︽ᠭᠤᠷᠪᠠ ᠶᠢ ᠥᠭᠡᠶᠢᠰᠬᠡᠨ ᠨᠢᠭᠡ ᠶᠢ ᠪᠠᠭᠤᠷᠠᠭᠤᠯᠵᠤ ᠨᠢᠭᠡ ᠶᠢ ᠨᠥᠬᠦᠪᠥᠷᠢᠯᠡᠬᠦ︾᠎ ᠪᠠᠷ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2016/11/24
     ᠡᠨᠡ ᠵᠢᠯ ᠤᠨ ᠲᠤᠷᠰᠢ᠂ ᠥᠪᠥᠷ ᠮᠣᠩᠭᠤᠯ ᠨᠢᠭᠡᠨᠲᠡ ᠲᠡᠮᠥᠷ ᠬᠠᠶᠢᠯᠤᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ 224 ᠲᠦᠮᠡᠨ ᠲᠣᠨ᠂ ᠪᠤᠯᠤᠳ ᠪᠣᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ 67 ᠲᠦᠮᠡᠨ ᠲᠣᠨ᠂ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ 330 ᠲᠦᠮᠡᠨ ᠲᠣᠨ ᠦᠭᠡᠶᠢᠰᠭᠡᠵᠦ᠂ ᠵᠢᠯ ᠤᠨ ᠡᠭᠦᠷᠭᠡ ᠪᠠᠨ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠬᠦ ᠶᠢᠨ ᠬᠠᠮᠲᠤ ᠬᠥᠮᠥᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠬᠦ᠂ ᠬᠦᠰᠢᠭᠦᠷᠭᠡ ᠶᠢ ᠦᠭᠡᠶᠢᠰᠬᠡᠬᠦ᠂ ᠥᠪᠡᠷ ᠤᠨ ᠥᠷᠲᠡᠭ ᠢ ᠪᠠᠭᠤᠷᠠᠭᠤᠯᠬᠤ ᠪᠠ ᠲᠤᠲᠠᠭᠤᠳᠠᠯ ᠢ ᠨᠥᠬᠦᠪᠥᠷᠢᠯᠡᠬᠦ ᠠᠵᠢᠯ ᠢ ᠤᠷᠤᠭᠰᠢᠲᠠᠶ ᠠᠬᠢᠭᠤᠯᠪᠠ᠃ ᠡᠨᠡ ᠵᠢᠯ ᠤᠨ ᠲᠦᠷᠦᠭᠦᠦ 10 ᠰᠠᠷ᠎ᠠ ᠳᠤ᠂ ᠥᠪᠥᠷ ᠮᠣᠩᠭᠤᠯ ᠤᠨ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠦᠢᠯᠡᠳᠬᠦᠨ ᠤ ᠡᠵᠡᠯᠡᠨ ᠬᠡᠷᠡᠭᠯᠡᠭᠰᠡᠨ ᠪᠡᠯᠡ ᠮᠥᠩᠭᠦ ᠰᠠᠷ᠎ᠠ ᠳᠠᠷᠠᠭᠠᠯᠠᠨ ᠪᠠᠭᠠᠰᠴᠤ᠂ ᠪᠠᠭᠠᠰᠤᠭᠰᠠᠨ ᠬᠡᠮᠵᠢᠶ᠎ᠡ ᠨᠢ 16%᠎ ᠶᠢ ᠳᠠᠪᠠᠭᠰᠠᠨ ᠪᠠᠶᠢᠨ᠎ᠠ︔ ᠪᠦᠬᠦ ᠣᠷᠣᠨ ᠤ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠠᠯᠠᠪᠠᠶ ᠪᠣᠯᠣᠨ ᠪᠣᠷᠣᠯᠠᠭᠤᠯᠭ᠎ᠠ ᠶᠢᠨ ᠬᠡᠮᠵᠢᠶ᠎ᠡ ᠨᠢ ᠨᠢᠳᠤᠨᠤᠨ ᠵᠢᠯ ᠤᠨ ᠡᠴᠦᠰ ᠠᠴᠠ ᠲᠤᠰ ᠲᠤᠰ 25%  ᠪᠠ 22%᠎ ᠢᠶᠠᠷ ᠨᠡᠮᠡᠭᠳᠡᠵᠦ᠂ ᠪᠤᠷᠤᠯᠠᠭᠤᠯᠤᠭᠠᠳᠤᠢ ᠲᠠᠯᠠᠪᠠᠶ ᠨᠢ 12%᠎ ᠢᠶᠠᠷ ᠪᠠᠭᠠᠰᠴᠠᠶ︔ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠨᠢ ᠳᠡᠳᠬᠦᠬᠦ᠂ ᠠᠵᠤ ᠠᠬᠤᠶᠢᠯᠠᠯ ᠤᠨ ᠵᠢᠭᠡᠯᠡᠯᠭᠡ ᠲᠠᠷᠬᠠᠭᠠᠬᠤ ᠵᠡᠷᠭᠡ ᠲᠦᠷᠦ ᠶᠢᠨ ᠪᠤᠳᠤᠯᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ 750 ᠭᠠᠷᠤᠶ ᠳ᠋ᠦᠩᠰᠢᠭᠤᠷ ᠲᠥᠭᠦᠷᠢᠭ ᠤᠨ ᠰᠢᠭᠤᠳ ᠪᠡᠯᠡ ᠲᠣᠬᠢᠷᠠᠭᠤᠯᠭ᠎ᠠ ᠶᠢ ᠳᠠᠶᠢᠴᠢᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠᠴᠢ ᠬᠦᠦ ᠮᠥᠩᠭᠦ ᠶᠢᠨ ᠨᠤᠷᠮ᠎ᠠ ᠪᠣᠯᠣᠨ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ᠂ ᠠᠵᠤ ᠠᠬᠤᠶᠢᠯᠠᠯ ᠤᠨ ᠥᠷᠢᠲᠦᠯ ᠤᠨ ᠨᠤᠷᠮ᠎ᠠ ᠨᠢ ᠪᠦᠬᠦ ᠲᠠᠯ᠎ᠠ ᠪᠠᠷ ᠪᠠᠭᠤᠷᠠᠪᠠ︔ ᠴᠠᠬᠢᠯᠭᠠᠨ ᠬᠦᠴᠦᠨ ᠎ ᠢ ᠶᠡᠷᠦᠩᠬᠡᠶᠢᠯᠡᠨ ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠪᠥᠷ ᠮᠣᠩᠭᠤᠯ ᠤᠨ ᠰᠦᠢᠳᠬᠡᠯ ᠪᠠᠭᠤᠷᠠᠭᠤᠯᠵᠤ ᠭᠠᠶᠢᠯᠢ ᠬᠥᠩᠭᠡᠷᠡᠭᠦᠯᠦᠭᠰᠡᠨ ᠬᠡᠮᠵᠢᠶ᠎ᠡ ᠨᠢ 200 ᠭᠠᠷᠤᠶ ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠲᠡᠭ ᠢᠯᠡᠳᠲᠡ ᠳᠣᠷᠣᠭᠰᠢᠯᠠᠪᠠ  ᠂ ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ 9 ᠲᠣᠮᠣ ᠲᠥᠷᠥᠯ ᠤᠨ 45 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠨᠢ 31.1%᠎ ᠪᠠᠷ ᠨᠡᠮᠡᠭᠳᠡᠵᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠠᠬᠢ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠢᠯᠡᠷᠬᠡᠶ ᠨᠡᠮᠡᠭᠳᠡᠪᠡ᠃      ︽ᠭᠤᠷᠪᠠ ᠶᠢ ᠥᠭᠡᠶᠢᠰᠬᠡᠨ ᠨᠢᠭᠡ ᠶᠢ ᠪᠠᠭᠤᠷᠠᠭᠤᠯᠵᠤ ᠨᠢᠭᠡ ᠶᠢ ᠨᠥᠬᠦᠪᠥᠷᠢᠯᠡᠬᠦ︾᠎ ᠨᠢ ᠬᠡᠯᠪᠡᠷᠢ ᠪᠠᠨ ᠬᠤᠪᠢᠷᠠᠭᠤᠯᠬᠤ ᠳᠠᠷᠤᠯᠲᠠ ᠳᠣᠣᠷ᠎ᠠ ᠥᠪᠥᠷ ᠮᠣᠩᠭᠤᠯ ᠤᠨ ᠠᠵᠤ ᠠᠬᠤᠶ ᠳᠤ ᠨᠢᠭᠡ ᠬᠡᠰᠡᠭ ᠰᠢᠨ᠎ᠡ ᠣᠷᠣᠨ ᠵᠠᠶ ᠥᠷᠭᠡᠳᠬᠡᠵᠦ ᠥᠭᠪᠡ᠃ ᠪᠦᠷᠢᠳᠬᠡᠯ ᠠᠴᠠ ᠦᠵᠡᠪᠡᠯ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 7.5%᠎ ᠪᠠᠷ ᠨᠡᠮᠡᠭᠳᠡᠨ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.5 ᠵᠠᠭᠤᠨ ᠤ ᠴᠡᠭ ᠦᠨᠳᠦᠷ ᠪᠣᠯᠵᠤ᠂ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠭᠡᠢ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠨ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 0.4 ᠵᠠᠭᠤᠨ ᠤ ᠴᠡᠭ ᠦᠨᠳᠦᠷ ᠪᠣᠯᠵᠠᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号