ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 218 ᠳ᠋ᠤᠭᠠᠷ ᠲᠤᠭᠠᠳᠤ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠳᠤᠯᠬᠤ | ᠬᠠᠮᠢᠶᠠᠷᠤᠯᠲᠠ ᠶᠢᠨ ᠠᠷᠭ᠎ᠠ︾ ᠶᠢ 2016 ᠣᠨ ᠤ 2 ᠳ᠋ᠤᠭᠠᠷ ᠰᠠᠷ᠎ᠠ ᠶᠢᠨ 24 ᠤ ᠡᠳᠦᠷ ᠤᠨ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 66 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠨᠢᠭᠡᠨᠲᠡ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2016 ᠣᠨ ᠤ 6 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠤᠷᠤᠨ ᠤ ᠤᠷᠤᠯᠠᠬᠴᠢ ᠲᠡᠷᠢᠭᠦᠯᠡᠭᠴᠢ ᠪᠦ᠋ ᠰᠢᠶᠣᠣ ᠯᠢᠨ | 2016 ᠣᠨ ᠤ 4 ᠳ᠋ᠤᠭᠡᠷ ᠰᠠᠷ᠎ᠠ ᠶᠢᠨ 1 ᠤ ᠡᠳᠦᠷ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢ ᠴᠢᠩᠭᠠᠳᠬᠠᠵᠤ᠂ ᠦᠬᠡᠷ ᠬᠤᠨᠢ | ᠢᠮᠠᠭ᠎ᠠ ᠨᠢᠳᠣᠯᠬᠤ ᠠᠵᠢᠯᠯᠠᠭ᠎ᠠ ᠶᠢ ᠵᠢᠷᠤᠮᠵᠢᠭᠤᠯᠤᠨ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ | ᠴᠢᠨᠠᠷ ᠢ ᠪᠠᠲᠤᠯᠠᠵᠤ᠂ ᠦᠬᠡᠷ ᠬᠤᠨᠢ ᠢᠮᠠᠭ᠎ᠠ ᠨᠢᠳᠣᠯᠬᠤ ᠠᠵᠢᠯ ᠲᠦᠷᠦᠯ ᠤᠨ ᠡᠷᠡᠭᠦᠯ ᠢᠶᠠᠷ ᠬᠦᠭᠵᠢᠬᠦ ᠪᠠ ᠣᠯᠠᠨ | ᠨᠡᠶᠢᠲᠡ ᠶᠢᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾᠂ ︽ᠠᠮᠢᠳᠤ ᠭᠠᠭ᠋ᠠᠢ | ᠨᠢᠳᠤᠯᠬᠤ ᠬᠠᠮᠢᠶᠠᠷᠤᠯᠲᠠ ᠶᠢᠨ ᠳᠦᠷᠢᠮ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠢᠲᠠᠨ ᠤ | ᠬᠢᠵᠢᠭ ᠢ ᠰᠡᠷᠭᠡᠶᠢᠯᠡᠬᠦ ᠳᠦᠷᠢᠮ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ | ᠬᠤᠨᠢ ᠢᠮᠠᠭ᠎ᠠ ᠨᠢᠳᠣᠯᠬᠤ ᠠᠵᠢᠯᠯᠠᠭ᠎ᠠ ᠵᠢᠴᠢ ᠲᠡᠭᠦᠨ ᠤ ᠬᠢᠨᠠᠯᠲᠠ ᠬᠠᠮᠢᠶᠠᠷᠤᠯᠲᠠ ᠳᠤ ᠲᠤᠰ ᠠᠷᠭ᠎ᠠ ᠶᠢ | ᠵᠢᠷᠤᠮᠯᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠭᠡᠳᠡᠭ ᠨᠢ ᠦᠬᠡᠷ ᠬᠤᠨᠢ | ᠢᠮᠠᠭ᠎ᠠ ᠶᠢ ᠨᠢᠳᠤᠯᠤᠭᠰᠠᠨ ᠤ ᠳᠠᠷᠠᠭᠠᠬᠢ ᠡᠳ᠋ᠰᠢᠭᠦᠯᠦᠭᠡᠳᠦᠢ ᠭᠡᠨᠭᠭᠦᠳᠡᠭ᠂ ᠮᠢᠬ᠎ᠠ᠂ ᠥᠭᠡᠬᠦ᠂ ᠲᠤᠳᠣᠷ ᠡᠷᠬᠡᠲᠡᠨ᠂ | ᠴᠢᠰᠤ᠂ ᠶᠠᠰᠤ᠂ ᠲᠤᠯᠤᠭᠠᠢ᠂ ᠰᠢᠬᠢᠷ᠎ᠠ᠂ ᠠᠷᠠᠰᠤ᠂ ᠰᠡᠭᠦᠯ ᠵᠡᠷᠭᠡ ᠶᠢ ᠵᠢᠭᠠᠵᠤ ᠪᠣᠢ᠃ | ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠦᠬᠡᠷ ᠬᠤᠨᠢ ᠢᠮᠠᠭ᠎ᠠ ᠶᠢ ᠲᠣᠭᠲᠠᠭᠰᠠᠨ | ᠭᠠᠵᠠᠷ ᠲᠤ ᠨᠢᠳᠤᠯᠬᠤ᠂ ᠲᠦᠪᠯᠡᠷᠡᠭᠦᠯᠦᠨ ᠬᠢᠵᠢᠭ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ᠃ | ᠲᠣᠭᠲᠠᠭᠰᠠᠨ ᠭᠠᠵᠠᠷ ᠤᠨ ᠵᠦᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ | ᠦᠬᠡᠷ ᠬᠤᠨᠢ ᠢᠮᠠᠭ᠎ᠠ ᠨᠢᠳᠤᠯᠬᠤ ᠠᠵᠢᠯ ᠢ ᠡᠷᠬᠢᠯᠡᠵᠦ ᠪᠣᠯᠬᠤ ᠦᠭᠡᠢ᠂ ᠡᠭᠦᠨ ᠳᠤ ᠮᠠᠯᠵᠢᠬᠤ ᠲᠠᠷᠢᠶᠠᠯᠠᠬᠤ | ᠣᠷᠣᠨ ᠳᠠᠬᠢ ᠬᠤᠪᠢ ᠬᠦᠮᠦᠨ ᠤ ᠦᠪᠡᠰᠦᠪᠡᠨ ᠨᠢᠳᠤᠯᠵᠤ ᠦᠪᠡᠰᠦᠪᠡᠨ ᠢᠳᠡᠬᠦ ᠶᠢ ᠪᠠᠭᠲᠠᠭᠠᠬᠤ ᠦᠭᠡᠢ᠃ | ︽ᠲᠠᠷᠢᠶᠠᠴᠢᠨ ᠠᠶᠢᠯ ᠤᠨ ᠪᠠᠶᠠᠰᠤᠯ︾᠂ ︽ᠮᠠᠯᠵᠢᠨ ᠠᠶᠢᠯ ᠤᠨ ᠵᠢᠭᠤᠯᠴᠢᠯᠠᠯ︾ ᠵᠡᠷᠭᠡ ᠳᠤ | ᠬᠤᠯᠪᠣᠭᠳᠠᠭᠰᠠᠨ ᠦᠬᠡᠷ ᠬᠤᠨᠢ ᠢᠮᠠᠭ᠎ᠠ ᠨᠢᠳᠤᠯᠬᠤ ᠶᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ ᠪᠣᠳᠠᠳᠤ ᠪᠠᠶᠢᠳᠠᠯ ᠢᠶᠠᠨ | ᠦᠨᠳᠦᠰᠦᠯᠡᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ | ᠳᠥᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠪᠣᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤᠷ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠨᠡᠶᠢᠭᠡᠮ ᠤᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ ᠠᠵᠢᠯ ᠢ | ᠨᠢᠭᠡᠲᠦᠯᠲᠡᠢ ᠵᠣᠬᠢᠶᠠᠨ ᠪᠠᠶᠢᠭᠤᠯᠵᠤ᠂ ᠤᠳᠤᠷᠢᠳᠴᠤ᠂ ᠵᠣᠬᠢᠴᠠᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠶᠢ | ᠬᠢᠨᠠᠨ ᠬᠠᠮᠢᠶᠠᠷᠬᠤ ᠪᠠ ᠨᠢᠳᠤᠯᠬᠤ ᠮᠡᠷᠭᠡᠵᠢᠯ ᠤᠨ ᠵᠢᠯᠤᠭᠤᠳᠤᠯᠭ᠎ᠠ ᠬᠢᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ | ᠡᠳ᠋ ᠤᠨ ᠵᠠᠰᠠᠭ ᠤᠨ ᠲᠦᠰᠦᠪ ᠲᠤ ᠣᠷᠤᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠬᠥᠭᠵᠢᠭᠦᠯᠦᠯᠲᠡ ᠦᠭᠡᠷᠡᠴᠢᠯᠡᠯᠲᠡ᠂ ᠠᠵᠤ ᠠᠬᠤᠢ | ᠪᠠ ᠮᠡᠳᠡᠭᠡ ᠵᠠᠩᠬᠢᠵᠢᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ ᠦᠬᠡᠷ ᠬᠤᠨᠢ ᠢᠮᠠᠭ᠎ᠠ | ᠨᠢᠳᠤᠯᠬᠤ ᠠᠵᠢᠯ ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ | ᠲᠤᠳᠤᠷᠠᠬᠢ ᠦᠬᠡᠷ ᠬᠤᠨᠢ ᠢᠮᠠᠭ᠎ᠠ ᠨᠢᠳᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ | ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ | ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ | ᠲᠤᠳᠤᠷᠠᠬᠢ ᠦᠬᠡᠷ ᠬᠤᠨᠢ ᠢᠮᠠᠭ᠎ᠠ ᠨᠢᠳᠤᠯᠬᠤ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ | ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ | ᠦᠬᠡᠷ ᠬᠤᠨᠢ ᠢᠮᠠᠭ᠎ᠠ ᠨᠢᠳᠤᠯᠬᠤ ᠮᠡᠷᠭᠡᠵᠢᠯ ᠤᠨ ᠵᠢᠯᠤᠭᠤᠳᠤᠯᠭ᠎ᠠ ᠬᠢᠬᠦ ᠶᠢ ᠬᠠᠷᠢᠭᠤᠴᠠᠬᠤ ᠬᠡᠷᠡᠭᠲᠡᠢ᠃ | ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠬᠤᠳᠠᠯᠳᠤᠭᠠᠨ ᠤ | ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ | ᠬᠠᠮᠠᠭᠠᠯᠠᠯᠲᠠ᠂ ᠳᠤᠲᠤᠭᠠᠲᠤ ᠶᠢ ᠬᠠᠮᠠᠭᠠᠯᠠᠬᠤ᠂ ᠲᠦᠯᠦᠪᠵᠢᠭᠦᠯᠭᠡ᠂ ᠦᠨᠳᠦᠰᠦᠲᠡᠨ ᠤ ᠬᠡᠷᠡᠭ ᠡᠷᠬᠢᠯᠡᠬᠦ᠂ | ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ | ᠶᠤᠰᠤᠭᠠᠷ᠂ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠯᠤᠭ᠎ᠠ ᠬᠠᠮᠢᠶᠠᠳᠠᠭᠰᠠᠨ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠳ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠬᠠᠮᠵᠢᠯᠴᠠᠨ | ᠦᠬᠡᠷ ᠬᠤᠨᠢ ᠢᠮᠠᠭ᠎ᠠ ᠨᠢᠳᠤᠯᠬᠤ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠦᠢᠯᠡᠳᠪᠦᠷᠢ ︵ᠲᠠᠯᠠᠪᠠᠢ︶ ᠶᠢᠨ ᠮᠡᠷᠭᠡᠵᠢᠯ ᠳᠤ ᠰᠢᠨ᠎ᠡ ᠶᠢ ᠡᠭᠦᠳᠬᠦ ᠪᠠ ᠮᠡᠷᠭᠡᠵᠢᠯ ᠤᠨ ᠦᠭᠡᠷᠡᠴᠢᠯᠡᠯᠲᠡ | ᠬᠢᠬᠦ ᠶᠢ ᠬᠦᠲᠦᠯᠦᠨ ᠵᠢᠯᠤᠭᠤᠳᠴᠤ ᠵᠣᠷᠢᠬᠵᠢᠭᠤᠯᠤᠨ ᠳᠡᠮᠵᠢᠵᠦ᠂ ᠮᠧᠬᠠᠨᠢᠬᠵᠢᠭᠤᠯᠬᠤ᠂ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ᠂ ᠨᠡᠷᠡᠲᠦ ᠲᠦᠷᠦᠯ ᠲᠡᠮᠲᠡᠭᠵᠢᠭᠦᠯᠬᠦ ᠪᠠ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ | ᠠᠬᠢᠭᠤᠯᠬᠤ ᠬᠡᠷᠡᠭᠲᠡᠢ᠃ | ᠶᠢᠰᠦᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠡᠪᠴᠢᠶᠡᠵᠢᠯ᠂ ᠦᠢᠯᠡᠳᠪᠦᠷᠢᠯᠡᠯ ᠪᠠ ᠮᠡᠷᠭᠡᠵᠢᠯ ᠤᠨ ᠨᠦᠬᠦᠴᠡᠯ ᠵᠢᠴᠢ | ᠶᠠᠰᠤ ᠴᠢᠨᠠᠷ ᠤᠨ ᠠᠮᠦᠷ ᠲᠥᠪᠰᠢᠨ ᠤ ᠬᠠᠮᠢᠶᠠᠷᠤᠯᠲᠠ ᠶᠢᠨ ᠪᠠᠶᠢᠳᠠᠯ ᠢ ᠨᠢ ᠦᠨᠳᠦᠰᠦᠯᠡᠨ᠂ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠲᠦᠷᠦᠯ ᠬᠤᠪᠢᠶᠠᠨ ᠬᠠᠮᠢᠶᠠᠷᠬᠤ ᠶᠢ | ᠬᠡᠷᠡᠭᠵᠢᠭᠦᠯᠬᠦ ᠬᠡᠷᠡᠭᠲᠡᠢ᠃ | ᠠᠷᠪᠠᠳᠤᠭᠠᠷ ᠵᠦᠢᠯ ᠬᠠᠤᠯᠢ ᠶᠤᠰᠤᠭᠠᠷ ᠪᠠᠶᠢᠭᠤᠯᠤᠭᠰᠠᠨ ᠦᠬᠡᠷ ᠬᠤᠨᠢ ᠢᠮᠠᠭ᠎ᠠ ᠨᠢᠳᠤᠯᠬᠤ ᠠᠵᠢᠯ | ᠲᠦᠷᠦᠯ ᠤᠨ ᠨᠡᠶᠢᠭᠡᠮᠯᠢᠭ ᠤᠳ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠪᠠᠨ ᠴᠢᠩᠭᠠᠳᠬᠠᠵᠤ᠂ ᠠᠵᠢᠯ | ᠲᠦᠷᠦᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠨ ᠠᠬᠢᠭᠤᠯᠤᠨ᠂ ᠨᠡᠶᠢᠭᠡᠮᠯᠢᠭ ᠤᠨ ᠭᠡᠰᠢᠭᠦᠳ ᠲᠤ ᠮᠡᠳᠡᠭᠡ | ᠵᠠᠩᠭᠢ᠂ ᠮᠡᠷᠭᠡᠵᠢᠯ᠂ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠶᠢ ᠬᠠᠩᠭᠠᠵᠤ᠂ ᠮᠢᠬᠠᠨ ᠤ ᠢᠳᠡᠭᠡᠨ ᠤ ᠵᠦᠢᠯ ᠤᠨ | ᠠᠮᠦᠷ ᠲᠥᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠯᠠᠯᠦ ᠶᠢᠨ ᠦᠬᠡᠷ ᠬᠤᠨᠢ ᠢᠮᠠᠭ᠎ᠠ ᠨᠢᠳᠤᠯᠬᠤ ᠠᠵᠢᠯ ᠢ ᠡᠷᠬᠢᠯᠡᠭᠰᠡᠳ ᠨᠢ ᠲᠤᠰ | ᠠᠷᠭ᠎ᠠ ᠶᠢᠨ ᠲᠣᠭᠲᠠᠭᠠᠯ ᠳᠤ ᠨᠡᠶᠢᠴᠡᠬᠦ ᠠᠴᠠ ᠭᠠᠳᠠᠨ᠎ᠠ᠂ ᠪᠠᠰᠠ ᠤᠯᠤᠰ ᠪᠠ ᠦᠪᠡᠷᠲᠡᠭᠡᠨ ᠵᠠᠰᠠᠬᠤ ᠣᠷᠣᠨ ᠤ | ᠯᠠᠯᠦ ᠶᠢᠨ ᠢᠳᠡᠭᠡᠨ ᠤ ᠵᠦᠢᠯ ᠤᠨ ᠬᠠᠮᠢᠶᠠᠷᠤᠯᠲᠠ ᠳᠤ ᠬᠤᠯᠪᠣᠭᠳᠠᠭᠰᠠᠨ ᠲᠣᠭᠲᠠᠭᠠᠯ ᠪᠠ ᠴᠦᠬᠡᠨ ᠲᠣᠭᠠᠲᠤ | ᠦᠨᠳᠦᠰᠦᠲᠡᠨ ᠤ ᠯᠠᠯᠦ ᠶᠢᠨ ᠢᠳᠡᠭᠡᠨ ᠤ ᠵᠦᠢᠯ ᠢ ᠢᠳᠡᠬᠦ ᠵᠠᠩ ᠵᠠᠩᠰᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠶᠠᠳᠤᠭᠠᠷ ᠪᠦᠯᠦᠭ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠶᠢ ᠪᠠᠶᠢᠭᠤᠯᠬᠤ | ᠠᠷᠪᠠᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠳᠣᠣᠷ᠎ᠠ ᠵᠢᠭᠰᠠᠭᠠᠭᠰᠠᠨ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄ | ︵ᠨᠢᠭᠡ︶ ︽ᠠᠮᠢᠲᠠᠨ ᠤ ᠬᠢᠵᠢᠭ ᠢ ᠰᠡᠷᠭᠡᠶᠢᠯᠡᠬᠦ ᠨᠦᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ | ᠲᠣᠭᠲᠠᠭᠠᠯ ᠳᠤ ᠨᠡᠶᠢᠴᠡᠭᠰᠡᠨ ᠪᠠᠶᠢᠬᠤ︔ | ︵ᠬᠤᠶᠠᠷ︶ ᠣᠷᠴᠢᠨ ᠲᠣᠭᠤᠷᠢᠨ ᠤ ᠨᠦᠯᠦᠭᠡᠯᠡᠯ ᠢ ᠦᠨᠡᠯᠡᠬᠦ ᠭᠠᠷᠳᠠᠮ ᠪᠣᠯᠣᠨ ᠲᠦᠯᠦᠪᠵᠢᠭᠦᠯᠦᠨ ᠭᠠᠵᠠᠷ | ᠰᠤᠩᠭᠤᠬᠤ ᠰᠠᠨᠠᠯ ᠤᠨ ᠪᠢᠴᠢᠭ ᠢ ᠬᠠᠤᠯᠢ ᠶᠤᠰᠤᠭᠠᠷ ᠤᠯᠤᠭᠰᠠᠨ ᠪᠠᠶᠢᠬᠤ︔ | ︵ᠭᠤᠷᠪᠠ︶ ᠨᠢᠳᠤᠯᠬᠤ ᠬᠡᠪᠴᠢᠶᠡᠵᠢᠯ ᠯᠦᠭᠡ ᠵᠣᠬᠢᠴᠠᠭᠰᠠᠨ᠂ ᠤᠰᠤᠨ ᠤ ᠴᠢᠨᠠᠷ ᠨᠢ ᠤᠯᠤᠰ ᠤᠨ | ᠲᠣᠭᠲᠠᠭᠠᠭᠰᠠᠨ ᠪᠠᠷᠢᠮᠵᠢᠶ᠎ᠠ ᠯᠤᠭ᠎ᠠ ᠨᠡᠶᠢᠴᠡᠭᠰᠡᠨ ᠤᠰᠤᠨ ᠤ ᠰᠤᠷᠪᠤᠯᠵᠢ ᠶᠢᠨ ᠨᠦᠬᠦᠴᠡᠯ ᠲᠠᠢ ᠪᠠᠶᠢᠬᠤ︔ | ︵ᠳᠥᠷᠪᠡ︶ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠳᠤ ᠪᠡᠯᠡᠳᠭᠡᠭᠰᠡᠨ | ᠬᠠᠰᠢᠶ᠎ᠠ᠂ ᠲᠤᠰᠠᠭᠠᠷᠯᠠᠭᠰᠠᠨ ᠬᠠᠰᠢᠶ᠎ᠠ᠂ ᠨᠢᠳᠤᠯᠬᠤ ᠳᠤ ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ | ᠨᠢᠳᠤᠯᠬᠤ ᠲᠠᠰᠤᠯᠭ᠎ᠠ᠂ ᠬᠢᠵᠢᠭ ᠪᠠᠶᠢᠴᠠᠭᠠᠨ ᠰᠢᠯᠭᠠᠬᠤ ᠲᠠᠰᠤᠭ ᠵᠢᠴᠢ ᠦᠬᠡᠷ ᠬᠤᠨᠢ ᠢᠮᠠᠭ᠎ᠠ ᠨᠢᠳᠤᠯᠬᠤ | ᠪᠡᠯᠡᠳᠭᠡᠮᠵᠢ ᠲᠥᠭᠦᠭᠡᠷᠦᠮᠵᠢ ᠪᠣᠯᠣᠨ ᠠᠴᠢᠬᠤ ᠪᠠᠭᠠᠵᠢ ᠲᠠᠢ ᠪᠠᠶᠢᠬᠤ︔ | ︵ᠲᠠᠪᠤ︶ ᠰᠢᠯᠭᠠᠨ ᠬᠢᠨᠠᠵᠤ ᠬᠢᠷᠢ ᠲᠡᠩᠴᠡᠭᠰᠡᠨ ᠪᠠ ᠠᠵᠤ ᠠᠬᠤᠶᠢᠯᠠᠯ ᠤᠨ ᠬᠡᠪᠴᠢᠶᠡᠵᠢᠯ ᠯᠦᠭᠡ | ᠵᠣᠬᠢᠴᠠᠯᠳᠤᠭᠰᠠᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠲᠠᠢ ᠪᠠᠶᠢᠬᠤ︔ | ︵ᠵᠢᠷᠭᠤᠭ᠎ᠠ︶ ᠬᠠᠤᠯᠢ ᠶᠤᠰᠤᠭᠠᠷ ᠡᠷᠡᠭᠦᠯ ᠮᠡᠨᠳᠦ ᠶᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ | ᠪᠣᠯᠣᠨ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠮᠡᠷᠭᠡᠵᠢᠯ ᠤᠨ ᠠᠵᠢᠯᠲᠠᠨ ᠲᠠᠢ ᠪᠠᠶᠢᠬᠤ︔ | ︵ᠳᠤᠯᠤᠭ᠎ᠠ︶ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠬᠢᠵᠢᠭ ᠪᠠᠶᠢᠴᠠᠭᠠᠨ ᠰᠢᠯᠭᠠᠬᠤ | ᠲᠥᠭᠦᠭᠡᠷᠦᠮᠵᠢ᠂ ᠠᠷᠢᠭᠤᠳᠬᠠᠬᠤ ᠪᠡᠯᠡᠳᠭᠡᠮᠵᠢ᠂ ᠬᠦᠢᠲᠡᠨ ᠢᠶᠠᠷ ᠬᠠᠳᠠᠭᠠᠯᠠᠬᠤ ᠪᠡᠯᠡᠳᠭᠡᠮᠵᠢ᠂ ᠤᠬᠢᠶᠠᠯᠭ᠎ᠠ ᠬᠢᠬᠦ | ᠪᠡᠯᠡᠳᠭᠡᠮᠵᠢ᠂ ᠰᠦᠨ ᠤ ᠬᠦᠴᠢᠯ ᠢ ᠭᠠᠳᠠᠭᠰᠢᠯᠠᠭᠤᠯᠬᠤ ᠦᠢᠯᠡᠳᠪᠦᠷᠢ ᠶᠢᠨ ᠲᠠᠰᠤᠭ ᠲᠠᠢ ᠪᠠᠶᠢᠬᠤ︔ | ︵ᠨᠠᠢᠮᠠ︶ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠪᠤᠶᠤ ᠬᠤᠣᠷ ᠦᠭᠡᠶᠢᠳᠡᠭᠦᠯᠦᠨ ᠰᠢᠢᠳᠪᠦᠷᠢᠯᠡᠬᠦ | ᠲᠠᠯᠠᠪᠠᠢ ᠯᠤᠭ᠎ᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠠᠶᠢᠳᠠᠯᠭ᠎ᠠ ᠶᠢᠨ ᠭᠡᠷ᠎ᠡ ᠲᠣᠭᠲᠠᠭᠰᠠᠨ ᠪᠠᠶᠢᠬᠤ︔ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ ᠲᠠᠢ | ᠪᠠᠶᠢᠬᠤ᠃ | ᠠᠷᠪᠠᠨ ᠭᠤᠷᠪᠠᠳᠤᠭᠠᠷ ᠵᠦᠢᠯ ᠠᠯᠤᠰ ᠬᠢᠵᠠᠭᠠᠷ ᠪᠣᠯᠣᠨ ᠵᠠᠮ ᠬᠠᠷᠢᠯᠴᠠᠭ᠎ᠠ ᠳᠦᠭᠦᠮ ᠦᠭᠡᠢ ᠮᠠᠯᠵᠢᠬᠤ | ᠲᠠᠷᠢᠶᠠᠯᠠᠬᠤ ᠣᠷᠣᠨ ᠳᠤ ᠵᠦᠪᠬᠡᠨ ᠲᠤᠰ ᠭᠠᠵᠠᠷ ᠤᠨ ᠵᠠᠬ᠎ᠠ ᠳᠡᠯᠭᠡᠭᠦᠷ ︵ᠰᠤᠮᠤ ᠰᠢᠶᠠᠩ ᠪᠠᠯᠭᠠᠰᠤ ᠠᠴᠠ | ᠳᠣᠷᠤᠭᠰᠢᠬᠢ︶ ᠲᠤ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠠᠩᠭᠠᠬᠤ ᠵᠢᠵᠢᠭ ᠬᠡᠯᠪᠡᠷᠢ ᠶᠢᠨ ᠦᠬᠡᠷ ᠬᠤᠨᠢ | ᠢᠮᠠᠭ᠎ᠠ ᠨᠢᠳᠤᠯᠬᠤ ᠲᠠᠯᠠᠪᠠᠢ ᠶᠢ ᠪᠠᠶᠢᠭᠤᠯᠵᠤ ᠪᠣᠯᠣᠨ᠎ᠠ᠃ | ᠠᠷᠪᠠᠨ ᠳᠦᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠵᠢᠵᠢᠭ | ᠬᠡᠯᠪᠡᠷᠢ ᠶᠢᠨ ᠲᠠᠯᠠᠪᠠᠢ ᠨᠢ ᠳᠣᠣᠷ᠎ᠠ ᠵᠢᠭᠰᠠᠭᠠᠭᠰᠠᠨ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄ | ︵ᠨᠢᠭᠡ︶ ︽ᠠᠮᠢᠲᠠᠨ ᠤ ᠬᠢᠵᠢᠭ ᠢ ᠰᠡᠷᠭᠡᠶᠢᠯᠡᠬᠦ ᠨᠦᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ | ᠲᠣᠭᠲᠠᠭᠠᠯ ᠳᠤ ᠨᠡᠶᠢᠴᠡᠭᠰᠡᠨ ᠪᠠᠶᠢᠬᠤ︔ | ︵ᠬᠤᠶᠠᠷ︶ ᠲᠣᠭᠲᠠᠮᠠᠯ ᠨᠢᠳᠤᠯᠬᠤ ᠲᠠᠯᠠᠪᠤᠷ ᠲᠠᠢ ᠪᠠᠶᠢᠬᠤ︔ | ︵ᠭᠤᠷᠪᠠ︶ ᠲᠤᠰᠠᠭᠠᠷᠯᠠᠭᠰᠠᠨ ᠨᠢᠳᠤᠯᠬᠤ ᠳᠤ ᠪᠡᠯᠡᠳᠭᠡᠭᠰᠡᠨ ᠬᠠᠰᠢᠶ᠎ᠠ᠂ ᠲᠤᠰᠠᠭᠠᠷᠯᠠᠭᠰᠠᠨ ᠬᠠᠰᠢᠶ᠎ᠠ᠂ | ᠨᠢᠳᠤᠯᠬᠤ ᠳᠤ ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ ᠨᠢᠳᠤᠯᠬᠤ ᠲᠠᠰᠤᠯᠭ᠎ᠠ ᠲᠠᠢ ᠪᠠᠶᠢᠬᠤ︔ | ︵ᠳᠥᠷᠪᠡ︶ ᠠᠵᠤ ᠠᠬᠤᠶᠢᠯᠠᠯ ᠤᠨ ᠬᠡᠪᠴᠢᠶᠡᠵᠢᠯ ᠯᠦᠭᠡ ᠵᠣᠬᠢᠴᠠᠯᠳᠤᠭᠰᠠᠨ ᠰᠢᠯᠭᠠᠨ ᠬᠢᠨᠠᠵᠤ ᠬᠢᠷᠢ | ᠲᠡᠩᠴᠡᠭᠰᠡᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠲᠠᠢ ᠪᠠᠶᠢᠬᠤ︔ | ︵ᠲᠠᠪᠤ︶ ᠬᠠᠤᠯᠢ ᠶᠤᠰᠤᠭᠠᠷ ᠡᠷᠡᠭᠦᠯ ᠮᠡᠨᠳᠦ ᠶᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ ᠪᠣᠯᠣᠨ | ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠮᠡᠷᠭᠡᠵᠢᠯ ᠤᠨ ᠠᠵᠢᠯᠲᠠᠨ ᠲᠠᠢ ᠪᠠᠶᠢᠬᠤ︔ | ︵ᠵᠢᠷᠭᠤᠭ᠎ᠠ︶ ᠦᠨᠳᠦᠰᠦᠨ ᠡᠷᠡᠭᠦᠯ ᠬᠠᠮᠠᠭᠠᠯᠠᠯ ᠤᠨ ᠨᠦᠬᠦᠴᠡᠯ ᠪᠣᠯᠣᠨ ᠪᠣᠬᠢᠷᠳᠤᠯ ᠢ ᠰᠡᠷᠭᠡᠶᠢᠯᠡᠨ ᠵᠠᠰᠠᠬᠤ | ᠪᠡᠯᠡᠳᠭᠡᠮᠵᠢ ᠲᠠᠢ ᠪᠠᠶᠢᠬᠤ︔ | ︵ᠳᠤᠯᠤᠭ᠎ᠠ︶ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠲᠠᠢ ᠪᠣᠶᠣ ᠬᠤᠣᠷ ᠦᠭᠡᠶᠢᠳᠡᠭᠦᠯᠦᠨ | ᠰᠢᠢᠳᠪᠦᠷᠢᠯᠡᠬᠦ ᠲᠠᠯᠠᠪᠠᠢ ᠯᠤᠭ᠎ᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠠᠶᠢᠳᠠᠯᠭ᠎ᠠ ᠶᠢᠨ ᠭᠡᠷ᠎ᠡ ᠲᠣᠭᠲᠠᠭᠰᠠᠨ | ᠪᠠᠶᠢᠬᠤ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ ᠲᠠᠢ | ᠪᠠᠶᠢᠬᠤ᠃ | ᠠᠷᠪᠠᠨ ᠲᠠᠪᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ | ᠭᠤᠶᠤᠴᠢᠯᠠᠭᠴᠢ ᠠᠴᠠ ᠦᠢᠯᠡᠳᠪᠦᠷᠢ ︵ᠲᠠᠯᠠᠪᠠᠢ︶ ᠶᠢᠨ ᠬᠠᠶ᠋ᠢᠭ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ | ᠪᠢᠴᠢᠭ ᠢᠶᠠᠷ ᠭᠤᠶᠤᠴᠢᠯᠠᠯ ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠤᠰ | ᠠᠷᠭ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ ᠤᠨ | ᠬᠥᠭᠵᠢᠯᠲᠡ ᠶᠢᠨ ᠲᠦᠯᠦᠪᠵᠢᠭᠦᠯᠭᠡ ᠶᠤᠰᠤᠭᠠᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠬᠢᠨᠠᠨ | ᠪᠠᠶᠢᠴᠠᠭᠠᠵᠤ᠂ ᠪᠢᠴᠢᠭ ᠢᠶᠠᠷ ᠲᠣᠭᠲᠠᠭᠠᠯ ᠭᠠᠷᠭᠠᠨ᠎ᠠ᠂ ᠨᠦᠬᠦᠴᠡᠯ ᠳᠤ ᠨᠡᠶᠢᠴᠡᠭᠰᠡᠨ ᠦᠭᠡᠢ ᠪᠠᠶᠢᠪᠠᠯ᠂ ᠪᠢᠴᠢᠭ ᠢᠶᠠᠷ | ᠰᠢᠯᠲᠠᠭᠠᠨ ᠢ ᠨᠢ ᠲᠠᠶᠢᠯᠪᠤᠷᠢᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠶᠢ ᠪᠠᠶᠢᠭᠤᠯᠬᠤ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠭᠤᠶᠤᠴᠢᠯᠠᠭᠴᠢ ᠠᠴᠠ ᠰᠢᠯᠭᠠᠨ | ᠬᠤᠷᠢᠶᠠᠬᠤ ᠪᠢᠴᠢᠭ ᠤᠨ ᠭᠤᠶᠤᠴᠢᠯᠠᠯ ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ | ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠤᠲᠤᠷ᠎ᠠ ᠬᠤᠯᠪᠣᠭᠳᠠᠯ ᠪᠦᠬᠦᠢ ᠰᠠᠯᠠᠭ᠎ᠠ | ᠮᠦᠴᠢᠷ ᠲᠠᠢ ᠬᠠᠮᠲᠤᠷᠠᠨ ᠰᠢᠯᠭᠠᠨ ᠬᠤᠷᠢᠶᠠᠨ᠎ᠠ᠂ ᠰᠢᠯᠭᠠᠨ ᠬᠤᠷᠢᠬᠤ ᠳᠤ ᠬᠢᠷᠢ ᠲᠡᠩᠴᠡᠭᠰᠡᠨ ᠪᠠᠶᠢᠪᠠᠯ᠂ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠦᠨᠡᠮᠯᠡᠯ ᠪᠣᠯᠣᠨ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ | ᠣᠯᠭᠤᠨ᠎ᠠ︔ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠣᠯ᠂ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠠᠶᠢᠯᠪᠤᠷᠢᠯᠠᠬᠤ ᠬᠡᠷᠡᠭᠲᠡᠢ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠨᠡᠷᠡᠰ ᠢ ᠴᠠᠭ | ᠲᠣᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃ | ᠠᠷᠪᠠᠨ ᠳᠤᠯᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠣᠷᠣᠨ ᠤ ᠲᠣᠭᠲᠠᠭᠰᠠᠨ ᠭᠠᠵᠠᠷ ᠲᠤ ᠦᠬᠡᠷ | ᠬᠤᠨᠢ ᠢᠮᠠᠭ᠎ᠠ ᠨᠢᠳᠤᠯᠬᠤ ᠦᠨᠡᠮᠯᠡᠯ᠂ ᠲᠠᠮᠠᠭ᠎ᠠ᠂ ᠲᠡᠮᠲᠡᠭ ᠫᠠᠶᠢᠰᠠ ᠶᠢ ᠨᠢᠭᠡᠲᠦᠯᠲᠡᠢ ᠳ᠋ᠤᠭᠠᠷᠯᠠᠵᠤ᠂ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ ᠮᠢᠬᠠᠨ ᠤ ᠵᠦᠢᠯ ᠤᠨ ᠶᠠᠰᠤ ᠴᠢᠨᠠᠷ ᠢ ᠪᠠᠶᠢᠴᠠᠭᠠᠨ | ᠰᠢᠯᠭᠠᠵᠤ ᠬᠢᠷᠢ ᠲᠡᠩᠴᠡᠭᠰᠡᠨ ᠦᠨᠡᠮᠯᠡᠯ᠂ ᠬᠢᠵᠢᠭ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ | ᠬᠤᠣᠷ ᠦᠭᠡᠶᠢᠳᠡᠭᠦᠯᠦᠨ ᠰᠢᠢᠳᠪᠦᠷᠢᠯᠡᠭᠰᠡᠨ ᠲᠠᠮᠠᠭ᠎ᠠ᠂ ᠲᠡᠮᠲᠡᠭ ᠫᠠᠶᠢᠰᠠ ᠵᠡᠷᠭᠡ ᠶᠢ ᠨᠢᠭᠡᠲᠦᠯᠲᠡᠢ ᠵᠣᠬᠢᠶᠠᠬᠤ ᠶᠢ | ᠬᠠᠷᠢᠭᠤᠴᠠᠨ᠎ᠠ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠶᠢᠨ ᠦᠨᠡᠮᠯᠡᠯ᠂ ᠲᠠᠮᠠᠭ᠎ᠠ ᠪᠠ ᠲᠡᠮᠲᠡᠭ ᠫᠠᠶᠢᠰᠠ ᠶᠢᠨ ᠬᠠᠮᠢᠶᠠᠷᠤᠯᠲᠠ ᠬᠡᠷᠡᠭᠯᠡᠯᠲᠡ ᠶᠢᠨ ᠳᠦᠷᠢᠮ ᠢ | ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠦᠨᠡᠮᠯᠡᠯ᠂ ᠬᠢᠵᠢᠭ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ ᠬᠤᠣᠷ | ᠦᠭᠡᠶᠢᠳᠡᠭᠦᠯᠦᠨ ᠰᠢᠢᠳᠪᠦᠷᠢᠯᠡᠭᠰᠡᠨ ᠲᠠᠮᠠᠭ᠎ᠠ᠂ ᠲᠡᠮᠲᠡᠭ ᠫᠠᠶᠢᠰᠠ ᠵᠡᠷᠭᠡ ᠶᠢ ᠣᠯᠭᠤᠬᠤ ᠶᠢ ᠬᠠᠷᠢᠭᠤᠴᠠᠨ᠎ᠠ᠃ | ᠠᠷᠪᠠᠨ ᠨᠠᠢᠮᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠳᠤ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠨᠡᠷᠡᠶᠢᠳᠦᠯ᠂ ᠬᠠᠶ᠋ᠢᠭ᠂ | ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠯᠭᠠᠲᠠᠨ︶᠂ ᠨᠢᠳᠤᠯᠬᠤ ᠲᠦᠷᠦᠯ ᠵᠡᠷᠭᠡ ᠵᠦᠢᠯᠡᠰ ᠢ ᠲᠤᠳᠤᠷᠬᠠᠢ | ᠲᠡᠮᠲᠡᠭᠯᠡᠬᠦ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠦᠢᠯᠡᠳᠪᠦᠷᠢ ︵ᠲᠠᠯᠠᠪᠠᠢ︶ ᠶᠢᠨ | ᠲᠣᠭᠤᠷᠢᠭ ᠤᠨ ᠢᠯᠡᠷᠬᠡᠢ ᠭᠠᠵᠠᠷ ᠲᠤ ᠡᠯᠭᠦᠵᠦ ᠲᠠᠯᠪᠢᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠶᠢᠨ ᠦᠨᠡᠮᠯᠡᠯ᠂ ᠲᠠᠮᠠᠭ᠎ᠠ ᠪᠣᠯᠣᠨ | ᠲᠡᠮᠲᠡᠭ ᠫᠠᠶᠢᠰᠠ ᠶᠢ ᠳᠦᠷᠢᠶᠡᠰᠦᠯᠡᠬᠦ᠂ ᠵᠢᠭᠡᠯᠡᠭᠦᠯᠬᠦ ᠪᠠ ᠰᠢᠯᠵᠢᠭᠦᠯᠦᠨ ᠥᠭᠴᠦ ᠪᠣᠯᠬᠤ ᠦᠭᠡᠢ᠃ ᠶᠠᠮᠠᠷᠪᠠ ᠨᠢᠭᠡᠴᠡ | ᠪᠣᠯᠣᠨ ᠬᠤᠪᠢ ᠬᠦᠮᠦᠨ ᠭᠡᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠶᠢᠨ ᠦᠨᠡᠮᠯᠡᠯ᠂ | ᠲᠠᠮᠠᠭ᠎ᠠ ᠪᠣᠯᠣᠨ ᠲᠡᠮᠲᠡᠭ ᠫᠠᠶᠢᠰᠠ ᠶᠢ ᠬᠠᠭᠤᠷᠮᠠᠭ ᠢᠶᠠᠷ ᠵᠣᠬᠢᠶᠠᠬᠤ᠂ ᠦᠭᠡᠷᠡᠴᠢᠯᠡᠨ ᠵᠣᠬᠢᠶᠠᠬᠤ᠂ ᠬᠠᠭᠤᠷᠮᠠᠭᠯᠠᠨ | ᠬᠡᠷᠡᠭᠯᠡᠵᠦ ᠪᠣᠯᠬᠤ ᠦᠭᠡᠢ᠃ | ᠬᠤᠷᠢᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠶᠢᠨ ᠨᠡᠷᠡᠶᠢᠳᠦᠯ᠂ ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠯᠭᠠᠲᠠᠨ︶ ᠨᠢ ᠬᠤᠪᠢᠷᠠᠯᠲᠠ | ᠭᠠᠷᠤᠭᠰᠠᠨ ᠪᠠᠶᠢᠪᠠᠯ᠂ ᠡᠵᠡᠩᠨᠡᠯᠲᠡ ᠶᠢᠨ ᠦᠨᠡᠮᠯᠡᠯ ᠤᠯᠤᠭᠰᠠᠨ ᠡᠳᠦᠷ ᠠᠴᠠ ᠪᠠᠨ ᠡᠬᠢᠯᠡᠨ ᠬᠤᠷᠢᠨ ᠡᠳᠦᠷ ᠤᠨ | ᠳᠤᠲᠤᠷ᠎ᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠢᠶᠠᠨ ᠬᠠᠯᠠᠬᠤ ᠭᠠᠷᠳᠠᠮ ᠢ | ᠭᠦᠢᠴᠡᠳᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠬᠢᠵᠢᠭ ᠪᠠᠶᠢᠴᠠᠭᠠᠬᠤ ᠠᠵᠢᠯᠲᠠᠨ ᠪᠣᠯᠣᠨ ᠨᠢᠳᠤᠯᠬᠤ ᠮᠡᠷᠭᠡᠵᠢᠯ ᠤᠨ ᠠᠵᠢᠯᠲᠠᠨ ᠤ ᠬᠤᠪᠢ ᠬᠦᠮᠦᠨ ᠤ | ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ | ᠠᠵᠢᠯ ᠤᠨ ᠨᠦᠯᠦᠭᠡᠨ ᠤ ᠡᠪᠡᠳᠴᠢᠨ ᠣᠯᠬᠤ ᠠᠴᠠ ᠰᠡᠷᠭᠡᠶᠢᠯᠡᠬᠦ ᠬᠡᠷᠡᠭᠲᠡᠢ᠃ | ᠭᠤᠷᠪᠠᠳᠤᠭᠠᠷ ᠪᠦᠯᠦᠭ ᠦᠬᠡᠷ ᠬᠤᠨᠢ ᠢᠮᠠᠭ᠎ᠠ ᠶᠢ ᠲᠣᠭᠲᠠᠭᠰᠠᠨ ᠭᠠᠵᠠᠷ ᠲᠤ ᠨᠢᠳᠤᠯᠬᠤ | ᠬᠤᠷᠢᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠤᠯᠤᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ᠂ | ᠮᠡᠷᠭᠡᠵᠢᠯ ᠤᠨ ᠵᠢᠷᠤᠮᠵᠢᠯ ᠪᠣᠯᠣᠨ ᠠᠵᠢᠯᠯᠠᠭᠠᠨ ᠤ ᠳᠦᠷᠢᠮ ᠶᠤᠰᠤᠭᠠᠷ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠵᠤ᠂ | ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢᠨ ᠬᠠᠮᠲᠤ᠂ ᠨᠢᠳᠤᠯᠬᠤ | ᠦᠢᠯᠡᠳᠪᠦᠷᠢ ᠶᠢᠨ ᠲᠠᠰᠤᠭ ᠲᠤ ᠦᠬᠡᠷ ᠬᠤᠨᠢ ᠢᠮᠠᠭ᠎ᠠ ᠨᠢᠳᠤᠯᠬᠤ ᠬᠢᠵᠢᠭ ᠪᠠᠶᠢᠴᠠᠭᠠᠨ ᠰᠢᠯᠭᠠᠬᠤ ᠠᠵᠢᠯᠯᠠᠭᠠᠨ ᠤ | ᠤᠷ᠎ᠠ ᠮᠡᠷᠭᠡᠰᠢᠯ ᠤᠨ ᠴᠤᠪᠤᠷᠠᠯ ᠵᠢᠷᠤᠭ᠂ ᠣᠷᠣᠨ ᠪᠠᠶᠢᠷᠢ ᠶᠢᠨ ᠵᠢᠷᠤᠭ ᠢ ᠳᠤᠲᠤᠷᠬᠠᠶᠢᠯᠠᠬᠤ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠠᠮᠢᠲᠠᠨ ᠤ | ᠠᠰᠠᠷᠠᠮᠵᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠳᠤ ᠨᠢᠳᠤᠯᠤᠭᠰᠠᠨ ᠦᠬᠡᠷ ᠬᠤᠨᠢ ᠢᠮᠠᠭ᠎ᠠ ᠳᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ | ᠲᠠᠯᠪᠢᠬᠤ ᠪᠠᠶᠢᠭᠤᠯᠤᠮᠵᠢ ᠶᠢᠨ ᠭᠠᠷᠭᠠᠭᠰᠠᠨ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾ | ᠶᠢ ᠳᠠᠭᠠᠯᠳᠤᠭᠤᠯᠬᠤ ᠶᠢᠨ ᠬᠠᠮᠲᠤ᠂ ᠮᠠᠯ ᠵᠢᠭᠦᠷᠲᠡᠨ ᠤ ᠢᠯᠭᠠᠬᠤ ᠲᠡᠮᠲᠡᠭ ᠢ ᠵᠡᠭᠦᠯᠭᠡᠬᠦ ᠬᠡᠷᠡᠭᠲᠡᠢ᠃ | ᠬᠤᠷᠢᠨ ᠳᠦᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠤᠬᠤᠴᠢᠯᠠᠨ ᠮᠦᠷᠳᠡᠬᠦ | ᠳᠦᠷᠢᠮ ᠢ ᠪᠠᠶᠢᠭᠤᠯᠬᠤ ᠬᠡᠷᠡᠭᠲᠡᠢ᠃ ᠦᠬᠡᠷ ᠬᠤᠨᠢ ᠢᠮᠠᠭ᠎ᠠ ᠶᠢᠨ ᠦᠢᠯᠡᠳᠪᠦᠷᠢ ︵ᠲᠠᠯᠠᠪᠠᠢ︶ ᠳᠤ ᠣᠷᠤᠭᠤᠯᠵᠤ | ᠢᠷᠡᠭᠰᠡᠨ ᠴᠠᠭ᠂ ᠢᠷᠡᠯᠲᠡ᠂ ᠲᠤᠭ᠎ᠠ ᠲᠤᠯᠤᠭᠠᠢ᠂ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ | ᠭᠡᠷᠡᠴᠢ︾᠂ ᠮᠠᠯ ᠵᠢᠭᠦᠷᠲᠡᠨ ᠤ ᠢᠯᠭᠠᠬᠤ ᠲᠡᠮᠲᠡᠭ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ | ᠦᠢᠯᠡᠳᠪᠦᠷᠢ ︵ᠲᠠᠯᠠᠪᠠᠢ︶ ᠠᠴᠠ ᠭᠠᠷᠤᠭᠰᠠᠨ ᠴᠠᠭ᠂ ᠡᠭᠦᠯᠳᠡᠷ ᠤᠭᠰᠠᠭ᠎ᠠ᠂ ᠲᠤᠭ᠎ᠠ ᠬᠡᠮᠵᠢᠶ᠎ᠡ᠂ ᠭᠦᠢᠯᠭᠡᠭᠡᠨ ᠤ | ᠬᠠᠨᠳᠤᠰᠢ ᠪᠣᠯᠣᠨ ᠬᠢᠵᠢᠭ ᠪᠠᠶᠢᠴᠠᠭᠠᠨ ᠰᠢᠯᠭᠠᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠵᠡᠷᠭᠡ ᠠᠭᠤᠯᠭ᠎ᠠ ᠶᠢ | ᠦᠨᠡᠨ ᠪᠣᠲᠠᠲᠠᠢ ᠪᠠᠷ ᠲᠡᠮᠲᠡᠭᠯᠡᠬᠦ ᠶᠢᠨ ᠬᠠᠮᠲᠤ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠬᠠᠳᠠᠭᠠᠯᠠᠬᠤ ᠬᠡᠷᠡᠭᠲᠡᠢ᠃ | ᠲᠡᠮᠲᠡᠭᠯᠡᠯ ᠪᠣᠯᠣᠨ ᠭᠡᠷᠡᠴᠢ ᠪᠠᠷᠢᠮᠲᠠ ᠶᠢ ᠬᠠᠳᠠᠭᠠᠯᠠᠬᠤ ᠬᠤᠭᠤᠴᠠᠭ᠎ᠠ ᠪᠠᠨ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢᠨ ᠴᠢᠨᠠᠷ ᠪᠠᠲᠤᠯᠠᠬᠤ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠵᠢᠷᠭᠤᠭᠠᠨ ᠰᠠᠷ᠎ᠠ ᠠᠴᠠ ᠳᠤᠲᠠᠭᠤ | ᠪᠠᠶᠢᠯᠭᠠᠵᠤ ᠪᠣᠯᠬᠤ ᠦᠭᠡᠢ︔ ᠲᠤᠳᠤᠷᠬᠠᠢ ᠴᠢᠨᠠᠷ ᠪᠠᠲᠤᠯᠠᠬᠤ ᠬᠤᠭᠤᠴᠠᠭ᠎ᠠ ᠪᠠᠶᠢᠬᠤ ᠦᠭᠡᠢ ᠪᠣᠯ᠂ ᠬᠠᠳᠠᠭᠠᠯᠠᠬᠤ | ᠬᠤᠭᠤᠴᠠᠭ᠎ᠠ ᠶᠢ ᠬᠤᠶᠠᠷ ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠬᠤᠷᠢᠨ ᠲᠠᠪᠤᠳᠤᠭᠠᠷ ᠵᠦᠢᠯ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠳᠤᠤᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠣᠷᠤᠭᠤᠯᠬᠤ | ᠪᠣᠶᠣ ᠪᠤᠰᠤᠳ ᠪᠤᠳᠠᠰ ᠣᠷᠤᠭᠤᠯᠵᠤ ᠪᠣᠯᠬᠤ ᠦᠭᠡᠢ︔ | ︵ᠬᠤᠶᠠᠷ︶ ᠴᠢᠬ ᠲᠣᠭᠲᠠᠭᠠᠭᠰᠠᠨ ᠦᠭᠡᠢ ᠪᠠᠷ ᠦᠬᠡᠷ ᠬᠤᠨᠢ ᠢᠮᠠᠭ᠎ᠠ ᠨᠢᠳᠤᠯᠬᠤ ᠠᠵᠢᠯ ᠡᠷᠬᠢᠯᠡᠵᠦ | ᠪᠠᠶᠢᠬᠤ ᠨᠢᠭᠡᠴᠡ ᠪᠤᠶᠤ ᠬᠤᠪᠢ ᠬᠦᠮᠦᠨ ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ ᠦᠬᠡᠷ ᠬᠤᠨᠢ | ᠢᠮᠠᠭ᠎ᠠ ᠶᠢᠨ ᠠᠰᠢᠭ ᠰᠢᠮ᠎ᠡ ᠶᠢ ᠬᠠᠳᠠᠭᠠᠯᠠᠬᠤ ᠪᠡᠯᠡᠳᠭᠡᠮᠵᠢ ᠬᠠᠩᠭᠠᠵᠤ ᠪᠣᠯᠬᠤ ᠦᠭᠡᠢ︔ | ︵ᠭᠤᠷᠪᠠ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ | ᠣᠷᠤᠭᠤᠯᠤᠭᠰᠠᠨ ᠪᠣᠶᠣ ᠪᠤᠰᠤᠳ ᠪᠤᠳᠠᠰ ᠣᠷᠤᠭᠤᠯᠤᠭᠰᠠᠨ ᠨᠢᠭᠡᠴᠡ ᠪᠣᠶᠣ ᠬᠤᠪᠢ ᠬᠦᠮᠦᠨ ᠳᠤ ᠲᠠᠯᠠᠪᠤᠷ | ᠬᠠᠩᠭᠠᠵᠤ ᠪᠣᠯᠬᠤ ᠦᠭᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠤᠰᠤ | ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠶᠢ ᠨᠢᠳᠤᠯᠵᠤ ᠪᠣᠯᠬᠤ | ᠦᠭᠡᠢ᠃ | ᠬᠤᠷᠢᠨ ᠵᠢᠷᠭᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠨᠢ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ ᠤ ᠦᠪᠡᠷ ᠢᠶᠠᠨ ᠪᠠᠶᠢᠴᠠᠭᠠᠬᠤ ᠳᠦᠷᠢᠮ ᠢ | ᠪᠠᠶᠢᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ ᠦᠨᠡᠯᠡᠬᠦ ᠬᠡᠷᠡᠭᠲᠡᠢ᠃ ᠦᠢᠯᠡᠳᠪᠦᠷᠢᠯᠡᠯ ᠤᠨ ᠨᠦᠬᠦᠴᠡᠯ ᠨᠢ ᠬᠤᠪᠢᠷᠠᠯᠲᠠ ᠭᠠᠷᠴᠤ᠂ ᠦᠬᠡᠷ ᠬᠤᠨᠢ | ᠢᠮᠠᠭ᠎ᠠ ᠨᠢᠳᠤᠯᠬᠤ ᠠᠮᠦᠷ ᠲᠥᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠣᠭᠰᠠᠨ ᠪᠠᠶᠢᠪᠠᠯ᠂ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠳᠠᠷᠦ᠋ᠢᠬᠠᠨ ᠴᠡᠭᠴᠡᠯᠡᠨ ᠵᠠᠰᠠᠬᠤ | ᠠᠷᠭ᠎ᠠ ᠬᠡᠮᠵᠢᠶ᠎ᠡ ᠠᠪᠬᠤ ᠬᠡᠷᠡᠭᠲᠡᠢ︔ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠠᠮᠦᠷ ᠲᠥᠪᠰᠢᠨ ᠤ ᠡ᠊ᠨᠳᠡᠯ | ᠡᠭᠦᠰᠬᠦ ᠳᠠᠯᠳᠠ ᠲᠥᠭᠰᠢᠭᠦᠷᠢ ᠲᠠᠢ ᠪᠠᠶᠢᠪᠠᠯ ᠳᠠᠷᠦ᠋ᠢᠬᠠᠨ ᠨᠢᠳᠤᠯᠬᠤ ᠠᠵᠢᠯᠯᠠᠭ᠎ᠠ ᠪᠠᠨ ᠵᠣᠭᠰᠤᠭᠠᠬᠤ ᠶᠢᠨ ᠬᠠᠮᠲᠤ᠂ | ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠢ᠃ | ᠬᠤᠷᠢᠨ ᠳᠤᠯᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ | ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠦᠬᠡᠷ ᠬᠤᠨᠢ ᠢᠮᠠᠭ᠎ᠠ ᠬᠤᠳᠠᠯᠳᠤᠨ | ᠠᠪᠬᠤ᠂ ᠨᠢᠳᠤᠯᠬᠤ᠂ ᠪᠤᠷᠤᠯᠠᠭᠤᠯᠬᠤ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠣᠬᠠᠢ ᠳᠤᠨᠢ ᠮᠡᠳᠡᠭᠦᠯᠦᠨ | ᠬᠦᠷᠭᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠭᠡᠭᠦᠯᠦᠨ ᠠᠪᠬᠤ ᠳᠦᠷᠢᠮ ᠢ ᠪᠠᠶᠢᠭᠤᠯᠵᠤ᠂ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠳᠤ ᠣᠷᠤᠰᠢᠵᠤ ᠪᠠᠶᠢᠭ᠎ᠠ ᠠᠮᠦᠷ ᠲᠥᠪᠰᠢᠨ ᠤ ᠳᠠᠯᠳᠠ ᠭᠡᠮ ᠢ ᠢᠯᠡᠷᠡᠭᠦᠯᠦᠨ᠂ | ᠣᠯᠠᠨ ᠨᠡᠶᠢᠲᠡ ᠶᠢᠨ ᠡᠷᠡᠭᠦᠯ ᠮᠡᠨᠳᠦ ᠪᠣᠯᠣᠨ ᠠᠮᠢ ᠨᠠᠰᠤᠨ ᠤ ᠠᠮᠦᠷ ᠲᠥᠪᠰᠢᠨ ᠳᠤ ᠬᠤᠬᠢᠷᠠᠯ ᠤᠴᠠᠷᠠᠭᠤᠯᠬᠤ | ᠪᠣᠯᠣᠮᠵᠢ ᠲᠠᠢ ᠪᠣᠯ ᠳᠠᠷᠦ᠋ᠢᠬᠠᠨ ᠦᠢᠯᠡᠳᠪᠦᠷᠢᠯᠡᠯ ᠢᠶᠠᠨ ᠵᠣᠭᠰᠤᠭᠠᠵᠤ᠂ ᠪᠣᠷᠤᠯᠠᠭᠤᠯᠤᠭᠴᠢ ᠪᠣᠯᠣᠨ ᠬᠡᠷᠡᠭᠯᠡᠭᠴᠢ ᠳᠤ | ᠮᠡᠳᠡᠭᠳᠡᠬᠦ ᠬᠡᠷᠡᠭᠲᠡᠢ᠂ ᠨᠢᠭᠡᠨᠲᠡ ᠵᠠᠬ᠎ᠠ ᠳᠡᠯᠭᠡᠭᠦᠷ ᠲᠤ ᠭᠠᠷᠭᠠᠵᠤ ᠪᠣᠷᠤᠯᠠᠭᠤᠯᠤᠭᠰᠠᠨ ᠦᠬᠡᠷ ᠬᠤᠨᠢ ᠢᠮᠠᠭ᠎ᠠ ᠶᠢᠨ | ᠠᠰᠢᠭ ᠰᠢᠮ᠎ᠡ ᠶᠢ ᠡᠭᠡᠭᠦᠯᠦᠨ ᠠᠪᠬᠤ ᠶᠢᠨ ᠬᠠᠮᠲᠤ᠂ ᠡᠭᠡᠭᠦᠯᠦᠨ ᠠᠪᠤᠬᠰᠠᠨ ᠪᠠ ᠮᠡᠳᠡᠭᠳᠡᠭᠰᠡᠨ ᠪᠠᠶᠢᠳᠠᠯ ᠢᠶᠠᠨ | ᠲᠡᠮᠲᠡᠭᠯᠡᠵᠦ᠂ ᠡᠭᠡᠭᠦᠯᠦᠨ ᠠᠪᠤᠬᠰᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ | ᠰᠢᠢᠳᠪᠦᠷᠢᠯᠡᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠤᠯᠤᠰ ᠤᠨ ᠲᠣᠭᠲᠠᠭᠠᠯ ᠶᠤᠰᠤᠭᠠᠷ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠡᠷᠡᠭᠲᠡᠢ᠃ ᠬᠤᠣᠷ | ᠦᠭᠡᠶᠢᠳᠡᠭᠦᠯᠦᠨ ᠰᠢᠢᠳᠪᠦᠷᠢᠯᠡᠬᠦ ᠵᠠᠷᠤᠳᠠᠯ ᠪᠣᠯᠣᠨ ᠬᠤᠬᠢᠷᠠᠯ ᠢ ᠤᠯᠤᠰ ᠪᠠ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠣᠭᠲᠠᠭᠠᠯ ᠶᠤᠰᠤᠭᠠᠷ ᠨᠦᠬᠦᠪᠦᠷᠢᠯᠡᠬᠦ ᠬᠡᠷᠡᠭᠲᠡᠢ᠃ | ᠳᠦᠷᠪᠡᠳᠦᠭᠡᠷ ᠪᠦᠯᠦᠭ ᠲᠣᠭᠲᠠᠭᠰᠠᠨ ᠭᠠᠵᠠᠷ ᠲᠤ ᠨᠢᠲᠦᠯᠤᠬᠰᠠᠨ ᠦᠬᠡᠷ ᠬᠤᠨᠢ ᠢᠮᠠᠭ᠎ᠠ ᠶᠢᠨ ᠬᠢᠵᠢᠭ ᠢ | ᠪᠠᠶᠢᠴᠠᠭᠠᠨ ᠰᠢᠯᠭᠠᠬᠤ | ᠭᠤᠴᠢᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠨᠢᠲᠦᠯᠦᠬᠰᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠡᠵᠡᠮᠳᠡᠬᠦ | ᠰᠢᠰᠲ᠋ᠧᠮᠵᠢ ᠶᠢ ᠪᠠᠶᠢᠭᠤᠯᠵᠤ᠂ ᠦᠬᠡᠷ ᠬᠤᠨᠢ ᠢᠮᠠᠭ᠎ᠠ ᠨᠢᠳᠤᠯᠵᠤ ᠬᠢᠵᠢᠭ ᠪᠠᠶᠢᠴᠠᠭᠠᠨ ᠰᠢᠯᠭᠠᠬᠤ | ᠬᠠᠷᠢᠭᠤᠴᠠᠯᠭᠠᠲᠠᠨ ᠢ ᠲᠤᠳᠤᠷᠬᠠᠶᠢᠯᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠰᠢᠯᠭᠠᠨ ᠬᠢᠨᠠᠬᠤ ᠳᠤ ᠬᠢᠷᠢ ᠲᠡᠩᠴᠡᠭᠰᠡᠨ ᠲᠣᠭᠲᠠᠭᠰᠠᠨ ᠭᠠᠵᠠᠷ ᠲᠤ ᠦᠬᠡᠷ | ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠨᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ | ᠲᠣᠭᠲᠠᠭᠠᠭᠰᠠᠨ ᠬᠢᠵᠢᠭ ᠪᠠᠶᠢᠴᠠᠭᠠᠨ ᠰᠢᠯᠭᠠᠬᠤ ᠳᠦᠷᠢᠮ ᠲᠣᠭᠲᠠᠭᠠᠯ ᠶᠤᠰᠤᠭᠠᠷ᠂ ᠨᠢᠳᠤᠯᠤᠭᠰᠠᠨ ᠦᠬᠡᠷ ᠬᠤᠨᠢ | ᠢᠮᠠᠭ᠎ᠠ ᠳᠤ ᠵᠡᠷᠭᠡᠪᠡᠷ ᠬᠢᠵᠢᠭ ᠪᠠᠶᠢᠴᠠᠭᠠᠨ ᠰᠢᠯᠭᠠᠬᠤ ᠶᠢᠨ ᠬᠠᠮᠲᠤ᠂ ᠬᠢᠵᠢᠭ ᠪᠠᠶᠢᠴᠠᠭᠠᠨ ᠰᠢᠯᠭᠠᠭᠰᠠᠨ | ᠮᠡᠳᠡᠭᠦᠯᠦᠯᠲᠡ ᠪᠢᠴᠢᠬᠦ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠢᠵᠢᠭ | ᠪᠠᠶᠢᠴᠠᠭᠠᠨ ᠰᠢᠯᠭᠠᠬᠤ ᠠᠵᠢᠯᠲᠠᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠠᠯ ᠡᠮᠨᠡᠯᠭᠡ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠯ ᠶᠤᠰᠤᠭᠠᠷ᠂ ᠬᠢᠵᠢᠭ ᠪᠠᠶᠢᠴᠠᠭᠠᠨ ᠰᠢᠯᠭᠠᠭᠰᠠᠨ ᠶᠠᠪᠤᠴᠠ ᠪᠣᠯᠣᠨ | ᠦᠷ᠎ᠡ ᠳ᠋ᠦᠩ ᠢ ᠦᠨᠡᠨ ᠪᠣᠲᠠᠲᠠᠢ ᠪᠠᠷ ᠲᠡᠮᠲᠡᠭᠯᠡᠬᠦ ᠶᠢᠨ ᠬᠠᠮᠲᠤ᠂ ᠬᠢᠵᠢᠭ ᠪᠠᠶᠢᠴᠠᠭᠠᠨ ᠰᠢᠯᠭᠠᠭᠰᠠᠨ | ᠮᠡᠳᠡᠭᠦᠯᠦᠯᠲᠡ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠣᠭᠲᠠᠭᠰᠠᠨ ᠭᠠᠵᠠᠷ ᠲᠤ ᠦᠬᠡᠷ ᠬᠤᠨᠢ | ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠳᠤ ᠠᠯᠪᠠᠨ ᠤ ᠮᠠᠯ ᠤᠨ ᠡᠮᠴᠢ ᠶᠢ ᠲᠣᠮᠢᠯᠠᠨ ᠰᠠᠭᠤᠯᠭᠠᠵᠤ᠂ ᠦᠬᠡᠷ | ᠬᠤᠨᠢ ᠢᠮᠠᠭ᠎ᠠ ᠨᠢᠳᠤᠯᠵᠤ ᠬᠢᠵᠢᠭ ᠪᠠᠶᠢᠴᠠᠭᠠᠨ ᠰᠢᠯᠭᠠᠬᠤ ᠶᠠᠪᠤᠴᠠ ᠶᠢ ᠲᠣᠭᠤᠷᠢᠨ ᠬᠢᠨᠠᠬᠤ ᠪᠠ ᠰᠤᠭᠤᠴᠠᠨ | ᠪᠠᠶᠢᠴᠠᠭᠠᠬᠤ ᠬᠡᠷᠡᠭᠲᠡᠢ᠃ | ᠠᠯᠪᠠᠨ ᠤ ᠮᠠᠯ ᠤᠨ ᠡᠮᠴᠢ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠶᠢᠨ ᠭᠠᠷᠭᠠᠭᠰᠠᠨ ᠬᠢᠵᠢᠭ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ | ᠦᠯᠢᠭᠡᠷ ᠠᠪᠴᠤ ᠪᠠᠶᠢᠴᠠᠭᠠᠨ ᠰᠢᠯᠭᠠᠬᠤ᠂ ᠲᠣᠭᠤᠷᠢᠨ ᠬᠢᠨᠠᠬᠤ ᠵᠡᠷᠭᠡ ᠠᠷᠭ᠎ᠠ ᠬᠡᠮᠵᠢᠶ᠎ᠡ ᠯᠦᠭᠡ ᠤᠶᠠᠯᠳᠤᠭᠤᠯᠵᠤ | ᠢᠯᠭᠠᠨ ᠲᠣᠭᠲᠠᠭᠠᠨ᠂ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠳᠤ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾ ᠭᠠᠷᠭᠠᠵᠤ ᠥᠭᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠬᠢᠵᠢᠭ ᠪᠠᠶᠢᠴᠠᠭᠠᠨ | ᠰᠢᠯᠭᠠᠭᠰᠠᠨ ᠦᠭᠡᠢ ᠪᠣᠶᠣ ᠬᠢᠵᠢᠭ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠦᠭᠡᠢ ᠪᠣᠯ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠠᠴᠠ ᠭᠠᠷᠭᠠᠵᠤ ᠪᠣᠯᠬᠤ ᠦᠭᠡᠢ᠃ | ᠭᠤᠴᠢᠨ ᠳᠦᠷᠪᠡᠳᠦᠭᠡᠷ ᠵᠦᠢᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠪᠣᠷᠤᠯᠠᠭᠤᠯᠬᠤ᠂ ᠮᠢᠬᠠᠨ | ᠢᠳᠡᠭᠡᠨ ᠤ ᠵᠦᠢᠯ ᠦᠢᠯᠡᠳᠪᠦᠷᠢᠯᠡᠨ ᠡᠳ᠋ᠰᠢᠭᠦᠯᠬᠦ ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠣᠯᠣᠨ ᠬᠤᠪᠢ ᠬᠦᠮᠦᠨ | ᠵᠢᠴᠢ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ᠂ ᠨᠡᠶᠢᠲᠡ ᠶᠢᠨ ᠬᠤᠭᠤᠯᠠ ᠶᠢᠨ ᠨᠢᠭᠡᠴᠡ ᠨᠦᠭᠦᠳ | ᠲᠣᠭᠲᠠᠭᠠᠯ ᠶᠤᠰᠤᠭᠠᠷ ᠬᠢᠵᠢᠭ ᠪᠠᠶᠢᠴᠠᠭᠠᠭᠰᠠᠨ ᠦᠭᠡᠢ ᠪᠣᠶᠣ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ | ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠵᠡᠩᠨᠡᠵᠦ ᠪᠣᠯᠬᠤ ᠦᠭᠡᠢ᠂ ᠡᠰᠡᠭᠦᠯ᠎ᠡ ᠪᠠᠶᠢᠴᠠᠭᠠᠨ ᠰᠢᠯᠭᠠᠭᠰᠠᠨ | ᠦᠭᠡᠢ ᠪᠣᠶᠣ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ | ᠦᠢᠯᠡᠳᠪᠦᠷᠢᠯᠡᠨ ᠡᠵᠡᠩᠨᠡᠵᠦ ᠪᠣᠯᠬᠤ ᠦᠭᠡᠢ᠃ | ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ | ᠭᠤᠴᠢᠨ ᠲᠠᠪᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠤᠰ ᠤᠨ ᠦᠬᠡᠷ ᠬᠤᠨᠢ ᠢᠮᠠᠭ᠎ᠠ ᠨᠢᠳᠤᠯᠬᠤ ᠶᠠᠰᠤ | ᠴᠢᠨᠠᠷ ᠤᠨ ᠠᠮᠦᠷ ᠲᠥᠪᠰᠢᠨ ᠢ ᠬᠢᠨᠠᠨ ᠡᠵᠡᠮᠳᠡᠬᠦ ᠲᠦᠯᠦᠪᠯᠡᠭᠡ ᠶᠢ ᠦᠨᠳᠦᠰᠦᠯᠡᠵᠦ᠂ ᠦᠪᠡᠷᠲᠡᠭᠡᠨ ᠵᠠᠰᠠᠬᠤ | ᠣᠷᠣᠨ ᠤ ᠦᠬᠡᠷ ᠬᠤᠨᠢ ᠢᠮᠠᠭ᠎ᠠ ᠨᠢᠳᠤᠯᠬᠤ ᠶᠠᠰᠤ ᠴᠢᠨᠠᠷ ᠤᠨ ᠠᠮᠦᠷ ᠲᠥᠪᠰᠢᠨ ᠢ ᠬᠢᠨᠠᠨ ᠡᠵᠡᠮᠳᠡᠬᠦ ᠲᠦᠰᠦᠯ ᠢ | ᠲᠣᠭᠲᠠᠭᠠᠬᠤ ᠪᠠ ᠬᠡᠷᠡᠭᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠨᠢᠳᠤᠯᠬᠤ ᠭᠤᠭᠴᠤᠭ᠎ᠠ ᠳᠠᠬᠢ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ ᠣᠨ ᠤ ᠰᠤᠭᠤᠴᠠᠨ ᠪᠠᠶᠢᠴᠠᠭᠠᠬᠤ ᠲᠦᠯᠦᠪᠯᠡᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ | ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠤ | ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠄ | ︵ᠨᠢᠭᠡ︶ ᠦᠬᠡᠷ ᠬᠤᠨᠢ ᠢᠮᠠᠭ᠎ᠠ ᠨᠢᠳᠤᠯᠬᠤ ᠵᠡᠷᠭᠡ ᠬᠤᠯᠪᠣᠭᠳᠠᠯ ᠪᠦᠬᠦᠢ ᠲᠠᠯᠠᠪᠣᠷ ᠲᠤ ᠣᠴᠢᠵᠤ | ᠲᠣᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠠᠵᠢᠯ ᠢ ᠬᠡᠷᠡᠭᠵᠢᠭᠦᠯᠬᠦ︔ | ︵ᠬᠤᠶᠠᠷ︶ ᠬᠤᠯᠪᠣᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ ᠠᠴᠠ ᠪᠠᠶᠢᠳᠠᠯ ᠢ ᠣᠶᠢᠯᠠᠭᠠᠬᠤ︔ | ︵ᠭᠤᠷᠪᠠ︶ ᠬᠤᠯᠪᠣᠭᠳᠠᠯ ᠪᠦᠬᠦᠢ ᠲᠡᠮᠲᠡᠭᠯᠡᠯ᠂ ᠫᠢᠶᠤᠤ ᠪᠠᠷᠢᠮᠲᠠ ᠵᠢᠴᠢ ᠪᠤᠰᠤᠳ ᠮᠠᠲ᠋ᠧᠷᠢᠶᠠᠯ ᠢ ᠡᠷᠢᠵᠦ | ᠦᠵᠡᠬᠦ᠂ ᠪᠠᠭᠤᠯᠭᠠᠬᠤ︔ | ︵ᠳᠥᠷᠪᠡ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠠᠴᠠ ᠲᠣᠭᠲᠠᠭᠠᠯ | ᠶᠤᠰᠤᠭᠠᠷ ᠦᠯᠢᠭᠡᠷ ᠠᠪᠬᠤ᠂ ᠦᠯᠡᠳᠡᠭᠡᠨ ᠰᠢᠯᠭᠠᠬᠤ᠂ ᠰᠤᠭᠤᠴᠠᠨ ᠪᠠᠶᠢᠴᠠᠭᠠᠬᠤ︔ | ︵ᠲᠠᠪᠤ︶ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠬᠤᠣᠷ | ᠬᠦᠨᠦᠭᠡᠯ ᠲᠠᠢ ᠪᠤᠳᠠᠰ ᠠᠭᠤᠯᠤᠭᠰᠠᠨ ᠪᠣᠶᠣ ᠠᠭᠤᠯᠵᠤ ᠪᠠᠶᠢᠬᠤ ᠰᠡᠵᠢᠭ ᠲᠠᠢ ᠦᠬᠡᠷ ᠬᠤᠨᠢ ᠢᠮᠠᠭ᠎ᠠ᠂ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠳᠤ ᠭᠡᠷᠡᠴᠢ ᠪᠠᠷᠢᠮᠲᠠ ᠶᠢ ᠬᠠᠮᠠᠭᠠᠯᠠᠬᠤ ᠠᠷᠭ᠎ᠠ ᠬᠡᠮᠵᠢᠶ᠎ᠡ ᠬᠡᠷᠡᠭᠯᠡᠬᠦ ᠬᠡᠷᠡᠭᠲᠡᠢ᠃ | ᠭᠤᠴᠢᠨ ᠳᠤᠯᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ | ᠬᠠᠤᠯᠢ ᠬᠡᠷᠡᠭᠵᠢᠭᠦᠯᠦᠭᠴᠢ ᠨᠢ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠡᠭᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠡᠮᠯᠡᠯ ᠢᠶᠠᠨ ᠭᠠᠷᠭᠠᠬᠤ ᠬᠡᠷᠡᠭᠲᠡᠢ᠃ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ | ᠪᠠᠶᠢᠭᠤᠯᠤᠮᠵᠢ ᠶᠢᠨ ᠬᠠᠤᠯᠢ ᠶᠤᠰᠤᠭᠠᠷ ᠬᠢᠬᠦ ᠬᠢᠨᠠᠨ ᠪᠠᠶᠢᠴᠠᠭᠠᠯᠲᠠ ᠳᠤ ᠬᠤᠯᠪᠤᠭᠳᠠᠯ ᠪᠦᠬᠦᠢ ᠨᠢᠭᠡᠴᠡ ᠪᠣᠯᠣᠨ | ᠬᠤᠪᠢ ᠬᠦᠮᠦᠨ ᠬᠠᠮᠵᠢᠯᠴᠠᠬᠤ ᠬᠡᠷᠡᠭᠲᠡᠢ᠂ ᠲᠡᠪᠴᠢᠬᠦ ᠪᠠ ᠬᠠᠷᠰᠢᠯᠠᠵᠤ ᠪᠣᠯᠬᠤ ᠦᠭᠡᠢ᠃ | ᠭᠤᠴᠢᠨ ᠨᠠᠢᠮᠠᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠨᠠᠨ | ᠪᠠᠶᠢᠴᠠᠭᠠᠬᠤ ᠳᠤᠮᠳᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ | ᠲᠤᠰ ᠠᠷᠭ᠎ᠠ ᠳᠤ ᠲᠣᠭᠲᠠᠭᠠᠭᠰᠠᠨ ᠨᠦᠬᠦᠴᠡᠯ ᠢ ᠪᠦᠷᠢᠯᠳᠦᠭᠦᠯᠬᠦ ᠪᠠᠨ ᠪᠣᠯᠢᠭᠰᠠᠨ ᠪᠠᠶᠢᠪᠠᠯ᠂ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠵᠦ ᠴᠡᠭᠴᠡᠯᠡᠨ ᠵᠠᠯᠠᠷᠠᠭᠤᠯᠬᠤ ᠬᠡᠷᠡᠭᠲᠡᠢ︔ ᠬᠤᠭᠤᠴᠠᠭ᠎ᠠ ᠨᠢ ᠦᠩᠭᠡᠷᠡᠭᠡᠳ ᠮᠦᠨᠬᠦ ᠲᠤᠰ | ᠠᠷᠭ᠎ᠠ ᠳᠤ ᠲᠣᠭᠲᠠᠭᠠᠭᠰᠠᠨ ᠨᠦᠬᠦᠴᠡᠯ ᠳᠤ ᠬᠦᠷᠴᠦ ᠳᠡᠶᠢᠯᠦᠭᠰᠡᠨ ᠦᠭᠡᠢ ᠪᠣᠯ᠂ ᠣᠣᠯ ᠤᠨ ᠦᠨᠡᠮᠯᠡᠯ ᠣᠯᠭᠤᠭᠰᠠᠨ | ᠪᠠᠶᠢᠭᠤᠯᠭ᠎ᠠ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠢ ᠬᠦᠴᠦᠨ ᠦᠭᠡᠢ | ᠪᠣᠯᠭᠠᠬᠤ ᠪᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠨᠢ ᠬᠤᠷᠢᠶᠠᠨ | ᠠᠪᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ | ᠬᠢᠨᠠᠨ ᠪᠠᠶᠢᠴᠠᠭᠠᠬᠤ ᠳᠤ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠨᠢ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ | ᠪᠠᠶᠢᠪᠠᠯ ᠬᠠᠤᠯᠢ ᠶᠤᠰᠤᠭᠠᠷ ᠲᠣᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠦᠴᠢᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠴᠢᠬ ᠲᠣᠭᠲᠠᠭᠠᠭᠰᠠᠨ | ᠦᠭᠡᠢ ᠪᠠᠷ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠡᠷᠬᠢᠯᠡᠪᠡᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ | ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ | ᠳᠦᠷᠢᠮ︾ ᠤᠨ ᠬᠤᠷᠢᠨ ᠳᠦᠷᠪᠡᠳᠦᠭᠡᠷ ᠵᠦᠢᠯ ᠤᠨ ᠨᠢᠭᠡᠳᠦᠭᠡᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ | ᠲᠣᠷᠭᠠᠬᠤ ᠬᠡᠷᠡᠭᠲᠡᠢ᠃ | ᠬᠠᠭᠤᠷᠮᠠᠭ ᠢᠶᠠᠷ ᠵᠣᠬᠢᠶᠠᠭᠰᠠᠨ᠂ ᠦᠭᠡᠷᠡᠴᠢᠯᠡᠨ ᠵᠣᠬᠢᠶᠠᠭᠰᠠᠨ ᠲᠣᠭᠲᠠᠭᠰᠠᠨ ᠭᠠᠵᠠᠷ ᠲᠤ ᠦᠬᠡᠷ ᠬᠤᠨᠢ | ᠢᠮᠠᠭ᠎ᠠ ᠨᠢᠳᠣᠯᠬᠤ ᠦᠨᠡᠮᠯᠡᠯ ᠪᠤᠶᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ | ᠫᠠᠶᠢᠰᠠ ᠶᠢ ᠬᠠᠭᠤᠷᠮᠠᠭᠯᠠᠨ ᠬᠡᠷᠡᠭᠯᠡᠬᠦ ᠪᠤᠶᠤ ᠬᠡᠷᠡᠭᠯᠡᠪᠡᠯ᠂ ᠳᠡᠭᠡᠷᠡᠬᠢ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ | ᠲᠣᠷᠭᠠᠬᠤ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠪᠤᠶᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠲᠡᠮᠲᠡᠭ ᠫᠠᠶᠢᠰᠠ ᠶᠢ ᠳᠦᠷᠢᠶᠡᠰᠦᠯᠡᠭᠦᠯᠬᠦ᠂ ᠵᠢᠭᠡᠯᠡᠭᠦᠯᠬᠦ᠂ ᠰᠢᠯᠵᠢᠭᠦᠯᠦᠨ ᠥᠭᠭᠦᠭᠰᠡᠨ ᠪᠠᠶᠢᠪᠠᠯ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ | ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ | ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠦᠷᠪᠡᠳᠦᠭᠡᠷ ᠵᠦᠢᠯ ᠤᠨ ᠭᠤᠷᠪᠠᠳᠤᠭᠠᠷ ᠵᠣᠷᠪᠤᠰ ᠤᠨ | ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠳᠦᠴᠢᠨ ᠨᠢᠭᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ | ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠣᠯᠬᠤ ᠬᠠᠮᠢᠶᠠᠷᠤᠯᠲᠠ ᠶᠢᠨ | ᠳᠦᠷᠢᠮ︾ ᠤᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠦᠷᠦᠯ ᠤᠨ | ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠪᠣᠯᠣᠨ ᠠᠵᠢᠯᠯᠠᠭᠠᠨ ᠤ ᠳᠦᠷᠢᠮ ᠶᠤᠰᠤᠭᠠᠷ ᠦᠢᠯᠡᠳᠪᠦᠷᠢᠯᠡᠯ ᠢᠶᠠᠨ ᠵᠣᠬᠢᠶᠠᠨ | ᠪᠠᠶᠢᠭᠤᠯᠤᠭᠰᠠᠨ ᠦᠭᠡᠢ︔ | ︵ᠬᠤᠶᠠᠷ︶ ᠨᠢᠳᠤᠯᠬᠤ ᠦᠬᠡᠷ ᠬᠤᠨᠢ ᠢᠮᠠᠭ᠎ᠠ ᠶᠢᠨ ᠢᠷᠡᠯᠲᠡ᠂ ᠲᠤᠭ᠎ᠠ ᠲᠤᠯᠤᠭᠠᠢ ᠪᠣᠯᠣᠨ ᠦᠬᠡᠷ ᠬᠤᠨᠢ | ᠢᠮᠠᠭ᠎ᠠ ᠶᠢᠨ ᠠᠰᠢᠭ ᠰᠢᠮ᠎ᠡ ᠶᠢᠨ ᠭᠦᠢᠯᠭᠡᠭᠡᠨ ᠤ ᠬᠠᠨᠳᠤᠰᠢ ᠶᠢ ᠦᠨᠡᠨ ᠪᠤᠲᠠᠲᠠᠢ ᠪᠠᠷ ᠲᠡᠮᠲᠡᠭᠯᠡᠭᠰᠡᠨ ᠦᠭᠡᠢ︔ | ︵ᠭᠤᠷᠪᠠ︶ ᠤᠯᠤᠰ ᠤᠨ ᠲᠣᠭᠲᠠᠭᠠᠯ ᠶᠤᠰᠤᠭᠠᠷ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ | ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠭᠰᠡᠨ ᠦᠭᠡᠢ᠃ | ᠳᠦᠴᠢᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠠᠮᠦᠷ ᠲᠥᠪᠰᠢᠨ ᠤ ᠳᠠᠯᠳᠠ ᠭᠡᠮ ᠣᠷᠤᠰᠢᠵᠤ᠂ | ᠣᠯᠠᠨ ᠨᠡᠶᠢᠲᠡ ᠶᠢᠨ ᠡᠷᠡᠭᠦᠯ ᠮᠡᠨᠳᠦ ᠪᠣᠯᠣᠨ ᠠᠮᠢ ᠨᠠᠰᠤᠨ ᠤ ᠠᠮᠦᠷ ᠲᠥᠪᠰᠢᠨ ᠳᠤ ᠬᠤᠬᠢᠷᠠᠯ ᠤᠴᠠᠷᠠᠭᠤᠯᠵᠤ | ᠮᠡᠳᠡᠬᠦ ᠪᠣᠯᠣᠮᠵᠢ ᠲᠠᠢ ᠪᠠᠶᠢᠬᠤ ᠶᠢ ᠢᠯᠡᠷᠡᠭᠦᠯᠦᠭᠰᠡᠨ ᠪᠠᠶᠢᠲᠠᠯ᠎ᠠ᠂ ᠦᠢᠯᠡᠳᠪᠦᠷᠢᠯᠡᠯ ᠢᠶᠠᠨ ᠵᠣᠭᠰᠤᠭᠠᠬᠤ᠂ ᠡᠭᠡᠭᠦᠯᠦᠨ | ᠠᠪᠬᠤ ᠠᠷᠭ᠎ᠠ ᠬᠡᠮᠵᠢᠶ᠎ᠠ ᠠᠪᠤᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠦᠮᠡᠨ | ᠲᠦᠭᠦᠷᠢᠭ ᠠᠴᠠ ᠳᠡᠭᠡᠭᠰᠢ 3 ᠲᠦᠮᠡᠨ ᠲᠦᠭᠦᠷᠢᠭ ᠠᠴᠠ ᠳᠤᠷᠤᠭᠰᠢᠬᠢ ᠵᠤᠭᠤᠰ ᠢᠶᠠᠷ ᠲᠣᠷᠭᠠᠬᠤ ᠬᠡᠷᠡᠭᠲᠡᠢ᠃ | ᠳᠦᠴᠢᠨ ᠭᠤᠷᠪᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠨᠢ ᠮᠢᠬᠠᠨ ᠤ ᠵᠦᠢᠯ ᠤᠨ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠦᠭᠡᠢ ᠪᠤᠶᠤ ᠮᠢᠬᠠᠨ ᠤ | ᠵᠦᠢᠯ ᠤᠨ ᠶᠠᠰᠤ ᠴᠢᠨᠠᠷ ᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢ ᠦᠢᠯᠡᠳᠪᠦᠷᠢ ︵ᠲᠠᠯᠠᠪᠠᠢ︶ ᠠᠴᠠ ᠭᠠᠷᠭᠠᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ | ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠤᠭᠠᠷ ᠰᠢᠳᠭᠡᠨ ᠲᠣᠷᠭᠠᠬᠤ ᠬᠡᠷᠡᠭᠲᠡᠢ᠃ | ᠳᠦᠴᠢᠨ ᠳᠦᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶᠂ ᠪᠤᠰᠤᠳ ᠨᠢᠭᠡᠴᠡ ᠪᠣᠶᠣ ᠬᠤᠪᠢ | ᠬᠦᠮᠦᠨ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠤᠷᠤᠭᠤᠯᠬᠤ ᠪᠤᠶᠤ | ᠪᠤᠰᠤᠳ ᠪᠤᠳᠠᠰ ᠣᠷᠤᠭᠤᠯᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠤᠯᠤᠳᠤᠭᠠᠷ ᠵᠦᠢᠯ ᠤᠨ | ᠨᠢᠭᠡᠳᠦᠭᠡᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠦᠬᠡᠷ ᠬᠤᠨᠢ | ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠤᠷᠤᠭᠤᠯᠬᠤ ᠪᠣᠶᠣ ᠪᠤᠰᠤᠳ ᠪᠤᠳᠠᠰ | ᠣᠷᠤᠭᠤᠯᠪᠠᠯ᠂ ᠳᠡᠭᠡᠷᠡᠬᠢ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠠᠴᠠ ᠭᠠᠳᠠᠨ᠎ᠠ᠂ ᠪᠠᠰᠠ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ | ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ | ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠤᠯᠤᠳᠤᠭᠠᠷ ᠵᠦᠢᠯ ᠤᠨ ᠬᠤᠶᠠᠳᠤᠭᠠᠷ ᠵᠣᠷᠪᠤᠰ ᠤᠨ | ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠳᠦᠴᠢᠨ ᠲᠠᠪᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠨᠢ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠶᠢ | ᠨᠢᠳᠤᠯᠤᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ | ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠳᠦᠴᠢᠨ ᠵᠢᠷᠭᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠶᠠᠮᠠᠷᠪᠠ ᠨᠢᠭᠡᠴᠡ | ᠪᠤᠶᠤ ᠬᠤᠪᠢ ᠬᠦᠮᠦᠨ ᠨᠢ ᠲᠣᠭᠲᠠᠭᠰᠠᠨ ᠭᠠᠵᠠᠷ ᠤᠨ ᠵᠦᠪᠰᠢᠶᠡᠷᠡᠯ ᠦᠭᠡᠢ ᠪᠠᠷ ᠦᠬᠡᠷ ᠬᠤᠨᠢ ᠢᠮᠠᠭ᠎ᠠ ᠨᠢᠳᠣᠯᠬᠤ | ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠣᠶᠣ ᠬᠤᠪᠢ ᠬᠦᠮᠦᠨ ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ | ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠠᠳᠠᠭᠠᠯᠠᠬᠤ ᠪᠡᠯᠡᠳᠭᠡᠮᠵᠢ ᠬᠠᠩᠭᠠᠭᠰᠠᠨ᠂ ᠡᠰᠡᠭᠦᠯ᠎ᠡ ᠦᠬᠡᠷ ᠬᠤᠨᠢ | ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠣᠷᠤᠭᠤᠯᠤᠭᠰᠠᠨ ᠪᠤᠶᠤ ᠪᠤᠰᠤᠳ ᠪᠤᠳᠠᠰ | ᠣᠷᠤᠭᠤᠯᠤᠭᠰᠠᠨ ᠨᠢᠭᠡᠴᠡ ᠪᠤᠶᠤ ᠬᠤᠪᠢ ᠬᠦᠮᠦᠨ ᠳᠤ ᠲᠠᠯᠠᠪᠤᠷ ᠬᠠᠩᠭᠠᠭᠰᠠᠨ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ | ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ | ᠬᠠᠮᠢᠶᠠᠷᠤᠯᠲᠠ ᠶᠢᠨ ᠳᠦᠷᠢᠮ︾ ᠤᠨ ᠭᠤᠴᠢᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ | ᠬᠡᠷᠡᠭᠲᠡᠢ᠃ | ᠳᠦᠴᠢᠨ ᠳᠤᠯᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠦᠬᠡᠷ ᠬᠤᠨᠢ | ᠢᠮᠠᠭ᠎ᠠ ᠶᠢᠨ ᠠᠰᠢᠭ ᠰᠢᠮ᠎ᠡ ᠶᠢ ᠪᠣᠷᠤᠯᠠᠭᠤᠯᠬᠤ᠂ ᠮᠢᠬᠠᠨ ᠢᠳᠡᠭᠡᠨ ᠤ ᠵᠦᠢᠯ ᠦᠢᠯᠡᠳᠪᠦᠷᠢᠯᠡᠨ ᠡᠳ᠋ᠰᠢᠭᠦᠯᠬᠦ ᠠᠵᠢᠯ ᠢ | ᠡᠷᠬᠢᠯᠡᠵᠦ ᠪᠠᠶᠢᠭ᠎ᠠ ᠨᠢᠭᠡᠴᠡ ᠪᠤᠯᠤᠨ ᠬᠤᠪᠢ ᠬᠦᠮᠦᠨ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠡᠵᠡᠩᠨᠡᠭᠴᠢ᠂ | ᠨᠡᠶᠢᠲᠡ ᠶᠢᠨ ᠬᠤᠭᠤᠯᠠᠨ ᠤ ᠨᠢᠭᠡᠴᠡ ᠨᠢ ᠲᠣᠭᠲᠠᠭᠠᠯ ᠶᠤᠰᠤᠭᠠᠷ ᠬᠢᠵᠢᠭ ᠪᠠᠶᠢᠴᠠᠭᠠᠭᠰᠠᠨ ᠦᠭᠡᠢ ᠪᠣᠶᠣ ᠬᠢᠵᠢᠭ | ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠡᠵᠡᠩᠨᠡᠵᠦ ᠪᠠᠶᠢᠬᠤ᠂ | ᠡᠰᠡᠭᠦᠯ᠎ᠡ ᠪᠠᠶᠢᠴᠠᠭᠠᠨ ᠰᠢᠯᠭᠠᠭᠰᠠᠨ ᠦᠭᠡᠢ ᠪᠣᠶᠣ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠶᠢ ᠦᠢᠯᠡᠳᠪᠦᠷᠢᠯᠡᠨ ᠡᠵᠡᠩᠨᠡᠪᠡᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾ ᠶᠢᠨ ᠵᠠᠭᠤ ᠬᠤᠷᠢᠨ ᠭᠤᠷᠪᠠᠳᠤᠭᠠᠷ ᠵᠦᠢᠯ ᠤᠨ ᠲᠣᠭᠲᠠᠭᠠᠯ | ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠳᠦᠴᠢᠨ ᠨᠠᠢᠮᠠᠳᠤᠭᠠᠷ ᠵᠦᠢᠯ ᠦᠬᠡᠷ ᠬᠤᠨᠢ ᠢᠮᠠᠭ᠎ᠠ ᠨᠢᠳᠤᠯᠬᠤ ᠶᠢᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠳ ᠲᠤ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ | ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠣᠯᠣᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ | ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠡᠢ︔ ᠶᠠᠯ᠎ᠠ ᠳᠤ ᠬᠦᠷᠦᠭᠰᠡᠨ ᠪᠤᠯ᠂ ᠬᠠᠤᠯᠢ | ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄ | ︵ᠨᠢᠭᠡ︶ ᠲᠣᠭᠲᠠᠭᠠᠭᠰᠠᠨ ᠳᠡᠰ ᠳᠠᠷᠠᠭᠠᠯᠠᠯ ᠪᠣᠯᠣᠨ ᠨᠦᠬᠦᠴᠡᠯ ᠶᠣᠰᠤᠭᠠᠷ ᠲᠣᠭᠲᠠᠭᠰᠠᠨ ᠭᠠᠵᠠᠷ ᠲᠤ | ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠬᠢᠨᠠᠨ ᠪᠠᠶᠢᠴᠠᠭᠠᠵᠤ᠂ ᠵᠥᠪᠰᠢᠶᠡᠷᠡᠭᠰᠡᠨ | ᠦᠭᠡᠢ︔ | ︵ᠬᠤᠶᠠᠷ︶ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠠᠴᠠ ᠪᠣᠯᠵᠤ | ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠶᠠᠰᠤ ᠴᠢᠨᠠᠷ ᠤᠨ ᠠᠮᠦᠷ ᠲᠥᠪᠰᠢᠨ ᠤ ᠠᠳᠡᠯ ᠭᠠᠷᠤᠭᠰᠠᠨ︔ | ︵ᠭᠤᠷᠪᠠ︶ ᠬᠠᠤᠯᠢ ᠠᠴᠠ ᠵᠦᠷᠢᠴᠡᠨ ᠨᠢᠳᠤᠯᠬᠤ᠂ ᠡᠵᠡᠩᠨᠡᠬᠦ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠬᠦ ᠶᠢ ᠬᠦᠯᠢᠶᠡᠨ ᠠᠪᠤᠭᠰᠠᠨ ᠪᠤᠶᠤ ᠣᠯᠵᠤ ᠮᠡᠳᠡᠭᠡᠳ ᠬᠠᠤᠯᠢ ᠶᠤᠰᠤᠭᠠᠷ ᠪᠠᠶᠢᠴᠠᠭᠠᠨ ᠰᠢᠳᠭᠡᠭᠰᠡᠨ | ᠦᠭᠡᠢ︔ | ︵ᠳᠥᠷᠪᠡ︶ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ | ᠠᠳᠡᠯ ᠢ ᠨᠢᠭᠤᠨ ᠳᠠᠯᠳᠠᠯᠠᠭᠠᠳ ᠮᠡᠳᠡᠭᠦᠯᠦᠭᠰᠡᠨ ᠦᠭᠡᠢ︔ | ︵ᠲᠠᠪᠤ︶ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠤᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ᠳᠤᠯᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠦᠴᠢ ᠶᠢᠰᠦᠳᠦᠭᠡᠷ ᠵᠦᠢᠯ ᠦᠬᠡᠷ᠂ ᠬᠤᠨᠢ ᠢᠮᠠᠭ᠎ᠠ ᠠᠴᠠ ᠪᠤᠰᠤᠳ ᠭᠡᠷ ᠤᠨ ᠲᠡᠵᠢᠭᠡᠪᠦᠷᠢ ︵ᠠᠮᠢᠳᠤ | ᠭᠠᠭ᠋ᠠᠢ ᠠᠴᠠ ᠪᠣᠰᠣᠳ︶᠂ ᠭᠡᠷ ᠤᠨ ᠵᠢᠭᠦᠷᠲᠡᠨ ᠢ ᠨᠢᠳᠤᠯᠬᠤ ᠳᠤ ᠲᠤᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠲᠠᠪᠢᠳᠤᠭᠠᠷ ᠵᠦᠢᠯ ᠲᠤᠰ ᠠᠷᠭ᠎ᠠ ᠶᠢ 2016 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | |