ᠬᠦᠷᠦᠰᠦ ᠰᠢᠷᠤᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠣᠯᠣᠨ ᠭᠤᠣᠯᠳᠠᠯᠭ᠎ᠠ ᠲᠠᠢ ᠵᠠᠰᠠᠬᠤ ᠣᠷᠣᠨ ᠢ ᠰᠠᠯᠭᠠᠨ ᠬᠤᠪᠢᠶᠠᠷᠢᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2016/11/25
                     ᠥᠪᠥᠷ ᠵᠠᠰᠠᠭ ᠲᠠᠷᠬᠠᠭᠠᠭᠰᠠᠨ ﹇2016﹈ 44 ᠳ᠋ᠤᠭᠡᠷ ᠲᠤᠭᠠᠳᠤ                                  2016 ᠤᠨ ᠤ 4 ᠳ᠋ᠤᠭᠡᠷ ᠰᠠᠷ᠎ᠠ ᠶᠢᠨ 19᠎ ᠤ ᠡᠳᠥᠷ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠪᠥᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠦᠷᠦᠰᠦ ᠰᠢᠷᠦᠢ ᠶᠢ ᠪᠠᠲᠤᠯᠠᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠷᠦᠰᠦ ᠰᠢᠷᠦᠢ ᠶᠢ ᠪᠠᠲᠤᠯᠠᠬᠤ ᠳᠥᠷᠢᠮ︾ ᠵᠡᠷᠭᠡ ᠬᠤᠯᠪᠣᠭᠳᠠᠯ ᠪᠥᠬᠦᠢ ᠲᠣᠭᠲᠠᠭᠠᠯ ᠢ ᠥᠨᠳᠦᠰᠦᠯᠡᠨ᠂ ᠬᠥᠷᠥᠰᠥ ᠰᠢᠷᠥᠢ ᠶᠢᠨ ᠢᠳᠡᠭᠳᠡᠯ ᠢ ᠪᠥᠳᠥᠮᠵᠢᠲᠡᠢ ᠪᠠᠷ ᠤᠷᠢᠳᠴᠢᠯᠠᠨ ᠰᠡᠷᠭᠡᠶᠢᠯᠡᠬᠦ ᠪᠠ ᠵᠠᠰᠠᠵᠤ᠂ ᠬᠥᠷᠥᠰᠥ ᠰᠢᠷᠥᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠥᠳᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠥᠷᠭᠦᠯᠵᠢᠯᠡᠨ ᠬᠦᠭᠵᠢᠭᠦ ᠶᠢ ᠠᠬᠢᠭᠤᠯᠬᠤ ᠶᠢᠨ ᠲᠤᠰᠠᠲᠠ᠂ ᠡᠳᠦᠭᠡ ᠬᠥᠷᠥᠰᠥ ᠰᠢᠷᠦᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠣᠯᠣᠨ ᠭᠤᠣᠯᠳᠠᠯᠭ᠎ᠠ ᠲᠠᠢ ᠵᠠᠰᠠᠬᠤ ᠣᠷᠣᠨ ᠢ ᠰᠠᠯᠭᠠᠨ ᠬᠤᠪᠢᠶᠠᠷᠢᠯᠠᠬᠤ ᠬᠤᠯᠪᠣᠭᠳᠠᠯ ᠪᠥᠬᠦᠢ ᠵᠦᠢᠯᠡᠰ ᠢ ᠳᠣᠣᠷᠠᠬᠢ ᠮᠡᠳᠦ ᠵᠡᠷᠯᠡᠪᠡ᠄      ᠨᠢᠭᠡ᠂ ᠬᠥᠷᠥᠰᠥ ᠰᠢᠷᠥᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ      ᠨᠡᠶᠢᠲᠡ 8 ᠪᠣᠢ᠃ ᠡᠭᠦᠨ ᠳᠤ ᠤᠯᠤᠰ ᠤᠨ ᠳᠡᠰ ᠤᠨ 5 ᠪᠣᠢ᠂ ᠡᠭᠦᠨ ᠳᠤ᠄ ᠶᠡᠭᠡ ᠪᠠᠭ᠎ᠠ ᠬᠢᠩᠭᠠᠨ ᠳᠠᠪᠠᠭ᠎ᠠ᠂ ᠬᠥᠯᠦᠨ ᠪᠦᠢᠷ᠂ ᠶᠠᠨᠱᠠᠨ ᠠᠭᠤᠯᠠ᠂ ᠮᠣᠨᠢ ᠠᠭᠤᠯᠠ ᠶᠢᠨ ᠠᠷᠤ ᠬᠤᠷᠮᠣᠢ᠂ ᠴᠢ ᠯᠢᠶᠠᠨ ᠱᠠᠨ — ᠡᠾᠸᠢᠢᠾᠧ ᠭᠤᠣᠯ ᠪᠠᠭᠲᠠᠨ᠎ᠠ︔ ᠥᠪᠡᠷᠲᠡᠭᠡᠨ ᠵᠠᠰᠠᠬᠤ ᠣᠷᠣᠨ ᠤ ᠳᠡᠰ ᠤᠨ 3 ᠪᠣᠢ᠂ ᠡᠭᠦᠨ ᠳᠤ᠄ ᠪᠠᠷᠠᠭᠤᠨ ᠯᠢᠶᠣᠣᠾᠧ ᠭᠤᠣᠯ᠂ ᠮᠣᠨᠢ ᠠᠭᠤᠯᠠ ᠶᠢᠨ ᠠᠷᠤ ᠬᠤᠷᠮᠣᠢ — ᠪᠣᠷᠣᠲᠦᠬᠤᠢ ᠶᠢᠨ ᠲᠠᠯ᠎ᠠ ᠭᠠᠵᠠᠷ᠂ ᠠᠯᠠᠱᠠ ᠶᠢᠨ ᠥᠨᠳᠦᠷᠯᠢᠭ ᠪᠠᠭᠲᠠᠨ᠎ᠠ᠃      37 ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠬᠤᠯᠪᠣᠭᠳᠠᠨ᠎ᠠ᠄      ᠤᠯᠤᠰ ᠤᠨ ᠳᠡᠰ ᠤᠨ ᠬᠤᠰᠢᠭᠤ ᠰᠢᠶᠠᠨ ︵ᠬᠤᠲᠠ᠂ ᠲᠣᠭᠤᠷᠢᠭ︶ 22 ᠪᠣᠢ᠂ ᠡᠭᠦᠨ ᠳᠤ᠄ ᠡᠷᠭᠦᠨ᠎ᠡ ᠬᠤᠲᠠ᠂ ᠭᠡᠭᠡᠨ ᠭᠤᠣᠯ ᠬᠤᠲᠠ᠂ ᠶᠠᠭᠰᠢ ᠬᠤᠲᠠ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠬᠠᠶᠢᠯᠠᠷ ᠲᠣᠭᠤᠷᠢᠭ᠂ ᠡᠸᠡᠩᠬᠢ ᠥᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠮᠠᠨᠵᠣᠣᠷ ᠬᠤᠲᠠ᠂ ᠵᠠᠯᠠᠶᠢᠨᠠᠭᠤᠷ ᠲᠣᠭᠤᠷᠢᠭ᠂ ᠷᠠᠰᠢᠶᠠᠨ ᠬᠤᠲᠠ᠂ ᠳᠣᠯᠣᠨᠨᠣᠣᠷ ᠰᠢᠶᠠᠨ᠂ ᠰᠢᠯᠤᠭᠤᠨ ᠬᠥᠬᠡ ᠬᠤᠰᠢᠭᠤ᠂ ᠲᠠᠶᠢᠫᠤᠰᠧ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠳᠥᠷᠪᠡᠳ ᠬᠤᠰᠢᠭᠤ᠂ ᠳᠠᠷᠬᠠᠨ ᠮᠣᠣᠮᠢᠩᠭᠠᠨ ᠬᠤᠯᠪᠣᠭᠠᠲᠤ ᠬᠤᠰᠢᠭᠤ᠂ ᠤᠷᠠᠳ ᠤᠨ ᠳᠤᠮᠳᠠᠲᠤ ᠬᠤᠰᠢᠭᠤ᠂ ᠤᠷᠠᠳ ᠤᠨ ᠬᠤᠶᠢᠲᠤ ᠬᠤᠰᠢᠭᠤ᠂ ᠡᠵᠡᠨ᠎ᠡ ᠬᠤᠰᠢᠭᠤ ᠪᠠᠭᠲᠠᠨ᠎ᠠ᠃      ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠰᠢᠭᠤ ᠰᠢᠶᠠᠨ ︵ᠬᠤᠲᠠ᠂ ᠲᠣᠭᠤᠷᠢᠭ︶ 15 ᠪᠣᠢ᠂ ᠡᠭᠦᠨ ᠳᠤ᠄ ᠬᠤᠷᠴᠢᠨ ᠲᠣᠭᠤᠷᠢᠭ᠂ ᠬᠤᠷᠴᠢᠨ ᠵᠠᠭᠦᠨ ᠭᠠᠷᠤᠨ ᠳᠤᠮᠳᠠᠲᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠺᠠᠶᠢᠯᠤ ᠰᠢᠶᠠᠨ᠂ ᠵᠠᠭᠦᠨ ᠥᠵᠦᠮᠦᠴᠢᠨ ᠬᠤᠰᠢᠭᠤ᠂ ᠪᠠᠷᠠᠭᠤᠨ ᠥᠵᠦᠮᠦᠴᠢᠨ ᠬᠤᠰᠢᠭᠤ᠂ ᠰᠢᠯᠢ ᠶᠢᠨ ᠬᠤᠲᠠ᠂ ᠠᠪᠠᠭ᠎ᠠ ᠬᠤᠰᠢᠭᠤ᠂ ᠡᠷᠢᠶᠡᠨ ᠬᠤᠲᠠ᠂ ᠪᠠᠶᠠᠬᠤᠪᠣᠭ᠎ᠠ ᠠᠭᠤᠷᠬᠠᠢ ᠶᠢᠨ ᠲᠣᠭᠤᠷᠢᠭ᠂ ᠯᠢᠨᠾᠧ ᠲᠣᠭᠤᠷᠢᠭ᠂ ᠥᠶᠦᠸᠡᠨ ᠰᠢᠶᠠᠨ᠂ ᠬᠠᠩᠭᠢᠨ ᠬᠤᠶᠢᠲᠤ ᠬᠤᠰᠢᠭᠤ᠂ ᠠᠯᠠᠱᠠᠨ ᠵᠡᠭᠦᠨ ᠬᠤᠰᠢᠭᠤ ᠪᠣᠯᠣᠨ ᠠᠯᠠᠱᠠᠨ ᠪᠠᠷᠠᠭᠤᠨ ᠬᠤᠰᠢᠭᠤ ᠶᠢᠨ ᠬᠡᠰᠡᠭ ᠭᠠᠵᠠᠷ ᠪᠠᠭᠲᠠᠨ᠎ᠠ᠃      ᠲᠤᠰ ᠣᠷᠣᠨ ᠪᠦᠰᠡ ᠳᠤ ︽ᠤᠷᠢᠳᠴᠢᠯᠠᠨ ᠰᠡᠷᠭᠡᠶᠢᠯᠡᠬᠦ ᠪᠠᠷ ᠭᠤᠣᠯᠯᠠᠵᠤ᠂ ᠬᠠᠮᠠᠭᠠᠯᠠᠬᠤ ᠶᠢ ᠡᠩ ᠲᠡᠷᠢᠭᠦᠨ ᠳᠤ ᠲᠠᠯᠪᠢᠬᠤ︾ ᠴᠢᠭᠯᠡᠯᠲᠡ ᠶᠢ ᠪᠠᠷᠢᠮᠲᠠᠯᠠᠵᠤ᠂ ᠪᠠᠶᠢᠭᠠᠯᠢ ᠶᠢᠨ ᠬᠦᠷᠦᠰᠦᠨ ᠳᠡᠭᠡᠷᠡᠬᠢ ᠬᠤᠴᠢᠯᠲᠠ ᠪᠦᠷᠬᠦᠴᠡ ᠡᠳ᠋ ᠪᠣᠯᠣᠨ ᠣᠢ ᠡᠪᠡᠰᠦ ᠶᠢᠨ ᠤᠷᠭᠤᠮᠠᠯ ᠤᠨ ᠬᠤᠴᠢᠯᠭ᠎ᠠ ᠶᠢ ᠪᠦᠳᠦᠮᠵᠢᠲᠡᠢ ᠪᠠᠷ ᠬᠠᠮᠠᠭᠠᠯᠠᠬᠤ ᠬᠡᠷᠡᠭᠲᠡᠢ︔ ᠪᠢᠲᠡᠭᠦᠮᠵᠢᠯᠡᠨ ᠪᠤᠶᠢᠵᠢᠭᠤᠯᠵᠤ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠪᠠᠷᠢᠯ ᠢ ᠠᠪᠴᠤ᠂ ᠬᠡᠰᠡᠭ ᠬᠥᠷᠥᠰᠥ ᠰᠢᠷᠦᠢ ᠶᠢᠨ ᠢᠳᠡᠭᠳᠡᠯ ᠢᠶᠠᠷ ᠬᠦᠨᠳᠦ ᠬᠡᠴᠡᠭᠦᠦ ᠭᠠᠵᠠᠷ ᠣᠷᠣᠨ ᠳᠤ ᠶᠡᠷᠦᠩᠬᠡᠶᠢᠯᠡᠭᠰᠡᠨ ᠵᠠᠰᠠᠯᠲᠠ ᠬᠢᠵᠦ᠂ ᠣᠢ ᠡᠪᠡᠰᠦ ᠶᠢᠨ ᠬᠤᠴᠢᠯᠲᠠ ᠪᠦᠷᠬᠦᠴᠡ ᠶᠢᠨ ᠲᠠᠯᠠᠪᠠᠢ ᠶᠢ ᠦᠷᠭᠡᠳᠭᠡᠬᠦ ᠬᠡᠷᠡᠭᠲᠡᠢ︔ ᠬᠥᠷᠥᠰᠥ ᠰᠢᠷᠥᠢ ᠶᠢ ᠢᠳᠡᠭᠳᠡᠭᠦᠯᠬᠦ ᠪᠣᠯᠣᠮᠵᠢᠲᠠᠢ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠨᠤᠭᠤᠳ ᠢ ᠬᠢᠵᠠᠭᠠᠷᠯᠠᠬᠤ ᠪᠣᠶᠤ ᠴᠠᠭᠠᠵᠠᠯᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠵᠣᠷᠢᠭᠤᠳᠠ ᠪᠠᠷ ᠬᠥᠷᠥᠰᠥ ᠰᠢᠷᠥᠢ ᠶᠢᠨ ᠢᠳᠡᠭᠳᠡᠯ ᠲᠠᠢ ᠪᠣᠯᠬᠤ ᠠᠴᠠ ᠪᠦᠲᠦᠮᠵᠢᠲᠡᠢ ᠵᠠᠶᠢᠯᠠᠰᠬᠢᠬᠦ ᠬᠡᠷᠡᠭᠲᠡᠢ᠃      ᠬᠤᠶᠠᠷ᠂ ᠬᠥᠷᠥᠰᠥ ᠰᠢᠷᠥᠢ ᠶᠢᠨ ᠢᠳᠡᠭᠳᠡᠯ ᠢ ᠭᠤᠣᠯᠳᠠᠯᠭ᠎ᠠ ᠲᠠᠢ ᠵᠠᠰᠠᠬᠤ ᠣᠷᠣᠨ      ᠨᠡᠶᠢᠲᠡ 7 ᠪᠣᠢ᠃ ᠡᠭᠦᠨ ᠳᠤ ᠤᠯᠤᠰ ᠤᠨ ᠳᠡᠰ ᠤᠨ 4 ᠪᠣᠢ᠂ ᠡᠭᠦᠨ ᠳᠤ᠄ ᠶᠡᠭᠡ ᠬᠢᠩᠭᠠᠨ ᠳᠠᠪᠠᠭᠠᠨ ᠤ ᠵᠡᠭᠦᠨ ᠬᠤᠷᠮᠣᠢ᠂ ᠪᠠᠷᠠᠭᠤᠨ ᠯᠢᠶᠣᠣᠾᠧ ᠭᠤᠣᠯ ᠤᠨ ᠳ᠋ᠠᠯᠢᠩᠾᠧ ᠭᠤᠣᠯ ᠤᠨ ᠳᠤᠮᠳᠠ ᠳᠡᠭᠡᠲᠦ ᠤᠷᠤᠰᠬᠠᠯ᠂ ᠶᠦᠩ ᠳ᠋ᠢᠩ ᠡᠾᠧ ᠭᠤᠣᠯ ᠤᠨ ᠳᠡᠭᠡᠲᠥ ᠤᠷᠤᠰᠬᠠᠯ᠂ ᠬᠠᠳᠤᠨ ᠭᠤᠣᠯ ᠤᠨ ᠡᠯᠡᠰᠦ ᠠᠷᠪᠢᠨᠲᠠᠢ ᠪᠠ ᠰᠢᠷᠦᠭᠦᠨ ᠡᠯᠡᠰᠦ ᠶᠢᠨ ᠣᠷᠣᠨ ᠪᠠᠭᠲᠠᠨ᠎ᠠ︔ ᠥᠪᠡᠷᠲᠡᠭᠡᠨ ᠵᠠᠰᠠᠬᠤ ᠣᠷᠣᠨ ᠤ ᠳᠡᠰ ᠤᠨ 3 ᠪᠣᠢ᠂ ᠡᠭᠦᠨ ᠳᠤ᠄ ᠪᠠᠷᠠᠭᠤᠨ ᠯᠢᠶᠣᠣᠾᠧ ᠭᠤᠣᠯ᠂ ᠮᠣᠨᠢ ᠠᠭᠤᠯᠠ ᠶᠢᠨ ᠵᠡᠭᠦᠨ ᠡᠮᠤᠨᠡᠲᠦ ᠬᠡᠰᠡᠭ᠂ ᠬᠠᠲᠤᠨ ᠭᠤᠣᠯ ᠪᠠᠭᠲᠠᠨ᠎ᠠ᠃      66 ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠬᠤᠯᠪᠣᠭᠳᠠᠨ᠎ᠠ᠄      ᠤᠯᠤᠰ ᠤᠨ ᠳᠡᠰ ᠤᠨ ᠬᠤᠰᠢᠭᠤ ᠰᠢᠶᠠᠨ ︵ᠬᠤᠲᠠ᠂ ᠲᠣᠭᠤᠷᠢᠭ︶ 36 ᠪᠣᠢ᠂ ᠡᠭᠦᠨ ᠳᠤ᠄ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ᠂ ᠵᠠᠯᠠᠨ ᠠᠶᠢᠯ ᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠠᠬᠤᠲᠠ᠂ ᠲᠦᠴᠢᠦᠸᠡᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠲᠤ ᠬᠤᠰᠢᠭᠤ᠂ ᠵᠠᠷᠤᠳ ᠬᠤᠰᠢᠭᠤ᠂ ᠬᠤᠣᠯᠢᠨ ᠭᠤᠣᠯ ᠬᠤᠲᠠ᠂ ᠬᠡᠰᠢᠭᠲᠡᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠪᠠᠭᠠᠷᠢᠨ ᠵᠡᠭᠦᠨ ᠬᠤᠰᠢᠭᠤ᠂ ᠠᠷᠤ ᠬᠤᠷᠴᠢᠨ ᠬᠤᠰᠢᠭᠤ᠂ ᠣᠩᠨᠢᠭᠤᠳ ᠬᠤᠰᠢᠭᠤ᠂ ᠬᠤᠩᠱᠠᠨ ᠲᠣᠭᠤᠷᠢᠭ᠂ ᠶᠤᠸᠠᠨ ᠪᠣᠤ ᠱᠠᠨ ᠲᠣᠭᠤᠷᠢᠭ᠂ ᠰᠦᠩᠱᠠᠨ ᠲᠣᠭᠤᠷᠢᠭ᠂ ᠬᠠᠷᠠᠴᠢᠨ ᠬᠤᠰᠢᠭᠤ᠂ ᠠᠤᠬᠠᠨ ᠬᠤᠰᠢᠭᠤ᠂ ᠬᠥᠷᠢᠶ᠎ᠡ ᠬᠤᠰᠢᠭᠤ᠂ ᠨᠠᠢᠮᠠᠨ ᠬᠤᠰᠢᠭᠤ᠂ ᠰᠢᠩᠾᠧ ᠰᠢᠶᠠᠨ᠂ ᠬᠤᠷᠢᠨᠭᠡᠷ ᠰᠢᠶᠠᠨ᠂ ᠴᠢᠩ ᠱᠦᠢ ᠡᠾᠧ ᠰᠢᠶᠠᠨ᠂ ᠲᠣᠭᠲᠠᠬᠤ ᠰᠢᠶᠠᠨ᠂ ᠯᠢᠶᠠᠩᠴᠧᠩ ᠰᠢᠶᠠᠨ᠂ ᠵᠡᠭᠦᠨᠭᠠᠷ ᠬᠤᠰᠢᠭᠤ᠂ ᠳᠠᠯᠠᠳ ᠬᠤᠰᠢᠭᠤ᠂ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ᠂ ᠦᠤᠰᠢᠨ ᠬᠤᠰᠢᠭᠤ᠂ ᠳ᠋ᠧᠩᠺᠸᠦ ᠰᠢᠶᠠᠨ᠂ ᠬᠠᠩᠭᠢᠨ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠣᠳᠤᠭ ᠬᠤᠰᠢᠭᠤ ᠪᠠᠭᠲᠠᠨ᠎ᠠ᠃      ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠰᠢᠭᠤ ᠰᠢᠶᠠᠨ ︵ᠬᠤᠲᠠ᠂ ᠲᠣᠭᠤᠷᠢᠭ︶ 30 ᠪᠣᠢ᠂ ᠡᠭᠦᠨ ᠳᠤ᠄ ᠯᠢᠨᠰᠢ ᠰᠢᠶᠠᠨ᠂ ᠨᠢᠩᠴᠧᠩ ᠰᠢᠶᠠᠨ᠂ ᠰᠢᠯᠤᠭᠤᠨ ᠬᠦᠪᠡᠭᠡᠲᠦ ᠴᠠᠭᠠᠨ ᠬᠤᠰᠢᠭᠤ᠂ ᠬᠦᠪᠡᠭᠡᠲᠦ ᠰᠢᠷ᠎ᠠ ᠬᠤᠰᠢᠭᠤ᠂ ᠬᠤᠸᠠᠳᠧ ᠰᠢᠶᠠᠨ᠂ ᠱᠠᠩᠳᠤ ᠰᠢᠶᠠᠨ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠤᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠲᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠹᠧᠩᠵᠧᠨ ᠬᠤᠲᠠ᠂ ᠠᠯᠠᠱᠠᠨ ᠵᠡᠭᠦᠨ ᠬᠤᠰᠢᠭᠤ ᠶᠢᠨ ᠬᠡᠰᠡᠭ ᠭᠠᠵᠠᠷ᠂ ᠬᠠᠶᠢᠷᠤᠪ ᠤᠨ ᠲᠣᠬᠤᠢ ᠲᠣᠭᠤᠷᠢᠭ᠂ ᠬᠠᠶᠢᠨᠠᠨ ᠲᠣᠭᠤᠷᠢᠭ᠂ ᠤᠳᠠ ᠲᠣᠭᠤᠷᠢᠭ᠂ ᠤᠷᠠᠳ ᠤᠨ ᠡᠮᠦᠨᠡᠲᠦ ᠬᠤᠰᠢᠭᠤ᠂ ᠴᠢᠩᠱᠠᠨ ᠲᠣᠭᠤᠷᠢᠭ᠂ ᠬᠦᠨᠳᠡᠯᠡᠨ ᠲᠣᠭᠤᠷᠢᠭ᠂ ᠵᠢᠤᠶᠤᠸᠠᠨ ᠲᠣᠭᠤᠷᠢᠭ᠂ ᠳ᠋ᠦᠩᠾᠧ ᠲᠣᠭᠤᠷᠢᠭ᠂ ᠭᠦᠶᠠᠩ ᠰᠢᠶᠠᠨ᠂ ᠰᠢᠭᠤᠶᠢᠲᠤ ᠠᠭᠤᠷᠬᠠᠢ ᠶᠢᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠲᠦᠮᠡᠳ ᠵᠡᠭᠦᠨ ᠬᠤᠰᠢᠭᠤ᠂ ᠰᠢᠨ᠎ᠡ ᠬᠤᠲᠠ ᠲᠣᠭᠤᠷᠢᠭ᠂ ᠬᠤᠲᠤᠩ ᠠᠷᠠᠳ ᠤᠨ ᠲᠣᠭᠤᠷᠢᠭ᠂ ᠢᠤᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ᠂ ᠥᠴᠦᠸᠡᠨ ᠰᠢᠶᠠᠨ᠂ ᠵᠦᠸᠧᠽᠢ ᠰᠢᠶᠠᠨ ᠪᠠᠭᠲᠠᠨ᠎ᠠ᠃      ᠲᠣᠰ ᠣᠷᠣᠨ ᠪᠦᠰᠡ ᠳᠤ ︽ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠵᠢᠵᠢᠭ ᠰᠠᠪᠠ ᠭᠠᠵᠠᠷ ᠢᠶᠠᠷ ᠨᠢᠭᠡᠴᠢ ᠪᠣᠯᠭᠠᠭᠰᠠᠨ ᠶᠡᠷᠦᠩᠬᠡᠶᠢᠯᠡᠭᠰᠡᠨ ᠵᠠᠰᠠᠯᠲᠠ ᠬᠢᠬᠦ ᠶᠢ ᠦᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠪᠠ ᠦᠢᠯᠡᠳᠪᠦᠷᠢᠯᠡᠯ ᠤᠨ ᠨᠦᠬᠦᠴᠡᠯ ᠢᠶᠠᠨ ᠰᠠᠶᠢᠵᠢᠷᠠᠭᠤᠯᠬᠤ ᠬᠡᠷᠡᠭᠲᠡᠢ︔ ᠨᠢᠭᠡᠴᠡ ᠪᠠ ᠬᠤᠪᠢ ᠬᠥᠮᠥᠨ ᠬᠥᠷᠥᠰᠥ ᠰᠢᠷᠥᠢ ᠶᠢᠨ ᠢᠳᠡᠭᠳᠡᠯ ᠢ ᠵᠠᠰᠠᠬᠤ ᠳᠤ ᠣᠷᠣᠯᠴᠠᠬᠤ ᠶᠢ ᠵᠣᠷᠢᠬᠵᠢᠭᠤᠯᠬᠤ ᠬᠡᠷᠡᠭᠲᠡᠢ︔ ᠬᠠᠮᠢᠶᠠᠷᠴᠤ ᠬᠠᠮᠠᠭᠠᠯᠠᠬᠤ ᠪᠠᠨ ᠴᠢᠩᠭᠠᠳᠬᠠᠵᠤ᠂ ᠵᠠᠰᠠᠯᠲᠠ ᠶᠢᠨ ᠦᠷ᠎ᠡ ᠪᠦ᠋ᠲᠦᠮᠵᠢ ᠶᠢ ᠪᠠᠬᠢᠵᠢᠭᠦᠯᠬᠦ ᠬᠡᠷᠡᠭᠲᠡᠢ᠃      ︽ᠬᠥᠷᠥᠰᠥ ᠰᠢᠷᠥᠢ ᠶᠢᠨ ᠢᠳᠡᠭᠳᠡᠯ ᠢ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠢ ᠰᠠᠯᠭᠠᠨ ᠬᠤᠪᠢᠶᠠᠷᠢᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ︾ ︵ᠥᠪᠥᠷ ᠵᠠᠰᠠᠭ ᠲᠠᠷᠬᠠᠭᠠᠭᠰᠠᠨ ﹇1999﹈ 62 ᠳ᠋ᠤᠭᠠᠷ ᠲᠣᠭᠠᠲᠤ︶᠎ ᠢ ᠬᠠᠮᠳᠤ ᠳᠤᠨᠢ ᠬᠦᠴᠦᠨ ᠦᠭᠡᠢ ᠪᠣᠯᠭᠠᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ