ᠥᠪᠥᠷ ᠮᠣᠩᠭᠤᠯ ᠠᠯᠪᠠᠨ ᠠᠴᠠ ᠡᠷᠭᠢᠯᠡᠭᠰᠡᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠲᠣᠬᠢᠷᠠᠭᠤᠯᠬᠤ ᠪᠠᠷ ᠪᠣᠢ
ᠨᠡᠶᠢᠲᠡᠯᠡᠭᠰᠡᠨ ᠴᠠᠭ᠄
2016/11/24
     ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠢᠯᠡᠰ ᠢ ᠤᠯᠠᠮ ᠡᠷᠡᠭᠦᠯ ᠢᠶᠠᠷ ᠬᠥᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ 2017 ᠣᠨ ᠤ ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ᠂ ᠥᠪᠥᠷ ᠮᠣᠩᠭᠤᠯ ᠠᠯᠪᠠᠨ ᠠᠴᠠ ᠡᠷᠬᠢᠯᠡᠭᠰᠡᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠲᠣᠬᠢᠷᠠᠭᠤᠯᠬᠤ ᠪᠠᠷ ᠪᠣᠯᠪᠠ᠃      ᠣᠶᠢᠯᠠᠭᠠᠭᠰᠠᠨ ᠢᠶᠠᠷ᠂ 2017 ᠣᠨ ᠤ ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ᠂ ᠠᠯᠪᠠᠨ ᠠᠴᠠ ᠡᠷᠬᠢᠯᠡᠭᠰᠡᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ︵ᠲᠥᠭᠦᠷᠢᠭ / ᠵᠢᠯ / ᠰᠤᠷᠤᠭᠴᠢ︶᠎ ᠶᠢ ᠲᠤᠰᠬᠠᠶ ᠮᠡᠷᠭᠡᠵᠢᠯ ᠤᠨ ᠲᠦᠷᠦᠯ ᠵᠦᠢᠯ ᠢᠶᠠᠷ ᠨᠢ ᠨᠡᠶᠢᠯᠡᠭᠦᠯᠦᠭᠰᠡᠨ ᠤ ᠳᠠᠷᠠᠭ᠎ᠠ ᠳᠣᠣᠷᠠᠬᠢ ᠮᠡᠲᠦ ᠲᠣᠬᠢᠷᠠᠭᠤᠯᠤᠨ᠎ᠠ᠄ ᠬᠡᠯᠡ ᠲᠡᠦᠬᠡ ᠶᠢᠨ ᠲᠥᠷᠥᠯ 4200 ᠲᠥᠭᠦᠷᠢᠭ᠂ ᠡᠳ᠋ ᠤᠨ ᠵᠠᠰᠠᠭ ᠠᠵᠤ ᠠᠬᠤᠶ ᠶᠢᠨ ᠲᠦᠷᠦᠯ 4400 ᠲᠥᠭᠦᠷᠢᠭ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠠᠷᠢᠶᠠᠯᠠᠩ ᠤᠨ ᠲᠦᠷᠦᠯ 4600 ᠲᠥᠭᠦᠷᠢᠭ᠂ ᠠᠨᠠᠭᠠᠬᠤ ᠤᠬᠠᠭᠠᠨ ᠤ ᠲᠥᠷᠥᠯ 5000 ᠲᠥᠭᠦᠷᠢᠭ᠂ ᠤᠷᠠᠯᠢᠭ ᠤᠨ ᠲᠥᠷᠥᠯ 7200 ᠲᠥᠭᠦᠷᠢᠭ ᠠᠴᠠ ᠬᠡᠲᠦᠷᠡᠭᠦᠯᠬᠦ ᠦᠭᠡᠢ ︵ᠲᠠᠮᠢᠷ ᠤᠨ ᠲᠥᠷᠥᠯ ᠪᠠᠭᠲᠠᠨ᠎ᠠ︶᠃ ᠰᠤᠷᠤᠯᠭ᠎ᠠ ᠶᠢᠨ ᠬᠤᠪᠢ ᠲᠡᠮᠳᠡᠭᠯᠡᠬᠦ ᠲᠦᠷᠢᠮ ᠢᠶᠠᠷ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠰᠤᠷᠭᠠᠭᠤᠯᠢ ᠨᠢ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠰᠦᠢᠳᠬᠡᠯ ᠪᠠ ᠰᠤᠷᠤᠯᠭ᠎ᠠ ᠶᠢᠨ ᠬᠤᠪᠢ ᠶᠢᠨ ᠰᠦᠢᠳᠬᠡᠯ ᠭᠡᠬᠦ ᠬᠤᠶᠠᠷ ᠬᠡᠰᠡᠭ ᠬᠤᠪᠢᠶᠠᠵᠤ ᠰᠦᠢᠳᠬᠡᠯ ᠬᠤᠷᠢᠶᠠᠨ᠎ᠠ᠂ ᠭᠡᠪᠡᠴᠦ ᠰᠤᠷᠤᠯᠭ᠎ᠠ ᠶᠢᠨ ᠰᠦᠢᠳᠬᠡᠯ ᠤᠨ ᠨᠡᠶᠢᠯᠡᠪᠦᠷᠢ ᠨᠢ ᠲᠣᠭᠲᠠᠭᠠᠭᠰᠠᠨ ᠰᠤᠷᠤᠯᠭ᠎ᠠ ᠶᠢᠨ ᠣᠨ ᠤ ᠰᠦᠢᠳᠬᠡᠯ ᠬᠤᠷᠢᠶᠠᠬᠤ ᠪᠠᠷᠢᠮᠵᠢᠶ᠎ᠠ ᠠᠴᠠ ᠬᠡᠲᠦᠷᠡᠵᠦ ᠪᠣᠯᠬᠤ ᠦᠭᠡᠢ᠃      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠬᠤᠷᠢᠶᠠᠬᠤ ᠨᠢᠭᠡᠳᠦᠯᠲᠡᠶ ᠪᠠᠷᠢᠮᠵᠢᠶ᠎ᠠ ᠶᠢᠨ ᠰᠠᠭᠤᠷᠢᠨ ᠳᠡᠭᠡᠷ᠎ᠡ 10 %᠎ ᠪᠠᠷ ᠳᠡᠭᠡᠭᠰᠢᠯᠡᠭᠦᠯᠵᠦ ᠪᠣᠯᠣᠨ᠎ᠠ ︵ᠤᠷᠠᠯᠢᠭ ᠤᠨ ᠲᠥᠷᠥᠯ ᠪᠠᠭᠲᠠᠬᠤ ᠦᠭᠡᠢ︶︔ ᠡ᠊ᠩ ᠤᠨ ᠵᠢᠩᠬᠢᠨᠢ ᠠᠩᠬᠢ ᠶᠢᠨ ᠶᠡᠭᠡ ᠰᠤᠷᠭᠠᠭᠤᠯᠢ ᠶᠢᠨ ᠡᠷᠬᠢᠯᠡᠭᠰᠡᠨ ᠰᠤᠷᠭᠠᠭᠤᠯᠢ ᠡᠷᠭᠢᠯᠡᠬᠦ ᠣᠨᠴᠠᠭᠠᠶ ᠬᠡᠯᠪᠡᠷᠢ ︵ᠵᠢᠱᠢᠶᠡᠯᠡᠪᠡᠯ ᠳᠤᠮᠳᠠᠳᠤ ᠭᠠᠳᠠᠭᠠᠳᠤ ᠬᠤᠷᠰᠢᠨ ᠰᠤᠷᠭᠠᠭᠤᠯᠢ ᠡᠷᠬᠢᠯᠡᠬᠦ᠂ ᠰᠤᠷᠭᠠᠭᠤᠯᠢ ᠬᠢᠭᠡᠳ ᠠᠵᠤ ᠠᠬᠤᠶᠢᠯᠠᠯ ᠬᠠᠮᠲᠤᠷᠠᠨ ᠰᠤᠷᠭᠠᠭᠤᠯᠢ ᠡᠷᠬᠢᠯᠡᠬᠦ︶᠎ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠠᠰ ᠢᠶᠠᠷ ᠨᠢ ᠬᠢᠨᠠᠨ ᠲᠣᠭᠲᠠᠭᠠᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠤᠭᠴᠢᠳ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠳᠤ ᠰᠢᠯᠭᠠᠨ ᠣᠷᠣᠪᠠᠯ᠂ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ︽ᠦᠨᠳᠦᠰᠦᠲᠡᠨ ᠤ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ〔2016〕23 ᠳ᠋ᠤᠭᠠᠷ ᠲᠣᠭᠠᠲᠤ︶᠎ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠣᠬᠢᠷᠠᠭᠤᠯᠤᠭᠰᠠᠨ ᠤ ᠳᠠᠷᠠᠭᠠᠬᠢ ᠪᠠᠷᠢᠮᠵᠢᠶ᠎ᠠ ᠶᠢᠨ ᠰᠠᠭᠤᠷᠢᠨ ᠳᠡᠭᠡᠷ᠎ᠡ 20 %᠎ ᠪᠠᠷ ᠬᠠᠰᠤᠵᠤ ᠬᠡᠯᠲᠦᠷᠢᠭᠦᠯᠬᠦ ᠶᠣᠰᠣᠭᠠᠷ ᠬᠡᠷᠡᠭᠵᠢᠭᠦᠯᠦᠨ᠎ᠡ᠃ ᠡᠭᠦᠨ ᠤ ᠬᠠᠮᠲᠤ᠂ ︽ᠰᠢᠯᠤᠭᠤᠨ ᠵᠠᠮ︾᠎ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠰᠤᠷᠤᠯᠭ᠎ᠠ ᠲᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠶᠢᠨ ᠦᠢᠯᠡᠰ ᠢᠶᠠᠨ ᠤᠷᠤᠭᠰᠢᠲᠠᠶ ᠪᠡᠶᠡᠯᠡᠭᠦᠯᠬᠦ ᠶᠢ ᠨᠢ ᠦᠨᠡᠨ ᠬᠦ ᠪᠠᠲᠤᠯᠠᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠎ ᠶᠢᠨ ᠪᠠᠲᠤᠯᠠᠭ᠎ᠠ ᠶᠢᠨ ᠭᠡᠷ ᠪᠦᠯᠢ ᠶᠢᠨ ᠦᠷ᠎ᠡ ᠬᠡᠦᠬᠡᠳ᠂ ᠥᠨᠥᠴᠢᠨ ᠬᠡᠦᠬᠡᠳ ᠤᠨ ᠲᠤᠰᠠᠯᠠᠮᠵᠢ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号