ᠥᠪᠥᠷ ᠵᠠᠰᠠᠭ ᠠᠯᠪᠠᠨ ᠲᠠᠷᠬᠠᠭᠠᠭᠰᠠᠨ ﹇2016﹈ 36 ᠳ᠋ᠤᠭᠠᠷ ᠲᠤᠭᠠᠳᠤ | 2016 ᠣᠨ ᠤ 4 ᠳ᠋ᠤᠭᠡᠷ ᠰᠠᠷ᠎ᠠ ᠶᠢᠨ 19 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠰᠨᠨᠠᠯ︾ ︵ᠥᠪᠥᠷ ᠵᠠᠰᠠᠭ ᠲᠠᠷᠬᠠᠭᠠᠭᠰᠠᠨ ﹇2015﹈ 104 ᠳ᠋ᠤᠭᠡᠷ ᠲᠣᠭᠠᠲᠤ︶ ᠢ ᠪᠠᠭᠤᠯᠭᠠᠭᠰᠠᠨ ᠠᠴᠠ ᠨᠠᠰᠢ᠂ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠢᠳᠡᠪᠬᠢᠲᠡᠢ ᠬᠦᠳᠡᠯᠦᠯᠴᠡᠨ᠂ ᠲᠠᠰᠤᠷᠠᠯᠲᠠ ᠦᠭᠡᠢ | ᠥᠭᠡᠷᠡᠴᠢᠯᠡᠯᠲᠡ ᠬᠢᠵᠦ ᠰᠥᠪᠡᠭᠴᠢᠯᠡᠨ᠂ ᠪᠦᠬᠦ ᠣᠷᠣᠨ ᠤ ᠡᠷᠦᠬᠡ ᠠᠮᠠ ᠶᠢᠨ ᠬᠠᠷᠢᠶ᠎ᠠ ᠶᠢᠨ ᠲᠥᠷᠢᠮ ᠤᠨ | ᠥᠭᠡᠷᠡᠴᠢᠯᠡᠯᠲᠡ ᠶᠢᠨ ᠠᠵᠢᠯ ᠢᠳᠡᠪᠬᠢᠲᠡᠢ ᠠᠬᠢᠴᠠ ᠲᠠᠢ ᠪᠣᠯᠣᠭᠰᠠᠨ ᠪᠣᠯᠪᠠᠴᠤ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠠ ᠨᠢ ᠪᠣᠳᠠᠲᠠᠶᠢᠵᠢᠵᠤ ᠴᠢᠳᠠᠭ᠎ᠠ ᠦᠭᠡᠢ᠂ ᠡᠷᠦᠬᠡ ᠠᠮᠠ ᠣᠷᠣᠭᠤᠯᠬᠤ ᠨᠦᠬᠦᠴᠡᠯ ᠤᠨ ᠬᠢᠵᠠᠭᠠᠷᠯᠠᠯ ᠶᠡᠬᠡᠲᠡᠢ᠂ | ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠨ ᠰᠢᠯᠵᠢᠬᠦᠯᠦᠭᠰᠡᠨ ᠬᠦᠮᠦᠨ ᠠᠮᠠ ᠶᠢᠨ ᠬᠤᠲᠠ ᠪᠠᠯᠭᠠᠰᠤ ᠳᠤ ᠡᠷᠦᠬᠡ | ᠠᠮᠠ ᠪᠠᠨ ᠣᠷᠤᠭᠤᠯᠬᠤ ᠠᠵᠢᠯ ᠠᠬᠢᠴᠠ ᠪᠠᠷ ᠤᠳᠠᠭᠠᠨ ᠵᠡᠷᠭᠡ ᠠᠰᠠᠭᠤᠳᠠᠯ ᠤᠳ ᠮᠦᠨᠬᠦ ᠣᠷᠣᠰᠢᠵᠤ ᠪᠣᠢ᠃ ︽ | ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2016 | ﹈ 8 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ | ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ ᠶᠢ ᠠᠬᠢᠭᠤᠯᠵᠤ᠂ ᠮᠠᠨ ᠤ | ᠣᠷᠣᠨ ᠤ ᠡᠷᠦᠬᠡ ᠠᠮᠠ ᠶᠢᠨ ᠬᠠᠷᠢᠶ᠎ᠠ ᠶᠢᠨ ᠬᠦᠮᠦᠨ ᠠᠮᠠ ᠶᠢᠨ ᠬᠤᠲᠠ ᠪᠠᠯᠭᠠᠰᠤᠴᠢᠯᠠᠯᠲᠠ ᠶᠢᠨ ᠨᠣᠷᠮ᠎ᠠ ᠶᠢ | ᠲᠦᠷᠭᠡᠳᠭᠡᠨ ᠲᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠨ ᠰᠢᠯᠵᠢᠭᠦᠯᠦᠭᠰᠡᠨ ᠬᠦᠮᠦᠨ ᠠᠮᠠ | ᠪᠣᠯᠣᠨ ᠪᠣᠰᠣᠳ ᠪᠠᠶᠢᠡᠭᠭᠤ ᠰᠠᠭᠤᠭ᠎ᠠ ᠬᠦᠮᠦᠨ ᠠᠮᠠ ᠶᠢᠨ ᠬᠤᠲᠠ ᠪᠠᠯᠭᠠᠰᠤ ᠳᠤ ᠡᠷᠦᠬᠡ ᠠᠮᠠ ᠪᠠᠨ | ᠣᠷᠤᠭᠤᠯᠬᠤ ᠳᠤ ᠠᠭᠤᠵᠢᠭᠤ ᠲᠥᠷᠥ ᠶᠢᠨ ᠪᠣᠳᠣᠯᠭ᠎ᠠ ᠶᠢᠨ ᠣᠷᠴᠢᠨ ᠨᠦᠬᠦᠴᠡᠯ ᠢ ᠪᠣᠢ ᠪᠣᠯᠭᠠᠬᠤ ᠶᠢᠨ ᠲᠤᠰᠠᠲᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠷᠦᠬᠡ ᠠᠮᠠ | ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ ᠡᠷᠦᠬᠡ ᠠᠮᠠ ᠶᠢᠨ | ᠬᠠᠷᠢᠶ᠎ᠠ ᠶᠢᠨ ᠲᠥᠷᠢᠮ ᠤᠨ ᠥᠭᠡᠷᠡᠴᠢᠯᠡᠯᠲᠡ ᠶᠢ ᠲᠥᠷᠭᠡᠳᠭᠡᠬᠦ ᠪᠠᠷ ᠡᠳᠦᠭᠡ ᠳᠣᠣᠷᠠᠬᠢ ᠰᠠᠨᠠᠯ ᠤᠳ ᠢ | ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠ᠂ ᠳᠥᠷᠪᠡ᠂ ᠲᠠᠪᠤᠳᠤᠭᠠᠷ ᠪᠦᠭᠦᠲᠡ ᠬᠤᠷᠠᠯ ᠵᠢᠴᠢ ᠲᠥᠪ ᠪᠠ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢᠨ ᠠᠵᠢᠯ᠂ ᠬᠤᠲᠠ ᠪᠠᠯᠭᠠᠰᠤᠴᠢᠯᠠᠯᠲᠠ ᠶᠢᠨ ᠠᠵᠢᠯ᠂ ᠬᠤᠲᠠ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠴᠢᠯᠠᠯᠲᠠ ᠶᠢᠨ ᠬᠦᠭᠵᠢᠯᠲᠡ ᠶᠢ ᠠᠬᠢᠭᠤᠯᠬᠤ ᠬᠡᠷᠡᠭᠴᠡᠭᠡ ᠳᠤ ᠵᠣᠬᠢᠴᠠᠵᠤ᠂ ᠢᠳᠡᠪᠬᠢᠲᠡᠢ ᠪᠦᠭᠡᠳ | ᠯᠠᠪᠳᠠᠭᠤᠨ ᠪᠠᠶᠢᠯᠭᠠᠬᠤ᠂ ᠠᠭᠤᠵᠢᠭᠤ ᠲᠠᠯᠪᠢᠬᠤ ᠶᠢ ᠨᠢ ᠲᠠᠯᠪᠢᠵᠤ᠂ ᠡᠷᠦᠬᠡ ᠠᠮᠠ ᠪᠠᠨ ᠤᠷᠤᠭᠤᠯᠬᠤ | ᠴᠢᠬᠤᠯᠠᠲᠠᠢ ᠶᠢ ᠨᠢ ᠴᠢᠳᠠᠬᠤ ᠶᠢᠨ ᠳᠣᠲᠤᠷ᠎ᠠ ᠣᠷᠤᠭᠤᠯᠬᠤ ᠵᠠᠷᠴᠢᠮ ᠶᠣᠰᠤᠭᠠᠷ᠂ ᠡᠷᠦᠬᠡ ᠠᠮᠠ ᠶᠢᠨ ᠬᠠᠷᠢᠶ᠎ᠠ ᠶᠢᠨ | ᠲᠥᠷᠢᠮ ᠤᠨ ᠥᠭᠡᠷᠡᠴᠢᠯᠡᠯᠲᠡ ᠶᠢ ᠲᠥᠷᠭᠡᠳᠭᠡᠵᠦ᠂ ᠡᠷᠦᠬᠡ ᠠᠮᠠ ᠰᠢᠯᠵᠢᠭᠦᠯᠬᠦ ᠶᠢ ᠠᠭᠤᠵᠢᠭᠤ ᠲᠠᠯᠪᠢᠬᠤ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠨ | ᠰᠢᠯᠵᠢᠭᠦᠯᠦᠭᠰᠡᠨ ᠬᠦᠮᠦᠨ ᠠᠮᠠ ᠪᠣᠯᠣᠨ ᠪᠣᠰᠣᠳ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠲᠠ ᠪᠠᠯᠭᠠᠰᠤ ᠳᠤ | ᠡᠷᠦᠬᠡ ᠠᠮᠠ ᠪᠠᠨ ᠣᠷᠤᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠮᠦᠨ ᠠᠮᠠ ᠶᠢᠨ ᠬᠤᠲᠠ | ᠪᠠᠯᠭᠠᠰᠤ ᠲᠡᠰᠢ ᠨᠡᠭᠦᠬᠦ ᠶᠢ ᠬᠦᠳᠦᠯᠦᠨ ᠵᠢᠯᠣᠭᠤᠳᠴᠤ᠂ ᠮᠠᠯᠴᠢᠨ ᠲᠠᠷᠢᠶᠠᠴᠢᠨ ᠤ ᠬᠦᠯᠦᠰᠦᠨ ᠠᠵᠢᠯᠴᠢᠨ ᠢ | ᠬᠤᠲᠠ ᠶᠢᠨ ᠠᠷᠠᠳ ᠪᠣᠯᠭᠠᠬᠤ᠂ ᠬᠤᠲᠠ ᠪᠠᠯᠭᠠᠰᠤ ᠳᠤ ᠪᠠᠶᠢᠩᠭᠤ ᠰᠠᠭᠤᠭ᠎ᠠ ᠬᠦᠮᠦᠨ ᠠᠮᠠ ᠶᠢ ᠢᠵᠢᠯ | ᠬᠤᠲᠠᠴᠢᠯᠠᠬᠤ ᠪᠠ ᠣᠯᠠᠨ ᠨᠡᠶᠢᠲᠡ ᠶᠢᠨ ᠥᠢᠯᠡᠴᠢᠯᠡᠭᠡᠨ ᠤ ᠳᠡᠩᠴᠡᠭᠦᠷᠢᠵᠡᠯ ᠢ ᠠᠬᠢᠭᠤᠯᠬᠤ ᠬᠡᠷᠡᠭᠲᠡᠢ᠃ | ᠬᠤᠶᠠᠷ᠂ ᠣᠳᠣ ᠶᠢᠨ ᠬᠡᠷᠡᠭᠵᠢᠭᠦᠯᠵᠦ ᠪᠥᠬᠦᠢ ᠡᠷᠦᠬᠡ ᠠᠮᠠ ᠣᠷᠤᠭᠤᠯᠬᠤ ᠲᠥᠷᠥ ᠶᠢᠨ ᠪᠣᠳᠣᠯᠭ᠎ᠠ ᠶᠢᠨ | ᠰᠠᠭᠤᠷᠢᠠ ᠳᠡᠭᠡᠷ᠎ᠡ᠂ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠤᠯᠠᠮ ᠨᠢᠭᠡ ᠠᠯᠬᠤᠮ | ᠲᠣᠬᠢᠷᠠᠭᠤᠯᠤᠯᠲᠠ ᠬᠢᠬᠦ ᠬᠡᠷᠡᠭᠲᠡᠢ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠨᠡᠭᠦᠳᠡᠯ ᠬᠦᠮᠥᠨ ᠠᠮᠠ ᠠᠵᠢᠯ ᠣᠯᠣᠭᠰᠠᠨ ᠭᠠᠵᠠᠷ ᠲᠤ | ᠡᠷᠦᠬᠡ ᠠᠮᠠ ᠪᠠᠨ ᠣᠷᠤᠭᠤᠯᠵᠤ ᠪᠣᠯᠣᠨ᠎ᠠ᠃ | ᠬᠤᠲᠠ᠂ ᠪᠠᠶᠢᠭᠤᠯᠤᠮᠵᠢᠲᠦ ᠪᠠᠯᠭᠠᠰᠤ ᠳᠤ ᠣᠷᠤᠵᠤ ᠰᠠᠭᠤᠷᠢᠰᠢᠨ ᠠᠮᠢᠳᠤᠷᠠᠬᠤ ᠮᠠᠯᠵᠢᠬᠤ ᠲᠠᠷᠢᠶᠠᠯᠠᠬᠤ | ᠣᠷᠣᠨ ᠤ ᠠᠮᠠᠨ ᠲᠤᠭ᠎ᠠ ᠲᠠᠢ ᠬᠦᠮᠦᠰ ᠬᠠᠤᠯᠢ ᠶᠣᠰᠤᠨ ᠤ ᠲᠣᠭᠲᠠᠪᠤᠷᠢᠲᠠᠢ ᠰᠠᠭᠤᠭ᠎ᠠ ᠣᠷᠣᠨ ᠰᠠᠭᠤᠴᠠ ︵ | ᠲᠦᠷᠢᠶᠡᠰᠦᠯᠡᠬᠦ ᠶᠢ ᠪᠠᠭᠲᠠᠭᠠᠨ᠎ᠠ︶ ᠶᠢᠨ ᠨᠦᠬᠦᠴᠡᠯ ᠢᠶᠠᠷ ᠢᠶᠠᠨ ᠬᠤᠲᠠ ᠪᠠᠯᠭᠠᠰᠤ ᠳᠤ ᠡᠷᠦᠬᠡ ᠠᠮᠠ ᠣᠷᠣᠭᠤᠯᠬᠤ ᠶᠢ | ᠭᠤᠶᠤᠴᠢᠯᠠᠵᠤ ᠪᠣᠯᠣᠨ᠎ᠠ᠂ ᠪᠠᠰᠠ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠣᠭᠰᠠᠨ ᠨᠦᠬᠦᠴᠡᠯ ᠢᠶᠠᠷ ᠢᠶᠠᠨ | ᠬᠤᠲᠠ ᠪᠠᠯᠭᠠᠰᠤ ᠳᠤ ᠡᠷᠦᠬᠡ ᠠᠮᠠ ᠣᠷᠤᠭᠤᠯᠬᠤ ᠪᠠᠷ ᠭᠤᠶᠤᠴᠢᠯᠠᠵᠤ ᠪᠣᠯᠣᠨ᠎ᠠ᠃ ᠮᠠᠯᠵᠢᠬᠤ ᠲᠠᠷᠢᠶᠠᠯᠠᠬᠤ | ᠣᠷᠣᠨ ᠤ ᠠᠮᠠᠨ ᠲᠤᠭ᠎ᠠ ᠲᠠᠢ ᠬᠦᠮᠦᠰ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠲᠠ᠂ ᠪᠠᠶᠢᠭᠤᠯᠤᠮᠵᠢᠲᠦ | ᠪᠠᠯᠭᠠᠰᠤ ᠳᠤ ᠬᠠᠤᠯᠢ ᠶᠣᠰᠤᠭᠠᠷ ᠲᠣᠭᠲᠠᠪᠤᠷᠢᠲᠠᠢ ᠠᠵᠢᠯ ᠣᠯᠵᠤ᠂ ᠲᠤᠰ ᠬᠦᠮᠦᠨ ᠵᠢᠴᠢ ᠬᠠᠮᠳᠤ ᠰᠠᠭᠤᠵᠤ | ᠠᠮᠢᠳᠤᠷᠠᠵᠤ ᠪᠠᠶᠢᠭ᠎ᠠ ᠬᠠᠨᠢ ᠨᠥᠬᠦᠷ᠂ ᠦᠷ᠎ᠡ ᠬᠡᠤᠭᠡᠳ᠂ ᠣᠮᠪᠣᠯᠤ ︵ᠵᠢᠭᠡ ᠣᠮᠪᠣᠯᠤ︶ ᠪᠣᠯᠣᠨ ᠡᠷ᠎ᠡ ᠡᠮ᠎ᠡ | ᠬᠤᠶᠠᠷ ᠲᠠᠯ᠎ᠠ ᠶᠢᠨ ᠡᠴᠢᠬᠡ ᠡᠬᠡ ᠨᠢ ᠠᠵᠢᠯᠯᠠᠵᠤ ᠪᠠᠶᠢᠭ᠎ᠠ ᠭᠠᠵᠠᠷ ᠲᠤᠨᠢ ᠪᠠᠶᠢᠩᠭᠤ ᠰᠠᠭᠤᠬᠤ ᠡᠷᠦᠬᠡ ᠠᠮᠠ | ᠳᠠᠩᠰᠠᠯᠠᠭᠤᠯᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠤᠲᠠ | ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠬᠤ ᠵᠡᠷᠭᠡ ᠪᠣᠰᠣᠳ ᠨᠦᠬᠦᠴᠡᠯ ᠳᠤ ᠬᠢᠵᠠᠭᠠᠷᠯᠠᠭᠳᠠᠬᠤ ᠦᠭᠡᠢ᠃ | ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ ᠭᠡᠳᠡᠭ ᠨᠢ ᠲᠥᠷᠥ ᠶᠢᠨ ᠪᠠᠶᠢᠭᠤᠯᠭ᠎ᠠ᠂ ᠨᠡᠶᠢᠭᠡᠮ ᠤᠨ | ᠪᠥᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠯᠰᠡᠭᠰᠡᠨ ᠪᠦᠭᠡᠳ ᠬᠠᠤᠯᠢ ᠶᠣᠰᠤᠭᠠᠷ | ᠬᠥᠳᠡᠯᠮᠥᠷᠢ ᠶᠢᠨ ᠭᠡᠷ᠎ᠡ ᠲᠣᠭᠲᠠᠭᠰᠠᠨ ᠪᠣᠶᠤ ᠬᠤᠲᠠ ᠪᠠᠯᠭᠠᠰᠤ ᠳᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ | ᠡᠷᠬᠢᠯᠡᠨ ᠬᠢᠵᠦ ᠪᠠᠶᠢᠬᠤ ᠶᠢᠨ ᠬᠠᠮᠳᠤ ᠠᠵᠤ ᠥᠢᠯᠡᠳᠪᠥᠷᠢ ᠬᠤᠳᠠᠯᠳᠤᠭ᠎ᠠ ᠶᠢᠨ ᠥᠨᠡᠮᠯᠡᠯ ᠲᠠᠢ ᠪᠠᠶᠢᠬᠤ ᠵᠡᠷᠭᠡ ᠶᠢ | ᠵᠢᠭᠠᠵᠤ ᠪᠣᠢ᠂ ᠡᠯ᠎ᠡ ᠭᠠᠵᠠᠷ ᠣᠷᠣᠨ ᠨᠤᠭᠤᠳ ᠪᠣᠳᠠᠲᠠᠢ ᠲᠠᠢ ᠪᠠᠨ ᠤᠶᠠᠯᠳᠤᠭᠤᠯᠵᠤ ᠪᠣᠳᠠᠲᠠᠢ ᠪᠦᠭᠡᠳ ᠵᠦᠢ | ᠵᠣᠬᠢᠰᠲᠠᠢ ᠪᠠᠷ ᠲᠣᠭᠲᠠᠭᠠᠬᠤ ᠬᠡᠷᠡᠭᠲᠡᠢ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠶᠢᠨ ᠰᠤᠷᠭᠠᠭᠤᠯᠢ ᠳᠠᠪᠰᠢᠬᠤ ᠪᠠ ᠴᠡᠷᠢᠭ ᠲᠤ | ᠣᠷᠣᠵᠤ ᠬᠤᠲᠠ ᠪᠠᠯᠭᠠᠰᠤ ᠳᠤ ᠣᠷᠣᠬᠤ ᠬᠦᠮᠦᠨ ᠠᠮᠠ᠂ ᠬᠤᠲᠠ ᠪᠠᠯᠭᠠᠰᠤ ᠳᠤ ᠤᠷᠲᠤ ᠬᠤᠭᠤᠴᠠᠭ᠎ᠠ ᠪᠠᠷ | ᠠᠵᠢᠯᠯᠠᠵᠤ ᠰᠠᠭᠤᠬᠤ ᠪᠠ ᠭᠡᠷ ᠢᠶᠠᠷ ᠢᠶᠠᠨ ᠨᠡᠭᠦᠬᠦ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠨ ᠰᠢᠯᠵᠢᠭᠦᠯᠬᠦ | ᠬᠦᠮᠦᠨ ᠠᠮᠠ ᠶᠢᠨ ᠡᠷᠦᠬᠡ ᠠᠮᠠ ᠪᠠᠨ ᠣᠷᠤᠭᠤᠯᠬᠤ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠤᠯᠭᠠᠬᠤ | ᠬᠡᠷᠡᠭᠲᠡᠢ᠃ | 1. ᠥᠪᠡᠷᠲᠡᠭᠡᠨ ᠵᠠᠰᠠᠬᠤ ᠣᠷᠣᠨ ᠳᠠᠬᠢ ᠮᠠᠯᠵᠢᠬᠤ ᠲᠠᠷᠢᠶᠠᠯᠠᠬᠤ ᠣᠷᠣᠨ ᠤ ᠣᠷᠣᠨ ᠤ ᠳᠣᠲᠣᠷᠠᠬᠢ ᠶᠡᠭᠡ | ᠰᠤᠷᠭᠠᠭᠤᠯᠢ ᠪᠤᠯᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠢᠯᠭᠠᠨ ᠣᠷᠣᠵᠤ ᠪᠢᠴᠢᠭ | ᠦᠵᠡᠬᠦ ᠰᠤᠷᠤᠭᠴᠢᠳ ᠪᠤᠯ᠂ ᠲᠤᠰ ᠬᠦᠮᠦᠨ ᠤ ᠬᠦᠰᠡᠯ ᠡᠷᠡᠮᠡᠯᠵᠡᠯ ᠢᠶᠠᠷ ᠡᠷᠦᠬᠡ ᠠᠮᠠ ᠶᠢ ᠨᠢ ᠰᠠᠭᠤᠭ᠎ᠠ | ᠰᠤᠷᠭᠠᠭᠤᠯᠢ ᠶᠢᠨ ᠨᠡᠶᠢᠲᠡ ᠶᠢᠨ ᠡᠷᠦᠬᠡ ᠠᠮᠠ ᠳᠤ ᠰᠢᠯᠵᠢᠭᠦᠯᠦᠨ ᠣᠷᠤᠭᠤᠯᠵᠤ ᠪᠣᠯᠣᠨ᠎ᠠ᠃ ᠲᠡᠭᠦᠰᠦᠭᠰᠡᠨ ᠤ | ᠳᠠᠷᠠᠭ᠎ᠠ ᠪᠣᠳᠠᠲᠠᠢ ᠪᠠᠶᠢᠳᠠᠯ ᠢᠶᠠᠨ ᠥᠨᠳᠦᠰᠦᠯᠡᠨ ᠦᠷᠭᠦᠯᠵᠢ ᠰᠠᠭᠤᠭ᠎ᠠ ᠭᠠᠵᠠᠷ᠂ ᠠᠵᠢᠯ ᠣᠯᠣᠭᠰᠠᠨ ︵ᠠᠳᠠᠯ | ᠦᠢᠯᠡᠰ ᠴᠣᠭᠴᠠᠯᠠᠬᠤ︶ ᠭᠠᠵᠠᠷ ᠪᠣᠶᠤ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠬᠡ ᠠᠮᠠ ᠶᠢᠨ ᠬᠠᠷᠢᠶ᠎ᠠ ᠶᠢᠨ | ᠪᠠᠶᠢᠭ᠎ᠠ ᠭᠠᠵᠠᠷ ᠲᠤ ᠰᠢᠯᠵᠢᠭᠦᠯᠦᠨ ᠣᠷᠤᠭᠤᠯᠵᠤ ᠪᠣᠯᠣᠨ᠎ᠠ᠃ | 2. ᠴᠡᠷᠢᠭ ᠤᠨ ᠠᠯᠪᠠᠨ ᠠᠴᠠ ᠪᠠᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ | ᠬᠠᠷᠢᠶ᠎ᠠ ᠲᠠᠢ ᠠᠯᠪᠠᠨ ᠵᠢᠷᠤᠮ ᠤᠨ ᠴᠡᠷᠢᠭ ᠪᠣᠯᠣᠨ ᠪᠠᠭ᠎ᠠ ᠣᠹᠢᠼᠧᠷ ᠪᠤᠯ᠂ ᠲᠣᠰ ᠬᠦᠮᠦᠨ ᠤ ᠬᠦᠰᠡᠯ | ᠡᠷᠡᠮᠡᠯᠵᠡᠯ ᠢᠶᠠᠷ ᠨᠢ ᠦᠷᠭᠦᠯᠵᠢ ᠰᠠᠭᠤᠭ᠎ᠠ ᠭᠠᠵᠠᠷ ᠲᠤ ᠡᠷᠦᠬᠡ ᠠᠮᠠ ᠪᠠᠨ ᠳᠠᠩᠰᠠᠯᠠᠭᠤᠯᠬᠤ ᠵᠠᠷᠴᠢᠮ ᠤᠨ ᠶᠣᠰᠤᠭᠠᠷ᠂ | ᠤᠳᠤ ᠪᠠᠷ ᠢᠶᠠᠨ ᠰᠠᠭᠤᠷᠢᠰᠢᠨ ᠠᠮᠢᠳᠤᠷᠠᠵᠦ ᠪᠠᠶᠢᠭ᠎ᠠ ᠬᠤᠲᠠ᠂ ᠪᠠᠶᠢᠭᠤᠯᠤᠮᠵᠢᠲᠦ ᠪᠠᠯᠭᠠᠰᠤ ᠳᠤ ᠡᠷᠦᠬᠡ ᠠᠮᠠ ᠪᠠᠨ | ᠰᠢᠯᠵᠢᠭᠦᠯᠦᠨ ᠣᠷᠤᠭᠤᠯᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠤᠨ ᠤ ᠲᠣᠭᠲᠠᠪᠤᠷᠢᠲᠠᠢ ᠰᠠᠭᠤᠬᠤ ᠭᠠᠵᠠᠷ᠂ | ᠬᠠᠤᠯᠢ ᠶᠣᠰᠣᠨ ᠤ ᠲᠣᠭᠲᠠᠪᠤᠷᠢᠲᠠᠢ ᠠᠵᠢᠯ ᠤᠯᠭᠤᠯᠲᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ | ᠣᠷᠣᠯᠴᠠᠬᠤ ᠵᠡᠷᠭᠡ ᠪᠣᠰᠣᠳ ᠨᠦᠬᠦᠴᠡᠯ ᠳᠤ ᠬᠢᠵᠠᠭᠠᠷᠯᠠᠭᠳᠠᠬᠤ ᠦᠭᠡᠢ᠃ | 3. ᠢᠵᠢᠯ ᠨᠢᠭᠡᠨ ᠬᠤᠲᠠ᠂ ᠪᠠᠶᠢᠭᠤᠯᠤᠮᠵᠢᠲᠦ ᠪᠠᠯᠭᠠᠰᠤ ᠳᠤ ᠥᠷᠭᠦᠯᠵᠢᠯᠡᠨ 3 ᠵᠢᠯ ᠠᠴᠠ ᠳᠡᠭᠡᠭᠰᠢ | ᠰᠠᠭᠤᠭᠰᠠᠨ ᠪᠠ ᠭᠡᠷ ᠢᠶᠠᠷ ᠢᠶᠠᠨ ᠬᠤᠲᠠ᠂ ᠪᠠᠶᠢᠭᠤᠯᠤᠮᠵᠢᠲᠦ ᠪᠠᠯᠭᠠᠰᠤ ᠳᠤ ᠰᠠᠭᠤᠵᠤ ᠠᠮᠢᠳᠤᠷᠠᠭᠰᠠᠨ ᠮᠠᠯᠵᠢᠬᠤ | ᠲᠠᠷᠢᠶᠠᠯᠠᠬᠤ ᠣᠷᠣᠨ ᠤ ᠠᠮᠠᠨ ᠲᠤᠭ᠎ᠠ ᠲᠠᠢ ᠬᠥᠮᠥᠰ ᠪᠤᠯ᠂ ᠲᠤᠰ ᠬᠦᠮᠦᠨ ᠤ ᠬᠦᠰᠡᠯ ᠡᠷᠡᠮᠡᠯᠵᠡᠯ ᠢᠶᠠᠷ ᠨᠢ | ᠦᠷᠭᠦᠯᠵᠢ ᠰᠠᠭᠤᠭ᠎ᠠ ᠭᠠᠵᠠᠷ ᠤᠨ ᠡᠷᠦᠬᠡ ᠠᠮᠠ ᠳᠠᠩᠰᠠᠯᠠᠬᠤ ᠵᠠᠷᠴᠢᠮ ᠤᠨ ᠶᠣᠰᠤᠭᠠᠷ ᠤᠳᠤ ᠪᠠᠷ ᠢᠶᠠᠨ ᠰᠠᠭᠤᠷᠢᠰᠢᠨ | ᠠᠮᠢᠳᠤᠷᠠᠵᠤ ᠪᠠᠶᠢᠭ᠎ᠠ ᠬᠤᠲᠠ᠂ ᠪᠠᠶᠢᠭᠤᠯᠤᠮᠵᠢᠲᠦ ᠪᠠᠯᠭᠠᠰᠤ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ | ᠪᠣᠯᠣᠨ᠎ᠠ᠂ ᠬᠠᠤᠯᠢ ᠶᠣᠰᠤᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠤᠨ ᠤ ᠲᠣᠭᠲᠠᠪᠤᠷᠢᠲᠠᠢ ᠠᠵᠢᠯ | ᠣᠯᠭᠤᠯᠲᠠ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠣᠰᠣᠳ ᠨᠦᠬᠦᠴᠡᠯ ᠳᠤ | ᠬᠢᠵᠠᠭᠠᠷᠯᠠᠭᠳᠠᠬᠤ ᠦᠭᠡᠢ᠃ | ︵ᠭᠤᠷᠪᠠ︶ ᠳᠡᠭᠡᠲᠦ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠠᠵᠢᠯᠴᠢᠨ᠂ ᠠᠵᠢᠯ ᠮᠡᠷᠭᠡᠵᠢᠯ ᠤᠨ | ᠳᠡᠭᠡᠲᠦ ᠰᠤᠷᠭᠠᠭᠤᠯᠢ ᠲᠡᠭᠦᠰᠦᠭᠰᠡᠳ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠣᠴᠠᠵᠤ ᠢᠷᠡᠭᠰᠡᠳ ᠲᠤ | ᠡᠷᠦᠬᠡ ᠠᠮᠠ ᠪᠠᠨ ᠤᠷᠤᠭᠤᠯᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠤᠯᠭᠠᠬᠤ ᠬᠡᠷᠡᠭᠲᠡᠢ᠃ | ᠤᠯᠤᠰ ᠤᠨ ᠵᠦᠪᠰᠢᠶᠡᠷᠡᠭᠰᠡᠨ ᠶᠡᠭᠡ ᠰᠤᠷᠭᠠᠭᠤᠯᠢ ᠪᠠ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠠᠴᠠ | ᠳᠡᠭᠡᠭᠰᠢᠬᠢ ᠰᠤᠷᠤᠯᠴᠠᠬᠰᠠᠨ ᠨᠠᠮᠲᠠᠷ ᠲᠠᠢ ᠳᠡᠭᠡᠲᠦ ᠰᠤᠷᠭᠠᠭᠤᠯᠢ ᠲᠡᠭᠦᠰᠦᠭᠰᠡᠳ᠂ ᠣᠷᠣᠨ ᠤ ᠳᠣᠲᠣᠷᠠᠬᠢ ᠳᠤᠮᠳᠠ | ᠵᠡᠷᠭᠡ ᠶᠢᠨ ᠠᠵᠢᠯ ᠮᠡᠷᠭᠡᠵᠢᠯ ︵ᠮᠡᠷᠭᠡᠵᠢᠯ︶ ᠤᠨ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠳᠡᠰ ᠤᠨ ᠦᠨᠡᠮᠯᠡᠯ | ᠪᠣᠶᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠣᠭᠰᠠᠨ ᠬᠦᠮᠦᠰ ᠵᠢᠴᠢ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠬᠡᠷᠡᠭᠴᠡᠭᠡᠲᠡᠢ ᠮᠡᠷᠭᠡᠵᠢᠯ ᠤᠨ ᠠᠵᠢᠯᠴᠢᠨ᠂ ᠭᠠᠳᠠᠭᠠᠳᠤ ᠳᠤ ᠰᠤᠷᠤᠯᠴᠠᠭᠠᠳ | ᠤᠯᠤᠰ ᠲᠠᠭᠠᠨ ᠪᠣᠴᠠᠵᠤ ᠢᠷᠡᠭᠰᠡᠳ ᠪᠤᠯ᠂ ᠲᠤᠰ ᠬᠦᠮᠦᠨ ᠤ ᠬᠦᠰᠡᠯ ᠡᠷᠡᠮᠡᠯᠵᠡᠯ ᠢᠶᠠᠷ ᠨᠢ ᠦᠷᠭᠦᠯᠵᠢ ᠰᠠᠭᠤᠭ᠎ᠠ | ᠭᠠᠵᠠᠷ ᠤᠨ ᠡᠷᠦᠬᠡ ᠠᠮᠠ ᠳᠠᠩᠰᠠᠯᠠᠬᠤ ᠵᠠᠷᠴᠢᠮ ᠤᠨ ᠶᠣᠰᠤᠭᠠᠷ᠂ ᠮᠠᠨ ᠤ ᠣᠷᠣᠨ ᠤ ᠲᠤᠮᠦ ᠳᠤᠮᠳᠠ ᠵᠢᠵᠢᠭ ᠬᠤᠲᠠ | ᠂ ᠪᠠᠶᠢᠭᠤᠯᠤᠮᠵᠢᠲᠦ ᠪᠠᠯᠭᠠᠰᠤ ᠳᠤ ᠡᠷᠦᠬᠡ ᠠᠮᠠ ᠪᠠᠨ ᠣᠷᠣᠭᠤᠯᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ | ᠶᠣᠰᠤᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠮᠡᠷᠭᠡᠵᠢᠯ᠂ ᠬᠤᠲᠠ | ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠣᠰᠣᠳ ᠨᠦᠬᠦᠴᠡᠯ ᠳᠤ ᠬᠢᠵᠠᠭᠠᠷᠯᠠᠭᠳᠠᠬᠤ | ᠦᠭᠡᠢ᠃ | ︵ᠲᠥᠷᠪᠡ︶ ᠲᠦᠰᠢᠵᠦ ᠨᠡᠶᠢᠯᠡᠵᠦ ᠰᠠᠭᠤᠬᠤ ᠲᠦᠷᠦᠯ ᠤᠨ ᠡᠷᠦᠬᠡ ᠠᠮᠠ ᠣᠷᠤᠭᠤᠯᠬᠤ ᠨᠦᠬᠦᠴᠡᠯ ᠢ | ᠠᠭᠤᠵᠢᠭᠤ ᠪᠤᠯᠭᠠᠬᠤ ᠬᠡᠷᠡᠭᠲᠡᠢ᠃ | ᠲᠣᠭᠤᠷᠢᠭ ᠪᠠᠶᠢᠭᠤᠯᠤᠭᠰᠠᠨ ᠬᠤᠲᠠ ᠶᠢᠨ ᠬᠤᠲᠠ ᠶᠢᠨ ᠲᠣᠭᠤᠷᠢᠭ᠂ ᠰᠢᠶᠠᠨ ᠤ ᠲᠡᠰ ᠤᠨ ᠬᠤᠲᠠ ᠶᠢᠨ | ᠬᠤᠲᠠ ᠶᠢᠨ ᠲᠣᠭᠤᠷᠢᠭ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠪᠠᠯᠭᠠᠰᠤ ᠵᠢᠴᠢ | ᠪᠠᠶᠢᠭᠤᠯᠤᠮᠵᠢᠲᠦ ᠪᠠᠯᠭᠠᠰᠤ ᠶᠢᠨ ᠪᠠᠯᠭᠠᠰᠤ ᠶᠢᠨ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠬᠦᠮᠦᠰ ᠤᠨ | ᠬᠠᠮᠲᠤ ᠳᠠᠭᠠᠨ ᠰᠠᠭᠤᠵᠤ ᠠᠮᠢᠳᠤᠷᠠᠵᠤ ᠪᠠᠶᠢᠭ᠎ᠠ ᠬᠠᠨᠢ ᠨᠥᠬᠦᠷ᠂ ᠥᠷ᠎ᠡ ᠬᠡᠤᠭᠡᠳ᠂ ᠣᠮᠪᠤᠯᠤ ︵ᠵᠢᠭᠡ ᠣᠮᠪᠤᠯᠤ︶ | ᠪᠣᠯᠣᠨ ᠡᠷ᠎ᠡ ᠡᠮ᠎ᠡ ᠬᠤᠶᠠᠭᠤᠯᠠ ᠶᠢᠨ ᠬᠤᠶᠠᠷ ᠲᠠᠯ᠎ᠠ ᠶᠢᠨ ᠡᠴᠢᠭᠡ ᠡᠬᠡ ᠨᠢ ᠲᠦᠰᠢᠵᠦ ᠨᠡᠶᠢᠯᠡᠵᠦ ᠰᠠᠭᠤᠬᠤ ᠪᠠᠷ | ᠡᠷᠦᠬᠡ ᠠᠮᠠ ᠣᠷᠤᠭᠤᠯᠬᠤ ᠪᠠᠷ ᠭᠤᠶᠤᠴᠢᠯᠠᠵᠤ ᠪᠣᠯᠣᠨ᠎ᠠ᠂ ᠲᠦᠰᠢᠵᠦ ᠨᠡᠶᠢᠯᠡᠵᠦ ᠰᠠᠭᠤᠬᠤ ᠬᠦᠮᠦᠨ ᠤ ᠨᠠᠰᠤ᠂ | ᠤᠷᠤᠭᠯᠠᠭᠰᠠᠨ ᠡᠰᠡᠬᠦ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠠ ᠣᠷᠣᠨ | ᠰᠠᠭᠤᠴᠠ ᠶᠢᠨ ᠲᠠᠯᠠᠪᠠᠢ ᠵᠡᠷᠭᠡ ᠪᠣᠰᠣᠳ ᠨᠦᠬᠦᠴᠡᠯ ᠳᠤ ᠬᠢᠵᠠᠭᠠᠷᠯᠠᠭᠳᠠᠬᠤ ᠦᠭᠡᠢ᠃ | ︵ᠲᠠᠪᠤ︶ ᠬᠦᠬᠡᠬᠤᠲᠠ᠂ ᠪᠣᠭᠤᠳᠤ ᠬᠤᠲᠠ ᠶᠢᠨ ᠬᠤᠲᠠ ᠶᠢᠨ ᠲᠣᠭᠤᠷᠢᠭ ᠤᠨ ᠡᠷᠦᠬᠡ ᠠᠮᠠ ᠣᠷᠣᠭᠤᠯᠬᠤ | ᠨᠥᠬᠦᠴᠡᠯ ᠢ ᠠᠭᠤᠵᠢᠭᠤ ᠪᠤᠯᠭᠠᠬᠤ ᠬᠡᠷᠡᠭᠲᠡᠢ᠃ | ᠬᠥᠬᠡᠬᠤᠲᠠ᠂ ᠪᠣᠭᠤᠳᠤ ᠬᠤᠲᠠ ᠶᠢᠨ ᠬᠤᠲᠠ ᠶᠢᠨ ᠲᠣᠭᠤᠷᠢᠭ ᠨᠢ ᠤᠯᠤᠰ ᠤᠨ ᠡᠷᠦᠬᠡ ᠠᠮᠠ ᠶᠢᠨ | ᠬᠠᠷᠢᠶ᠎ᠠ ᠶᠢᠨ ᠳᠥᠷᠢᠮ ᠤᠨ ᠥᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ ᠪᠠ ᠲᠤᠰ ᠭᠠᠵᠠᠷ ᠣᠷᠣᠨ ᠤ ᠪᠣᠳᠠᠲᠤ | ᠪᠠᠶᠢᠳᠠᠯ ᠤᠨ ᠶᠣᠰᠤᠭᠠᠷ᠂ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠳᠠᠷᠦ᠋ᠢᠬᠠᠨ ᠲᠣᠬᠢᠷᠠᠭᠤᠯᠤᠯᠲᠠ | ᠬᠢᠵᠦ ᠠᠭᠠᠵᠢᠭᠤ ᠪᠤᠯᠭᠠᠨ᠂ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠨ ᠰᠢᠯᠵᠢᠭᠦᠯᠦᠭᠰᠡᠨ ᠬᠦᠮᠦᠨ ᠠᠮᠠ ᠪᠠ | ᠪᠣᠰᠣᠳ ᠪᠠᠶᠢᠩᠭᠤ ᠰᠠᠭᠤᠭ᠎ᠠ ᠬᠦᠮᠦᠨ ᠠᠮᠠ ᠶᠢᠨ ᠡᠷᠦᠬᠡ ᠠᠮᠠ ᠣᠷᠤᠭᠤᠯᠬᠤ ᠶᠢ ᠠᠬᠢᠭᠤᠯᠬᠤ ᠬᠡᠷᠡᠭᠲᠡᠢ᠃ | ᠬᠦᠬᠡᠬᠤᠲᠠ᠂ ᠪᠣᠭᠤᠳᠤ ᠬᠤᠲᠠ ᠶᠢᠨ ᠬᠤᠲᠠ ᠶᠢᠨ ᠲᠣᠭᠤᠷᠢᠭ ᠨᠢ ᠬᠤᠲᠠ ᠪᠠᠯᠭᠠᠰᠤ ᠶᠢᠨ ᠨᠡᠶᠢᠭᠡᠮ ᠤᠨ | ᠳᠠᠭᠠᠳᠬᠠᠯ ᠳᠤ ᠣᠷᠣᠵᠤ ᠡᠷᠦᠬᠡ ᠠᠮᠠ ᠣᠷᠣᠭᠤᠯᠬᠤ ᠨᠥᠬᠦᠴᠡᠯ ᠢ ᠬᠦᠴᠦᠨ ᠦᠭᠡᠢ ᠪᠣᠯᠭᠠᠵᠤ᠂ ᠬᠠᠤᠯᠢ | ᠶᠣᠰᠣᠨ ᠤ ᠲᠣᠭᠲᠠᠭᠤᠨ ᠠᠵᠢᠯ ᠣᠯᠭᠤᠯᠲᠠ ᠶᠢᠨ ᠮᠠᠭᠠᠳᠯᠠᠨ ᠲᠣᠭᠲᠠᠭᠠᠬᠤ ᠬᠦᠷᠢᠶ᠎ᠡ ᠬᠡᠪᠴᠢᠶ᠎ᠡ ᠪᠠᠨ ᠥᠷᠭᠡᠳᠭᠡᠵᠦ᠂ | ᠡᠷᠦᠬᠡ ᠠᠮᠠ ᠣᠷᠣᠬᠤ ᠶᠢ ᠵᠦᠪᠰᠢᠶᠡᠷᠡᠬᠦ ᠨᠦᠬᠦᠴᠡᠯ ᠢᠶᠠᠨ ᠤᠯᠠᠮ ᠨᠢᠭᠡ ᠠᠯᠬᠤᠮ ᠠᠭᠤᠵᠢᠭᠤ ᠪᠤᠯᠭᠠᠬᠤ | ᠬᠡᠷᠡᠭᠲᠡᠢ᠃ | ᠭᠤᠷᠪᠠ᠂ ᠡᠷᠦᠬᠡ ᠠᠮᠠ ᠣᠷᠣᠭᠤᠯᠬᠤ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠨᠡᠭᠦᠯᠭᠡᠨ ᠰᠢᠯᠵᠢᠭᠦᠯᠦᠭᠰᠡᠨ ᠬᠦᠮᠦᠨ ᠠᠮᠠ ᠪᠠ ᠪᠣᠰᠣᠳ ᠪᠠᠶᠢᠩᠭᠤ ᠰᠠᠭᠤᠭ᠎ᠠ ᠬᠦᠮᠦᠨ ᠠᠮᠠ ᠶᠢᠨ | ᠬᠤᠲᠠ ᠪᠠᠯᠭᠠᠰᠤ ᠳᠤ ᠡᠷᠦᠬᠡ ᠠᠮᠠ ᠪᠠᠨ ᠣᠷᠣᠭᠤᠯᠬᠤ ᠳᠤ ᠲᠥᠷᠥ ᠶᠢᠨ ᠪᠣᠳᠣᠯᠭ᠎ᠠ ᠶᠢᠨ ᠠᠭᠤᠵᠢᠭᠤ ᠣᠷᠴᠢᠨ | ᠲᠣᠭᠤᠷᠢᠨ ᠢ ᠪᠣᠢ ᠪᠣᠯᠭᠠᠬᠤ ᠬᠡᠷᠡᠭᠲᠡᠢ | ︵ᠨᠢᠭᠡ︶ ᠡᠷᠦᠬᠡ ᠠᠮᠠ ᠪᠠᠨ ᠣᠷᠤᠭᠤᠯᠬᠤ ᠬᠠᠶ᠋ᠢᠭ ᠤᠨ ᠠᠰᠠᠭᠤᠳᠠᠯ ᠢ ᠥᠨᠡᠨᠬᠦ ᠰᠢᠢᠳᠪᠦᠷᠢᠯᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠳᠤ ᠪᠢᠴᠢᠭ ᠦᠵᠡᠵᠦ ᠪᠠᠶᠢᠭ᠎ᠠ ᠰᠤᠷᠤᠭᠴᠢᠳ ᠠᠴᠠ ᠪᠣᠰᠣᠳ᠂ ᠭᠤᠶᠤᠴᠢᠯᠠᠭᠴᠢ | ᠬᠤᠪᠢ ᠪᠠᠷ ᠢᠶᠠᠨ ᠬᠠᠤᠯᠢ ᠶᠣᠰᠤᠨ ᠤ ᠥᠮᠴᠢᠯᠡᠬᠦ ᠡᠷᠬᠡ ᠲᠠᠢ ᠭᠡᠷ ᠪᠠᠶᠢᠰᠢᠩ ᠲᠠᠢ ᠪᠣᠯ᠂ ᠭᠡᠷ ᠪᠠᠶᠢᠰᠢᠩ | ᠳᠠᠩᠰᠠᠯᠠᠭᠰᠠᠨ ᠭᠠᠵᠠᠷ ᠲᠤ ᠡᠷᠦᠬᠡ ᠠᠮᠠ ᠪᠠᠨ ᠳᠠᠩᠰᠠᠯᠠᠭᠤᠯᠬᠤ ᠬᠡᠷᠡᠭᠲᠡᠢ᠂ ᠬᠤᠪᠢ ᠪᠠᠷ ᠢᠶᠠᠨ ᠭᠡᠷ ᠪᠠᠶᠢᠰᠢᠩ ᠦᠭᠡᠢ | ᠪᠣᠶᠣ ᠪᠣᠳᠠᠲᠠᠢ ᠰᠠᠭᠤᠭ᠎ᠠ ᠭᠠᠵᠠᠷ ᠲᠤ ᠡᠷᠦᠬᠡ ᠠᠮᠠ ᠪᠠᠨ ᠳᠠᠩᠰᠠᠯᠠᠭᠤᠯᠬᠤ ᠶᠢᠨ ᠠᠷᠭ᠎ᠠ ᠦᠭᠡᠢ ᠪᠣᠯ᠂ ᠭᠡᠷ | ᠪᠠᠶᠢᠰᠢᠩ ᠥᠮᠴᠢᠯᠡᠭᠴᠢ ᠪᠠ ᠡᠷᠦᠬᠡ ᠶᠢᠨ ᠡᠵᠡᠨ ᠤ ᠵᠥᠪᠰᠢᠶᠡᠷᠡᠯ ᠢᠶᠠᠷ᠂ ᠪᠤᠰᠤᠳ ᠭᠡᠷ ᠪᠥᠯᠢ ᠶᠢᠨ ᠡᠷᠦᠬᠡ | ᠠᠮᠠ ᠳᠤ ᠨᠡᠶᠢᠯᠡᠭᠦᠯᠵᠦ ᠪᠣᠯᠣᠨ᠎ᠠ᠂ ᠪᠠᠰᠠ ᠴᠦ ᠪᠠᠶᠢᠭᠤᠯᠭ᠎ᠠ ᠶᠢᠨ ᠨᠡᠶᠢᠲᠡ ᠶᠢᠨ ᠡᠷᠦᠬᠡ ᠠᠮᠠ ᠪᠣᠶᠣ ᠣᠳᠣ ᠶᠢᠨ | ᠰᠠᠭᠤᠭ᠎ᠠ ᠨᠡᠶᠢᠭᠡᠮ ᠲᠣᠭᠤᠷᠢᠭ ᠤᠨ ᠨᠡᠶᠢᠲᠡ ᠶᠢᠨ ᠡᠷᠦᠬᠡ ᠠᠮᠠ ᠳᠤ ᠳᠠᠩᠰᠠᠯᠠᠭᠤᠯᠵᠤ ᠪᠣᠯᠣᠨ᠎ᠠ᠃ | ︵ᠬᠤᠶᠠᠷ︶ ᠬᠤᠲᠠ ᠪᠠᠯᠭᠠᠰᠤ ᠳᠤ ᠡᠷᠦᠬᠡ ᠠᠮᠠ ᠪᠠᠨ ᠣᠷᠤᠭᠤᠯᠬᠤ ᠭᠤᠶᠤᠴᠢᠯᠠᠯ ᠤᠨ ᠭᠠᠷᠳᠠᠮ ᠢ | ᠳᠦᠭᠦᠮᠴᠢᠯᠡᠬᠦ ᠬᠡᠷᠡᠭᠲᠡᠢ᠃ | ᠬᠤᠲᠠ ᠪᠠᠯᠭᠠᠰᠤ ᠳᠤ ᠡᠷᠦᠬᠡ ᠠᠮᠠ ᠳᠠᠩᠰᠠᠯᠠᠭᠤᠯᠬᠤ ᠪᠠᠷ ᠭᠤᠶᠤᠴᠢᠯᠠᠭᠰᠠᠨ ᠪᠣᠯ᠂ ᠲᠤᠰ ᠬᠦᠮᠦᠨ ᠤ | ᠡᠷᠦᠬᠡ ᠠᠮᠠ ᠣᠷᠣᠭᠤᠯᠬᠤ ᠭᠤᠶᠤᠴᠢᠯᠠᠯ ᠤᠨ ᠮᠠᠲ᠋ᠧᠷᠢᠶᠠᠯ ᠪᠣᠯᠣᠨ ᠲᠤᠰ ᠬᠦᠮᠦᠨ ᠵᠢᠴᠢ ᠲᠠᠭᠠᠨ ᠰᠢᠯᠵᠢᠬᠦ | ᠬᠦᠮᠦᠰ ᠤᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠥᠨᠡᠮᠯᠡᠯ ᠵᠢᠴᠢ ᠣᠷᠣᠨ ᠰᠠᠭᠤᠴᠠ ᠶᠢᠨ ᠬᠠᠶ᠋ᠢᠭ ᠤᠨ | ᠭᠡᠷᠡᠴᠢᠯᠡᠯ ︵ᠪᠣᠰᠣᠳ ᠭᠡᠷ ᠪᠥᠯᠢ ᠶᠢᠨ ᠡᠷᠦᠬᠡ ᠠᠮᠠ ᠳᠤ ᠲᠦᠰᠢᠵᠦ ᠨᠡᠶᠢᠯᠡᠵᠦ ᠰᠠᠭᠤᠬᠰᠠᠨ ᠪᠠᠶᠢᠪᠠᠯ ᠲᠦᠰᠢᠵᠦ | ᠨᠡᠶᠢᠯᠡᠵᠦ ᠰᠠᠭᠤᠬᠰᠠᠨ ᠡᠷᠦᠬᠡ ᠠᠮᠠ ᠶᠢᠨ ᠳᠡᠪᠲᠡᠷ ᠵᠢᠴᠢ ᠭᠡᠷ ᠤᠨ ᠡᠵᠡᠨ ᠤ ᠲᠦᠰᠢᠵᠦ ᠨᠡᠶᠢᠯᠡᠵᠦ | ᠰᠠᠭᠤᠬᠰᠠᠨ ᠶᠢ ᠨᠢ ᠵᠦᠪᠰᠢᠶᠡᠷᠡᠭᠰᠡᠨ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠢ︶ ᠨᠢ ᠵᠠᠪᠠᠯ ᠪᠥᠷᠢᠳᠦᠭᠦᠯᠬᠦ ᠭᠡᠷᠡᠴᠢ | ᠮᠠᠲ᠋ᠧᠷᠢᠶᠠᠯ ᠪᠣᠯᠣᠨ᠎ᠠ᠃ ᠬᠠᠤᠯᠢ ᠶᠣᠰᠤᠨ ᠤ ᠲᠣᠭᠲᠠᠪᠤᠷᠢᠲᠠᠢ ᠣᠷᠣᠨ ᠰᠠᠭᠤᠴᠠ ᠶᠢᠨ ᠨᠦᠬᠦᠴᠡᠯ ᠢᠶᠠᠷ ᠡᠷᠦᠬᠡ ᠠᠮᠠ | ᠣᠷᠣᠭᠤᠯᠬᠤ ᠪᠣᠯ ᠬᠠᠮᠲᠤ ᠳᠤᠨᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠬᠠᠷᠢᠶᠠᠯᠠᠭᠳᠠᠬᠤ ᠭᠡᠷᠡᠴᠢ ᠪᠣᠶᠤ ᠭᠡᠷ | ᠪᠠᠶᠢᠰᠢᠩ ᠲᠦᠷᠢᠶᠡᠰᠦᠯᠡᠭᠰᠡᠨ ᠭᠡᠷ᠎ᠡ ᠵᠢᠴᠢ ᠳᠠᠭᠠᠵᠤ ᠰᠢᠯᠵᠢᠬᠦ ᠬᠦᠮᠦᠰ ᠤᠨ ᠲᠦᠷᠦᠯ ᠰᠠᠳᠤᠨ ᠤ ᠬᠠᠷᠢᠴᠠᠭ᠎ᠠ ᠶᠢ | ᠭᠡᠷᠡᠴᠢᠯᠡᠵᠦ ᠲᠡᠶᠢᠯᠬᠦ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃ ᠬᠠᠤᠯᠢ ᠶᠣᠰᠤᠭᠠᠷ | ᠲᠣᠭᠲᠠᠪᠤᠷᠢᠲᠠᠢ ᠠᠵᠢᠯ ᠣᠯᠣᠭᠰᠠᠨ ᠨᠦᠬᠦᠴᠡᠯ ᠢᠶᠠᠷ ᠡᠷᠦᠬᠡ ᠠᠮᠠ ᠣᠷᠣᠭᠤᠯᠬᠤ ᠪᠠᠷ ᠭᠤᠶᠤᠴᠢᠯᠠᠭᠰᠠᠨ ᠪᠣᠯ | ᠬᠠᠮᠳᠤ ᠳᠤᠨᠢ ᠬᠥᠮᠥᠨ ᠬᠡᠷᠡᠭᠯᠡᠬᠦ ᠨᠢᠭᠡᠴᠡ ᠯᠦᠭᠡ ᠲᠣᠭᠲᠠᠭᠰᠠᠠ ᠬᠥᠳᠡᠯᠮᠥᠷᠢ ᠶᠢᠨ ᠭᠡᠷ᠎ᠡ ᠪᠣᠶᠤ ᠠᠵᠤ ᠦᠢᠯᠡᠳᠪᠦᠷᠢ | ᠬᠤᠳᠠᠯᠳᠤᠭᠠᠨ ᠤ ᠥᠨᠡᠮᠯᠡᠯ ᠵᠢᠴᠢ ᠳᠠᠭᠠᠵᠤ ᠰᠢᠯᠵᠢᠬᠦ ᠬᠦᠮᠦᠰ ᠤᠨ ᠲᠦᠷᠦᠯ ᠰᠠᠳᠤᠨ ᠤ ᠬᠠᠷᠢᠴᠠᠭ᠎ᠠ ᠶᠢ ᠭᠡᠷᠡᠴᠢᠯᠡᠵᠦ | ᠲᠡᠶᠢᠯᠬᠦ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃ ᠲᠦᠰᠢᠵᠦ ᠨᠡᠶᠢᠯᠡᠵᠦ | ᠰᠠᠭᠤᠬᠤ ᠪᠠᠷ ᠢᠷᠡᠭᠡᠳ ᠡᠷᠦᠬᠡ ᠠᠮᠠ ᠣᠷᠣᠭᠤᠯᠬᠤ ᠪᠣᠯ ᠬᠠᠮᠳᠤ ᠳᠤᠨᠢ ᠤᠷᠤᠭ ᠤᠨ ᠪᠠᠳᠤᠯᠪᠦᠷᠢ ᠵᠡᠷᠭᠡ ᠲᠦᠷᠦᠯ | ᠰᠠᠳᠤᠨ ᠤ ᠬᠠᠷᠢᠴᠠᠭ᠎ᠠ ᠶᠢ ᠭᠡᠷᠡᠴᠢᠯᠡᠵᠦ ᠲᠡᠶᠢᠯᠬᠦ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠤᠳ ᠢ ᠲᠤᠰᠢᠶᠠᠬᠤ | ᠬᠡᠷᠡᠭᠲᠡᠢ᠃ ᠳᠡᠭᠡᠲᠦ ᠰᠤᠷᠭᠠᠭᠤᠯᠢ ᠶᠢᠨ ᠲᠡᠭᠦᠰᠦᠭᠰᠡᠳ᠂ ᠮᠠᠷᠭᠡᠵᠢᠯ ᠤᠨ ᠠᠵᠢᠯᠴᠢᠨ᠂ ᠠᠵᠢᠯ ᠮᠡᠷᠭᠡᠵᠢᠯ ᠤᠨ | ᠳᠠᠭᠡᠲᠤ ᠰᠤᠷᠭᠠᠭᠤᠯᠢ ᠠᠴᠠ ᠲᠡᠭᠦᠰᠦᠭᠰᠡᠳ᠂ ᠭᠠᠳᠠᠭᠠᠳᠤ ᠳᠤ ᠰᠤᠷᠤᠯᠴᠠᠵᠤ ᠤᠯᠤᠰ ᠲᠠᠭᠠᠨ ᠪᠣᠴᠠᠵᠤ ᠢᠷᠡᠭᠰᠡᠳ | ᠵᠡᠷᠭᠡ ᠬᠠᠮᠳᠤ ᠳᠤᠨᠢ ᠰᠤᠷᠤᠯᠭ᠎ᠠ ᠲᠡᠭᠦᠰᠦᠭᠰᠡᠨ ᠥᠨᠡᠮᠯᠡᠯ ᠪᠣᠶᠤ ᠲᠤᠰᠬᠠᠢ ᠮᠡᠷᠭᠡᠵᠢᠯ ᠤᠨ ᠥᠨᠡᠮᠯᠡᠯ᠂ ᠬᠥᠮᠥᠨ | ᠬᠡᠷᠡᠭᠯᠡᠬᠦ ᠨᠢᠭᠡᠴᠡ ᠶᠢᠨ ᠭᠡᠷᠡᠴᠢ ᠵᠡᠷᠭᠡ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠰᠤᠷᠭᠠᠭᠤᠯᠢ ᠳᠤ ᠪᠠᠶᠢᠬᠤ ᠭᠡᠷᠡᠴᠢᠯᠠᠯ ᠢᠶᠠᠨ | ᠬᠠᠮᠳᠤ ᠳᠤᠨᠢ ᠬᠠᠩᠭᠠᠬᠤ ᠬᠡᠷᠡᠭᠲᠡᠢ᠃ ᠴᠡᠷᠢᠭ ᠤᠨ ᠠᠯᠪᠠᠨ ᠠᠴᠠ ᠪᠠᠭᠤᠭᠰᠠᠨ ᠠᠯᠪᠠᠨ ᠵᠢᠷᠤᠮ ᠤᠨ ᠪᠠᠶᠢᠯᠳᠤᠭᠴᠢ | ᠪᠣᠯᠣᠨ ᠪᠠᠭ᠎ᠠ ᠣᠹᠢᠼᠧᠷ ᠨᠠᠷ ᠴᠡᠷᠢᠭ ᠠᠴᠠ ᠪᠠᠭᠤᠭᠰᠠᠨ ᠭᠡᠷᠡᠴᠢᠯᠡᠯ ᠢᠶᠠᠨ ᠬᠠᠮᠳᠤ ᠳᠤᠨᠢ ᠬᠠᠩᠭᠠᠬᠤ ᠬᠡᠷᠡᠭᠲᠡᠢ᠃ | ᠳᠡᠭᠡᠷ᠎ᠡ ᠳᠤᠷᠠᠳᠤᠭᠰᠠᠨ ᠭᠡᠷᠡᠴᠢᠯᠡᠬᠦ ᠮᠠᠲ᠋ᠧᠷᠢᠶᠠᠯ ᠤᠳ ᠠᠴᠠ ᠪᠣᠰᠣᠳ᠂ ᠬᠤᠲᠠ ᠪᠠᠯᠭᠠᠰᠤ ᠳᠤ ᠡᠷᠦᠬᠡ ᠠᠮᠠ | ᠣᠷᠤᠭᠤᠯᠬᠤ ᠳᠤ ᠪᠣᠰᠣᠳ ᠭᠡᠷᠡᠴᠢᠯᠡᠬᠦ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠂ ᠳᠡᠭᠡᠷ᠎ᠡ | ᠳᠤᠷᠠᠳᠤᠭᠰᠠᠨ ᠭᠡᠷᠡᠴᠢᠯᠡᠬᠦ ᠮᠠᠲ᠋ᠧᠷᠢᠶᠠᠯ ᠤᠳ ᠢᠶᠠᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠬᠥᠮᠥᠨ | ᠠᠮᠠ ᠶᠢᠨ ᠮᠡᠳᠡᠭᠡ ᠵᠠᠩᠭᠢ ᠪᠣᠶᠤ ᠰᠠᠯᠠᠭ᠎ᠠ ᠮᠥᠴᠢᠷ ᠤᠳ ᠤᠨ ᠬᠠᠮᠳᠤ ᠳᠠᠭᠠᠨ ᠬᠦᠷᠲᠡᠬᠦ ᠮᠡᠳᠡᠭᠡ ᠵᠠᠩᠭᠢ ᠪᠠᠷ | ᠳᠠᠮᠵᠢᠵᠤ ᠭᠡᠷᠡᠴᠢᠯᠡᠵᠦ ᠲᠡᠶᠢᠯᠬᠦ ᠪᠣᠯ ᠭᠤᠶᠤᠴᠢᠯᠠᠭᠴᠢ ᠶᠢ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠃ | ︵ᠭᠤᠷᠪᠠ︶ ᠡᠷᠦᠬᠡ ᠠᠮᠠ ᠪᠠᠨ ᠰᠢᠯᠵᠢᠭᠦᠯᠬᠦ ᠶᠢᠨ ᠭᠥᠢᠴᠡᠳᠭᠡᠬᠦ ᠳᠡᠰ ᠳᠠᠷᠠᠭᠠᠯᠠᠯ ᠢᠶᠠᠨ ᠳᠦᠭᠦᠮᠴᠢᠯᠡᠬᠦ | ᠬᠡᠷᠡᠭᠲᠡᠢ᠃ | ᠡᠯ᠎ᠡ ᠠᠶᠢᠮᠠᠭ ᠬᠤᠲᠠ᠂ ᠡᠯ᠎ᠡ ᠬᠠᠮᠢᠶ᠎ᠠ ᠪᠥᠬᠦᠢ ᠰᠠᠯᠠᠭ᠎ᠠ ᠮᠦᠴᠢᠷ ᠤᠳ ᠢᠳᠡᠪᠬᠢᠲᠡᠢ ᠪᠠᠷ ᠨᠥᠬᠦᠴᠡᠯ | ᠪᠥᠷᠢᠯᠳᠦᠭᠦᠯᠵᠦ᠂ ᠠᠶᠢᠮᠠᠭ ᠬᠤᠲᠠ ᠶᠢᠨ ᠳᠤᠲᠤᠭᠠᠳᠦ ᠳᠠᠭᠠᠨ ᠡᠷᠦᠬᠡ ᠠᠮᠠ ᠪᠠᠨ ᠰᠢᠯᠵᠢᠭᠦᠯᠬᠦ ᠨᠢᠭᠡ ᠯᠡ | ᠥᠷᠲᠡᠭᠡᠨ ᠤ ᠮᠠᠶ᠋ᠢᠭ ᠢᠶᠠᠷ ᠭᠦᠢᠴᠡᠳᠭᠡᠬᠦ ᠶᠢ ᠶᠠᠪᠤᠭᠳᠠᠭᠤᠯᠬᠤ ᠬᠡᠷᠡᠭᠲᠡᠢ᠃ ᠲᠤᠰ ᠠᠶᠢᠮᠠᠭ ᠬᠤᠲᠠ ᠶᠢᠨ ᠬᠦᠷᠢᠶ᠎ᠡ | ᠬᠡᠪᠴᠢᠶᠠᠨ ᠤ ᠳᠤᠲᠤᠭᠠᠳᠤ ᠳᠠᠭᠠᠨ ᠡᠷᠦᠬᠡ ᠠᠮᠠ ᠪᠠᠨ ᠰᠢᠯᠵᠢᠭᠦᠯᠬᠦ ᠪᠣᠯ ᠰᠢᠯᠵᠢᠭᠦᠯᠬᠦ ᠶᠢ ᠵᠥᠪᠰᠢᠶᠡᠷᠡᠬᠦ ᠥᠨᠡᠮᠯᠡᠯ | ᠪᠠ ᠰᠢᠯᠵᠢᠭᠦᠯᠬᠦ ᠥᠨᠡᠮᠯᠡᠯ ᠭᠠᠷᠭᠠᠬᠤ ᠬᠡᠷᠡᠭ ᠦᠭᠡᠢ᠂ ᠰᠢᠯᠵᠢᠭᠦᠯᠵᠦ ᠣᠷᠤᠭᠤᠯᠬᠤ ᠭᠠᠵᠠᠷ ᠤᠨ ᠡᠷᠦᠬᠡ ᠠᠮᠠ | ᠣᠷᠤᠭᠤᠯᠬᠤ ᠶᠢ ᠵᠥᠪᠰᠢᠶᠡᠷᠡᠬᠦ ᠨᠥᠬᠦᠴᠡᠯ ᠳᠤ ᠨᠡᠶᠢᠴᠡᠭᠰᠡᠨ ᠤᠷᠢᠳᠠᠯ ᠳᠣᠣᠷ᠎ᠠ᠂ ᠭᠤᠶᠤᠴᠢᠯᠠᠭᠴᠢ ᠠᠴᠠ ᠰᠢᠭᠤᠳ | ᠰᠢᠯᠵᠢᠭᠦᠯᠦᠨ ᠣᠷᠣᠭᠤᠯᠬᠤ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠦᠬᠡ ᠠᠮᠠ ᠣᠷᠤᠭᠤᠯᠬᠤ | ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠡᠷᠦᠬᠡ ᠠᠮᠠ ᠰᠢᠯᠵᠢᠭᠦᠯᠦᠨ ᠣᠷᠤᠭᠤᠯᠬᠤ ᠪᠠᠨ ᠭᠦᠢᠴᠡᠳᠭᠡᠵᠦ | ᠪᠣᠯᠣᠨ᠎ᠠ᠃ | ︵ᠲᠥᠷᠪᠡ︶ ᠡᠷᠦᠬᠡ ᠠᠮᠠ ᠰᠢᠯᠵᠢᠭᠦᠯᠬᠦ ᠶᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷᠯᠠᠯ ᠢᠶᠠᠨ ᠳᠣᠷᠣᠭᠰᠢ | ᠪᠠᠭᠤᠯᠭᠠᠬᠤ ᠬᠡᠷᠡᠭᠲᠡᠢ᠃ | ᠲᠤᠰ ᠠᠶᠢᠮᠠᠭ ᠬᠤᠲᠠ ᠶᠢᠨ ᠳᠤᠲᠤᠭᠠᠳᠦ ᠳᠠᠭᠠᠨ ᠡᠷᠦᠬᠡ ᠠᠮᠠ ᠰᠢᠯᠵᠢᠭᠦᠯᠬᠦ ᠪᠣᠯ ᠰᠢᠯᠵᠢᠭᠦᠯᠦᠨ | ᠣᠷᠤᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠠᠴᠠ ᠰᠢᠭᠤᠳ ᠬᠢᠨᠠᠨ ᠵᠦᠪᠰᠢᠶᠡᠷᠡᠬᠦ ᠬᠡᠷᠡᠭᠲᠡᠢ︔ ᠠᠶᠢᠮᠠᠭ | ᠬᠤᠲᠠ ᠠᠯᠤᠰᠯᠠᠵᠤ᠂ ᠮᠤᠵᠢ ︵ᠣᠷᠣᠨ᠂ ᠬᠤᠲᠠ︶ ᠠᠯᠤᠰᠯᠠᠵᠤ ᠡᠷᠦᠬᠡ ᠠᠮᠠ ᠰᠢᠯᠵᠢᠭᠦᠯᠬᠦ ᠪᠣᠯ ᠰᠢᠯᠵᠢᠭᠦᠯᠦᠨ | ᠣᠷᠤᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠪᠣᠯᠣᠨ ᠳᠡᠭᠡᠲᠤ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠤᠶᠠᠷ ᠱᠠᠲᠣᠨ ᠠᠴᠠ ᠬᠢᠨᠠᠨ ᠵᠥᠪᠰᠢᠶᠡᠷᠡᠬᠦ ᠬᠡᠷᠡᠭᠲᠡᠢ᠃ | ︵ᠲᠠᠪᠤ︶ ᠡᠷᠦᠬᠡ ᠠᠮᠠ ᠰᠢᠯᠵᠢᠭᠦᠯᠬᠦ ᠶᠢ ᠭᠦᠢᠴᠡᠳᠭᠡᠬᠦ ᠴᠠᠭ ᠢ ᠪᠤᠭᠤᠨᠢᠰᠬᠠᠬᠤ ᠬᠡᠷᠡᠭᠲᠡᠢ᠃ | ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠠᠴᠠ ᠬᠢᠨᠠᠨ ᠵᠥᠪᠰᠢᠶᠡᠷᠡᠭᠰᠡᠨ ᠡᠷᠦᠬᠡ ᠠᠮᠠ | ᠰᠢᠯᠵᠢᠭᠦᠯᠬᠦ ᠶᠠᠪᠤᠳᠠᠯ ᠳᠤ ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠤᠯᠠᠮ | ᠨᠢᠭᠡ ᠠᠯᠬᠤᠮ ᠪᠠᠶᠢᠴᠠᠭᠠᠨ ᠬᠢᠨᠠᠨ ᠬᠠᠷᠭᠤᠭᠤᠯᠬᠤ ᠴᠢᠬᠤᠯᠠ ᠦᠭᠡᠢ ᠪᠣᠯ᠂ ᠲᠡᠷᠡ ᠳᠣᠣᠷ᠎ᠠ ᠨᠢ ᠬᠦᠯᠢᠶᠡᠨ ᠠᠪᠴᠤ | ᠭᠦᠢᠴᠡᠳᠭᠡᠨ ᠥᠭᠴᠦ᠂ ᠤᠯᠠᠮ ᠨᠢᠭᠡ ᠠᠯᠬᠤᠮ ᠪᠠᠶᠢᠴᠠᠭᠠᠨ ᠬᠢᠨᠠᠨ ᠬᠠᠷᠭᠤᠭᠤᠯᠬᠤ ᠴᠢᠬᠤᠯᠠ ᠲᠠᠢ ᠪᠣᠯ ᠬᠦᠯᠢᠶᠡᠨ | ᠠᠪᠴᠤ ᠭᠦᠢᠴᠡᠳᠭᠡᠬᠦ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠦ ᠥᠭᠬᠦ ᠬᠡᠷᠡᠭᠲᠡᠢ︔ | ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠣᠯ᠂ ᠬᠡᠷᠡᠭᠰᠡᠬᠦ ᠬᠡᠷᠡᠴᠢᠯᠡᠬᠦ ᠮᠠᠲ᠋ᠧᠷᠢᠶᠠᠯ ᠢᠶᠠᠨ ᠨᠢᠭᠡ | ᠯᠡ ᠤᠳᠠᠭ᠎ᠠ ᠶᠢᠨ ᠴᠢᠨᠠᠷᠲᠠᠢ ᠪᠠᠷ ᠭᠤᠶᠤᠴᠢᠯᠠᠭᠴᠢ ᠳᠤ ᠬᠡᠯᠡᠵᠦ ᠥᠭᠬᠦ ᠬᠡᠷᠡᠭᠲᠡᠢ᠃ ᠳᠡᠭᠡᠲᠥ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠴᠢᠬᠤᠯᠠ ᠲᠠᠢ ᠡᠷᠦᠬᠡ ᠠᠮᠠ | ᠰᠢᠯᠵᠢᠭᠦᠯᠬᠦ ᠶᠠᠪᠤᠳᠠᠯ ᠢ ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠨᠢ 5 ᠠᠵᠢᠯᠯᠠᠬᠤ ᠡᠳᠦᠷ ᠤᠨ | ᠳᠣᠲᠣᠷ᠎ᠠ ᠪᠠᠶᠢᠴᠠᠭᠠᠨ ᠬᠢᠨᠠᠨ ᠬᠠᠷᠭᠤᠭᠤᠯᠵᠤ ᠳᠠᠭᠤᠰᠬᠠᠬᠤ ᠶᠢᠨ ᠬᠠᠮᠳᠤ ᠳᠡᠭᠡᠲᠥ ᠱᠠᠲᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ᠂ ᠳᠡᠭᠡᠲᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ 3 | ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠬᠤ ᠶᠢᠨ ᠬᠠᠮᠳᠤ ᠬᠢᠨᠠᠨ ᠵᠥᠪᠰᠢᠶᠡᠷᠡᠭᠰᠡᠨ | ᠥᠷ᠎ᠡ ᠳ᠋ᠦᠩ ᠢᠶᠠᠨ ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠳᠤ ᠪᠣᠴᠠᠭᠠᠵᠤ᠂ ᠳᠣᠲᠣᠭᠠᠳᠤ ᠶᠢ | ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠨᠢ ᠳᠡᠭᠡᠲᠦ ᠱᠠᠲᠤᠨ ᠤ ᠬᠢᠨᠠᠨ ᠵᠥᠪᠰᠢᠶᠡᠷᠡᠭᠰᠡᠨ ᠲᠣᠭᠲᠠᠭᠠᠯ ᠢ | ᠭᠠᠷᠳᠠᠭᠰᠠᠨ 2 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠭᠰᠡᠨ ᠥᠷ᠎ᠡ ᠳ᠋ᠦᠩ ᠢᠶᠠᠨ | ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃ ᠳᠡᠭᠡᠲᠥ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ | ᠬᠢᠨᠠᠨ ᠵᠥᠪᠰᠢᠶᠡᠷᠡᠭᠰᠡᠨ ᠪᠣᠯ᠂ ᠭᠤᠶᠤᠴᠢᠯᠠᠭᠴᠢ ᠲᠤᠬᠠᠢ ᠶᠢᠨ ᠭᠠᠵᠠᠷ ᠲᠤ ᠬᠥᠷᠥᠭᠰᠡᠨ ᠤ ᠳᠠᠷᠠᠭ᠎ᠠ ᠲᠡᠷᠡ | ᠳᠣᠣᠷ᠎ᠠ ᠨᠢ ᠡᠷᠦᠬᠡ ᠠᠮᠠ ᠰᠢᠯᠵᠢᠭᠦᠯᠬᠦ ᠶᠢ ᠵᠦᠪᠰᠢᠶᠡᠷᠡᠬᠦ ᠭᠠᠷᠳᠠᠮ ᠢ ᠨᠢ ᠭᠥᠢᠴᠡᠳᠭᠡᠬᠦ ᠬᠡᠷᠡᠭᠲᠡᠢ᠃ | ᠲᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠡᠲᠡᠢ᠃ ᠡᠷᠦᠬᠡ | ᠠᠮᠠ ᠶᠢᠨ ᠬᠠᠷᠢᠶ᠎ᠠ ᠶᠢᠨ ᠳᠥᠷᠢᠮ ᠤᠨ ᠥᠭᠡᠷᠡᠴᠢᠯᠡᠯᠲᠡ ᠶᠢ ᠲᠥᠷᠭᠡᠳᠭᠡᠨ ᠠᠬᠢᠭᠤᠯᠵᠤ᠂ ᠡᠷᠦᠬᠡ ᠠᠮᠠ ᠶᠢᠨ | ᠬᠠᠷᠢᠶ᠎ᠠ ᠶᠢᠨ ᠬᠦᠮᠦᠨ ᠠᠮᠠ ᠶᠢᠨ ᠬᠤᠲᠠ ᠪᠠᠯᠭᠠᠰᠤᠴᠢᠯᠠᠬᠤ ᠨᠣᠷᠮ᠎ᠠ ᠶᠢ ᠲᠦᠷᠭᠡᠳᠭᠡᠨ ᠳᠡᠭᠡᠭᠰᠢᠯᠡᠭᠦᠯᠵᠦ᠂ ᠬᠤᠲᠠ | ᠪᠠᠯᠭᠠᠰᠤ ᠳᠤ ᠲᠣᠭᠲᠠᠪᠤᠷᠢᠲᠠᠢ ᠠᠵᠢᠯ ᠣᠯᠬᠤ ᠪᠠ ᠠᠮᠢᠳᠤᠷᠠᠬᠤ ᠴᠢᠳᠠᠪᠤᠷᠢ ᠲᠠᠢ ᠲᠠᠷᠢᠶᠠᠯᠠᠩ ᠮᠠᠯ ᠠᠵᠤ ᠠᠬᠤᠢ ᠶᠢᠨ | ᠨᠡᠭᠦᠯᠭᠡᠨ ᠰᠢᠯᠵᠢᠭᠦᠯᠦᠭᠰᠡᠨ ᠬᠦᠮᠦᠨ ᠠᠮᠠ ᠶᠢᠨ ᠪᠣᠯᠣᠨ ᠪᠣᠰᠣᠳ ᠪᠠᠶᠢᠩᠭᠤ ᠰᠠᠭᠤᠭ᠎ᠠ ᠬᠦᠮᠦᠨ ᠠᠮᠠ ᠶᠢᠨ | ᠬᠤᠲᠠ ᠳᠤ ᠣᠷᠣᠵᠤ ᠡᠷᠦᠬᠡ ᠠᠮᠠ ᠣᠷᠣᠭᠤᠯᠬᠤ ᠶᠢ ᠠᠬᠢᠭᠤᠯᠬᠤ ᠪᠣᠯ ᠰᠢᠨ᠎ᠡ ᠬᠡᠯᠪᠡᠷᠢ ᠶᠢᠨ ᠬᠤᠲᠠ | ᠪᠠᠯᠭᠠᠰᠤᠴᠢᠯᠠᠯᠲᠠ ᠶᠢ ᠠᠬᠢᠭᠤᠯᠬᠤ ᠶᠢᠨ ᠴᠢᠬᠤᠯᠠ ᠡᠭᠦᠷᠭᠡ ᠪᠠᠶᠢᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ | ᠲᠤᠰᠠ ᠪᠠ ᠠᠵᠤ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠦᠭᠵᠢᠬᠦ ᠳᠤ ᠬᠤᠯᠪᠣᠭᠳᠠᠬᠤ ᠶᠠᠪᠤᠳᠠᠯ | ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠢ ᠰᠠᠯᠠᠭ᠎ᠠ ᠮᠦᠴᠢᠷ ᠤᠳ ︽ᠬᠤᠶᠠᠷ ᠢ ᠲᠦᠷᠭᠡᠳᠭᠡᠬᠦ︾ | ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠶᠣᠰᠤᠭᠠᠷ᠂ ᠪᠣᠳᠠᠲᠤ ᠲᠠᠢ ᠪᠠᠨ | ᠤᠶᠠᠯᠳᠤᠭᠤᠯᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠨ ᠭᠠᠷᠭᠠᠭᠰᠠᠨ ᠡᠷᠦᠬᠡ ᠠᠮᠠ ᠰᠢᠯᠵᠢᠭᠦᠯᠬᠦ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠪᠣᠳᠠᠲᠠᠢ ᠬᠡᠷᠡᠭᠵᠢᠭᠦᠯᠬᠦ ᠠᠷᠭ᠎ᠠ ᠶᠢ ᠱᠠᠯᠠᠪᠳᠠᠨ ᠰᠣᠳᠣᠯᠣᠨ ᠲᠣᠭᠲᠠᠭᠠᠵᠤ ᠪᠠᠶᠢᠭᠠᠳ ᠡᠷᠦᠬᠡ ᠠᠮᠠ | ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠨᠡᠭᠦᠯᠭᠡᠨ ᠰᠢᠯᠵᠢᠭᠦᠯᠦᠭᠰᠡᠨ ᠬᠥᠮᠦᠨ ᠠᠮᠠ ᠵᠢᠴᠢ ᠰᠢᠨ᠎ᠡ ᠪᠠᠷ ᠪᠣᠢ ᠪᠣᠯᠣᠭᠰᠠᠨ ᠮᠠᠯᠴᠢᠨ ᠲᠠᠷᠢᠶᠠᠴᠢᠨ ᠤ ᠬᠥᠯᠥᠰᠦᠨ | ᠠᠵᠢᠯᠴᠢᠨ ᠤ ᠬᠤᠲᠠ ᠪᠠᠯᠭᠠᠰᠤ ᠳᠤ ᠡᠷᠦᠬᠡ ᠠᠮᠠ ᠣᠷᠤᠭᠤᠯᠬᠤ ᠠᠰᠠᠭᠤᠳᠠᠯ ᠤᠳ ᠢ ᠥᠨᠡᠨᠬᠦ ᠰᠢᠢᠳᠪᠦᠷᠢᠯᠡᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠠᠮᠢᠶ᠎ᠠ ᠪᠥᠬᠦᠢ | ᠰᠠᠯᠠᠭ᠎ᠠ ᠮᠥᠴᠢᠷ ᠤᠳ ᠲᠠᠢ ᠬᠠᠮᠳᠤᠷᠠᠵᠤ ᠡᠯ᠎ᠡ ᠭᠠᠵᠠᠷ ᠣᠷᠣᠨ ᠳᠤ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠨ | ᠰᠢᠯᠵᠢᠭᠦᠯᠦᠭᠰᠡᠨ ᠬᠥᠮᠥᠨ ᠠᠮᠠ ᠪᠣᠯᠣᠨ ᠪᠣᠰᠣᠳ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤ ᠳᠤ | ᠡᠷᠦᠬᠡ ᠠᠮᠠ ᠣᠷᠤᠭᠤᠯᠬᠤ ᠠᠵᠢᠯ ᠢ ᠠᠬᠢᠭᠤᠯᠬᠤ ᠳᠤ ᠮᠦᠷᠳᠡᠵᠦ ᠥᠨᠡᠯᠡᠨ ᠵᠢᠱᠢᠯᠲᠡ ᠬᠢᠬᠦ ᠪᠠ ᠰᠢᠮᠳᠠᠭᠤᠯᠤᠨ | ᠪᠠᠶᠢᠴᠠᠭᠠᠵᠤ ᠵᠢᠭᠠᠨ ᠵᠢᠯᠣᠭᠤᠳᠴᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠮᠵᠢᠯᠲᠠ ᠣᠯᠬᠤ ᠶᠢ ᠥᠨᠡᠨᠬᠦ | ᠪᠠᠳᠤᠯᠠᠬᠤ ᠬᠡᠷᠡᠭᠲᠡᠢ᠃ | ︵ᠬᠤᠶᠠᠷ︶ ᠠᠬᠢᠭᠤᠯᠬᠤ ᠠᠷᠭ᠎ᠠ ᠶᠢ ᠡᠵᠡᠮᠳᠡᠬᠦ ᠬᠡᠷᠡᠭᠲᠡᠢ᠃ | ᠡᠷᠦᠬᠡ ᠠᠮᠠ ᠶᠢᠨ ᠬᠠᠷᠢᠶ᠎ᠠ ᠶᠢᠨ ᠳᠥᠷᠢᠮ ᠤᠨ ᠥᠭᠡᠷᠡᠴᠢᠯᠡᠯᠲᠡ ᠪᠣᠯ ᠠᠷᠠᠳ ᠤᠨ ᠠᠮᠢᠳᠤᠷᠠᠯ ᠳᠤ | ᠬᠤᠯᠪᠣᠭᠳᠠᠬᠤ ᠴᠢᠬᠤᠯᠠ ᠶᠡᠭᠡ ᠢᠨᠵᠧᠨᠧᠷᠢᠩ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠢ ᠰᠠᠯᠠᠭ᠎ᠠ | ᠮᠥᠴᠢᠷ ᠤᠳ ᠠᠵᠢᠯ ᠤᠨ ᠡᠷᠴᠢᠮ ᠢᠶᠠᠨ ᠨᠡᠮᠡᠭᠳᠡᠭᠦᠯᠵᠦ᠂ ᠠᠵᠢᠯ ᠤᠨ ᠶᠠᠰᠤ ᠴᠢᠨᠠᠷ ᠢᠶᠠᠨ ᠥᠨᠡᠨᠬᠦ ᠪᠠᠳᠤᠯᠠᠵᠤ᠂ | ᠡᠷᠦᠬᠡ ᠠᠮᠠ ᠶᠢᠨ ᠬᠠᠷᠢᠶ᠎ᠠ ᠶᠢᠨ ᠲᠥᠷᠢᠮ ᠤᠨ ᠥᠭᠡᠷᠡᠴᠢᠯᠡᠯᠲᠡ ᠶᠢ ᠲᠤᠬᠠᠢ ᠶᠢᠨ ᠭᠠᠵᠠᠷ ᠤᠨ ᠠᠵᠤ ᠠᠬᠤᠢ | ᠨᠡᠶᠢᠭᠡᠮ ᠤᠨ ᠬᠦᠭᠵᠢᠯᠲᠡ ᠵᠢᠴᠢ ᠬᠤᠲᠠ ᠪᠠᠯᠭᠠᠰᠤᠴᠢᠯᠠᠯᠲᠠ ᠶᠢᠨ ᠠᠬᠢᠴᠠ ᠯᠤᠭ᠎ᠠ ᠬᠠᠷᠢᠯᠴᠠᠨ ᠵᠣᠬᠢᠴᠠᠭᠤᠯᠬᠤ | ᠬᠡᠷᠡᠭᠲᠡᠢ᠃ ᠡᠷᠦᠬᠡ ᠠᠮᠠ ᠣᠷᠣᠭᠤᠯᠬᠤ ᠲᠤᠭ᠎ᠠ ᠬᠡᠮᠵᠢᠶ᠎ᠠ ᠶᠢ ᠬᠦᠭᠡᠭᠡᠴᠡᠯᠳᠦᠬᠦ ᠶᠢᠨ ᠲᠥᠯᠦᠭᠡ᠂ ᠭᠥᠢᠴᠡᠳᠭᠡᠯ | ᠲᠤᠭ᠎ᠠ ᠲᠣᠭᠲᠠᠭᠠᠬᠤ᠂ ᠡᠭᠦᠷᠭᠡ ᠪᠠᠭᠤᠯᠭᠠᠬᠤ ᠵᠡᠷᠭᠡ ᠳᠥᠭᠦᠮ ᠠᠷᠭ᠎ᠠ ᠠᠪᠴᠤ ᠡᠷᠦᠬᠡ ᠠᠮᠠ ᠶᠢᠨ ᠬᠠᠷᠢᠶ᠎ᠠ ᠶᠢᠨ | ᠲᠥᠷᠢᠮ ᠤᠨ ᠥᠭᠡᠷᠡᠴᠢᠯᠡᠯᠲᠡ ᠶᠢ ᠠᠬᠢᠭᠤᠯᠬᠤ ᠶᠢ ᠴᠢᠩᠭ᠎ᠠ ᠴᠠᠭᠠᠵᠠᠯᠠᠵᠤ᠂ ᠡᠷᠦᠬᠡ ᠠᠮᠠ ᠣᠷᠣᠭᠤᠯᠬᠤ ᠲᠤᠭ᠎ᠠ | ᠬᠡᠮᠵᠢᠶ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠤᠳ ᠤᠨ ᠰᠢᠯᠭᠠᠨ ᠬᠢᠨᠠᠬᠤ ᠶᠢᠨ | ᠥᠨᠳᠦᠰᠦᠯᠠᠯ ᠪᠣᠯᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠨᠤᠭᠤᠳ ᠡᠷᠦᠬᠡ ᠠᠮᠠ ᠶᠢᠨ ᠬᠠᠷᠢᠶ᠎ᠠ ᠶᠢᠨ | ᠲᠥᠷᠢᠮ ᠤᠨ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ᠂ ᠬᠦᠰᠡᠯ ᠡᠷᠡᠮᠡᠯᠵᠡᠯ ᠢ ᠨᠢ ᠬᠦᠨᠳᠦᠳᠭᠡᠬᠦ ᠵᠠᠷᠴᠢᠮ ᠢ | ᠢᠮᠠᠬᠲᠠ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠰᠡᠯ ᠡᠷᠡᠮᠡᠯᠵᠡᠯ ᠠᠴᠠ | ᠵᠦᠷᠢᠴᠡᠵᠦ ᠡᠷᠦᠬᠡ ᠠᠮᠠ ᠣᠷᠣᠭᠤᠯᠬᠤ ᠶᠢ ᠳᠤᠷ᠎ᠠ ᠪᠠᠷ ᠢᠶᠠᠨ ᠭᠦᠢᠴᠡᠳᠭᠡᠬᠦ ᠶᠢ ᠴᠢᠩᠭ᠎ᠠ ᠴᠠᠭᠠᠵᠠᠯᠠᠵᠤ᠂ ᠶᠠᠮᠠᠷᠪᠠ | ᠨᠢᠭᠡᠨ ᠰᠢᠯᠲᠠᠭᠠᠨ ᠪᠣᠶᠤ ᠶᠠᠮᠠᠷᠪᠠ ᠨᠢᠭᠡᠨ ᠠᠷᠭ᠎ᠠ ᠮᠠᠶ᠋ᠢᠭ ᠢᠶᠠᠷ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠢ ᠠᠯᠪᠠᠳᠠᠵᠤ ᠪᠠᠶᠢᠭᠠᠳ ᠬᠤᠲᠠ ᠪᠠᠯᠭᠠᠰᠤ ᠶᠢᠨ ᠡᠷᠦᠬᠡ ᠠᠮᠠ ᠳᠤ ᠣᠷᠣᠭᠤᠯᠵᠤ ᠪᠣᠯᠬᠤ ᠦᠭᠡᠢ᠃ ᠲᠤᠰ | ᠬᠥᠮᠥᠨ ᠢᠶᠠᠷ ᠨᠢ ᠵᠦᠪᠰᠢᠶᠡᠷᠡᠭᠦᠯᠦᠭᠰᠡᠨ ᠦᠭᠡᠢ ᠪᠠᠷ ᠰᠢᠭᠤᠳ ᠬᠤᠪᠢ ᠬᠥᠮᠥᠨ ᠳᠤᠨᠢ᠂ ᠪᠦᠬᠦ ᠡᠷᠦᠬᠡ ᠠᠮᠠ ᠪᠠᠷ ᠨᠢ | ᠪᠣᠶᠣ ᠪᠥᠬᠦ ᠲᠤᠰᠬᠤᠨ ᠪᠥᠬᠦ ᠨᠡᠶᠢᠭᠡᠮ ᠲᠣᠭᠤᠷᠢᠭ ᠢᠶᠠᠷ ᠨᠢ ᠡᠷᠦᠬᠡ ᠠᠮᠠ ᠰᠢᠯᠵᠢᠭᠦᠯᠦᠨ ᠣᠷᠣᠭᠤᠯᠬᠤ ᠶᠢ | ᠭᠦᠢᠴᠡᠳᠭᠡᠨ ᠥᠭᠬᠦ ᠶᠢ ᠴᠢᠩᠭ᠎ᠠ ᠴᠠᠭᠠᠵᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠰᠡᠯ | ᠡᠷᠡᠮᠡᠯᠵᠡᠯ ᠠᠴᠠ ᠵᠦᠷᠢᠴᠡᠭᠰᠡᠨ ᠠᠯᠢᠪᠠ ᠠᠵᠢᠯᠯᠠᠭ᠎ᠠ ᠶᠢ ᠡᠷᠡᠰ ᠵᠠᠯᠠᠷᠠᠭᠤᠯᠬᠤ ᠬᠡᠷᠡᠭᠲᠡᠢ᠃ | ︵ᠭᠤᠷᠪᠠ︶ ᠠᠵᠢᠯ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠬᠡᠷᠡᠭᠲᠡᠢ᠃ | ᠡᠯ᠎ᠡ ᠭᠠᠵᠠᠷ ᠣᠷᠣᠨ ᠨᠤᠭᠤᠳ ᠨᠥᠬᠦᠴᠡᠯ ᠲᠠᠢ ᠲᠠᠷᠢᠶᠠᠯᠠᠩ ᠮᠠᠯ ᠠᠵᠤ ᠠᠬᠤᠢ ᠶᠢᠨ ᠨᠡᠭᠦᠯᠭᠡᠨ | ᠰᠢᠯᠵᠢᠭᠦᠯᠦᠭᠰᠡᠨ ᠬᠥᠮᠥᠨ ᠠᠮᠠ ᠶᠢᠨ ᠬᠤᠲᠠ ᠪᠠᠯᠭᠠᠰᠤ ᠳᠤ ᠡᠷᠦᠬᠡ ᠠᠮᠠ ᠪᠠᠨ ᠣᠷᠤᠭᠤᠯᠬᠤ ᠶᠢ ᠠᠬᠢᠭᠤᠯᠬᠤ | ᠵᠢᠩᠬᠢᠨᠢ ᠠᠭᠤᠯᠤᠭᠳᠠᠬᠤᠨ ᠢ ᠣᠨᠣᠪᠴᠢᠲᠠᠢ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠥᠪᠦᠷ ᠵᠠᠰᠠᠭ ᠲᠠᠷᠬᠠᠭᠠᠭᠰᠠᠨ ﹇2015﹈ 104 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠠ ᠲᠤᠰ | ᠰᠠᠨᠠᠯ ᠤᠨ ᠲᠣᠭᠲᠠᠭᠠᠯ ᠶᠣᠰᠤᠭᠠᠷ ᠡᠷᠦᠬᠡ ᠠᠮᠠ ᠰᠢᠯᠵᠢᠭᠦᠯᠬᠦ ᠨᠥᠬᠦᠴᠡᠯ ᠢ ᠴᠢᠩᠭ᠎ᠠ ᠬᠡᠷᠡᠭᠵᠢᠭᠦᠯᠵᠦ᠂ ᠡᠷᠦᠬᠡ ᠠᠮᠠ | ᠣᠷᠣᠭᠤᠯᠬᠤ ᠪᠣᠰᠣᠳ ᠨᠥᠬᠦᠴᠡᠯ ᠢ ᠨᠡᠮᠡᠵᠦ ᠪᠣᠯᠬᠤ ᠦᠭᠡᠢ᠂ ᠢᠯᠠᠩᠭᠤᠶ᠎ᠠ ᠭᠡᠷ ᠪᠠᠶᠢᠰᠢᠩ ᠬᠤᠳᠠᠯᠳᠤᠨ ᠠᠪᠬᠤ | ᠵᠣᠭᠤᠰᠤᠨ ᠲᠤᠭ᠎ᠠ᠂ ᠭᠡᠷ ᠪᠠᠶᠢᠰᠢᠩ ᠤᠨ ᠲᠠᠯᠠᠪᠠᠢ᠂ ᠪᠡᠯᠡ ᠣᠷᠣᠭᠤᠯᠤᠯᠲᠠ ᠶᠢᠨ ᠭᠠᠶᠢᠯᠢ ᠲᠤᠰᠢᠶᠠᠬᠰᠠᠨ ᠲᠤᠭ᠎ᠠ | ᠬᠡᠮᠵᠢᠶ᠎ᠡ ᠵᠡᠷᠭᠡ ᠪᠠᠷ ᠡᠷᠦᠬᠡ ᠠᠮᠠ ᠣᠷᠤᠭᠤᠯᠬᠤ ᠨᠥᠬᠦᠴᠡᠯ ᠪᠣᠯᠭᠠᠵᠤ ᠪᠣᠯᠬᠤ ᠦᠭᠡᠢ᠂ ᠡᠭᠦᠨ ᠤ ᠬᠠᠮᠳᠤ ᠡᠷᠦᠬᠡ | ᠠᠮᠠ ᠰᠢᠯᠵᠢᠭᠦᠯᠬᠦ ᠶᠢᠨ ᠬᠠᠮᠢᠶ᠎ᠠ ᠪᠦᠬᠦᠢ ᠭᠠᠷᠳᠠᠮ ᠭᠥᠢᠴᠡᠳᠭᠡᠬᠦ ᠶᠢᠨ ᠬᠢᠨᠠᠨ ᠵᠥᠪᠰᠢᠶᠡᠷᠡᠬᠦ ᠠᠵᠢᠯ ᠢᠶᠠᠨ ᠰᠠᠶᠢᠲᠤᠷ | ᠬᠢᠵᠦ᠂ ᠵᠠᠪᠠᠯ ᠪᠦᠷᠢᠳᠦᠭᠦᠯᠬᠦ ᠮᠠᠲ᠋ᠧᠷᠢᠶᠠᠯ ᠤᠳ ᠢ ᠳᠤᠷ᠎ᠠ ᠪᠠᠷ ᠢᠶᠠᠨ ᠨᠡᠮᠡᠵᠤ ᠬᠠᠰᠤᠵᠤ ᠪᠣᠯᠬᠤ ᠦᠭᠡᠢ᠃ ᠴᠠᠭ | ᠬᠢᠵᠠᠭᠠᠷ ᠤᠨ ᠱᠠᠭᠠᠷᠳᠠᠯᠭ᠎ᠠ ᠶᠣᠰᠤᠭᠠᠷ ᠡᠷᠦᠬᠡ ᠠᠮᠠ ᠰᠢᠯᠵᠢᠭᠦᠯᠬᠦ ᠡᠯ᠎ᠡ ᠵᠥᠢᠯ ᠤᠨ ᠠᠵᠢᠯ ᠤᠳ ᠢ ᠴᠢᠩᠭ᠎ᠠ ᠪᠦᠭᠡᠳ | ᠰᠠᠶᠢᠲᠤᠷ ᠬᠢᠵᠦ᠂ ᠳᠠᠷᠤᠵᠤ ᠲᠠᠯᠪᠢᠬᠤ ᠪᠣᠶᠤ ᠴᠠᠭ ᠠᠴᠠ ᠨᠢ ᠬᠡᠳᠦᠷᠡᠭᠦᠯᠦᠨ ᠭᠦᠢᠴᠡᠳᠭᠡᠬᠦ ᠶᠢ ᠴᠢᠩᠭ᠎ᠠ | ᠴᠠᠭᠠᠵᠠᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠡᠷᠦᠬᠡ ᠠᠮᠠ ᠰᠢᠯᠵᠢᠭᠦᠯᠬᠦ ᠶᠢ | ᠭᠦᠢᠴᠡᠳᠭᠡᠬᠦ ᠳᠤ ᠶᠠᠮᠠᠷ ᠴᠦ ᠰᠦᠢᠳᠭᠡᠯ ᠬᠤᠷᠢᠶᠠᠵᠤ ᠪᠣᠯᠬᠤ ᠦᠭᠡᠢ᠂ ᠳᠤᠷ᠎ᠠ ᠪᠠᠷ ᠢᠶᠠᠨ ᠰᠥᠢᠳᠭᠡᠯ ᠬᠤᠷᠢᠶᠠᠬᠤ ᠶᠢ | ᠴᠢᠩᠭ᠎ᠠ ᠴᠠᠭᠠᠵᠠᠯᠠᠬᠤ ᠬᠡᠷᠡᠭᠲᠡᠢ᠃ ᠥᠢᠯᠡᠴᠢᠯᠡᠭᠡᠨ ᠤ ᠥᠵᠡᠯ ᠤᠬᠠᠮᠰᠠᠷ ᠪᠣᠯᠣᠨ ᠬᠠᠷᠢᠭᠤᠴᠠᠯᠭ᠎ᠠ ᠶᠢᠨ ᠥᠵᠡᠯ | ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠠᠷᠭ᠎ᠠ ᠪᠠᠨ ᠰᠠᠶᠢᠵᠢᠷᠠᠭᠤᠯᠤᠨ᠂ ᠠᠵᠢᠯ ᠤᠨ ᠣᠪᠣᠷ ᠢᠶᠠᠨ ᠲᠥᠪ | ᠪᠣᠯᠭᠠᠵᠤ᠂ ᠯᠠᠪᠯᠠᠯᠭ᠎ᠠ ᠬᠢᠵᠦ ᠬᠠᠷᠢᠭᠤᠯᠬᠤ᠂ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠳᠤᠮᠳᠠ | ᠭᠤᠶᠣᠴᠢᠯᠠᠭᠴᠢ ᠳᠤ ᠣᠨᠣᠪᠴᠢᠲᠠᠢ᠂ ᠬᠠᠯᠠᠭᠤᠮᠰᠤᠭ ᠪᠥᠭᠡᠳ ᠭᠦᠢᠴᠡᠳ ᠥᠢᠯᠡᠴᠢᠯᠡᠭᠡᠨ ᠬᠠᠩᠭᠠᠵᠤ᠂ ︽ᠬᠦᠢᠲᠡᠨ | ᠴᠢᠷᠠᠶᠢᠯᠠᠵᠤ ᠬᠠᠲᠠᠭᠤ ᠬᠡᠭᠵᠡᠭᠦᠨ ᠠᠭᠠᠰᠢᠯᠠᠨ ᠲᠦᠯᠬᠢᠯᠴᠡᠬᠦ︾ ᠶᠢ ᠡᠷᠡᠰ ᠲᠡᠪᠴᠢᠵᠦ᠂ ᠠᠵᠢᠯ ᠭᠦᠢᠴᠡᠳᠭᠡᠬᠦ ᠦᠷ᠎ᠡ | ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | ︵ᠲᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠢ ᠰᠠᠯᠠᠭ᠎ᠠ ᠮᠦᠴᠢᠷ ᠤᠳ ᠪᠣᠳᠠᠲᠠᠢ ᠲᠠᠢ ᠪᠠᠨ ᠤᠶᠠᠯᠳᠤᠭᠤᠯᠵᠤ᠂ | ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢ ᠪᠠ ᠲᠠᠯᠠᠪᠠᠢ ᠶᠢ ᠬᠡᠷᠡᠭᠯᠡᠵᠦ᠂ ᠥᠷᠭᠡᠨ ᠣᠯᠠᠨ ᠥᠨᠳᠦᠰᠦᠨ | ᠱᠠᠲᠤᠨ ᠤ ᠺᠠᠳ᠋ᠷ ᠪᠣᠯᠣᠨ ᠣᠯᠠᠨ ᠲᠦᠮᠡᠨ ᠤ ᠳᠤᠮᠳᠠ ᠡᠷᠦᠬᠡ ᠠᠮᠠ ᠶᠢᠨ ᠬᠠᠷᠢᠶ᠎ᠠ ᠶᠢᠨ ᠲᠥᠷᠢᠮ ᠤᠨ | ᠥᠭᠡᠷᠡᠴᠢᠯᠡᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠭᠦᠨᠵᠡᠭᠡᠢ ᠤᠬᠠᠭᠤᠯᠬᠤ | ᠬᠡᠷᠡᠭᠲᠡᠢ᠃ ᠥᠨᠳᠦᠰᠦᠨ ᠱᠠᠳᠤᠨ ᠤ ᠺᠠᠳ᠋ᠷᠴᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠭᠦᠨᠵᠡᠭᠡᠢ | ᠣᠶᠢᠯᠠᠭᠠᠨ ᠡᠵᠡᠮᠰᠢᠵᠦ᠂ ᠣᠯᠠᠨ ᠲᠦᠮᠡᠨ ᠤ ᠳᠤᠷᠠᠳᠤᠨ ᠭᠠᠷᠭᠠᠭᠰᠠᠨ ᠠᠰᠠᠭᠤᠳᠠᠯ ᠤᠳ ᠢ ᠣᠨᠣᠪᠴᠢᠲᠠᠢ | ᠲᠠᠶᠢᠯᠪᠤᠷᠢᠯᠠᠨ ᠬᠠᠷᠢᠭᠤᠯᠵᠤ᠂ ᠡᠷᠡᠭᠡᠯᠵᠡᠯ ᠲᠠᠲᠠᠭᠠᠯᠵᠠᠯ ᠢ ᠨᠢ ᠠᠷᠢᠯᠭᠠᠵᠤ᠂ ᠣᠯᠠᠨ ᠲᠦᠮᠡᠨ ᠳᠤ ᠡᠷᠦᠬᠡ ᠠᠮᠠ ᠶᠢᠨ | ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠢᠩᠬᠢᠨᠢ ᠪᠠᠷ ᠮᠡᠳᠡᠭᠦᠯᠵᠦ᠂ | ᠣᠷᠣᠯᠴᠠᠭᠤᠯᠵᠤ ᠪᠠ ᠳᠡᠮᠵᠢᠭᠦᠯᠵᠦ᠂ ᠦᠨᠡᠨ ᠪᠣᠳᠠᠲᠠᠢ ᠠᠮᠵᠢᠯᠲᠠ ᠪᠦᠲᠦᠮᠵᠢ ᠣᠯᠬᠤ ᠶᠢ ᠥᠨᠡᠨᠬᠦ ᠪᠠᠲᠤᠯᠠᠬᠤ | ᠬᠡᠷᠡᠭᠲᠡᠢ᠃ |