᠾᠧᠩ ᠴᠢᠬᠤᠯᠠᠴᠢᠯᠠᠬᠰᠠᠨ ᠨᠢ᠂ ᠵᠤᠯ ᠵᠢᠷᠭᠠᠯ ᠠᠮᠤᠷ ᠠᠮᠤᠭᠤᠯᠠᠩ ᠪᠤᠯ ᠠᠷᠠᠳ ᠤᠨ ᠰᠡᠳᠭᠢᠯ ᠤᠨ | ᠬᠠᠨᠳᠤᠰᠢ ᠪᠣᠯᠣᠨ᠎ᠠ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠷᠠᠳ ᠲᠦᠮᠡᠨ ᠢᠶᠠᠷ ᠭᠤᠤᠯ | ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠮᠠᠭᠳᠠ ᠪᠤᠢ ᠪᠤᠯᠭᠠᠨ ᠦᠢᠯᠡᠳᠦᠯᠭᠡᠵᠢᠭᠦᠯᠵᠦ᠂ | ᠦᠨᠳᠦᠰᠦᠳᠡᠨ ᠨᠦᠭᠦᠳ ᠤᠨ ᠠᠷᠠᠳ ᠲᠦᠮᠡᠨ ᠤ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠵᠤ᠂ ᠶᠠᠳᠠᠭᠤ ᠠᠴᠠ | ᠠᠩᠬᠢᠵᠢᠷᠠᠭᠤᠯᠵᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠣᠯᠵᠣ᠂ ᠠᠵᠢᠯ ᠤᠯᠭᠤᠨ | ᠤᠷᠤᠯᠭ᠎ᠠ ᠶᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠵᠤ᠂ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮ ᠢ | ᠪᠦᠷᠢᠨᠰᠢᠭᠦᠯᠦᠨ ᠲᠡᠭᠦᠯᠳᠡᠷᠵᠢᠭᠦᠯᠵᠤ᠂ ᠠᠷᠠᠳ ᠲᠦᠮᠡᠨ ᠳᠤ ᠳᠠᠭᠠᠰᠢᠶᠠᠭᠳᠠᠭᠰᠠᠨ ᠰᠤᠷᠭᠠᠨ ᠬᠦᠮᠦᠵᠢᠯ ᠢ ᠬᠦᠴᠦᠯᠡᠨ | ᠰᠠᠶᠢᠳᠤᠷ ᠡᠷᠬᠢᠯᠡᠵᠤ᠂ ᠠᠷᠠᠳ ᠲᠦᠮᠡᠨ ᠤ ᠡᠷᠡᠭᠦᠯ ᠴᠢᠬᠢᠷᠠᠭ ᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ | ᠨᠡᠩ ᠦᠨᠳᠦᠷ ᠲᠦᠪᠰᠢᠨ ᠤ ᠠᠮᠤᠷ ᠠᠮᠤᠭᠤᠯᠠᠩ ᠦᠪᠦᠷ ᠮᠤᠩᠭᠤᠯ ᠢ ᠴᠢᠷᠮᠠᠶᠢᠨ ᠪᠠᠶᠢᠭᠤᠯᠵᠤ᠂ ᠦᠨᠳᠦᠰᠦᠲᠡᠨ | ᠨᠦᠭᠦᠳ ᠤᠨ ᠠᠷᠠᠳ ᠲᠦᠮᠡᠨ ᠢ ᠵᠤᠯ ᠵᠢᠷᠭᠠᠯ ᠲᠠᠢ ᠠᠮᠢᠳᠤᠷᠠᠭᠤᠯᠵᠤ᠂ ᠡᠬᠡ ᠤᠯᠤᠰ ᠤᠨ ᠤᠮᠠᠷᠠᠲᠦ ᠬᠢᠯᠢ ᠶᠢ | ᠦᠨᠢ ᠡᠭᠦᠷᠢᠳᠡ ᠠᠮᠤᠷ ᠳᠤᠭᠳᠠᠭᠤᠨ ᠪᠠᠶᠢᠯᠭᠠᠬᠤ ᠬᠡᠷᠡᠭᠳᠡᠢ ᠬᠡᠵᠡᠢ᠃ | ᠯᠢ ᠵᠢᠢ ᠾᠧᠩ ᠴᠢᠬᠤᠯᠠᠴᠢᠯᠠᠬᠰᠠᠨ ᠨᠢ᠂ ᠨᠤᠮᠢᠨ ᠨᠤᠭᠤᠭᠠᠨ ᠪᠤᠯ ᠦᠪᠤᠷ ᠮᠤᠩᠭᠤᠯ ᠤᠨ ᠲᠠᠪᠢᠰᠭᠡᠷ ᠦᠡᠭᠭᠡ | ᠪᠠ ᠦᠨ᠎ᠡ ᠦᠷᠳᠡᠭ ᠪᠣᠯᠣᠨ᠎ᠠ᠂ ᠠᠮᠢ ᠠᠬᠤᠢ ᠪᠤᠯ ᠦᠪᠤᠷ ᠮᠤᠩᠭᠤᠯ ᠤᠨ ᠬᠠᠷᠢᠭᠤᠴᠠᠯᠭ᠎ᠠ ᠪᠠ ᠨᠦᠭᠡᠴᠡ ᠬᠦᠴᠦᠨ | ᠪᠣᠯᠣᠨ᠎ᠠ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠪᠦᠬᠦ ᠳᠠᠯ᠎ᠠ ᠪᠠᠷ ᠴᠢᠩᠭᠠᠳᠬᠠᠵᠣ᠂ ᠪᠤᠬᠢᠷᠳᠣᠯ | ᠦᠭᠡᠢ ᠬᠦᠭᠵᠢᠯᠲᠠ ᠶᠢ ᠪᠦᠬᠦ ᠲᠠᠯ᠎ᠡ ᠪᠠᠷ ᠠᠬᠢᠭᠤᠯᠵᠣ᠂ ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠠᠮᠢ | ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠦ᠂ ᠠᠮᠢ ᠨᠠᠰᠦᠨ ᠲᠠᠭᠠᠨ ᠬᠠᠨᠳᠤᠬᠤ ᠲᠠᠢ ᠠᠳᠠᠯᠢ ᠪᠠᠷ ᠠᠮᠢ ᠠᠬᠤᠢ | ᠶᠢᠨ ᠤᠷᠴᠢᠨ ᠲᠤᠭᠤᠷᠢᠨ ᠳᠤ ᠬᠠᠨᠳᠤᠵᠤ᠂ ᠠᠮᠢ ᠠᠬᠤᠢ ᠶᠢ ᠰᠡᠷᠬᠦᠭᠡᠬᠦ ᠪᠠ ᠤᠷᠴᠢᠨ ᠲᠤᠭᠤᠷᠢᠨ ᠢ ᠬᠠᠮᠠᠭᠠᠯᠠᠬᠤ ᠶᠢ | ᠠᠬᠢᠭᠤᠯᠤᠨ᠂ ᠡᠨᠧᠷᠬᠢ ᠶᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ | ᠠᠵᠤ ᠦᠢᠯᠡᠰ ᠤᠨ ᠪᠦᠳᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠣ᠂ ᠠᠮᠢ | ᠠᠬᠤᠢ ᠶᠢᠨ ᠪᠤᠯᠪᠠᠰᠤᠨ ᠤ ᠲᠦᠷᠢᠮ ᠢ ᠪᠠᠶᠢᠭᠤᠯᠬᠤ ᠪᠠ ᠰᠤᠶᠤᠯ ᠢ ᠪᠤᠶᠢᠵᠢᠭᠤᠯᠬᠤ ᠶᠢ ᠴᠢᠩᠭᠠᠳᠬᠠᠵᠤ᠂ ᠮᠠᠨ ᠤ | ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠨᠠᠭᠰᠢᠲᠠ ᠪᠠᠳᠣ | ᠴᠣᠭᠴᠠᠯᠠᠬᠤ ᠬᠡᠷᠡᠭᠲᠠᠢ ᠬᠡᠪᠡ᠃ | ᠯᠢ ᠵᠢᠢ ᠾᠧᠩ ᠴᠢᠬᠤᠯᠠᠴᠢᠯᠠᠬᠰᠠᠨ ᠨᠢ᠂ ᠦᠪᠤᠷ ᠮᠤᠩᠭᠤᠯ ᠤᠨ ᠠᠵᠢᠯ ᠢ ᠰᠠᠶᠢᠲᠦᠷ ᠬᠢᠬᠦ ᠳᠤ | ᠵᠠᠩᠬᠢᠯᠠᠭ᠎ᠠ ᠨᠢ ᠨᠠᠮ ᠳᠤ ᠪᠤᠢ᠂ ᠵᠠᠩᠬᠢᠯᠠᠭ᠎ᠠ ᠨᠢ ᠨᠠᠮ ᠨᠢ ᠨᠠᠮ ᠢᠶᠠᠨ ᠬᠠᠮᠢᠶᠠᠷᠴᠦ᠂ ᠨᠠᠮ ᠢᠶᠠᠨ ᠴᠢᠩᠭ᠎ᠠ ᠵᠠᠰᠠᠬᠤ ᠳᠤ | ᠪᠤᠢ᠃ ᠪᠦᠬᠦ ᠲᠠᠯ᠎ᠡ ᠪᠠᠷ ᠨᠠᠮ ᠢᠶᠠᠨ ᠴᠢᠩᠭ᠎ᠠ ᠵᠠᠰᠠᠬᠤ ᠶᠢ ᠬᠦᠨᠵᠡᠭᠡᠶᠢᠷᠡᠭᠦᠯᠦᠨ ᠠᠬᠢᠭᠤᠯᠵᠤ᠂ ᠢᠮᠠᠬᠳᠠ ᠶᠡᠷᠦᠩᠬᠡᠢ | ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ | ᠡᠷᠬᠢᠯᠡᠭᠦ ᠰᠢᠨ᠎ᠠ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠠᠷ ᠲᠡᠷᠢᠬᠢ | ᠲᠤᠯᠤᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠨᠠᠮ ᠤᠨ | ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠵᠤ᠂ ᠦᠨᠡᠨᠴᠢ ᠰᠢᠳᠤᠷᠭᠤ | ᠠᠷᠢᠭᠤᠨ ᠴᠢᠭᠡᠴᠢ ᠬᠠᠷᠢᠭᠤᠴᠠᠯᠭ᠎ᠠ ᠡᠭᠦᠷᠬᠡᠯᠡᠭᠦ ᠦᠨᠳᠦᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ | ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ | ᠲᠡᠭᠡᠭᠰᠢᠯᠡᠭᠦᠯᠦᠨ᠂ ᠰᠣᠷᠳᠠᠯ ᠤᠨ ᠪᠠᠶᠢᠭᠤᠯᠣᠯᠳᠠ ᠶᠢ ᠦᠷᠬᠦᠯᠵᠢᠯᠡᠨ ᠴᠢᠩᠭᠠᠳᠬᠠᠵᠣ᠂ ᠨᠠᠮ ᠤᠨ ᠰᠤᠷᠳᠠᠯ ᠴᠢᠭᠡᠴᠢ | ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠭᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠤᠨ᠂ | ᠪᠦᠭᠦ ᠲᠡᠯ᠎ᠡ ᠪᠠᠷ ᠨᠠᠮ ᠢᠶᠠᠨ ᠴᠢᠩᠭ᠎ᠠ ᠵᠠᠰᠠᠬᠤ ᠭᠤᠤᠯ ᠴᠤᠠᠨᠴᠠ ᠶᠢᠨ ᠬᠠᠷᠢᠭᠤᠴᠠᠯᠭ᠎ᠠ ᠶᠢ ᠴᠢᠩᠭ᠎ᠠ | ᠨᠡᠶᠢᠳᠡᠪᠤᠷᠢᠵᠢᠭᠤᠯᠵᠤ᠂ ᠤᠪᠤᠷ ᠲᠦᠪ ᠰᠤᠷᠳᠡᠯ ᠴᠢᠭᠡᠴᠢ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ | ᠰᠠᠶᠢᠬᠠᠨ ᠤᠯᠤᠰ ᠲᠦᠷᠤ ᠶᠢᠨ ᠠᠮᠢ ᠠᠬᠤᠢ ᠶᠢ ᠭᠦᠴᠤᠯᠡᠨ ᠪᠤᠢ ᠪᠤᠯᠭᠠᠵᠤ ᠦᠪᠦᠷ ᠮᠤᠩᠭᠤᠯ ᠤᠨ ᠡᠯ᠎ᠡ ᠲᠠᠯ᠎ᠠ ᠶᠢᠨ | ᠦᠢᠯᠡᠰ ᠤᠨ ᠬᠦᠭᠵᠢᠯᠳᠡ ᠳᠤ ᠴᠢᠩᠭ᠎ᠠ ᠬᠦᠴᠦᠳᠡᠢ ᠪᠠᠳᠤᠯᠠᠭ᠎ᠠ ᠬᠠᠨᠭ᠍ᠭᠠᠬᠤ ᠭᠡᠷᠡᠭᠳᠡᠢ ᠬᠡᠪᠡ᠃ | ᠯᠢ ᠵᠢᠢ ᠾᠧᠩ ᠬᠠᠮᠤᠭ ᠰᠡᠭᠦᠯ ᠳᠤ ᠤᠷᠢᠶᠠᠯᠠᠬᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ | ᠪᠡᠶᠡᠯᠡᠭᠦᠯᠭᠦ ᠰᠢᠢᠳᠪᠦᠷᠢᠳᠦ ᠱᠠᠳᠣᠨ ᠤ ᠢᠯᠠᠯᠲᠠ ᠶᠢ ᠲᠡᠮᠡᠴᠡᠨ ᠤᠯᠵᠤ᠂ ᠡᠬᠡ ᠤᠯᠤᠰ ᠤᠨ ᠤᠮᠠᠷᠠᠳᠦ ᠶᠢᠨ | ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠪᠤᠯ ᠴᠠᠭ | ᠦᠶ᠎ᠡ ᠠᠴᠠ ᠮᠠᠨ ᠲᠤ ᠤᠯᠭᠤᠭᠰᠠᠨ ᠡᠷᠬᠢᠮ ᠲᠡᠭᠡᠳᠦ ᠳᠡᠦᠬᠡᠨ ᠡᠭᠦᠷᠭᠡ ᠪᠤᠯᠤᠨ᠎ᠠ᠃ ᠪᠢᠳᠡ ᠲᠤᠮᠳᠠᠳᠦ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠠᠭᠤᠣ ᠶᠡᠭᠡ ᠲᠤᠭ ᠢ ᠦᠨᠳᠦᠷ ᠮᠠᠨᠳᠦᠭᠤᠯᠵᠦ᠂ ᠰᠢ ᠶᠢᠨ ᠫᠢᠡᠭ ᠨᠦᠬᠦᠷ | ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠲᠤ ᠨᠡᠩ ᠨᠢᠭᠳᠠᠷᠠᠨ ᠪᠦᠯᠬᠦᠮᠳᠠᠵᠦ᠂ ᠬᠢᠯᠢ | ᠤᠷᠤᠨ ᠢᠶᠠᠨ ᠰᠠᠬᠢᠨ ᠬᠠᠮᠠᠭᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠪᠤᠴᠠᠯᠲᠠ ᠦᠭᠡᠢ | ᠤᠷᠤᠭᠰᠢᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤᠨ ᠤ ᠰᠢᠨ᠎ᠡ ᠪᠠᠶᠢᠳᠠᠯ ᠢ | ᠲᠠᠰᠤᠷᠠᠯᠳᠠ ᠦᠭᠡᠢ ᠨᠡᠭᠡᠭᠡᠵᠦ᠂ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ | ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠳᠠ ᠪᠠᠷ ᠢᠶᠠᠨ ᠠᠭᠤᠤ ᠶᠡᠭᠡ ᠳᠤᠮᠳᠠᠳᠤ ᠤᠯᠤᠰ | ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠶ᠎ᠠ ᠬᠡᠵᠡᠢ᠃ | ᠯᠢ ᠵᠢᠢ ᠾᠧᠩ ᠢᠯᠡᠳᠭᠡᠯ ᠬᠢᠭᠦ ᠶᠠᠪᠣᠴᠠ ᠳᠤ᠂ ᠬᠤᠷᠠᠯ ᠤᠨ ᠲᠠᠯᠠᠪᠠᠢ ᠳᠤ ᠤᠯᠠᠨ ᠣᠳᠠᠭ᠎ᠠ ᠬᠠᠯᠠᠭᠤᠨ ᠢᠶᠠᠷ | ᠠᠯᠠᠭ᠎ᠠ ᠳᠠᠰᠢᠬᠤ ᠳᠠᠭᠤᠨ ᠨᠢᠵᠢᠭᠢᠨᠡᠪᠡ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠡᠭᠡ ᠬᠤᠷᠠᠯ ᠳᠤ ᠪᠢᠴᠢᠭ ᠤᠨ ᠬᠡᠯᠪᠡᠷᠢ ᠪᠠᠷ | ᠮᠡᠳᠡᠭᠦᠯᠦᠯᠳᠡ ᠬᠢᠪᠠ᠃ | ᠦᠪᠡᠷᠳᠡᠭᠡᠨ ᠵᠠᠰᠬᠠᠤ ᠤᠷᠤᠨ ᠤ ᠡᠯ᠎ᠠ ᠬᠠᠮᠢᠶ᠎ᠠ ᠪᠦᠬᠦᠢ ᠲᠠᠯ᠎ᠠ ᠶᠢᠨ ᠨᠠᠮ ᠤᠨ ᠬᠡᠰᠢᠭᠦᠨ ᠬᠠᠷᠢᠭᠤᠴᠠᠯᠭᠠᠳᠠᠳ | ᠪᠠᠰᠠ ᠶᠡᠭᠡ ᠬᠤᠷᠠᠯ ᠳᠤ ᠰᠤᠯᠠ ᠤᠷᠤᠯᠴᠠᠪᠠ᠃ | |