2016 ᠣᠨ ᠤ 1—10 ᠳ᠋ᠤᠭᠠᠷ ᠰᠠᠷ᠎ᠠ ᠳᠤ ᠮᠠᠨ ᠤ ᠤᠷᠤᠨ ᠤ ᠵᠥᠪᠳᠡᠯᠴᠡᠭᠡᠷᠲᠦ ᠭᠠᠳᠠᠭᠠᠳᠤ ᠪᠡᠯᠡ ᠤᠷᠤᠭᠤᠯᠤᠯᠲᠠ ᠶᠢᠨ ᠶᠡᠷᠥᠩᠬᠡᠢ ᠲᠤᠭ᠎ᠠ 22.87 ᠳ᠋ᠦᠩᠰᠢᠭᠤᠷ ᠳ᠋ᠣᠯᠯᠠᠷ ᠪᠣᠯᠪᠠ
ᠨᠡᠶᠢᠲᠡᠯᠡᠭᠰᠡᠨ ᠴᠠᠭ᠄
2016/11/25
      ᠡᠨᠡ ᠵᠢᠯ ᠤᠨ 1—10 ᠳ᠋ᠤᠭᠠᠷ ᠰᠠᠷ᠎ᠠ ᠳᠤ᠂ ᠮᠠᠨ ᠤ ᠤᠷᠤᠨ ᠤ ᠰᠢᠨ᠎ᠡ ᠳᠠᠩᠰᠠᠯᠠᠭᠤᠯᠤᠭᠰᠠᠨ ᠬᠢᠯᠢ ᠶᠢᠨ ᠭᠠᠳᠠᠨᠠᠬᠢ ᠪᠡᠯᠡ ᠤᠷᠤᠭᠤᠯᠤᠯᠲᠠ ᠶᠢᠨ ᠠᠵᠤ ᠠᠬᠤᠶᠢᠯᠠᠯ 109 ᠪᠠᠶᠢᠵᠤ᠂ ᠠᠵᠤ ᠠᠬᠤᠶᠢᠯᠠᠯ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 20 ᠨᠡᠮᠡᠭᠳᠡᠪᠡ︔ ᠳᠤᠮᠳᠠᠳᠤ ᠤᠯᠤᠰ ᠤᠨ ᠲᠠᠯ᠎ᠠ ᠶᠢᠨ ᠵᠥᠪᠳᠡᠯᠴᠡᠭᠡᠷᠲᠦ ᠪᠡᠯᠡ ᠤᠷᠤᠭᠤᠯᠤᠯᠲᠠ ᠶᠢᠨ ᠶᠡᠷᠦᠩᠬᠡᠢ ᠲᠤᠭ᠎ᠠ 22.87 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41%᠎ ᠪᠠᠷ ᠨᠡᠮᠡᠭᠳᠡᠪᠡ᠃ ᠪᠡᠯᠡ ᠤᠷᠤᠭᠤᠯᠤᠯᠲᠠ ᠶᠢᠨ ᠤᠯᠤᠰ ︵ᠭᠠᠵᠠᠷ ᠤᠷᠤᠨ︶᠎ ᠢ ᠢᠯᠭᠠᠪᠠᠯ ᠭᠤᠣᠯᠳᠠᠭᠤ ᠤᠷᠤᠰ ︵47 ᠲᠦᠷᠦᠯ ᠵᠦᠢᠯ︶᠂ ᠮᠣᠩᠭᠤᠯ ᠤᠯᠤᠰ ︵24 ᠲᠦᠷᠦᠯ ᠵᠦᠢᠯ︶᠂ ᠠᠮᠧᠷᠢᠺᠠ ︵10 ᠲᠦᠷᠦᠯ ᠵᠦᠢᠯ︶᠂ ᠠᠷᠠᠪ ᠤᠨ ᠬᠤᠯᠪᠤᠭᠠᠲᠤ ᠠᠬᠠᠮᠠᠳᠲᠤ ᠤᠯᠤᠰ ︵7 ᠲᠦᠷᠦᠯ ᠵᠦᠢᠯ︶᠂ ᠠᠦ᠋ᠰᠲᠷᠠᠯᠢᠶ᠎ᠠ ︵4 ᠲᠦᠷᠦᠯ ᠵᠦᠢᠯ︶᠂ ᠰᠢᠶᠠᠩᠭᠠᠩ ︵3 ᠲᠦᠷᠦᠯ ᠵᠦᠢᠯ︶᠂ ᠺᠠᠶᠢᠮᠠᠨ ᠤ ᠣᠯᠳᠣᠷᠢᠭ ︵2 ᠲᠦᠷᠦᠯ ᠵᠦᠢᠯ︶᠂ ᠺᠤᠷᠢᠶᠡ ︵2 ᠲᠦᠷᠦᠯ ᠵᠦᠢᠯ︶᠂ ᠭᠠᠨᠠ ︵2 ᠲᠦᠷᠦᠯ ᠵᠦᠢᠯ︶᠂ ᠺᠠᠮᠪᠤᠵᠠ᠂ ᠰᠢᠨ᠎ᠡ ᠽᠧᠯᠠᠨᠳ᠋᠂ ᠲᠠᠢ ᠤᠯᠤᠰ᠂ ᠺᠠᠽᠠᠭᠰᠲ᠋ᠠᠨ᠂ ᠺᠠᠨᠠᠳᠠ᠂ ᠭᠷᠦ᠋ᠽᠢᠶᠠ᠂ ᠺᠢᠷᠭᠢᠽᠰᠲ᠋ᠠᠨ᠂  ᠶᠧᠵᠢᠫᠲ ᠵᠡᠷᠭᠡ ᠪᠣᠯᠣᠨ᠎ᠠ᠃ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠨᠢ ᠭᠤᠣᠯᠳᠠᠭᠤ ᠣᠶ ᠮᠤᠳᠤ ᠣᠭᠲᠣᠯᠬᠤ ᠪᠠ ᠮᠣᠳᠣᠨ ᠮᠠᠲ᠋ᠧᠷᠢᠶᠠᠯ ᠡᠳ᠋ᠰᠢᠭᠦᠯᠬᠦ᠂ ᠲᠠᠷᠢᠶᠠᠯᠠᠩ ᠤᠨ ᠲᠠᠷᠢᠮᠠᠯ᠂ ᠮᠠᠯ ᠠᠵᠤ ᠠᠬᠤᠶ ᠶᠢᠨ ᠲᠡᠵᠢᠭᠡᠪᠦᠷᠢ᠂ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠬᠤᠨᠤᠭ ᠪᠣᠯᠣᠨ ᠢᠳᠡᠭᠡᠨ ᠤᠮᠳᠠᠭᠠᠨ ᠤ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠭᠡᠷ ᠭᠠᠵᠠᠷ ᠬᠦᠷᠦᠩᠭᠡ ᠶᠢᠨ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠴᠠᠬᠢᠯᠭᠠᠨ ᠢᠯᠴᠢ ᠶᠢᠨ ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠲᠡᠭᠡᠭᠡᠪᠦᠷᠢ ᠶᠢᠨ ᠦᠢᠯᠡᠰ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠦᠢᠯᠡᠰ᠂ ᠰᠣᠶᠣᠯ ᠤᠷᠠᠯᠢᠭ ᠤᠨ ᠦᠢᠯᠡᠰ᠂ ᠬᠥᠮᠥᠷᠭᠡᠯᠡᠨ ᠬᠠᠳᠠᠭᠠᠯᠠᠬᠤ ᠦᠢᠯᠡᠰ ᠵᠡᠷᠭᠡ ᠳᠤ ᠬᠤᠯᠪᠤᠭᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号