ᠥᠪᠥᠷ ᠮᠣᠩᠭᠤᠯ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢᠨ ᠰᠢᠰᠲ᠋ᠧᠮ ᠢ ᠰᠤᠳᠤᠯᠤᠨ ᠨᠡᠭᠡᠭᠡᠬᠦ ᠶᠢ ᠪᠡᠶᠡᠯᠡᠭᠦᠯᠦᠭᠰᠡᠨ ᠪᠦᠭᠡᠳ ᠲᠤᠷᠰᠢᠨ ᠠᠵᠢᠯᠯᠠᠭᠤᠯᠪᠠ
ᠨᠡᠶᠢᠲᠡᠯᠡᠭᠰᠡᠨ ᠴᠠᠭ᠄
2016/11/23
     ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠵᠠᠰᠠᠭ ᠤᠨ ᠣᠷᠳᠣᠨ ᠤ ᠴᠢᠳᠠᠪᠤᠷᠢᠲᠠᠨ ᠤ ᠶᠡᠷᠦᠩᠬᠡᠶᠢᠯᠡᠭᠰᠡᠨ ᠬᠠᠮᠢᠶᠠᠷᠬᠤ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠴᠢᠳᠠᠪᠤᠷᠢᠲᠠᠨ ᠢ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠪᠦᠬᠦᠯᠢ ᠴᠤᠭᠴᠠ ᠪᠠᠷ ᠲᠦᠯᠬᠢᠠ ᠠᠬᠢᠭᠤᠯᠬᠤ ᠠᠵᠢᠯ ᠰᠢᠨ᠎ᠡ ᠠᠬᠢᠯᠲᠠ ᠲᠠᠢ ᠪᠣᠯᠪᠠ᠂ ᠣᠳᠣᠬᠠᠨ ᠳᠤ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢᠨ ᠰᠢᠰᠲ᠋ᠧᠮ ᠢ ᠰᠤᠳᠤᠯᠤᠨ ᠨᠡᠭᠡᠭᠡᠬᠦ ᠶᠢ ᠨᠢᠭᠡᠨᠲᠡ ᠪᠡᠶᠡᠯᠡᠭᠦᠯᠵᠦ᠂ ᠪᠤᠭᠤᠲᠤ ᠬᠤᠲᠠ ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠠᠮᠵᠢᠯᠲᠠ ᠲᠠᠢ ᠪᠠᠷ ᠲᠤᠷᠰᠢᠨ ᠠᠵᠢᠯᠯᠠᠭᠤᠯᠪᠠ᠃      ᠮᠠᠨ ᠤ ᠣᠷᠣᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠪᠠᠷ ᠭᠤᠣᠯᠳᠠᠯᠭ᠎ᠠ ᠪᠣᠯᠭᠠᠵᠤ᠂ ᠮᠠᠨ ᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ᠤᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠪᠣᠳᠣᠯᠬᠢᠯᠠᠨ᠂ ᠢᠳᠡᠪᠬᠢᠲᠡᠶ ᠪᠠᠷ ᠠᠷᠭ᠎ᠠ ᠰᠦᠪᠡᠭᠴᠢᠯᠡᠵᠦ᠂ ᠲᠤᠰᠬᠠᠶ ᠰᠡᠳᠦᠪᠲᠦ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠲᠤᠭᠤᠷᠪᠢᠨ ᠪᠢᠴᠢᠬᠦ 5 ᠳᠤᠭᠤᠶᠢᠯᠠᠩ ᠪᠠᠶᠢᠭᠤᠯᠵᠤ᠂ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ ᠰᠢᠯᠵᠢᠭᠦᠯᠬᠦ ᠬᠡᠷᠡᠭᠵᠢᠭᠦᠯᠬᠦ ᠠᠷᠭ᠎ᠠ᠂ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠴᠢᠩᠭᠠᠳᠬᠠᠬᠤ ᠬᠡᠷᠡᠭᠵᠢᠭᠦᠯᠬᠦ ᠠᠷᠭ᠎ᠠ ᠂ ᠴᠢᠳᠠᠪᠤᠷᠢᠲᠠᠨ ᠤ ᠠᠵᠢᠯ ᠤᠨ ᠲᠠᠪᠴᠠᠩ ᠤᠨ ᠠᠴᠢᠶᠠᠯᠠᠪᠤᠷᠢ ᠶᠢᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠵᠢᠭᠦᠯᠬᠦ ᠠᠷᠭ᠎ᠠ ᠵᠡᠷᠭᠡ ᠪᠣᠳᠠᠲᠠᠶ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢ ᠲᠤᠭᠤᠷᠪᠢᠨ ᠴᠢᠩᠭᠠᠳᠬᠠᠵᠤ᠂ ᠴᠢᠳᠠᠪᠤᠷᠢᠲᠠᠨ ᠤ ᠠᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠴᠢᠳᠠᠪᠤᠷᠢᠲᠠᠨ ᠤ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠬᠤ ᠶᠠᠪᠤᠳᠠᠯ ᠢ ᠤᠯᠠᠮ ᠨᠢᠭᠡ ᠠᠯᠬᠤᠮ ᠪᠡᠶᠡᠯᠡᠭᠦᠯᠪᠡ᠃      ᠡᠭᠦᠨ ᠠᠴᠠ ᠭᠠᠳᠠᠨ᠎ᠠ᠂ ᠡᠨᠡ ᠵᠢᠯ ᠮᠠᠨ ᠤ ᠣᠷᠣᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠰᠢᠯᠵᠢᠯᠲᠡ ᠶᠢᠨ ᠠᠷᠭ᠎ᠠ᠂ ᠬᠢᠨᠠᠨ ᠲᠣᠭᠲᠠᠭᠠᠬᠤ ᠠᠷᠭ᠎ᠠ ᠪᠠ ᠦᠨᠡᠯᠡᠬᠦ ᠪᠠᠷᠢᠮᠵᠢᠶ᠎ᠠ ᠨᠥᠬᠦᠴᠡᠯ ᠵᠡᠷᠭᠡ ᠭᠤᠷᠪᠠ ᠶᠢ ᠢᠵᠢ ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠵᠢᠯ ᠤᠨ ᠡᠴᠦᠰ ᠠᠴᠠ ᠡᠮᠦᠨ᠎ᠡ ᠠᠵᠢᠯᠳᠠᠨ ᠰᠢᠯᠵᠢᠭᠦᠯᠬᠦ᠂ ᠠᠩᠬ᠎ᠠ ᠤᠳᠠᠭ᠎ᠠ ᠬᠢᠨᠠᠨ ᠰᠢᠯᠭᠠᠬᠤ ᠶᠢ ᠪᠡᠶᠡᠯᠡᠭᠦᠯᠬᠦ ᠶᠢᠨ ᠬᠠᠮᠲᠤ ᠲᠤᠰᠬᠠᠶ ᠮᠡᠷᠭᠡᠵᠢᠯ ᠤᠨ ᠠᠵᠢᠯᠳᠠᠨ ᠢ ᠦᠷᠭᠦᠯᠵᠢᠯᠡᠨ ᠰᠤᠷᠭᠠᠨ ᠬᠥᠮᠦᠵᠢᠭᠦᠯᠬᠦ ᠠᠵᠢᠯ ᠢ ᠴᠢᠩᠭᠠᠳᠬᠠᠬᠤ ᠪᠠᠷ ᠪᠠᠶᠢᠨ᠎ᠠ᠃ ᠡᠭᠦᠨ ᠤ ᠬᠠᠮᠲᠤ᠂ ᠡᠨᠡ ᠵᠢᠯ ᠮᠠᠨ ᠤ ᠣᠷᠣᠨ ᠲᠤᠰᠬᠠᠶ ᠮᠡᠷᠭᠡᠵᠢᠯᠲᠡᠨ ᠤ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠷᠣᠨ ᠤ ᠳᠣᠲᠣᠷ᠎ᠠ ᠭᠠᠳᠠᠨᠠᠬᠢ ᠲᠤᠰᠬᠠᠶ ᠮᠡᠷᠭᠡᠵᠢᠯᠲᠡᠤᠨ ᠢ ᠵᠣᠬᠢᠶᠠᠨ ᠪᠠᠶᠢᠭᠤᠯᠵᠤ᠂ ᠤᠢ ᠰᠢᠭᠤᠶ᠂ ᠠᠭᠤᠷᠬᠠᠶ ᠶᠢᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ ᠮᠠᠯ ᠡᠮᠨᠡᠯᠭᠡ ᠵᠡᠷᠭᠡ 7 ᠵᠦᠢᠯ ᠤᠨ ᠲᠤᠰᠬᠠᠶ ᠮᠡᠷᠭᠡᠵᠢᠯᠲᠡᠨ ᠤ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠢ ᠥᠷᠨᠢᠭᠦᠯᠵᠦ᠂  ᠦᠨᠳᠦᠰᠦᠨ ᠱᠠᠲᠤᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤᠮᠳᠠᠬᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠪᠡ᠃ 44 ᠳ᠋ᠦ᠋ᠭᠡᠷ ᠬᠤᠭᠤᠴᠠᠭᠠᠨ ᠤ ᠳᠡᠯᠡᠬᠡᠶ ᠶᠢᠨ ᠮᠡᠷᠭᠡᠵᠢᠯ ᠴᠢᠳᠠᠪᠤᠷᠢ ᠶᠢᠨ ᠶᠡᠭᠡ ᠤᠷᠤᠯᠳᠤᠭᠠᠨ ᠤ ᠥᠪᠥᠷ ᠮᠣᠩᠭᠤᠯ ᠳᠠᠬᠢ ᠰᠣᠩᠭᠤᠨ ᠰᠢᠯᠭᠠᠷᠠᠭᠤᠯᠬᠤ ᠤᠷᠤᠯᠳᠤᠭᠠᠨ ᠢ ᠥᠷᠨᠢᠭᠦᠯᠵᠦ᠂ ᠪᠦᠬᠦ ᠣᠷᠣᠨ ᠤ ᠡᠯ᠎ᠡ ᠠᠶᠢᠮᠠᠭ ᠬᠤᠲᠠ ᠠᠴᠠ 32 ᠰᠢᠯᠢᠳᠡᠭ ᠬᠥᠮᠥᠰ ᠢ ᠰᠢᠯᠢᠨ ᠰᠣᠩᠭᠤᠵᠤ ᠲᠥᠪᠯᠡᠷᠡᠭᠦᠯᠦᠨ ᠪᠣᠯᠪᠠᠰᠤᠷᠠᠭᠤᠯᠤᠭᠰᠠᠨ ᠪᠦᠭᠡᠳ ᠪᠦᠬᠦ ᠤᠯᠤᠰ ᠤᠨ ᠰᠢᠭᠰᠢᠭᠡ ᠤᠷᠤᠯᠳᠤᠭᠠᠨ ᠳᠤ ᠣᠷᠣᠯᠴᠠᠭᠤᠯᠬᠤ ᠪᠠᠷ ᠲᠠᠨᠢᠯᠴᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号