ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
218 ᠳ᠋ᠤᠭᠠᠷ ᠲᠤᠭᠠᠳᠤ
︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ ᠠᠷᠭ᠎ᠠ︾ ᠶᠢ 2016 ᠣᠨ ᠤ 2 ᠳ᠋ᠤᠭᠠᠷ ᠰᠠᠷ᠎ᠠ ᠶᠢᠨ 24 ᠤ ᠡᠳᠦᠷ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 66 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2016 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠤᠷᠤᠨ ᠤ ᠤᠷᠤᠯᠠᠬᠴᠢ ᠲᠡᠷᠢᠭᠦᠯᠡᠭᠴᠢ ᠪᠦ᠋ ᠰᠢᠶᠣᠣ ᠯᠢᠨ
2016 ᠣᠨ ᠤ 4 ᠳ᠋ᠤᠭᠡᠷ ᠰᠠᠷ᠎ᠠ ᠶᠢᠨ 1 ᠤ ᠡᠳᠦᠷ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢ ᠴᠢᠩᠭᠠᠳᠬᠠᠵᠤ᠂ ᠦᠬᠡᠷ ᠬᠤᠨᠢ ᠢᠮᠠᠭ᠎ᠠ ᠨᠢᠳᠣᠯᠬᠤ ᠠᠵᠢᠯᠯᠠᠭ᠎ᠠ ᠶᠢ ᠵᠢᠷᠤᠮᠵᠢᠭᠤᠯᠤᠨ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠪᠠᠲᠤᠯᠠᠵᠤ᠂ ᠦᠬᠡᠷ ᠬᠤᠨᠢ ᠢᠮᠠᠭ᠎ᠠ ᠨᠢᠳᠣᠯᠬᠤ ᠠᠵᠢᠯ ᠲᠦᠷᠦᠯ ᠤᠨ ᠡᠷᠡᠭᠦᠯ ᠢᠶᠠᠷ ᠬᠦᠭᠵᠢᠬᠦ ᠪᠠ ᠣᠯᠠᠨ ᠨᠡᠶᠢᠲᠡ ᠶᠢᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾᠂ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ ᠬᠤᠨᠢ ᠢᠮᠠᠭ᠎ᠠ ᠨᠢᠳᠣᠯᠬᠤ ᠠᠵᠢᠯᠯᠠᠭ᠎ᠠ ᠵᠢᠴᠢ ᠲᠡᠭᠦᠨ ᠤ ᠬᠢᠨᠠᠯᠲᠠ ᠬᠠᠮᠢᠶᠠᠷᠤᠯᠲᠠ ᠳᠤ ᠲᠤᠰ ᠠᠷᠭ᠎ᠠ ᠶᠢ
ᠵᠢᠷᠤᠮᠯᠡᠨ᠎ᠡ᠃
ᠲᠤᠰ ᠠᠷᠭ᠎ᠠ ᠳᠤ ᠬᠡᠯᠡᠵᠦ ᠪᠠᠶᠢᠭ᠎ᠠ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠭᠡᠳᠡᠭ ᠨᠢ ᠦᠬᠡᠷ ᠬᠤᠨᠢ ᠢᠮᠠᠭ᠎ᠠ ᠶᠢ ᠨᠢᠳᠤᠯᠤᠭᠰᠠᠨ ᠤ ᠳᠠᠷᠠᠭᠠᠬᠢ ᠡᠳ᠋ᠰᠢᠭᠦᠯᠦᠭᠡᠳᠦᠢ ᠭᠡᠨᠭᠭᠦᠳᠡᠭ᠂ ᠮᠢᠬ᠎ᠠ᠂ ᠥᠭᠡᠬᠦ᠂ ᠲᠤᠳᠣᠷ ᠡᠷᠬᠡᠲᠡᠨ᠂ ᠴᠢᠰᠤ᠂ ᠶᠠᠰᠤ᠂ ᠲᠤᠯᠤᠭᠠᠢ᠂ ᠰᠢᠬᠢᠷ᠎ᠠ᠂ ᠠᠷᠠᠰᠤ᠂ ᠰᠡᠭᠦᠯ ᠵᠡᠷᠭᠡ ᠶᠢ ᠵᠢᠭᠠᠵᠤ ᠪᠣᠢ᠃
ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠦᠬᠡᠷ ᠬᠤᠨᠢ ᠢᠮᠠᠭ᠎ᠠ ᠶᠢ ᠲᠣᠭᠲᠠᠭᠰᠠᠨ ᠭᠠᠵᠠᠷ ᠲᠤ ᠨᠢᠳᠤᠯᠬᠤ᠂ ᠲᠦᠪᠯᠡᠷᠡᠭᠦᠯᠦᠨ ᠬᠢᠵᠢᠭ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ᠃
ᠲᠣᠭᠲᠠᠭᠰᠠᠨ ᠭᠠᠵᠠᠷ ᠤᠨ ᠵᠦᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠦᠬᠡᠷ ᠬᠤᠨᠢ ᠢᠮᠠᠭ᠎ᠠ ᠨᠢᠳᠤᠯᠬᠤ ᠠᠵᠢᠯ ᠢ ᠡᠷᠬᠢᠯᠡᠵᠦ ᠪᠣᠯᠬᠤ ᠦᠭᠡᠢ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠳᠠᠬᠢ ᠬᠤᠪᠢ ᠬᠦᠮᠦᠨ ᠤ ᠦᠪᠡᠰᠦᠪᠡᠨ ᠨᠢᠳᠤᠯᠵᠤ ᠦᠪᠡᠰᠦᠪᠡᠨ ᠢᠳᠡᠬᠦ ᠶᠢ ᠪᠠᠭᠲᠠᠭᠠᠬᠤ ᠦᠭᠡᠢ᠃
︽ᠲᠠᠷᠢᠶᠠᠴᠢᠨ ᠠᠶᠢᠯ ᠤᠨ ᠪᠠᠶᠠᠰᠤᠯ︾᠂ ︽ᠮᠠᠯᠵᠢᠨ ᠠᠶᠢᠯ ᠤᠨ ᠵᠢᠭᠤᠯᠴᠢᠯᠠᠯ︾ ᠵᠡᠷᠭᠡ ᠳᠤ ᠬᠤᠯᠪᠣᠭᠳᠠᠭᠰᠠᠨ ᠦᠬᠡᠷ ᠬᠤᠨᠢ ᠢᠮᠠᠭ᠎ᠠ ᠨᠢᠳᠤᠯᠬᠤ ᠶᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ ᠪᠣᠳᠠᠳᠤ ᠪᠠᠶᠢᠳᠠᠯ ᠢᠶᠠᠨ ᠦᠨᠳᠦᠰᠦᠯᠡᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃
ᠳᠥᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠪᠣᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤᠷ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃
ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ ᠠᠵᠢᠯ ᠢ ᠨᠢᠭᠡᠲᠦᠯᠲᠡᠢ ᠵᠣᠬᠢᠶᠠᠨ ᠪᠠᠶᠢᠭᠤᠯᠵᠤ᠂ ᠤᠳᠤᠷᠢᠳᠴᠤ᠂ ᠵᠣᠬᠢᠴᠠᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠶᠢ ᠬᠢᠨᠠᠨ ᠬᠠᠮᠢᠶᠠᠷᠬᠤ ᠪᠠ ᠨᠢᠳᠤᠯᠬᠤ ᠮᠡᠷᠭᠡᠵᠢᠯ ᠤᠨ ᠵᠢᠯᠤᠭᠤᠳᠤᠯᠭ᠎ᠠ ᠬᠢᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠬᠤ ᠬᠡᠷᠡᠭᠲᠡᠢ᠃
ᠵᠢᠷᠭᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠬᠥᠭᠵᠢᠭᠦᠯᠦᠯᠲᠡ ᠦᠭᠡᠷᠡᠴᠢᠯᠡᠯᠲᠡ᠂ ᠠᠵᠤ ᠠᠬᠤᠢ ᠪᠠ ᠮᠡᠳᠡᠭᠡ ᠵᠠᠩᠬᠢᠵᠢᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃
ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠦᠬᠡᠷ ᠬᠤᠨᠢ ᠢᠮᠠᠭ᠎ᠠ ᠨᠢᠳᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ
ᠬᠡᠷᠡᠭᠲᠡᠢ᠃
ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠦᠬᠡᠷ ᠬᠤᠨᠢ ᠢᠮᠠᠭ᠎ᠠ ᠨᠢᠳᠤᠯᠬᠤ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃
ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ ᠬᠤᠨᠢ ᠢᠮᠠᠭ᠎ᠠ ᠨᠢᠳᠤᠯᠬᠤ ᠮᠡᠷᠭᠡᠵᠢᠯ ᠤᠨ ᠵᠢᠯᠤᠭᠤᠳᠤᠯᠭ᠎ᠠ ᠬᠢᠬᠦ ᠶᠢ ᠬᠠᠷᠢᠭᠤᠴᠠᠬᠤ ᠬᠡᠷᠡᠭᠲᠡᠢ᠃
ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠳᠤᠲᠤᠭᠠᠲᠤ ᠶᠢ ᠬᠠᠮᠠᠭᠠᠯᠠᠬᠤ᠂ ᠲᠦᠯᠦᠪᠵᠢᠭᠦᠯᠭᠡ᠂ ᠦᠨᠳᠦᠰᠦᠲᠡᠨ ᠤ ᠬᠡᠷᠡᠭ ᠡᠷᠬᠢᠯᠡᠬᠦ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ᠂ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠯᠤᠭ᠎ᠠ ᠬᠠᠮᠢᠶᠠᠳᠠᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃
ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠬᠠᠮᠵᠢᠯᠴᠠᠨ ᠦᠬᠡᠷ ᠬᠤᠨᠢ ᠢᠮᠠᠭ᠎ᠠ ᠨᠢᠳᠤᠯᠬᠤ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃
ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠮᠡᠷᠭᠡᠵᠢᠯ ᠳᠤ ᠰᠢᠨ᠎ᠡ ᠶᠢ ᠡᠭᠦᠳᠬᠦ ᠪᠠ ᠮᠡᠷᠭᠡᠵᠢᠯ ᠤᠨ ᠦᠭᠡᠷᠡᠴᠢᠯᠡᠯᠲᠡ ᠬᠢᠬᠦ ᠶᠢ ᠬᠦᠲᠦᠯᠦᠨ ᠵᠢᠯᠤᠭᠤᠳᠴᠤ ᠵᠣᠷᠢᠬᠵᠢᠭᠤᠯᠤᠨ ᠳᠡᠮᠵᠢᠵᠦ᠂ ᠮᠧᠬᠠᠨᠢᠬᠵᠢᠭᠤᠯᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠡᠷᠡᠲᠦ ᠲᠦᠷᠦᠯ ᠲᠡᠮᠲᠡᠭᠵᠢᠭᠦᠯᠬᠦ ᠪᠠ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃
ᠶᠢᠰᠦᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠡᠪᠴᠢᠶᠡᠵᠢᠯ᠂ ᠦᠢᠯᠡᠳᠪᠦᠷᠢᠯᠡᠯ ᠪᠠ ᠮᠡᠷᠭᠡᠵᠢᠯ ᠤᠨ ᠨᠦᠬᠦᠴᠡᠯ ᠵᠢᠴᠢ ᠶᠠᠰᠤ ᠴᠢᠨᠠᠷ ᠤᠨ ᠠᠮᠦᠷ ᠲᠥᠪᠰᠢᠨ ᠤ ᠬᠠᠮᠢᠶᠠᠷᠤᠯᠲᠠ ᠶᠢᠨ ᠪᠠᠶᠢᠳᠠᠯ ᠢ ᠨᠢ ᠦᠨᠳᠦᠰᠦᠯᠡᠨ᠂ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃
ᠠᠷᠪᠠᠳᠤᠭᠠᠷ ᠵᠦᠢᠯ ᠬᠠᠤᠯᠢ ᠶᠤᠰᠤᠭᠠᠷ ᠪᠠᠶᠢᠭᠤᠯᠤᠭᠰᠠᠨ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ ᠤᠨ ᠨᠡᠶᠢᠭᠡᠮᠯᠢᠭ ᠤᠳ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠪᠠᠨ ᠴᠢᠩᠭᠠᠳᠬᠠᠵᠤ᠂ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠨ ᠠᠬᠢᠭᠤᠯᠤᠨ᠂ ᠨᠡᠶᠢᠭᠡᠮᠯᠢᠭ ᠤᠨ ᠭᠡᠰᠢᠭᠦᠳ ᠲᠤ ᠮᠡᠳᠡᠭᠡ ᠵᠠᠩᠭᠢ᠂ ᠮᠡᠷᠭᠡᠵᠢᠯ᠂ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠶᠢ ᠬᠠᠩᠭᠠᠵᠤ᠂ ᠮᠢᠬᠠᠨ ᠤ ᠢᠳᠡᠭᠡᠨ ᠤ ᠵᠦᠢᠯ ᠤᠨ ᠠᠮᠦᠷ ᠲᠥᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠬᠡᠷᠡᠭᠲᠡᠢ᠃
ᠠᠷᠪᠠᠨ ᠨᠢᠭᠡᠳᠦᠭᠡᠷ ᠵᠦᠢᠯ ᠯᠠᠯᠦ ᠶᠢᠨ ᠦᠬᠡᠷ ᠬᠤᠨᠢ ᠢᠮᠠᠭ᠎ᠠ ᠨᠢᠳᠤᠯᠬᠤ ᠠᠵᠢᠯ ᠢ ᠡᠷᠬᠢᠯᠡᠭᠰᠡᠳ ᠨᠢ ᠲᠤᠰ ᠠᠷᠭ᠎ᠠ ᠶᠢᠨ ᠲᠣᠭᠲᠠᠭᠠᠯ ᠳᠤ ᠨᠡᠶᠢᠴᠡᠬᠦ ᠠᠴᠠ ᠭᠠᠳᠠᠨ᠎ᠠ᠂ ᠪᠠᠰᠠ ᠤᠯᠤᠰ ᠪᠠ ᠦᠪᠡᠷᠲᠡᠭᠡᠨ ᠵᠠᠰᠠᠬᠤ ᠣᠷᠣᠨ ᠤ ᠯᠠᠯᠦ ᠶᠢᠨ ᠢᠳᠡᠭᠡᠨ ᠤ ᠵᠦᠢᠯ ᠤᠨ ᠬᠠᠮᠢᠶᠠᠷᠤᠯᠲᠠ ᠳᠤ ᠬᠤᠯᠪᠣᠭᠳᠠᠭᠰᠠᠨ ᠲᠣᠭᠲᠠᠭᠠᠯ ᠪᠠ ᠴᠦᠬᠡᠨ ᠲᠣᠭᠠᠲᠤ ᠦᠨᠳᠦᠰᠦᠲᠡᠨ ᠤ ᠯᠠᠯᠦ ᠶᠢᠨ ᠢᠳᠡᠭᠡᠨ ᠤ ᠵᠦᠢᠯ ᠢ ᠢᠳᠡᠬᠦ ᠵᠠᠩ ᠵᠠᠩᠰᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃
ᠬᠤᠶᠠᠳᠤᠭᠠᠷ ᠪᠦᠯᠦᠭ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠪᠠᠶᠢᠭᠤᠯᠬᠤ
ᠠᠷᠪᠠᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠳᠣᠣᠷ᠎ᠠ ᠵᠢᠭᠰᠠᠭᠠᠭᠰᠠᠨ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄
︵ᠨᠢᠭᠡ︶ ︽ᠠᠮᠢᠲᠠᠨ ᠤ ᠬᠢᠵᠢᠭ ᠢ ᠰᠡᠷᠭᠡᠶᠢᠯᠡᠬᠦ ᠨᠦᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ︔
︵ᠬᠤᠶᠠᠷ︶ ᠣᠷᠴᠢᠨ ᠲᠣᠭᠤᠷᠢᠨ ᠤ ᠨᠦᠯᠦᠭᠡᠯᠡᠯ ᠢ ᠦᠨᠡᠯᠡᠬᠦ ᠭᠠᠷᠳᠠᠮ ᠪᠣᠯᠣᠨ ᠲᠦᠯᠦᠪᠵᠢᠭᠦᠯᠦᠨ ᠭᠠᠵᠠᠷ ᠰᠤᠩᠭᠤᠬᠤ ᠰᠠᠨᠠᠯ ᠤᠨ ᠪᠢᠴᠢᠭ ᠢ ᠬᠠᠤᠯᠢ ᠶᠤᠰᠤᠭᠠᠷ ᠤᠯᠤᠭᠰᠠᠨ ᠪᠠᠶᠢᠬᠤ︔
︵ᠭᠤᠷᠪᠠ︶ ᠨᠢᠳᠤᠯᠬᠤ ᠬᠡᠪᠴᠢᠶᠡᠵᠢᠯ ᠯᠦᠭᠡ ᠵᠣᠬᠢᠴᠠᠭᠰᠠᠨ᠂ ᠤᠰᠤᠨ ᠤ ᠴᠢᠨᠠᠷ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠯᠤᠭ᠎ᠠ ᠨᠡᠶᠢᠴᠡᠭᠰᠡᠨ ᠤᠰᠤᠨ ᠤ ᠰᠤᠷᠪᠤᠯᠵᠢ ᠶᠢᠨ ᠨᠦᠬᠦᠴᠡᠯ ᠲᠠᠢ ᠪᠠᠶᠢᠬᠤ︔
︵ᠳᠥᠷᠪᠡ︶ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠳᠤ ᠪᠡᠯᠡᠳᠭᠡᠭᠰᠡᠨ ᠬᠠᠰᠢᠶ᠎ᠠ᠂ ᠲᠤᠰᠠᠭᠠᠷᠯᠠᠭᠰᠠᠨ ᠬᠠᠰᠢᠶ᠎ᠠ᠂ ᠨᠢᠳᠤᠯᠬᠤ ᠳᠤ ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ ᠨᠢᠳᠤᠯᠬᠤ ᠲᠠᠰᠤᠯᠭ᠎ᠠ᠂ ᠬᠢᠵᠢᠭ ᠪᠠᠶᠢᠴᠠᠭᠠᠨ ᠰᠢᠯᠭᠠᠬᠤ ᠲᠠᠰᠤᠭ ᠵᠢᠴᠢ ᠦᠬᠡᠷ ᠬᠤᠨᠢ ᠢᠮᠠᠭ᠎ᠠ ᠨᠢᠳᠤᠯᠬᠤ ᠪᠡᠯᠡᠳᠭᠡᠮᠵᠢ ᠲᠥᠭᠦᠭᠡᠷᠦᠮᠵᠢ ᠪᠣᠯᠣᠨ ᠠᠴᠢᠬᠤ ᠪᠠᠭᠠᠵᠢ ᠲᠠᠢ ᠪᠠᠶᠢᠬᠤ︔
︵ᠲᠠᠪᠤ︶ ᠰᠢᠯᠭᠠᠨ ᠬᠢᠨᠠᠵᠤ ᠬᠢᠷᠢ ᠲᠡᠩᠴᠡᠭᠰᠡᠨ ᠪᠠ ᠠᠵᠤ ᠠᠬᠤᠶᠢᠯᠠᠯ ᠤᠨ ᠬᠡᠪᠴᠢᠶᠡᠵᠢᠯ ᠯᠦᠭᠡ ᠵᠣᠬᠢᠴᠠᠯᠳᠤᠭᠰᠠᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠲᠠᠢ ᠪᠠᠶᠢᠬᠤ︔
︵ᠵᠢᠷᠭᠤᠭ᠎ᠠ︶ ᠬᠠᠤᠯᠢ ᠶᠤᠰᠤᠭᠠᠷ ᠡᠷᠡᠭᠦᠯ ᠮᠡᠨᠳᠦ ᠶᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ ᠪᠣᠯᠣᠨ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠮᠡᠷᠭᠡᠵᠢᠯ ᠤᠨ ᠠᠵᠢᠯᠲᠠᠨ ᠲᠠᠢ ᠪᠠᠶᠢᠬᠤ︔ ︵ᠳᠤᠯᠤᠭ᠎ᠠ︶ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠬᠢᠵᠢᠭ ᠪᠠᠶᠢᠴᠠᠭᠠᠨ ᠰᠢᠯᠭᠠᠬᠤ ᠲᠥᠭᠦᠭᠡᠷᠦᠮᠵᠢ᠂ ᠠᠷᠢᠭᠤᠳᠬᠠᠬᠤ ᠪᠡᠯᠡᠳᠭᠡᠮᠵᠢ᠂ ᠬᠦᠢᠲᠡᠨ ᠢᠶᠠᠷ ᠬᠠᠳᠠᠭᠠᠯᠠᠬᠤ ᠪᠡᠯᠡᠳᠭᠡᠮᠵᠢ᠂ ᠤᠬᠢᠶᠠᠯᠭ᠎ᠠ ᠬᠢᠬᠦ ᠪᠡᠯᠡᠳᠭᠡᠮᠵᠢ᠂ ᠰᠦᠨ ᠤ ᠬᠦᠴᠢᠯ ᠢ ᠭᠠᠳᠠᠭᠰᠢᠯᠠᠭᠤᠯᠬᠤ ᠦᠢᠯᠡᠳᠪᠦᠷᠢ ᠶᠢᠨ ᠲᠠᠰᠤᠭ ᠲᠠᠢ ᠪᠠᠶᠢᠬᠤ︔
︵ᠨᠠᠢᠮᠠ︶ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠪᠤᠶᠤ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠠᠢ ᠯᠤᠭ᠎ᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠠᠶᠢᠳᠠᠯᠭ᠎ᠠ ᠶᠢᠨ ᠭᠡᠷ᠎ᠡ ᠲᠣᠭᠲᠠᠭᠰᠠᠨ ᠪᠠᠶᠢᠬᠤ︔
︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ ᠲᠠᠢ
ᠪᠠᠶᠢᠬᠤ᠃
ᠠᠷᠪᠠᠨ ᠭᠤᠷᠪᠠᠳᠤᠭᠠᠷ ᠵᠦᠢᠯ ᠠᠯᠤᠰ ᠬᠢᠵᠠᠭᠠᠷ ᠪᠣᠯᠣᠨ ᠵᠠᠮ ᠬᠠᠷᠢᠯᠴᠠᠭ᠎ᠠ ᠳᠦᠭᠦᠮ ᠦᠭᠡᠢ ᠮᠠᠯᠵᠢᠬᠤ ᠲᠠᠷᠢᠶᠠᠯᠠᠬᠤ ᠣᠷᠣᠨ ᠳᠤ ᠵᠦᠪᠬᠡᠨ ᠲᠤᠰ ᠭᠠᠵᠠᠷ ᠤᠨ ᠵᠠᠬ᠎ᠠ ᠳᠡᠯᠭᠡᠭᠦᠷ ︵ᠰᠤᠮᠤ ᠰᠢᠶᠠᠩ ᠪᠠᠯᠭᠠᠰᠤ ᠠᠴᠠ ᠳᠣᠷᠤᠭᠰᠢᠬᠢ︶ ᠲᠤ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠠᠩᠭᠠᠬᠤ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠳᠤᠯᠬᠤ ᠲᠠᠯᠠᠪᠠᠢ ᠶᠢ ᠪᠠᠶᠢᠭᠤᠯᠵᠤ ᠪᠣᠯᠣᠨ᠎ᠠ᠃
ᠠᠷᠪᠠᠨ ᠳᠦᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠵᠢᠵᠢᠭ ᠬᠡᠯᠪᠡᠷᠢ ᠶᠢᠨ ᠲᠠᠯᠠᠪᠠᠢ ᠨᠢ ᠳᠣᠣᠷ᠎ᠠ ᠵᠢᠭᠰᠠᠭᠠᠭᠰᠠᠨ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄
︵ᠨᠢᠭᠡ︶ ︽ᠠᠮᠢᠲᠠᠨ ᠤ ᠬᠢᠵᠢᠭ ᠢ ᠰᠡᠷᠭᠡᠶᠢᠯᠡᠬᠦ ᠨᠦᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ︔
︵ᠬᠤᠶᠠᠷ︶ ᠲᠣᠭᠲᠠᠮᠠᠯ ᠨᠢᠳᠤᠯᠬᠤ ᠲᠠᠯᠠᠪᠤᠷ ᠲᠠᠢ ᠪᠠᠶᠢᠬᠤ︔
︵ᠭᠤᠷᠪᠠ︶ ᠲᠤᠰᠠᠭᠠᠷᠯᠠᠭᠰᠠᠨ ᠨᠢᠳᠤᠯᠬᠤ ᠳᠤ ᠪᠡᠯᠡᠳᠭᠡᠭᠰᠡᠨ ᠬᠠᠰᠢᠶ᠎ᠠ᠂ ᠲᠤᠰᠠᠭᠠᠷᠯᠠᠭᠰᠠᠨ ᠬᠠᠰᠢᠶ᠎ᠠ᠂ ᠨᠢᠳᠤᠯᠬᠤ ᠳᠤ ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ ᠨᠢᠳᠤᠯᠬᠤ ᠲᠠᠰᠤᠯᠭ᠎ᠠ ᠲᠠᠢ ᠪᠠᠶᠢᠬᠤ︔
︵ᠳᠥᠷᠪᠡ︶ ᠠᠵᠤ ᠠᠬᠤᠶᠢᠯᠠᠯ ᠤᠨ ᠬᠡᠪᠴᠢᠶᠡᠵᠢᠯ ᠯᠦᠭᠡ ᠵᠣᠬᠢᠴᠠᠯᠳᠤᠭᠰᠠᠨ ᠰᠢᠯᠭᠠᠨ ᠬᠢᠨᠠᠵᠤ ᠬᠢᠷᠢ ᠲᠡᠩᠴᠡᠭᠰᠡᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠲᠠᠢ ᠪᠠᠶᠢᠬᠤ︔
︵ᠲᠠᠪᠤ︶ ᠬᠠᠤᠯᠢ ᠶᠤᠰᠤᠭᠠᠷ ᠡᠷᠡᠭᠦᠯ ᠮᠡᠨᠳᠦ ᠶᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ ᠪᠣᠯᠣᠨ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠮᠡᠷᠭᠡᠵᠢᠯ ᠤᠨ ᠠᠵᠢᠯᠲᠠᠨ ᠲᠠᠢ ᠪᠠᠶᠢᠬᠤ︔
︵ᠵᠢᠷᠭᠤᠭ᠎ᠠ︶ ᠦᠨᠳᠦᠰᠦᠨ ᠡᠷᠡᠭᠦᠯ ᠬᠠᠮᠠᠭᠠᠯᠠᠯ ᠤᠨ ᠨᠦᠬᠦᠴᠡᠯ ᠪᠣᠯᠣᠨ ᠪᠣᠬᠢᠷᠳᠤᠯ ᠢ ᠰᠡᠷᠭᠡᠶᠢᠯᠡᠨ ᠵᠠᠰᠠᠬᠤ ᠪᠡᠯᠡᠳᠭᠡᠮᠵᠢ ᠲᠠᠢ ᠪᠠᠶᠢᠬᠤ︔
︵ᠳᠤᠯᠤᠭ᠎ᠠ︶ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠲᠠᠢ ᠪᠣᠶᠣ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠠᠢ ᠯᠤᠭ᠎ᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠠᠶᠢᠳᠠᠯᠭ᠎ᠠ ᠶᠢᠨ ᠭᠡᠷ᠎ᠡ ᠲᠣᠭᠲᠠᠭᠰᠠᠨ ᠪᠠᠶᠢᠬᠤ︔
︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ ᠲᠠᠢ
ᠪᠠᠶᠢᠬᠤ᠃
ᠠᠷᠪᠠᠨ ᠲᠠᠪᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠭᠤᠶᠤᠴᠢᠯᠠᠭᠴᠢ ᠠᠴᠠ ᠦᠢᠯᠡᠳᠪᠦᠷᠢ ︵ᠲᠠᠯᠠᠪᠠᠢ︶ ᠶᠢᠨ ᠬᠠᠶ᠋ᠢᠭ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠪᠢᠴᠢᠭ ᠢᠶᠠᠷ ᠭᠤᠶᠤᠴᠢᠯᠠᠯ ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠠᠷᠭ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠶᠤᠰᠤᠭᠠᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠬᠢᠨᠠᠨ ᠪᠠᠶᠢᠴᠠᠭᠠᠵᠤ᠂ ᠪᠢᠴᠢᠭ ᠢᠶᠠᠷ ᠲᠣᠭᠲᠠᠭᠠᠯ ᠭᠠᠷᠭᠠᠨ᠎ᠠ᠂ ᠨᠦᠬᠦᠴᠡᠯ ᠳᠤ ᠨᠡᠶᠢᠴᠡᠭᠰᠡᠨ ᠦᠭᠡᠢ ᠪᠠᠶᠢᠪᠠᠯ᠂ ᠪᠢᠴᠢᠭ ᠢᠶᠠᠷ ᠰᠢᠯᠲᠠᠭᠠᠨ ᠢ ᠨᠢ ᠲᠠᠶᠢᠯᠪᠤᠷᠢᠯᠠᠬᠤ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠪᠠᠶᠢᠭᠤᠯᠬᠤ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠭᠤᠶᠤᠴᠢᠯᠠᠭᠴᠢ ᠠᠴᠠ ᠰᠢᠯᠭᠠᠨ ᠬᠤᠷᠢᠶᠠᠬᠤ ᠪᠢᠴᠢᠭ ᠤᠨ ᠭᠤᠶᠤᠴᠢᠯᠠᠯ ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠤᠲᠤᠷ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠰᠢᠯᠭᠠᠨ ᠬᠤᠷᠢᠶᠠᠨ᠎ᠠ᠂ ᠰᠢᠯᠭᠠᠨ ᠬᠤᠷᠢᠬᠤ ᠳᠤ ᠬᠢᠷᠢ ᠲᠡᠩᠴᠡᠭᠰᠡᠨ ᠪᠠᠶᠢᠪᠠᠯ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠪᠣᠯᠣᠨ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠣᠯᠭᠤᠨ᠎ᠠ︔ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠣᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠠᠶᠢᠯᠪᠤᠷᠢᠯᠠᠬᠤ ᠬᠡᠷᠡᠭᠲᠡᠢ᠃
ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠨᠡᠷᠡᠰ ᠢ ᠴᠠᠭ ᠲᠣᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃
ᠠᠷᠪᠠᠨ ᠳᠤᠯᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠣᠷᠣᠨ ᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ ᠲᠠᠮᠠᠭ᠎ᠠ᠂ ᠲᠡᠮᠲᠡᠭ ᠫᠠᠶᠢᠰᠠ ᠶᠢ ᠨᠢᠭᠡᠲᠦᠯᠲᠡᠢ ᠳ᠋ᠤᠭᠠᠷᠯᠠᠵᠤ᠂ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ ᠮᠢᠬᠠᠨ ᠤ ᠵᠦᠢᠯ ᠤᠨ ᠶᠠᠰᠤ ᠴᠢᠨᠠᠷ ᠢ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠦᠨᠡᠮᠯᠡᠯ᠂ ᠬᠢᠵᠢᠭ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ ᠬᠤᠣᠷ ᠦᠭᠡᠶᠢᠳᠡᠭᠦᠯᠦᠨ ᠰᠢᠢᠳᠪᠦᠷᠢᠯᠡᠭᠰᠡᠨ ᠲᠠᠮᠠᠭ᠎ᠠ᠂ ᠲᠡᠮᠲᠡᠭ ᠫᠠᠶᠢᠰᠠ ᠵᠡᠷᠭᠡ ᠶᠢ ᠨᠢᠭᠡᠲᠦᠯᠲᠡᠢ ᠵᠣᠬᠢᠶᠠᠬᠤ ᠶᠢ ᠬᠠᠷᠢᠭᠤᠴᠠᠨ᠎ᠠ᠃
ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠶᠢᠨ ᠦᠨᠡᠮᠯᠡᠯ᠂ ᠲᠠᠮᠠᠭ᠎ᠠ ᠪᠠ ᠲᠡᠮᠲᠡᠭ ᠫᠠᠶᠢᠰᠠ ᠶᠢᠨ ᠬᠠᠮᠢᠶᠠᠷᠤᠯᠲᠠ ᠬᠡᠷᠡᠭᠯᠡᠯᠲᠡ ᠶᠢᠨ ᠳᠦᠷᠢᠮ ᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ ᠬᠢᠵᠢᠭ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ ᠬᠤᠣᠷ ᠦᠭᠡᠶᠢᠳᠡᠭᠦᠯᠦᠨ ᠰᠢᠢᠳᠪᠦᠷᠢᠯᠡᠭᠰᠡᠨ ᠲᠠᠮᠠᠭ᠎ᠠ᠂ ᠲᠡᠮᠲᠡᠭ ᠫᠠᠶᠢᠰᠠ ᠵᠡᠷᠭᠡ ᠶᠢ ᠣᠯᠭᠤᠬᠤ ᠶᠢ ᠬᠠᠷᠢᠭᠤᠴᠠᠨ᠎ᠠ᠃
ᠠᠷᠪᠠᠨ ᠨᠠᠢᠮᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠳᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠨᠡᠷᠡᠶᠢᠳᠦᠯ᠂ ᠬᠠᠶ᠋ᠢᠭ᠂ ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠯᠭᠠᠲᠠᠨ︶᠂ ᠨᠢᠳᠤᠯᠬᠤ ᠲᠦᠷᠦᠯ ᠵᠡᠷᠭᠡ ᠵᠦᠢᠯᠡᠰ ᠢ ᠲᠤᠳᠤᠷᠬᠠᠢ ᠲᠡᠮᠲᠡᠭᠯᠡᠬᠦ ᠬᠡᠷᠡᠭᠲᠡᠢ᠃
ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠦᠢᠯᠡᠳᠪᠦᠷᠢ ︵ᠲᠠᠯᠠᠪᠠᠢ︶ ᠶᠢᠨ ᠲᠣᠭᠤᠷᠢᠭ ᠤᠨ ᠢᠯᠡᠷᠬᠡᠢ ᠭᠠᠵᠠᠷ ᠲᠤ ᠡᠯᠭᠦᠵᠦ ᠲᠠᠯᠪᠢᠬᠤ ᠬᠡᠷᠡᠭᠲᠡᠢ᠃
ᠠᠷᠪᠠ ᠶᠢᠰᠦᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠶᠢᠨ ᠦᠨᠡᠮᠯᠡᠯ᠂ ᠲᠠᠮᠠᠭ᠎ᠠ ᠪᠣᠯᠣᠨ ᠲᠡᠮᠲᠡᠭ ᠫᠠᠶᠢᠰᠠ ᠶᠢ ᠳᠦᠷᠢᠶᠡᠰᠦᠯᠡᠬᠦ᠂ ᠵᠢᠭᠡᠯᠡᠭᠦᠯᠬᠦ ᠪᠠ ᠰᠢᠯᠵᠢᠭᠦᠯᠦᠨ ᠥᠭᠴᠦ ᠪᠣᠯᠬᠤ ᠦᠭᠡᠢ᠃ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠶᠢᠨ ᠦᠨᠡᠮᠯᠡᠯ᠂ ᠲᠠᠮᠠᠭ᠎ᠠ ᠪᠣᠯᠣᠨ ᠲᠡᠮᠲᠡᠭ ᠫᠠᠶᠢᠰᠠ ᠶᠢ ᠬᠠᠭᠤᠷᠮᠠᠭ ᠢᠶᠠᠷ ᠵᠣᠬᠢᠶᠠᠬᠤ᠂ ᠦᠭᠡᠷᠡᠴᠢᠯᠡᠨ ᠵᠣᠬᠢᠶᠠᠬᠤ᠂ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠃
ᠬᠤᠷᠢᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠨᠡᠷᠡᠶᠢᠳᠦᠯ᠂ ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠯᠭᠠᠲᠠᠨ︶ ᠨᠢ ᠬᠤᠪᠢᠷᠠᠯᠲᠠ ᠭᠠᠷᠤᠭᠰᠠᠨ ᠪᠠᠶᠢᠪᠠᠯ᠂ ᠡᠵᠡᠩᠨᠡᠯᠲᠡ ᠶᠢᠨ ᠦᠨᠡᠮᠯᠡᠯ ᠤᠯᠤᠭᠰᠠᠨ ᠡᠳᠦᠷ ᠠᠴᠠ ᠪᠠᠨ ᠡᠬᠢᠯᠡᠨ ᠬᠤᠷᠢᠨ ᠡᠳᠦᠷ ᠤᠨ ᠳᠤᠲᠤᠷ᠎ᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠢᠶᠠᠨ ᠬᠠᠯᠠᠬᠤ ᠭᠠᠷᠳᠠᠮ ᠢ ᠭᠦᠢᠴᠡᠳᠭᠡᠬᠦ ᠬᠡᠷᠡᠭᠲᠡᠢ᠃
ᠬᠤᠷᠢᠨ ᠨᠢᠭᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠬᠢᠵᠢᠭ ᠪᠠᠶᠢᠴᠠᠭᠠᠬᠤ ᠠᠵᠢᠯᠲᠠᠨ ᠪᠣᠯᠣᠨ ᠨᠢᠳᠤᠯᠬᠤ ᠮᠡᠷᠭᠡᠵᠢᠯ ᠤᠨ ᠠᠵᠢᠯᠲᠠᠨ ᠤ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠠᠵᠢᠯ ᠤᠨ ᠨᠦᠯᠦᠭᠡᠨ ᠤ ᠡᠪᠡᠳᠴᠢᠨ ᠣᠯᠬᠤ ᠠᠴᠠ ᠰᠡᠷᠭᠡᠶᠢᠯᠡᠬᠦ ᠬᠡᠷᠡᠭᠲᠡᠢ᠃
ᠭᠤᠷᠪᠠᠳᠤᠭᠠᠷ ᠪᠦᠯᠦᠭ ᠦᠬᠡᠷ ᠬᠤᠨᠢ ᠢᠮᠠᠭ᠎ᠠ ᠶᠢ ᠲᠣᠭᠲᠠᠭᠰᠠᠨ ᠭᠠᠵᠠᠷ ᠲᠤ ᠨᠢᠳᠤᠯᠬᠤ
ᠬᠤᠷᠢᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠤᠯᠤᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠪᠣᠯᠣᠨ ᠠᠵᠢᠯᠯᠠᠭᠠᠨ ᠤ ᠳᠦᠷᠢᠮ ᠶᠤᠰᠤᠭᠠᠷ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢᠨ ᠬᠠᠮᠲᠤ᠂ ᠨᠢᠳᠤᠯᠬᠤ ᠦᠢᠯᠡᠳᠪᠦᠷᠢ ᠶᠢᠨ ᠲᠠᠰᠤᠭ ᠲᠤ ᠦᠬᠡᠷ ᠬᠤᠨᠢ ᠢᠮᠠᠭ᠎ᠠ ᠨᠢᠳᠤᠯᠬᠤ ᠬᠢᠵᠢᠭ ᠪᠠᠶᠢᠴᠠᠭᠠᠨ ᠰᠢᠯᠭᠠᠬᠤ ᠠᠵᠢᠯᠯᠠᠭᠠᠨ ᠤ ᠤᠷ᠎ᠠ ᠮᠡᠷᠭᠡᠰᠢᠯ ᠤᠨ ᠴᠤᠪᠤᠷᠠᠯ ᠵᠢᠷᠤᠭ᠂ ᠣᠷᠣᠨ ᠪᠠᠶᠢᠷᠢ ᠶᠢᠨ ᠵᠢᠷᠤᠭ ᠢ ᠳᠤᠲᠤᠷᠬᠠᠶᠢᠯᠠᠬᠤ ᠬᠡᠷᠡᠭᠲᠡᠢ᠃
ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠠᠮᠢᠲᠠᠨ ᠤ ᠠᠰᠠᠷᠠᠮᠵᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠢ᠃
ᠬᠤᠷᠢᠨ ᠭᠤᠷᠪᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠳᠤ ᠨᠢᠳᠤᠯᠤᠭᠰᠠᠨ ᠦᠬᠡᠷ ᠬᠤᠨᠢ ᠢᠮᠠᠭ᠎ᠠ ᠳᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠭᠠᠷᠭᠠᠭᠰᠠᠨ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾ ᠶᠢ ᠳᠠᠭᠠᠯᠳᠤᠭᠤᠯᠬᠤ ᠶᠢᠨ ᠬᠠᠮᠲᠤ᠂ ᠮᠠᠯ ᠵᠢᠭᠦᠷᠲᠡᠨ ᠤ ᠢᠯᠭᠠᠬᠤ ᠲᠡᠮᠲᠡᠭ ᠢ ᠵᠡᠭᠦᠯᠭᠡᠬᠦ ᠬᠡᠷᠡᠭᠲᠡᠢ᠃
ᠬᠤᠷᠢᠨ ᠳᠦᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠤᠬᠤᠴᠢᠯᠠᠨ ᠮᠦᠷᠳᠡᠬᠦ ᠳᠦᠷᠢᠮ ᠢ ᠪᠠᠶᠢᠭᠤᠯᠬᠤ ᠬᠡᠷᠡᠭᠲᠡᠢ᠃ ᠦᠬᠡᠷ ᠬᠤᠨᠢ ᠢᠮᠠᠭ᠎ᠠ ᠶᠢᠨ ᠦᠢᠯᠡᠳᠪᠦᠷᠢ ︵ᠲᠠᠯᠠᠪᠠᠢ︶ ᠳᠤ ᠣᠷᠤᠭᠤᠯᠵᠤ ᠢᠷᠡᠭᠰᠡᠨ ᠴᠠᠭ᠂ ᠢᠷᠡᠯᠲᠡ᠂ ᠲᠤᠭ᠎ᠠ ᠲᠤᠯᠤᠭᠠᠢ᠂ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾᠂ ᠮᠠᠯ ᠵᠢᠭᠦᠷᠲᠡᠨ ᠤ ᠢᠯᠭᠠᠬᠤ ᠲᠡᠮᠲᠡᠭ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠦᠢᠯᠡᠳᠪᠦᠷᠢ ︵ᠲᠠᠯᠠᠪᠠᠢ︶ ᠠᠴᠠ ᠭᠠᠷᠤᠭᠰᠠᠨ ᠴᠠᠭ᠂ ᠡᠭᠦᠯᠳᠡᠷ ᠤᠭᠰᠠᠭ᠎ᠠ᠂ ᠲᠤᠭ᠎ᠠ ᠬᠡᠮᠵᠢᠶ᠎ᠡ᠂ ᠭᠦᠢᠯᠭᠡᠭᠡᠨ ᠤ ᠬᠠᠨᠳᠤᠰᠢ ᠪᠣᠯᠣᠨ ᠬᠢᠵᠢᠭ ᠪᠠᠶᠢᠴᠠᠭᠠᠨ ᠰᠢᠯᠭᠠᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠵᠡᠷᠭᠡ ᠠᠭᠤᠯᠭ᠎ᠠ ᠶᠢ ᠦᠨᠡᠨ ᠪᠣᠲᠠᠲᠠᠢ ᠪᠠᠷ ᠲᠡᠮᠲᠡᠭᠯᠡᠬᠦ ᠶᠢᠨ ᠬᠠᠮᠲᠤ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠬᠠᠳᠠᠭᠠᠯᠠᠬᠤ ᠬᠡᠷᠡᠭᠲᠡᠢ᠃ ᠲᠡᠮᠲᠡᠭᠯᠡᠯ ᠪᠣᠯᠣᠨ ᠭᠡᠷᠡᠴᠢ ᠪᠠᠷᠢᠮᠲᠠ ᠶᠢ ᠬᠠᠳᠠᠭᠠᠯᠠᠬᠤ ᠬᠤᠭᠤᠴᠠᠭ᠎ᠠ ᠪᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠴᠢᠨᠠᠷ ᠪᠠᠲᠤᠯᠠᠬᠤ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠵᠢᠷᠭᠤᠭᠠᠨ ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ︔ ᠲᠤᠳᠤᠷᠬᠠᠢ ᠴᠢᠨᠠᠷ ᠪᠠᠲᠤᠯᠠᠬᠤ ᠬᠤᠭᠤᠴᠠᠭ᠎ᠠ ᠪᠠᠶᠢᠬᠤ ᠦᠭᠡᠢ ᠪᠣᠯ᠂ ᠬᠠᠳᠠᠭᠠᠯᠠᠬᠤ ᠬᠤᠭᠤᠴᠠᠭ᠎ᠠ ᠶᠢ ᠬᠤᠶᠠᠷ ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃
ᠬᠤᠷᠢᠨ ᠲᠠᠪᠤᠳᠤᠭᠠᠷ ᠵᠦᠢᠯ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄
︵ᠨᠢᠭᠡ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠣᠷᠤᠭᠤᠯᠬᠤ ᠪᠣᠶᠣ ᠪᠤᠰᠤᠳ ᠪᠤᠳᠠᠰ ᠣᠷᠤᠭᠤᠯᠵᠤ ᠪᠣᠯᠬᠤ ᠦᠭᠡᠢ︔
︵ᠬᠤᠶᠠᠷ︶ ᠴᠢᠬ ᠲᠣᠭᠲᠠᠭᠠᠭᠰᠠᠨ ᠦᠭᠡᠢ ᠪᠠᠷ ᠦᠬᠡᠷ ᠬᠤᠨᠢ ᠢᠮᠠᠭ᠎ᠠ ᠨᠢᠳᠤᠯᠬᠤ ᠠᠵᠢᠯ ᠡᠷᠬᠢᠯᠡᠵᠦ ᠪᠠᠶᠢᠬᠤ ᠨᠢᠭᠡᠴᠡ ᠪᠤᠶᠤ ᠬᠤᠪᠢ ᠬᠦᠮᠦᠨ ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠠᠳᠠᠭᠠᠯᠠᠬᠤ ᠪᠡᠯᠡᠳᠭᠡᠮᠵᠢ ᠬᠠᠩᠭᠠᠵᠤ ᠪᠣᠯᠬᠤ ᠦᠭᠡᠢ︔
︵ᠭᠤᠷᠪᠠ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠣᠷᠤᠭᠤᠯᠤᠭᠰᠠᠨ ᠪᠣᠶᠣ ᠪᠤᠰᠤᠳ ᠪᠤᠳᠠᠰ ᠣᠷᠤᠭᠤᠯᠤᠭᠰᠠᠨ ᠨᠢᠭᠡᠴᠡ ᠪᠣᠶᠣ ᠬᠤᠪᠢ ᠬᠦᠮᠦᠨ ᠳᠤ ᠲᠠᠯᠠᠪᠤᠷ ᠬᠠᠩᠭᠠᠵᠤ ᠪᠣᠯᠬᠤ ᠦᠭᠡᠢ᠃
ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠶᠢ ᠨᠢᠳᠤᠯᠵᠤ ᠪᠣᠯᠬᠤ
ᠦᠭᠡᠢ᠃
ᠬᠤᠷᠢᠨ ᠵᠢᠷᠭᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ ᠤ ᠦᠪᠡᠷ ᠢᠶᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠦᠨᠡᠯᠡᠬᠦ ᠬᠡᠷᠡᠭᠲᠡᠢ᠃ ᠦᠢᠯᠡᠳᠪᠦᠷᠢᠯᠡᠯ ᠤᠨ ᠨᠦᠬᠦᠴᠡᠯ ᠨᠢ ᠬᠤᠪᠢᠷᠠᠯᠲᠠ ᠭᠠᠷᠴᠤ᠂ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠣᠭᠰᠠᠨ ᠪᠠᠶᠢᠪᠠᠯ᠂ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠳᠠᠷᠦ᠋ᠢᠬᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ︔ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠠᠮᠦᠷ ᠲᠥᠪᠰᠢᠨ ᠤ ᠡ᠊ᠨᠳᠡᠯ ᠡᠭᠦᠰᠬᠦ ᠳᠠᠯᠳᠠ ᠲᠥᠭᠰᠢᠭᠦᠷᠢ ᠲᠠᠢ ᠪᠠᠶᠢᠪᠠᠯ ᠳᠠᠷᠦ᠋ᠢᠬᠠᠨ ᠨᠢᠳᠤᠯᠬᠤ ᠠᠵᠢᠯᠯᠠᠭ᠎ᠠ ᠪᠠᠨ ᠵᠣᠭᠰᠤᠭᠠᠬᠤ ᠶᠢᠨ ᠬᠠᠮᠲᠤ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠢ᠃
ᠬᠤᠷᠢᠨ ᠳᠤᠯᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠦᠬᠡᠷ ᠬᠤᠨᠢ ᠢᠮᠠᠭ᠎ᠠ ᠬᠤᠳᠠᠯᠳᠤᠨ ᠠᠪᠬᠤ᠂ ᠨᠢᠳᠤᠯᠬᠤ᠂ ᠪᠤᠷᠤᠯᠠᠭᠤᠯᠬᠤ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠣᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃
ᠬᠤᠷᠢᠨ ᠨᠠᠢᠮᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠭᠡᠭᠦᠯᠦᠨ ᠠᠪᠬᠤ ᠳᠦᠷᠢᠮ ᠢ ᠪᠠᠶᠢᠭᠤᠯᠵᠤ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠣᠷᠤᠰᠢᠵᠤ ᠪᠠᠶᠢᠭ᠎ᠠ ᠠᠮᠦᠷ ᠲᠥᠪᠰᠢᠨ ᠤ ᠳᠠᠯᠳᠠ ᠭᠡᠮ ᠢ ᠢᠯᠡᠷᠡᠭᠦᠯᠦᠨ᠂ ᠣᠯᠠᠨ ᠨᠡᠶᠢᠲᠡ ᠶᠢᠨ ᠡᠷᠡᠭᠦᠯ ᠮᠡᠨᠳᠦ ᠪᠣᠯᠣᠨ ᠠᠮᠢ ᠨᠠᠰᠤᠨ ᠤ ᠠᠮᠦᠷ ᠲᠥᠪᠰᠢᠨ ᠳᠤ ᠬᠤᠬᠢᠷᠠᠯ ᠤᠴᠠᠷᠠᠭᠤᠯᠬᠤ ᠪᠣᠯᠣᠮᠵᠢ ᠲᠠᠢ ᠪᠣᠯ ᠳᠠᠷᠦ᠋ᠢᠬᠠᠨ ᠦᠢᠯᠡᠳᠪᠦᠷᠢᠯᠡᠯ ᠢᠶᠠᠨ ᠵᠣᠭᠰᠤᠭᠠᠵᠤ᠂ ᠪᠣᠷᠤᠯᠠᠭᠤᠯᠤᠭᠴᠢ ᠪᠣᠯᠣᠨ ᠬᠡᠷᠡᠭᠯᠡᠭᠴᠢ ᠳᠤ ᠮᠡᠳᠡᠭᠳᠡᠬᠦ ᠬᠡᠷᠡᠭᠲᠡᠢ᠂ ᠨᠢᠭᠡᠨᠲᠡ ᠵᠠᠬ᠎ᠠ ᠳᠡᠯᠭᠡᠭᠦᠷ ᠲᠤ ᠭᠠᠷᠭᠠᠵᠤ ᠪᠣᠷᠤᠯᠠᠭᠤᠯᠤᠭᠰᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠭᠡᠭᠦᠯᠦᠨ ᠠᠪᠬᠤ ᠶᠢᠨ ᠬᠠᠮᠲᠤ᠂ ᠡᠭᠡᠭᠦᠯᠦᠨ ᠠᠪᠤᠬᠰᠠᠨ ᠪᠠ ᠮᠡᠳᠡᠭᠳᠡᠭᠰᠡᠨ ᠪᠠᠶᠢᠳᠠᠯ ᠢᠶᠠᠨ ᠲᠡᠮᠲᠡᠭᠯᠡᠵᠦ᠂ ᠡᠭᠡᠭᠦᠯᠦᠨ ᠠᠪᠤᠬᠰᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠡᠷᠡᠭᠲᠡᠢ᠃
ᠬᠤᠷᠢ ᠶᠢᠰᠦᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠤᠯᠤᠰ ᠤᠨ ᠲᠣᠭᠲᠠᠭᠠᠯ ᠶᠤᠰᠤᠭᠠᠷ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠡᠷᠡᠭᠲᠡᠢ᠃ ᠬᠤᠣᠷ ᠦᠭᠡᠶᠢᠳᠡᠭᠦᠯᠦᠨ ᠰᠢᠢᠳᠪᠦᠷᠢᠯᠡᠬᠦ ᠵᠠᠷᠤᠳᠠᠯ ᠪᠣᠯᠣᠨ ᠬᠤᠬᠢᠷᠠᠯ ᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠣᠭᠲᠠᠭᠠᠯ ᠶᠤᠰᠤᠭᠠᠷ ᠨᠦᠬᠦᠪᠦᠷᠢᠯᠡᠬᠦ ᠬᠡᠷᠡᠭᠲᠡᠢ᠃
ᠳᠦᠷᠪᠡᠳᠦᠭᠡᠷ ᠪᠦᠯᠦᠭ ᠲᠣᠭᠲᠠᠭᠰᠠᠨ ᠭᠠᠵᠠᠷ ᠲᠤ ᠨᠢᠲᠦᠯᠤᠬᠰᠠᠨ ᠦᠬᠡᠷ ᠬᠤᠨᠢ ᠢᠮᠠᠭ᠎ᠠ ᠶᠢᠨ ᠬᠢᠵᠢᠭ ᠢ ᠪᠠᠶᠢᠴᠠᠭᠠᠨ ᠰᠢᠯᠭᠠᠬᠤ
ᠭᠤᠴᠢᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠨᠢᠲᠦᠯᠦᠬᠰᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ ᠦᠬᠡᠷ ᠬᠤᠨᠢ ᠢᠮᠠᠭ᠎ᠠ ᠨᠢᠳᠤᠯᠵᠤ ᠬᠢᠵᠢᠭ ᠪᠠᠶᠢᠴᠠᠭᠠᠨ ᠰᠢᠯᠭᠠᠬᠤ ᠬᠠᠷᠢᠭᠤᠴᠠᠯᠭᠠᠲᠠᠨ ᠢ ᠲᠤᠳᠤᠷᠬᠠᠶᠢᠯᠠᠬᠤ ᠬᠡᠷᠡᠭᠲᠡᠢ᠃
ᠭᠤᠴᠢᠨ ᠨᠢᠭᠡᠳᠦᠭᠡᠷ ᠵᠦᠢᠯ ᠰᠢᠯᠭᠠᠨ ᠬᠢᠨᠠᠬᠤ ᠳᠤ ᠬᠢᠷᠢ ᠲᠡᠩᠴᠡᠭᠰᠡᠨ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠭᠰᠠᠨ ᠬᠢᠵᠢᠭ ᠪᠠᠶᠢᠴᠠᠭᠠᠨ ᠰᠢᠯᠭᠠᠬᠤ ᠳᠦᠷᠢᠮ ᠲᠣᠭᠲᠠᠭᠠᠯ ᠶᠤᠰᠤᠭᠠᠷ᠂ ᠨᠢᠳᠤᠯᠤᠭᠰᠠᠨ ᠦᠬᠡᠷ ᠬᠤᠨᠢ ᠢᠮᠠᠭ᠎ᠠ ᠳᠤ ᠵᠡᠷᠭᠡᠪᠡᠷ ᠬᠢᠵᠢᠭ ᠪᠠᠶᠢᠴᠠᠭᠠᠨ ᠰᠢᠯᠭᠠᠬᠤ ᠶᠢᠨ ᠬᠠᠮᠲᠤ᠂ ᠬᠢᠵᠢᠭ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠪᠢᠴᠢᠬᠦ ᠬᠡᠷᠡᠭᠲᠡᠢ᠃
ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠯ ᠶᠤᠰᠤᠭᠠᠷ᠂ ᠬᠢᠵᠢᠭ ᠪᠠᠶᠢᠴᠠᠭᠠᠨ ᠰᠢᠯᠭᠠᠭᠰᠠᠨ ᠶᠠᠪᠤᠴᠠ ᠪᠣᠯᠣᠨ ᠦᠷ᠎ᠡ ᠳ᠋ᠦᠩ ᠢ ᠦᠨᠡᠨ ᠪᠣᠲᠠᠲᠠᠢ ᠪᠠᠷ ᠲᠡᠮᠲᠡᠭᠯᠡᠬᠦ ᠶᠢᠨ ᠬᠠᠮᠲᠤ᠂ ᠬᠢᠵᠢᠭ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠳᠤ ᠠᠯᠪᠠᠨ ᠤ ᠮᠠᠯ ᠤᠨ ᠡᠮᠴᠢ ᠶᠢ ᠲᠣᠮᠢᠯᠠᠨ ᠰᠠᠭᠤᠯᠭᠠᠵᠤ᠂ ᠦᠬᠡᠷ ᠬᠤᠨᠢ ᠢᠮᠠᠭ᠎ᠠ ᠨᠢᠳᠤᠯᠵᠤ ᠬᠢᠵᠢᠭ ᠪᠠᠶᠢᠴᠠᠭᠠᠨ ᠰᠢᠯᠭᠠᠬᠤ ᠶᠠᠪᠤᠴᠠ ᠶᠢ ᠲᠣᠭᠤᠷᠢᠨ ᠬᠢᠨᠠᠬᠤ ᠪᠠ ᠰᠤᠭᠤᠴᠠᠨ ᠪᠠᠶᠢᠴᠠᠭᠠᠬᠤ ᠬᠡᠷᠡᠭᠲᠡᠢ᠃
ᠠᠯᠪᠠᠨ ᠤ ᠮᠠᠯ ᠤᠨ ᠡᠮᠴᠢ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠭᠠᠷᠭᠠᠭᠰᠠᠨ ᠬᠢᠵᠢᠭ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ ᠦᠯᠢᠭᠡᠷ ᠠᠪᠴᠤ ᠪᠠᠶᠢᠴᠠᠭᠠᠨ ᠰᠢᠯᠭᠠᠬᠤ᠂ ᠲᠣᠭᠤᠷᠢᠨ ᠬᠢᠨᠠᠬᠤ ᠵᠡᠷᠭᠡ ᠠᠷᠭ᠎ᠠ ᠬᠡᠮᠵᠢᠶ᠎ᠡ ᠯᠦᠭᠡ ᠤᠶᠠᠯᠳᠤᠭᠤᠯᠵᠤ ᠢᠯᠭᠠᠨ ᠲᠣᠭᠲᠠᠭᠠᠨ᠂ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾ ᠭᠠᠷᠭᠠᠵᠤ ᠥᠭᠬᠦ ᠬᠡᠷᠡᠭᠲᠡᠢ᠃
ᠭᠤᠴᠢᠨ ᠭᠤᠷᠪᠠᠳᠤᠭᠠᠷ ᠵᠦᠢᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠬᠢᠵᠢᠭ ᠪᠠᠶᠢᠴᠠᠭᠠᠨ ᠰᠢᠯᠭᠠᠭᠰᠠᠨ ᠦᠭᠡᠢ ᠪᠣᠶᠣ ᠬᠢᠵᠢᠭ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠦᠭᠡᠢ ᠪᠣᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠠᠴᠠ ᠭᠠᠷᠭᠠᠵᠤ ᠪᠣᠯᠬᠤ ᠦᠭᠡᠢ᠃
ᠭᠤᠴᠢᠨ ᠳᠦᠷᠪᠡᠳᠦᠭᠡᠷ ᠵᠦᠢᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠪᠣᠷᠤᠯᠠᠭᠤᠯᠬᠤ᠂ ᠮᠢᠬᠠᠨ ᠢᠳᠡᠭᠡᠨ ᠤ ᠵᠦᠢᠯ ᠦᠢᠯᠡᠳᠪᠦᠷᠢᠯᠡᠨ ᠡᠳ᠋ᠰᠢᠭᠦᠯᠬᠦ ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠣᠯᠣᠨ ᠬᠤᠪᠢ ᠬᠦᠮᠦᠨ ᠵᠢᠴᠢ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ᠂ ᠨᠡᠶᠢᠲᠡ ᠶᠢᠨ ᠬᠤᠭᠤᠯᠠ ᠶᠢᠨ ᠨᠢᠭᠡᠴᠡ ᠨᠦᠭᠦᠳ ᠲᠣᠭᠲᠠᠭᠠᠯ ᠶᠤᠰᠤᠭᠠᠷ ᠬᠢᠵᠢᠭ ᠪᠠᠶᠢᠴᠠᠭᠠᠭᠰᠠᠨ ᠦᠭᠡᠢ ᠪᠣᠶᠣ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠵᠡᠩᠨᠡᠵᠦ ᠪᠣᠯᠬᠤ ᠦᠭᠡᠢ᠂ ᠡᠰᠡᠭᠦᠯ᠎ᠡ ᠪᠠᠶᠢᠴᠠᠭᠠᠨ ᠰᠢᠯᠭᠠᠭᠰᠠᠨ ᠦᠭᠡᠢ ᠪᠣᠶᠣ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠦᠢᠯᠡᠳᠪᠦᠷᠢᠯᠡᠨ ᠡᠵᠡᠩᠨᠡᠵᠦ ᠪᠣᠯᠬᠤ ᠦᠭᠡᠢ᠃
ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ
ᠭᠤᠴᠢᠨ ᠲᠠᠪᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠤᠰ ᠤᠨ ᠦᠬᠡᠷ ᠬᠤᠨᠢ ᠢᠮᠠᠭ᠎ᠠ ᠨᠢᠳᠤᠯᠬᠤ ᠶᠠᠰᠤ ᠴᠢᠨᠠᠷ ᠤᠨ ᠠᠮᠦᠷ ᠲᠥᠪᠰᠢᠨ ᠢ ᠬᠢᠨᠠᠨ ᠡᠵᠡᠮᠳᠡᠬᠦ ᠲᠦᠯᠦᠪᠯᠡᠭᠡ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠳᠤᠯᠬᠤ ᠶᠠᠰᠤ ᠴᠢᠨᠠᠷ ᠤᠨ ᠠᠮᠦᠷ ᠲᠥᠪᠰᠢᠨ ᠢ ᠬᠢᠨᠠᠨ ᠡᠵᠡᠮᠳᠡᠬᠦ ᠲᠦᠰᠦᠯ ᠢ ᠲᠣᠭᠲᠠᠭᠠᠬᠤ ᠪᠠ ᠬᠡᠷᠡᠭᠵᠢᠭᠦᠯᠬᠦ ᠬᠡᠷᠡᠭᠲᠡᠢ᠃
ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠨᠢᠳᠤᠯᠬᠤ ᠭᠤᠭᠴᠤᠭ᠎ᠠ ᠳᠠᠬᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ ᠣᠨ ᠤ ᠰᠤᠭᠤᠴᠠᠨ ᠪᠠᠶᠢᠴᠠᠭᠠᠬᠤ ᠲᠦᠯᠦᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃
ᠭᠤᠴᠢᠨ ᠵᠢᠷᠭᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠤ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠄
︵ᠨᠢᠭᠡ︶ ᠦᠬᠡᠷ ᠬᠤᠨᠢ ᠢᠮᠠᠭ᠎ᠠ ᠨᠢᠳᠤᠯᠬᠤ ᠵᠡᠷᠭᠡ ᠬᠤᠯᠪᠣᠭᠳᠠᠯ ᠪᠦᠬᠦᠢ ᠲᠠᠯᠠᠪᠣᠷ ᠲᠤ ᠣᠴᠢᠵᠤ ᠲᠣᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠠᠵᠢᠯ ᠢ ᠬᠡᠷᠡᠭᠵᠢᠭᠦᠯᠬᠦ︔
︵ᠬᠤᠶᠠᠷ︶ ᠬᠤᠯᠪᠣᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ ᠠᠴᠠ ᠪᠠᠶᠢᠳᠠᠯ ᠢ ᠣᠶᠢᠯᠠᠭᠠᠬᠤ︔
︵ᠭᠤᠷᠪᠠ︶ ᠬᠤᠯᠪᠣᠭᠳᠠᠯ ᠪᠦᠬᠦᠢ ᠲᠡᠮᠲᠡᠭᠯᠡᠯ᠂ ᠫᠢᠶᠤᠤ ᠪᠠᠷᠢᠮᠲᠠ ᠵᠢᠴᠢ ᠪᠤᠰᠤᠳ ᠮᠠᠲ᠋ᠧᠷᠢᠶᠠᠯ ᠢ ᠡᠷᠢᠵᠦ ᠦᠵᠡᠬᠦ᠂ ᠪᠠᠭᠤᠯᠭᠠᠬᠤ︔
︵ᠳᠥᠷᠪᠡ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠠᠴᠠ ᠲᠣᠭᠲᠠᠭᠠᠯ ᠶᠤᠰᠤᠭᠠᠷ ᠦᠯᠢᠭᠡᠷ ᠠᠪᠬᠤ᠂ ᠦᠯᠡᠳᠡᠭᠡᠨ ᠰᠢᠯᠭᠠᠬᠤ᠂ ᠰᠤᠭᠤᠴᠠᠨ ᠪᠠᠶᠢᠴᠠᠭᠠᠬᠤ︔
︵ᠲᠠᠪᠤ︶ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠬᠤᠣᠷ ᠬᠦᠨᠦᠭᠡᠯ ᠲᠠᠢ ᠪᠤᠳᠠᠰ ᠠᠭᠤᠯᠤᠭᠰᠠᠨ ᠪᠣᠶᠣ ᠠᠭᠤᠯᠵᠤ ᠪᠠᠶᠢᠬᠤ ᠰᠡᠵᠢᠭ ᠲᠠᠢ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠭᠡᠷᠡᠴᠢ ᠪᠠᠷᠢᠮᠲᠠ ᠶᠢ ᠬᠠᠮᠠᠭᠠᠯᠠᠬᠤ ᠠᠷᠭ᠎ᠠ ᠬᠡᠮᠵᠢᠶ᠎ᠡ ᠬᠡᠷᠡᠭᠯᠡᠬᠦ ᠬᠡᠷᠡᠭᠲᠡᠢ᠃
ᠭᠤᠴᠢᠨ ᠳᠤᠯᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠦᠭᠴᠢ ᠨᠢ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠡᠭᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠬᠤ ᠬᠡᠷᠡᠭᠲᠡᠢ᠃ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠠᠤᠯᠢ ᠶᠤᠰᠤᠭᠠᠷ ᠬᠢᠬᠦ ᠬᠢᠨᠠᠨ ᠪᠠᠶᠢᠴᠠᠭᠠᠯᠲᠠ ᠳᠤ ᠬᠤᠯᠪᠤᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ ᠬᠠᠮᠵᠢᠯᠴᠠᠬᠤ ᠬᠡᠷᠡᠭᠲᠡᠢ᠂ ᠲᠡᠪᠴᠢᠬᠦ ᠪᠠ ᠬᠠᠷᠰᠢᠯᠠᠵᠤ ᠪᠣᠯᠬᠤ ᠦᠭᠡᠢ᠃
ᠭᠤᠴᠢᠨ ᠨᠠᠢᠮᠠᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠨᠠᠨ ᠪᠠᠶᠢᠴᠠᠭᠠᠬᠤ ᠳᠤᠮᠳᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠤᠰ ᠠᠷᠭ᠎ᠠ ᠳᠤ ᠲᠣᠭᠲᠠᠭᠠᠭᠰᠠᠨ ᠨᠦᠬᠦᠴᠡᠯ ᠢ ᠪᠦᠷᠢᠯᠳᠦᠭᠦᠯᠬᠦ ᠪᠠᠨ ᠪᠣᠯᠢᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠵᠦ ᠴᠡᠭᠴᠡᠯᠡᠨ ᠵᠠᠯᠠᠷᠠᠭᠤᠯᠬᠤ ᠬᠡᠷᠡᠭᠲᠡᠢ︔ ᠬᠤᠭᠤᠴᠠᠭ᠎ᠠ ᠨᠢ ᠦᠩᠭᠡᠷᠡᠭᠡᠳ ᠮᠦᠨᠬᠦ ᠲᠤᠰ ᠠᠷᠭ᠎ᠠ ᠳᠤ ᠲᠣᠭᠲᠠᠭᠠᠭᠰᠠᠨ ᠨᠦᠬᠦᠴᠡᠯ ᠳᠤ ᠬᠦᠷᠴᠦ ᠳᠡᠶᠢᠯᠦᠭᠰᠡᠨ ᠦᠭᠡᠢ ᠪᠣᠯ᠂ ᠣᠣᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠢ ᠬᠦᠴᠦᠨ ᠦᠭᠡᠢ ᠪᠣᠯᠭᠠᠬᠤ ᠪᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠨᠢ ᠬᠤᠷᠢᠶᠠᠨ ᠠᠪᠬᠤ ᠬᠡᠷᠡᠭᠲᠡᠢ᠃
ᠭᠤᠴᠢ ᠶᠢᠰᠦᠳᠦᠭᠡᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠳᠤ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠨᠢ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ ᠬᠠᠤᠯᠢ ᠶᠤᠰᠤᠭᠠᠷ ᠲᠣᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠃
ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ
ᠳᠦᠴᠢᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠴᠢᠬ ᠲᠣᠭᠲᠠᠭᠠᠭᠰᠠᠨ ᠦᠭᠡᠢ ᠪᠠᠷ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠡᠷᠬᠢᠯᠡᠪᠡᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠦᠷᠪᠡᠳᠦᠭᠡᠷ ᠵᠦᠢᠯ ᠤᠨ ᠨᠢᠭᠡᠳᠦᠭᠡᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠬᠠᠭᠤᠷᠮᠠᠭ ᠢᠶᠠᠷ ᠵᠣᠬᠢᠶᠠᠭᠰᠠᠨ᠂ ᠦᠭᠡᠷᠡᠴᠢᠯᠡᠨ ᠵᠣᠬᠢᠶᠠᠭᠰᠠᠨ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠣᠯᠬᠤ ᠦᠨᠡᠮᠯᠡᠯ ᠪᠤᠶᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠬᠠᠭᠤᠷᠮᠠᠭᠯᠠᠨ ᠬᠡᠷᠡᠭᠯᠡᠬᠦ ᠪᠤᠶᠤ ᠬᠡᠷᠡᠭᠯᠡᠪᠡᠯ᠂ ᠳᠡᠭᠡᠷᠡᠬᠢ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠪᠤᠶᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠳᠦᠷᠢᠶᠡᠰᠦᠯᠡᠭᠦᠯᠬᠦ᠂ ᠵᠢᠭᠡᠯᠡᠭᠦᠯᠬᠦ᠂ ᠰᠢᠯᠵᠢᠭᠦᠯᠦᠨ ᠥᠭᠭᠦᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠦᠷᠪᠡᠳᠦᠭᠡᠷ ᠵᠦᠢᠯ ᠤᠨ ᠭᠤᠷᠪᠠᠳᠤᠭᠠᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠳᠦᠴᠢᠨ ᠨᠢᠭᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠣᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠄
︵ᠨᠢᠭᠡ︶ ᠤᠯᠤᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠪᠣᠯᠣᠨ ᠠᠵᠢᠯᠯᠠᠭᠠᠨ ᠤ ᠳᠦᠷᠢᠮ ᠶᠤᠰᠤᠭᠠᠷ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠤᠭᠰᠠᠨ ᠦᠭᠡᠢ︔
︵ᠬᠤᠶᠠᠷ︶ ᠨᠢᠳᠤᠯᠬᠤ ᠦᠬᠡᠷ ᠬᠤᠨᠢ ᠢᠮᠠᠭ᠎ᠠ ᠶᠢᠨ ᠢᠷᠡᠯᠲᠡ᠂ ᠲᠤᠭ᠎ᠠ ᠲᠤᠯᠤᠭᠠᠢ ᠪᠣᠯᠣᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠭᠦᠢᠯᠭᠡᠭᠡᠨ ᠤ ᠬᠠᠨᠳᠤᠰᠢ ᠶᠢ ᠦᠨᠡᠨ ᠪᠤᠲᠠᠲᠠᠢ ᠪᠠᠷ ᠲᠡᠮᠲᠡᠭᠯᠡᠭᠰᠡᠨ ᠦᠭᠡᠢ︔
︵ᠭᠤᠷᠪᠠ︶ ᠤᠯᠤᠰ ᠤᠨ ᠲᠣᠭᠲᠠᠭᠠᠯ ᠶᠤᠰᠤᠭᠠᠷ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠭᠰᠡᠨ ᠦᠭᠡᠢ᠃
ᠳᠦᠴᠢᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠠᠮᠦᠷ ᠲᠥᠪᠰᠢᠨ ᠤ ᠳᠠᠯᠳᠠ ᠭᠡᠮ ᠣᠷᠤᠰᠢᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠪᠣᠯᠣᠨ ᠠᠮᠢ ᠨᠠᠰᠤᠨ ᠤ ᠠᠮᠦᠷ ᠲᠥᠪᠰᠢᠨ ᠳᠤ ᠬᠤᠬᠢᠷᠠᠯ ᠤᠴᠠᠷᠠᠭᠤᠯᠵᠤ ᠮᠡᠳᠡᠬᠦ ᠪᠣᠯᠣᠮᠵᠢ ᠲᠠᠢ ᠪᠠᠶᠢᠬᠤ ᠶᠢ ᠢᠯᠡᠷᠡᠭᠦᠯᠦᠭᠰᠡᠨ ᠪᠠᠶᠢᠲᠠᠯ᠎ᠠ᠂ ᠦᠢᠯᠡᠳᠪᠦᠷᠢᠯᠡᠯ ᠢᠶᠠᠨ ᠵᠣᠭᠰᠤᠭᠠᠬᠤ᠂ ᠡᠭᠡᠭᠦᠯᠦᠨ ᠠᠪᠬᠤ ᠠᠷᠭ᠎ᠠ ᠬᠡᠮᠵᠢᠶ᠎ᠠ ᠠᠪᠤᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠦᠮᠡᠨ ᠲᠦᠭᠦᠷᠢᠭ ᠠᠴᠠ ᠳᠡᠭᠡᠭᠰᠢ 3 ᠲᠦᠮᠡᠨ ᠲᠦᠭᠦᠷᠢᠭ ᠠᠴᠠ ᠳᠤᠷᠤᠭᠰᠢᠬᠢ ᠵᠤᠭᠤᠰ ᠢᠶᠠᠷ ᠲᠣᠷᠭᠠᠬᠤ ᠬᠡᠷᠡᠭᠲᠡᠢ᠃
ᠳᠦᠴᠢᠨ ᠭᠤᠷᠪᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠮᠢᠬᠠᠨ ᠤ ᠵᠦᠢᠯ ᠤᠨ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠦᠭᠡᠢ ᠪᠤᠶᠤ ᠮᠢᠬᠠᠨ ᠤ ᠵᠦᠢᠯ ᠤᠨ ᠶᠠᠰᠤ ᠴᠢᠨᠠᠷ ᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠦᠢᠯᠡᠳᠪᠦᠷᠢ ︵ᠲᠠᠯᠠᠪᠠᠢ︶ ᠠᠴᠠ ᠭᠠᠷᠭᠠᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠤᠭᠠᠷ ᠰᠢᠳᠭᠡᠨ ᠲᠣᠷᠭᠠᠬᠤ ᠬᠡᠷᠡᠭᠲᠡᠢ᠃
ᠳᠦᠴᠢᠨ ᠳᠦᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶᠂ ᠪᠤᠰᠤᠳ ᠨᠢᠭᠡᠴᠡ ᠪᠣᠶᠣ ᠬᠤᠪᠢ ᠬᠦᠮᠦᠨ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠤᠷᠤᠭᠤᠯᠬᠤ ᠪᠤᠶᠤ ᠪᠤᠰᠤᠳ ᠪᠤᠳᠠᠰ ᠣᠷᠤᠭᠤᠯᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠤᠯᠤᠳᠤᠭᠠᠷ ᠵᠦᠢᠯ ᠤᠨ ᠨᠢᠭᠡᠳᠦᠭᠡᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠤᠷᠤᠭᠤᠯᠬᠤ ᠪᠣᠶᠣ ᠪᠤᠰᠤᠳ ᠪᠤᠳᠠᠰ ᠣᠷᠤᠭᠤᠯᠪᠠᠯ᠂ ᠳᠡᠭᠡᠷᠡᠬᠢ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠠᠴᠠ ᠭᠠᠳᠠᠨ᠎ᠠ᠂ ᠪᠠᠰᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠤᠯᠤᠳᠤᠭᠠᠷ ᠵᠦᠢᠯ ᠤᠨ ᠬᠤᠶᠠᠳᠤᠭᠠᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠳᠦᠴᠢᠨ ᠲᠠᠪᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠶᠢ ᠨᠢᠳᠤᠯᠤᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠳᠦᠴᠢᠨ ᠵᠢᠷᠭᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠶᠠᠮᠠᠷᠪᠠ ᠨᠢᠭᠡᠴᠡ ᠪᠤᠶᠤ ᠬᠤᠪᠢ ᠬᠦᠮᠦᠨ ᠨᠢ ᠲᠣᠭᠲᠠᠭᠰᠠᠨ ᠭᠠᠵᠠᠷ ᠤᠨ ᠵᠦᠪᠰᠢᠶᠡᠷᠡᠯ ᠦᠭᠡᠢ ᠪᠠᠷ ᠦᠬᠡᠷ ᠬᠤᠨᠢ ᠢᠮᠠᠭ᠎ᠠ ᠨᠢᠳᠣᠯᠬᠤ ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠣᠶᠣ ᠬᠤᠪᠢ ᠬᠦᠮᠦᠨ ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠬᠠᠳᠠᠭᠠᠯᠠᠬᠤ ᠪᠡᠯᠡᠳᠭᠡᠮᠵᠢ ᠬᠠᠩᠭᠠᠭᠰᠠᠨ᠂ ᠡᠰᠡᠭᠦᠯ᠎ᠡ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠨᠢᠭᠡᠴᠡ ᠪᠤᠶᠤ ᠬᠤᠪᠢ ᠬᠦᠮᠦᠨ ᠳᠤ ᠲᠠᠯᠠᠪᠤᠷ ᠬᠠᠩᠭᠠᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠭᠤᠴᠢᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠳᠦᠴᠢᠨ ᠳᠤᠯᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠪᠣᠷᠤᠯᠠᠭᠤᠯᠬᠤ᠂ ᠮᠢᠬᠠᠨ ᠢᠳᠡᠭᠡᠨ ᠤ ᠵᠦᠢᠯ ᠦᠢᠯᠡᠳᠪᠦᠷᠢᠯᠡᠨ ᠡᠳ᠋ᠰᠢᠭᠦᠯᠬᠦ ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠤᠯᠤᠨ ᠬᠤᠪᠢ ᠬᠦᠮᠦᠨ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠡᠵᠡᠩᠨᠡᠭᠴᠢ᠂ ᠨᠡᠶᠢᠲᠡ ᠶᠢᠨ ᠬᠤᠭᠤᠯᠠᠨ ᠤ ᠨᠢᠭᠡᠴᠡ ᠨᠢ ᠲᠣᠭᠲᠠᠭᠠᠯ ᠶᠤᠰᠤᠭᠠᠷ ᠬᠢᠵᠢᠭ ᠪᠠᠶᠢᠴᠠᠭᠠᠭᠰᠠᠨ ᠦᠭᠡᠢ ᠪᠣᠶᠣ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠡᠵᠡᠩᠨᠡᠵᠦ ᠪᠠᠶᠢᠬᠤ᠂ ᠡᠰᠡᠭᠦᠯ᠎ᠡ ᠪᠠᠶᠢᠴᠠᠭᠠᠨ ᠰᠢᠯᠭᠠᠭᠰᠠᠨ ᠦᠭᠡᠢ ᠪᠣᠶᠣ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠦᠢᠯᠡᠳᠪᠦᠷᠢᠯᠡᠨ ᠡᠵᠡᠩᠨᠡᠪᠡᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾ ᠶᠢᠨ ᠵᠠᠭᠤ ᠬᠤᠷᠢᠨ ᠭᠤᠷᠪᠠᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃
ᠳᠦᠴᠢᠨ ᠨᠠᠢᠮᠠᠳᠤᠭᠠᠷ ᠵᠦᠢᠯ ᠦᠬᠡᠷ ᠬᠤᠨᠢ ᠢᠮᠠᠭ᠎ᠠ ᠨᠢᠳᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠳ ᠲᠤ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠣᠯᠣᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠡᠢ︔ ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄
︵ᠨᠢᠭᠡ︶ ᠲᠣᠭᠲᠠᠭᠠᠭᠰᠠᠨ ᠳᠡᠰ ᠳᠠᠷᠠᠭᠠᠯᠠᠯ ᠪᠣᠯᠣᠨ ᠨᠦᠬᠦᠴᠡᠯ ᠶᠣᠰᠤᠭᠠᠷ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠬᠢᠨᠠᠨ ᠪᠠᠶᠢᠴᠠᠭᠠᠵᠤ᠂ ᠵᠥᠪᠰᠢᠶᠡᠷᠡᠭᠰᠡᠨ
ᠦᠭᠡᠢ︔
︵ᠬᠤᠶᠠᠷ︶ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠠᠴᠠ ᠪᠣᠯᠵᠤ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠶᠠᠰᠤ ᠴᠢᠨᠠᠷ ᠤᠨ ᠠᠮᠦᠷ ᠲᠥᠪᠰᠢᠨ ᠤ ᠠᠳᠡᠯ ᠭᠠᠷᠤᠭᠰᠠᠨ︔
︵ᠭᠤᠷᠪᠠ︶ ᠬᠠᠤᠯᠢ ᠠᠴᠠ ᠵᠦᠷᠢᠴᠡᠨ ᠨᠢᠳᠤᠯᠬᠤ᠂ ᠡᠵᠡᠩᠨᠡᠬᠦ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠤᠭᠰᠠᠨ ᠪᠤᠶᠤ ᠣᠯᠵᠤ ᠮᠡᠳᠡᠭᠡᠳ ᠬᠠᠤᠯᠢ ᠶᠤᠰᠤᠭᠠᠷ ᠪᠠᠶᠢᠴᠠᠭᠠᠨ ᠰᠢᠳᠭᠡᠭᠰᠡᠨ
ᠦᠭᠡᠢ︔
︵ᠳᠥᠷᠪᠡ︶ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ ᠠᠳᠡᠯ ᠢ ᠨᠢᠭᠤᠨ ᠳᠠᠯᠳᠠᠯᠠᠭᠠᠳ ᠮᠡᠳᠡᠭᠦᠯᠦᠭᠰᠡᠨ ᠦᠭᠡᠢ︔
︵ᠲᠠᠪᠤ︶ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠤᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠤᠯᠤᠳᠤᠭᠠᠷ ᠪᠦᠯᠦᠭ ᠳᠠᠭᠠᠯᠳᠤᠭᠤᠯᠤᠯ ᠳᠦᠷᠢᠮ
ᠳᠦᠴᠢ ᠶᠢᠰᠦᠳᠦᠭᠡᠷ ᠵᠦᠢᠯ ᠦᠬᠡᠷ᠂ ᠬᠤᠨᠢ ᠢᠮᠠᠭ᠎ᠠ ᠠᠴᠠ ᠪᠤᠰᠤᠳ ᠭᠡᠷ ᠤᠨ ᠲᠡᠵᠢᠭᠡᠪᠦᠷᠢ ︵ᠠᠮᠢᠳᠤ ᠭᠠᠭ᠋ᠠᠢ ᠠᠴᠠ ᠪᠣᠰᠣᠳ︶᠂ ᠭᠡᠷ ᠤᠨ ᠵᠢᠭᠦᠷᠲᠡᠨ ᠢ ᠨᠢᠳᠤᠯᠬᠤ ᠳᠤ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
ᠲᠠᠪᠢᠳᠤᠭᠠᠷ ᠵᠦᠢᠯ ᠲᠤᠰ ᠠᠷᠭ᠎ᠠ ᠶᠢ 2016 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃