ᠷᠧᠨ ᠶᠠ ᠫᠢᠩ᠄ ᠬᠦᠭᠵᠢᠭᠦᠯᠭᠦ ᠲᠡᠷᠢᠭᠦᠨ ᠴᠢᠬᠤᠯᠠ ᠡᠭᠦᠷᠭᠡ ᠶᠢ ᠪᠠᠳᠤ ᠠᠳᠬᠤᠵᠤ ᠪᠠᠶᠠᠨᠨᠠᠭᠤᠷ ᠤᠨ ᠪᠤᠬᠢᠷᠳᠦᠯ ᠦᠭᠡᠢ ᠬᠦᠭᠵᠢᠯᠳᠠ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2016/11/24
     11 ᠳ᠋ᠦ᠋ᠭᠡᠷ ᠰᠠᠷ᠎ᠠ ᠶᠢᠨ 22᠎ ᠤ ᠡᠳᠦᠷ ᠤᠨ ᠦᠳᠡ ᠶᠢᠨ ᠬᠤᠶᠢᠨ᠎ᠠ ᠪᠣᠯᠣᠨ 23᠎ ᠤ ᠡᠳᠦᠷ ᠤᠨ ᠦᠳᠡ ᠶᠢᠨ ᠡᠮᠦᠨ᠎ᠠ᠂ ᠷᠧᠨ ᠶᠠ ᠫᠢᠩ ᠨᠦᠬᠦᠷ ᠪᠠᠶᠠᠨᠨᠠᠭᠤᠷ ᠬᠤᠳᠠ ᠶᠢᠨ ᠲᠦᠯᠦᠭᠡᠯᠡᠭᠴᠢᠳ ᠤᠨ ᠪᠦᠯᠬᠦᠮ ᠳᠤ ᠬᠦᠷᠴᠦ᠂ ᠲᠦᠯᠦᠭᠡᠯᠡᠭᠴᠢᠳ ᠲᠠᠢ ᠬᠠᠮᠳᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠬᠢᠨᠠᠨ ᠵᠦᠪᠯᠡᠵᠡᠢ᠃      ᠪᠠᠶᠠᠨᠨᠠᠭᠤᠷ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠮᠠᠰᠢ ᠬᠦᠭᠵᠢᠶᠡᠨ ᠲᠠᠢ ᠶᠠᠪᠤᠬᠳᠠᠪᠠ᠃ ᠨᠠᠮ ᠤᠨ ᠲᠦᠯᠦᠭᠡᠯᠡᠭᠴᠢᠳ ᠢᠳᠡᠪᠬᠢᠳᠡᠢ ᠪᠠᠷ ᠪᠣᠳᠣᠭᠰᠠᠨ ᠰᠠᠨᠠᠭᠰᠠᠨ ᠢᠶᠠᠨ ᠶᠠᠷᠢᠵᠣ᠂ ᠠᠵᠢᠯ ᠤᠨ ᠢᠯᠡᠳᠭᠡᠯ ᠤᠨ ᠲᠤᠭᠤᠷᠢᠨ ᠳᠤ ᠦᠪᠡᠷ ᠤᠨ ᠪᠤᠳᠠᠳᠠᠢ ᠲᠠᠢ ᠪᠠᠨ ᠤᠶᠠᠯᠳᠤᠭᠤᠯᠤᠨ ᠤᠯᠤᠯᠳᠡ ᠲᠦᠷᠦᠭᠳᠡᠯ ᠢᠶᠠᠨ ᠬᠤᠪᠢᠶᠠᠯᠴᠠᠨ᠂ ᠰᠡᠨᠡᠯ ᠰᠠᠨᠠᠭᠤᠯᠭ᠎ᠠ ᠪᠠᠨ ᠲᠡᠪᠰᠢᠭᠦᠯᠵᠤ᠂ ᠦᠪᠦᠷ ᠮᠤᠩᠭᠤᠯ ᠤᠨ ᠢᠷᠡᠭᠡᠳᠦᠢ ᠶᠢᠨ 5 ᠵᠢᠯ ᠤᠨ ᠰᠠᠶᠢᠨ ᠰᠠᠶᠢᠬᠠᠨ ᠬᠦᠭᠵᠢᠯᠳᠡ ᠶᠢᠨ ᠲᠦᠰᠦᠪ ᠢ ᠶᠠᠷᠢᠯᠴᠠᠪᠠ᠃ ᠤᠯᠠᠨ ᠢᠶᠠᠷ ᠢᠶᠠᠨ ᠰᠠᠨᠠᠯ ᠨᠢᠭᠡᠳᠡᠢ ᠦᠵᠡᠭᠰᠡᠨ ᠨᠢ᠂ ᠨᠠᠮ ᠤᠨ ᠲᠦᠯᠦᠭᠡᠯᠡᠭᠴᠢᠳ ᠤᠨ ᠬᠤᠷᠠᠯ ᠤᠨ ᠢᠯᠡᠳᠭᠡᠯ ᠨᠢ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠭᠰᠡᠨ᠂ ᠬᠦᠮᠦᠰ ᠢ ᠤᠷᠮᠠᠰᠢᠭᠤᠯᠤᠨ ᠵᠤᠷᠢᠬᠵᠢᠭᠤᠯᠬᠤ ᠰᠠᠶᠢᠨ ᠢᠯᠡᠳᠭᠡᠯ ᠪᠣᠯᠵᠠᠢ᠂ ᠮᠠᠨ ᠤ ᠤᠷᠤᠨ ᠤ ᠤᠳᠤᠬᠠᠨ ᠤ ᠪᠠ ᠬᠤᠶᠢᠰᠢᠳᠡ ᠶᠢᠨ ᠨᠢᠭᠡ ᠬᠡᠰᠡᠭ ᠬᠤᠭᠤᠴᠠᠭᠠᠨ ᠤ ᠡᠯ᠎ᠠ ᠵᠦᠢᠯ ᠤᠨ ᠦᠢᠯᠡᠰ ᠤᠨ ᠬᠦᠭᠵᠢᠯᠳᠡ ᠶᠢ ᠵᠢᠯᠤᠭᠤᠳᠬᠤ ᠠᠵᠢᠯᠯᠠᠭᠠᠨ ᠤ ᠬᠦᠳᠦᠯᠪᠦᠷᠢ ᠪᠣᠯᠣᠨ᠎ᠠ ᠭᠡᠵᠡᠢ᠃ ᠤᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠢᠯᠡᠳᠭᠡᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠡ ᠨᠢᠭᠡᠳᠭᠡᠨ᠎ᠡ ᠬᠡᠪᠡ᠃      ᠷᠧᠨ ᠶᠠ ᠫᠢᠩ ᠬᠢᠨᠠᠨ ᠵᠦᠪᠯᠡᠭᠦ ᠳᠤ ᠤᠷᠤᠯᠴᠠᠬᠤ ᠳᠠᠭᠠᠨ ᠬᠡᠯᠡᠭᠰᠡᠨ ᠨᠢ᠂ ᠨᠠᠮ ᠤᠨ ᠲᠦᠯᠦᠭᠡᠯᠡᠭᠴᠢᠳ ᠤᠨ ᠬᠤᠷᠠᠯ ᠤᠨ ᠢᠯᠡᠳᠭᠡᠯ ᠢ ᠲᠤᠭᠤᠷᠪᠢᠬᠤ ᠶᠠᠪᠤᠴᠠ ᠳᠤ ᠠᠷᠠᠳᠴᠢᠯᠡᠯ ᠢ ᠬᠦᠢᠴᠡᠳ ᠪᠠᠳᠠᠷᠠᠭᠤᠯᠵᠣ᠂ ᠤᠯᠠᠨ ᠤ ᠣᠬᠠᠭᠠᠨ ᠨᠡᠶᠢᠳᠡ ᠶᠢᠨ ᠪᠤᠳᠤᠯᠭ᠎ᠠ ᠶᠢ ᠲᠦᠪᠯᠡᠷᠡᠭᠦᠯᠵᠤ᠂ ᠲᠠᠬᠢᠨ ᠲᠠᠪᠳᠠᠨ ᠵᠠᠰᠠᠪᠤᠷᠢ ᠤᠷᠤᠭᠤᠯᠦᠨ ᠨᠠᠷᠢᠯᠢᠬᠵᠢᠭᠤᠯᠪᠡ᠃ ᠢᠯᠡᠳᠭᠡᠯ ᠳᠤ ᠲᠦᠷᠪᠡᠨ ᠲᠠᠯ᠎ᠠ ᠶᠢᠨ ᠤᠨᠴᠠᠯᠢᠭ ᠲᠠᠢ᠃ ᠨᠢᠭᠡ ᠨᠢ᠂ ᠭᠤᠤᠯ ᠰᠡᠳᠦᠪ ᠢᠯᠡ ᠲᠤᠳᠤ᠃ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠳᠠᠷᠡᠨ ᠪᠦᠯᠬᠦᠮᠳᠡᠵᠤ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ ᠬᠠᠷᠢᠯᠴᠠᠨ ᠬᠠᠪᠰᠣᠷᠣᠯᠴᠠᠵᠣ᠂ ᠪᠦᠯᠬᠦᠮᠳᠡᠨ ᠳᠡᠮᠡᠴᠡᠵᠦ᠂ ᠪᠣᠴᠠᠯᠳᠠ ᠦᠭᠡᠢ ᠣᠷᠣᠭᠰᠢᠯᠠᠵᠣ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ︾ ᠭᠤᠤᠯ ᠰᠡᠳᠦᠪ ᠢ ᠲᠤᠳᠤᠷᠬᠠᠢ ᠳᠣᠷᠠᠳᠴᠠᠢ᠃ ᠬᠤᠶᠠᠷ ᠨᠢ᠂ ᠬᠠᠷᠠᠯᠳᠠ ᠲᠤᠳᠤᠷᠬᠠᠢ᠃ ᠢᠷᠡᠭᠡᠳᠦᠢ ᠶᠢᠨ 5 ᠵᠢᠯ ᠤᠨ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠶᠢ ᠲᠤᠷᠠᠳᠴᠤ᠂ ᠤᠷᠤᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ ᠤᠯᠤᠰ ᠤᠨ ᠲᠤᠮᠳᠠᠴᠢ ᠲᠦᠪᠰᠢᠨ ᠠᠴᠠ ᠦᠨᠳᠦᠷ ᠪᠠᠶᠢᠯᠭᠠᠨ᠎ᠠ ᠭᠡᠵᠦ ᠳᠣᠷᠠᠳᠴᠣ᠂ ᠪᠠᠷᠢᠮᠵᠢᠶ᠎ᠠ ᠱᠠᠭᠠᠷᠳᠠᠯᠭ᠎ᠠ ᠨᠡᠩ ᠦᠨᠳᠦᠷ ᠪᠣᠯᠵᠣ᠂ ᠬᠠᠷᠠᠯᠳᠠ ᠪᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤᠨ ᠤ ᠠᠭᠤᠤ ᠶᠡᠭᠡ ᠢᠯᠡᠯᠳᠡ ᠶᠢ ᠴᠢᠷᠮᠠᠶᠢᠨ ᠲᠡᠮᠡᠴᠡᠨ ᠤᠯᠬᠤ ᠳᠡᠭᠡᠷ᠎ᠡ ᠳᠠᠯᠪᠢᠵᠠᠢ᠃ ᠭᠤᠷᠪᠠ ᠨᠢ᠂ ᠠᠷᠭ᠎ᠠ ᠬᠡᠮᠵᠢᠶ᠎ᠡ ᠬᠦᠴᠦᠨ ᠲᠠᠢ᠃ ᠢᠯᠡᠳᠭᠡᠯ ᠳᠤ ᠪᠦᠬᠦ ᠤᠷᠤᠨ ᠤ ᠠᠵᠤ ᠠᠬᠤᠢ ᠨᠡᠶᠢᠭᠡᠮ᠂ ᠠᠷᠠᠳᠴᠢᠯᠡᠯ ᠬᠠᠤᠯᠢᠵᠢᠯ᠂ ᠰᠤᠶᠤᠯ ᠎ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠨᠠᠮ ᠤᠨ ᠪᠠᠶᠢᠭᠤᠯᠣᠯᠳᠠ ᠵᠡᠷᠭᠡ ᠡᠯ᠎ᠠ ᠲᠠᠯ᠎ᠠ ᠶᠢᠨ ᠠᠵᠢᠯ ᠢ ᠪᠤᠳᠠᠳᠠᠢ ᠪᠠᠶᠢᠷᠢᠯᠠᠭᠤᠯᠵᠤ᠂ ᠬᠦᠭᠵᠢᠯᠳᠡ ᠶᠢᠨ ᠬᠠᠷᠠᠯᠳᠠ ᠪᠠᠨ ᠪᠡᠶᠡᠯᠡᠭᠦᠯᠭᠦ ᠳᠤ ᠬᠦᠴᠦᠨ ᠪᠦᠬᠦᠢ ᠳᠣᠯᠭᠠᠭᠤᠷᠢ ᠬᠠᠩᠭᠠᠵᠠᠢ᠃ ᠲᠦᠷᠪᠡ ᠨᠢ᠂ ᠬᠦᠮᠦᠰ ᠢ ᠤᠷᠮᠠᠰᠢᠭᠤᠯᠤᠨ ᠲᠠᠪᠰᠢᠭᠤᠯᠦᠨ᠎ᠠ᠃ ᠢᠯᠡᠳᠭᠡᠯ ᠳᠤ ᠪᠦᠬᠦ ᠤᠷᠤᠨ ᠤ ᠨᠠᠮ ᠎ ᠤᠨ ᠬᠡᠰᠢᠭᠦᠨ ᠺᠠᠳ᠋ᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠦᠪᠯᠡᠷᠡᠭᠦᠯᠦᠨ ᠢᠯᠡᠷᠡᠭᠦᠯᠵᠦ᠂ ᠪᠦᠬᠦ ᠤᠷᠤᠨ ᠤ ᠺᠠᠳ᠋ᠷᠴᠤᠳ ᠤᠨ ᠠᠵᠢᠯ ᠬᠢᠵᠤ ᠦᠢᠯᠡᠰ ᠪᠤᠰᠬᠠᠬᠤ ᠬᠠᠯᠠᠭᠤᠨ ᠰᠡᠳᠬᠢᠯᠭᠡ ᠪᠠ ᠢᠳᠡᠭᠡᠯ ᠵᠤᠷᠢᠭ ᠢ ᠨᠢ ᠲᠦᠢᠯ ᠤᠨ ᠶᠡᠭᠡ ᠪᠠᠷ ᠬᠦᠪᠴᠢᠯᠡᠵᠡᠢ ᠬᠡᠪᠡ᠃      ᠷᠸᠠ ᠶᠠ ᠫᠢᠩ ᠵᠢᠭᠠᠵᠤ ᠭᠠᠷᠭᠠᠬᠰᠠᠨ ᠨᠢ᠂ ᠤᠢᠢᠷ᠎ᠠ ᠶᠢᠨ ᠵᠢᠯ ᠳᠤ᠂ ᠪᠠᠶᠠᠨᠨᠠᠭᠤᠷ ᠬᠤᠳᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ᠂ ᠮᠠᠰᠢ ᠶᠡᠭᠡ ᠠᠮᠵᠢᠯᠳᠡ ᠤᠯᠵᠤ᠂ ᠦᠵᠡᠰᠭᠦᠯᠡᠩᠳᠦ ᠰᠠᠶᠢᠬᠠᠨ ᠬᠦᠳᠡᠭᠡ ᠨᠣᠳᠤᠭ ᠤᠨ ᠪᠦᠳᠦᠭᠡᠨ ᠪᠠᠶᠢᠭᠤᠯᠤᠯᠳᠠ ᠨᠢ ᠪᠦᠬᠦ ᠤᠷᠤᠨ ᠤ ᠡᠮᠦᠨ᠎ᠠ ᠡᠩᠨᠡᠭᠡ ᠳᠤ ᠣᠷᠣᠵᠣ᠂ ᠬᠤᠳᠠ ᠬᠦᠳᠡᠭᠡ ᠶᠢᠨ ᠲᠦᠷᠰᠦ ᠪᠠᠶᠢᠳᠠᠯ ᠳᠤ ᠯᠤᠳᠤ ᠶᠡᠭᠡ ᠬᠤᠪᠢᠷᠠᠯᠳᠠ ᠭᠠᠷᠴᠤ᠂ ᠦᠨᠳᠦᠰᠦᠳᠡᠨ ᠨᠦᠭᠦᠳ ᠪᠦᠯᠬᠦᠮᠳᠡᠨ᠂ ᠨᠡᠶᠢᠭᠡᠮ ᠠᠮᠤᠷ ᠲᠤᠬᠳᠠᠭᠤᠨ ᠪᠣᠯᠵᠣ᠂ ᠡᠯ᠎ᠠ ᠵᠦᠢᠯ ᠤᠨ ᠠᠵᠢᠯ ᠳᠤ ᠬᠢᠯᠡᠰ ᠴᠢᠭ᠋ ᠤᠯᠠᠨ ᠢᠯᠡᠷᠡᠵᠤ᠂ ᠬᠦᠭᠵᠢᠯᠳᠡ ᠶᠢᠨ ᠲᠦᠷᠭᠡᠨ ᠵᠠᠮ ᠳᠠᠭᠠᠨ ᠣᠷᠣᠵᠠᠢ᠃ ᠢᠷᠡᠭᠡᠳᠦᠢ ᠶᠢᠨ 5 ᠵᠢᠯ ᠤᠨ ᠬᠦᠭᠵᠢᠯᠳᠡ ᠳᠡᠭᠡᠨ ᠪᠠᠶᠠᠨᠨᠠᠭᠤᠷ ᠬᠤᠳᠠ ᠬᠦᠭᠵᠢᠭᠦᠯᠭᠦ ᠬᠡᠰᠡᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠳᠤ ᠠᠳᠬᠤᠵᠤ᠂ ᠪᠡᠯᠡ ᠤᠷᠤᠭᠤᠯᠤᠯᠳᠠ ᠶᠢᠨ ᠲᠠᠳᠠᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠣᠨ ᠠᠪᠴᠢᠷᠠᠬᠤ ᠪᠠ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠳᠬᠤᠬᠤ ᠶᠢ ᠴᠦᠬᠦᠷᠡᠯ ᠦᠭᠡᠢ ᠪᠠᠷᠢᠮᠳᠠᠯᠠᠵᠣ᠂ ᠨᠢᠬᠡᠲᠥᠬᠡᠷ᠂ ᠬᠤᠶᠠᠲᠤᠭᠠᠷ᠂ ᠭᠤᠷᠪᠠᠳᠤᠭᠠᠷ ᠠᠵᠤ ᠦᠢᠯᠡᠰ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠬᠡᠷᠡᠭᠳᠡᠢ᠃ ᠦᠵᠡᠯᠳᠠ ᠲᠠᠨᠢᠯᠳᠠ ᠪᠠᠨ ᠬᠤᠪᠢᠷᠠᠭᠤᠯᠤᠨ᠂ ᠭᠠᠳᠠᠭᠠᠳᠣ ᠨᠡᠭᠡᠭᠡᠯᠳᠡ ᠶᠢᠨ ᠲᠠᠶᠢᠴᠢᠯᠠᠬᠤ ᠦᠢᠯᠡᠳᠦᠯ ᠢ ᠰᠠᠶᠢᠳᠤᠷ ᠪᠠᠳᠠᠷᠠᠭᠤᠯᠤᠨ᠂ ᠪᠦᠬᠦ ᠲᠠᠯ᠎ᠠ ᠪᠠᠷ ᠭᠠᠳᠠᠭᠠᠳᠣ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ︽ᠨᠢᠭᠡ ᠪᠦᠰᠡ ᠨᠢᠭᠡ ᠵᠠᠮ︾᠎ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠳᠤ ᠠᠭᠤᠰᠴᠣ᠂ ᠤᠷᠤᠨ ᠪᠦᠰᠡ ᠶᠢᠨ ᠬᠠᠮᠵᠢᠯᠴᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠬᠡᠬᠤᠳᠠ ᠪᠤᠭᠤᠳᠤ ᠢᠷᠭᠠᠢ ᠳᠡᠮᠡᠭᠡᠳᠦ ᠶᠢᠨ ᠠᠵᠤ ᠠᠬᠤᠢ ᠶᠢᠨ ᠲᠤᠭᠤᠷᠢᠭ ᠲᠤ ᠬᠦᠨᠵᠡᠭᠡᠢ ᠠᠭᠤᠰᠴᠤ᠂ ᠬᠦᠭᠵᠢᠯᠳᠡ ᠶᠢᠨ ᠨᠦᠭᠡᠴᠡ ᠬᠦᠴᠦᠨ ᠪᠠ ᠠᠮᠢᠵᠢᠷᠠᠯ ᠤᠨ ᠬᠦᠴᠦᠨ ᠢᠶᠠᠨ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠳᠡᠢ᠃ ᠪᠠᠶᠠᠨᠨᠠᠭᠤᠷ ᠬᠤᠳᠠ ᠶᠢᠨ ᠤᠨᠴᠠᠯᠢᠭ ᠤᠨ ᠢᠶᠠᠨ ᠲᠤᠭᠤᠷᠢᠨ ᠳᠤ ᠬᠦᠭᠵᠢᠯᠳᠡ ᠶᠢ ᠠᠳᠬᠤᠵᠤ᠂ ᠮᠡᠳᠡᠭᠡ ᠵᠠᠩᠬᠢᠵᠢᠯᠳᠠ ᠬᠢᠭᠡᠳ ᠠᠵᠤ ᠦᠢᠯᠡᠰ ᠢ ᠬᠦᠨᠵᠡᠭᠡᠢ ᠠᠭᠤᠰᠤᠯᠴᠠᠭᠤᠯᠬᠤ ᠡᠨᠡᠭᠦ ᠲᠤᠮᠤ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠵᠣ᠂ ᠤᠯᠠᠮᠵᠢᠯᠠᠯᠳᠤ ᠠᠵᠤ ᠦᠢᠯᠡᠰ ᠢ ᠬᠦᠴᠦᠯᠡᠨ ᠲᠡᠰ ᠲᠡᠪᠰᠢᠭᠦᠯᠵᠤ᠂ ᠨᠢᠭᠡᠳᠦᠭᠡᠷ ᠠᠵᠤ ᠦᠢᠯᠡᠰ ᠤᠨ ᠲᠠᠪᠠᠭᠤᠯᠢᠭ ᠢᠶᠠᠨ ᠨᠡᠩ ᠶᠡᠭᠡᠰᠭᠡᠵᠤ᠂ ᠬᠤᠶᠠᠳᠤᠭᠠᠷ ᠠᠵᠤ ᠦᠢᠯᠡᠰ ᠤᠨ ᠬᠦᠭᠵᠢᠯᠳᠡ ᠪᠠᠨ ᠨᠡᠩ ᠲᠦᠷᠭᠡᠳᠭᠡᠨ᠂ ᠭᠤᠷᠪᠠᠳᠤᠭᠠᠷ ᠠᠵᠤ ᠦᠢᠯᠡᠰ ᠢ ᠡᠷᠳᠡ ᠡᠳᠦᠷ ᠬᠦᠴᠦᠷᠭᠡᠭᠵᠢᠭᠦᠯᠭᠦ ᠬᠡᠷᠡᠭᠳᠡᠢ᠃ ︽ᠤᠰᠤ᠂ ᠪᠤᠬᠢᠷᠳᠦᠯ ᠦᠭᠡᠢ᠂ ᠰᠤᠶᠤᠯ︾ ᠭᠤᠷᠪᠠᠨ ᠳᠠᠯ᠎ᠠ ᠶᠢᠨ ᠠᠵᠢᠯ ᠎ ᠢ ᠦᠷᠭᠦᠯᠵᠢᠯᠡᠨ ᠨᠠᠷᠢᠯᠢᠭ ᠪᠤᠳᠠᠳᠠᠢ ᠰᠠᠶᠢᠳᠤᠷ ᠬᠢᠵᠤ᠂ ᠪᠠᠶᠠᠨᠨᠠᠭᠤᠷ ᠬᠤᠳᠠ ᠶᠢᠨ ᠤᠨᠴᠠᠯᠢᠬ ᠲᠠᠢ ᠵᠠᠮ ᠢᠶᠠᠷ ᠵᠠᠮᠨᠠᠨ᠂ ᠪᠠᠶᠠᠨᠨᠠᠭᠤᠷ ᠬᠤᠳᠠ ᠶᠢᠨ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号