ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠲᠤᠵᠠᠢ
ᠨᠡᠶᠢᠲᠡᠯᠡᠭᠰᠡᠨ ᠴᠠᠭ᠄
2016/11/28
     11 ᠳ᠋ᠦ᠋ᠭᠡᠷ ᠰᠠᠷ᠎ᠠ ᠶᠢᠨ 27᠎ ᠤ ᠡᠲᠦᠷ᠂ ᠦᠪᠡᠷᠲᠡᠭᠡᠡ ᠵᠠᠰᠬᠠᠤ ᠤᠷᠤᠨ ᠠᠴᠠ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠲᠤᠭᠤᠯᠵᠦ᠂ ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠯᠢ ᠵᠢᠢ ᠡᡁᠧᠩ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠦ᠂ ᠪᠦᠬᠦ ᠤᠷᠤᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠪᠤᠯᠤᠨ ᠲᠤᠰ ᠵᠢᠯ ᠤᠨ ᠡᠴᠤᠰ ᠲᠠᠷᠠᠭ᠎ᠠ ᠵᠢᠯ ᠤᠨ ᠡᠬᠢᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠠᠢ᠃      ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠪᠦᠸᠧ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠡᠨᠡ ᠵᠢᠯ ᠠᠴᠠ ᠨᠠᠰᠢ᠂ ᠮᠠᠠ ᠤ ᠤᠷᠤᠨ ᠬᠤᠶᠢᠨ᠎ᠠ ᠡᠮᠦᠨ᠎ᠡ ᠬᠤᠶᠠᠷ ᠤᠲᠠᠭ᠎ᠠ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ᠂ ᠱᠠᠲᠤᠴᠢ ᠴᠢᠨᠠᠷ ᠲᠠᠢ ᠠᠮᠵᠢᠯᠲᠠ ᠤᠯᠤᠭᠰᠠᠠ ᠪᠤᠯᠪᠠᠴᠤ ᠶᠡᠭᠡ ᠪᠠᠶᠢᠴᠠᠭᠠᠯᠲᠠ ᠨᠢ ᠲᠡᠩᠴᠡᠬᠦᠷᠢ ᠦᠭᠡᠢ᠂ ᠲᠦᠢᠯᠪᠦᠷᠢᠲᠠᠢ ᠪᠢᠰᠢ᠂ ᠠᠵᠦ ᠠᠬᠤᠢᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠲᠠᠲᠠᠢ ᠨᠠᠶᠢᠲᠠᠪᠤᠷᠢᠵᠢᠭᠤᠯᠤᠭᠰᠠᠠ ᠦᠭᠡᠢ ᠵᠡᠷᠭᠡ ᠠᠰᠠᠭᠤᠲᠠᠯ ᠤᠷᠤᠰᠢᠵᠦ ᠪᠠᠶᠢᠨ᠎ᠠ ᠭᠡᠵᠦ ᠵᠢᠭᠠᠵᠦ ᠭᠠᠷᠭᠠᠪᠠ᠃      ᠸᠠᠩ ᠪᠦᠸᠧ᠂ ᠪᠦᠬᠦ ᠤᠷᠤᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠦᠷᠬᠦᠯᠵᠢᠯᠡᠡ ᠬᠦᠨᠵᠡᠭᠡᠢ ᠠᠬᠢᠭᠤᠯᠬᠤ ᠬᠡᠷᠡᠭᠲᠡᠢ᠃ ᠡᠯ᠎ᠠ ᠭᠠᠵᠠᠷ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠡ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠴᠢᠬᠤᠯᠠ ᠠᠴᠢ ᠬᠤᠯᠪᠤᠭᠲᠠᠯ ᠢ ᠵᠠᠪᠠᠯ ᠬᠦᠨᠵᠡᠭᠡᠢ ᠲᠠᠨᠢᠵᠦ᠂ ᠡᠨᠡᠬᠦ ᠠᠵᠢᠯ ᠎ ᠢ ᠦᠷᠬᠦᠯᠵᠢᠯᠡᠡ ᠬᠦᠨᠵᠡᠭᠡᠢ ᠯᠠᠪᠲᠠᠭᠤᠨ ᠠᠬᠢᠭᠤᠯᠬᠤ ᠭᠡᠷᠡᠭᠲᠡᠢ᠃ ︽ᠡᠷᠬᠢᠠ ᠬᠠᠷᠠᠵᠦ ᠦᠵᠡᠬᠦ︾ ᠠᠵᠢᠯᠯᠠᠭ᠎ᠠ ᠶᠢ ᠲᠠᠷᠦ᠋ᠢᠬᠠᠠ ᠦᠷᠨᠢᠭᠦᠯᠵᠦ᠂ ᠨᠢᠭᠡᠨᠲᠡ ᠪᠠᠶᠢᠴᠠᠭᠠᠵᠦ ᠢᠯᠡᠷᠡᠭᠦᠯᠦᠭᠰᠡᠡ ᠠᠰᠠᠭᠤᠲᠠᠯ ᠪᠤᠯᠤᠨ ᠲᠠᠯᠲᠠ ᠭᠡᠮ ᠰᠤᠭᠤᠭ ᠢ ᠪᠤᠲᠠᠲᠠᠢ ᠴᠡᠭᠴᠡᠯᠡᠡ ᠰᠠᠶᠢᠵᠢᠷᠠᠭᠤᠯᠤᠭᠰᠠᠠ ᠡᠰᠡᠬᠦ᠂ ᠴᠢᠩᠭ᠎ᠠ ᠪᠠ ᠪᠤᠲᠠᠲᠠᠢ ᠪᠢᠰᠢ ᠠᠰᠠᠭᠤᠲᠠᠯ ᠤᠷᠤᠰᠢᠵᠦ ᠪᠠᠶᠢᠬᠤ ᠡᠰᠡᠬᠦ ᠶᠢ ᠦᠵᠡᠵᠦ᠂ ᠤᠷᠤᠰᠢᠵᠦ ᠪᠠᠶᠢᠭ᠎ᠠ ᠠᠰᠠᠭᠤᠲᠠᠯ ᠳᠤ ᠴᠢᠭᠯᠡᠭᠦᠯᠤᠨ᠂ ᠲᠦᠷᠦᠭᠦᠦ ᠨᠢᠭᠡ ᠭᠡᠰᠡᠭ ᠬᠤᠭᠤᠴᠠᠭᠠᠠ ᠤ ᠶᠡᠭᠡ ᠪᠠᠶᠢᠴᠠᠭᠠᠯᠲᠠ ᠶᠢᠨ ᠠᠵᠢᠯ ᠢ ᠲᠠᠬᠢᠨ ᠪᠠᠶᠢᠴᠠᠭᠠᠵᠦ᠂ ᠲᠠᠬᠢᠨ ᠱᠠᠯᠠᠪᠲᠠᠭᠤᠯᠤᠠ ᠱᠠᠭᠠᠷᠲᠠᠵᠦ᠂ ᠲᠠᠬᠢᠨ ᠨᠠᠶᠢᠲᠠᠪᠤᠷᠢᠵᠢᠭᠤᠯᠬᠤ ᠭᠡᠷᠡᠭᠲᠡᠢ᠃ ᠭᠤᠤᠯᠲᠠᠯᠭ᠎ᠠ ᠲᠠᠢ ᠭᠠᠵᠠᠷ᠂ ᠪᠠᠭᠤᠷᠠᠢ ᠭᠤᠭᠴᠤᠭ᠎ᠠ᠂ ᠲᠤᠪᠤᠶᠢᠮ᠎ᠠ ᠠᠰᠠᠭᠤᠲᠠᠯ᠂ ᠢᠯᠠᠩᠭᠤᠶ᠎ᠠ ᠵᠠᠷᠢᠮ ︽ᠪᠤᠲᠤᠵᠦ ᠤᠯᠬᠤ ᠦᠭᠡᠢ᠂ ᠬᠠᠮᠢᠶᠠᠷᠴᠤ ᠲᠡᠶᠢᠯᠬᠦ ᠦᠭᠡᠢ᠂ ᠵᠠᠰᠠᠵᠦ ᠲᠡᠶᠢᠯᠬᠦ ᠦᠭᠡᠢ︾ ᠲᠤᠲᠠᠭᠲᠠᠯ ᠪᠤᠯᠤᠨ ᠬᠦᠮᠦᠨ ᠬᠠᠷ᠎ᠠ ᠴᠦᠭᠡᠡ ᠬᠦᠷᠬᠦ ᠭᠠᠵᠠᠷ ᠢ ᠴᠢᠩᠭ᠎ᠠ ᠰᠡᠷᠭᠡᠶᠢᠯᠡᠵᠦ᠂ ᠡᠴᠤᠰ ᠲᠤᠨᠢ ᠲᠤᠯᠲᠠᠯ᠎ᠠ ᠠᠳᠬᠤᠠ᠂ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠪᠦᠬᠦ ᠲᠡᠯ᠎ᠡ ᠪᠠᠷ ᠪᠦᠷᠭᠦᠬᠦᠯᠬᠦ᠂ ᠪᠦᠬᠦ ᠲᠠᠯ᠎ᠠ ᠪᠠᠷ ᠦᠷᠨᠢᠭᠦᠯᠬᠦ ᠪᠦᠭᠡᠳ ᠪᠦᠬᠦ ᠶᠠᠪᠤᠴᠠ ᠳᠤᠨᠢ ᠪᠠᠶᠢᠴᠠᠭᠠᠬᠤ ᠠᠵᠢᠯ ᠢ ᠵᠤᠬᠢᠶᠠᠠ ᠪᠠᠶᠢᠭᠤᠯᠵᠦ ᠰᠠᠶᠢᠲᠤᠷ ᠦᠷᠨᠢᠭᠦᠯᠬᠦ ᠭᠡᠷᠡᠭᠲᠡᠢ᠃ ᠡᠯ᠎ᠠ ᠠᠶᠢᠮᠠᠭ ᠬᠤᠲᠠ ᠶᠢᠨ ᠵᠠᠰᠠᠭ ᠤᠨ ᠤᠷᠲᠤᠨ᠂ ᠦᠪᠡᠷᠲᠡᠭᠡᠡ ᠵᠠᠰᠠᠬᠤ ᠤᠷᠤᠨ ᠪᠤᠯᠤᠨ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ 12 ᠳ᠋ᠤᠭᠠᠷ ᠰᠠᠷ᠎ᠠ ᠶᠢᠨ 5᠎ ᠤ ᠡᠲᠦᠷ ᠠᠴᠠ ᠡᠮᠦᠨ᠎ᠠ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠪᠠᠶᠢᠲᠠᠯ ᠢᠶᠠᠨ ᠦᠪᠡᠷᠲᠡᠭᠡᠠ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠠᠯᠪᠠᠠ ᠭᠡᠷ ᠲᠤ ᠮᠡᠲᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠵᠠᠢ᠃      ᠸᠠᠩ ᠪᠦᠸᠧ᠂ ᠡᠯ᠎ᠠ ᠭᠠᠵᠠᠷ ᠤᠷᠤᠨ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠡ ᠶᠡᠭᠡ ᠪᠠᠶᠢᠴᠠᠭᠠᠯᠲᠠ ᠲᠤᠮᠲᠠ ᠢᠯᠡᠷᠡᠭᠦᠯᠦᠭᠰᠡᠡ ᠠᠰᠠᠭᠤᠲᠠᠯ ᠪᠤᠯᠤᠨ ᠲᠠᠯᠲᠠ ᠬᠡᠮ ᠰᠤᠭᠤᠭ ᠢ ︽ᠤᠭᠲᠤ ᠠᠭᠤᠴᠢᠯᠠᠵᠤ ᠪᠤᠯᠬᠤ ᠦᠭᠡᠢ︾᠂ ᠡᠯ᠎ᠠ ᠵᠦᠢᠯ ᠤᠨ ᠬᠠᠤᠯᠢ ᠪᠤᠰᠤ ᠬᠠᠤᠯᠢ ᠠᠴᠠ ᠵᠦᠷᠢᠴᠡᠭᠰᠡᠡ ᠪᠠ ᠲᠦᠷᠢᠮ ᠲᠤᠭᠲᠠᠭᠠᠯ ᠠᠴᠠ ᠵᠦᠷᠢᠴᠡᠭᠰᠡᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠠᠲᠡᠯ ᠢ ᠪᠠᠶᠢᠴᠠᠭᠠᠠ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠭᠡᠮᠵᠢᠯᠡᠬᠦ  ᠶᠢ ᠴᠢᠩᠭ᠎ᠠ ᠠᠳᠬᠤᠠ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠦᠬᠦ ᠬᠦᠴᠤᠨ ᠢᠶᠠᠷ ᠢᠶᠠᠨ ᠰᠠᠶᠢᠲᠤᠷ ᠠᠳᠬᠤᠵᠦ᠂ ᠬᠦᠨᠲᠦ ᠨᠤᠴᠢᠲᠠᠢ ᠤᠨᠴᠠ ᠶᠡᠭᠡ ᠠᠲᠡᠯ ᠭᠠᠷᠬᠤ ᠶᠢ ᠡᠷᠡᠰ ᠬᠤᠷᠢᠠᠠᠯᠠᠠ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠲᠠᠯ ᠢ ᠦᠷᠬᠦᠯᠵᠢᠯᠡᠡ ᠯᠠᠪᠲᠠᠭᠤᠨ ᠰᠠᠶᠢᠲᠤᠷ ᠠᠬᠢᠭᠤᠯᠬᠤ ᠬᠡᠷᠡᠭᠲᠡᠢ ᠭᠡᠵᠦ ᠱᠠᠭᠠᠷᠲᠠᠭᠰᠠᠠ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号