ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠠᠪᠤᠳᠤᠭᠠᠷ ᠤᠳᠠᠭ᠎ᠠ ᠶᠢᠨ ᠬᠤᠷᠠᠯ ᠬᠢᠪᠡ  ᠯᠢ ᠵᠢᠢ ᠾᠧᠩ ᠬᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2016/11/28
     11 ᠳ᠋ᠦ᠋ᠭᠡᠷ ᠰᠠᠷ᠎ᠠ ᠶᠢᠨ 25᠎ ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠠᠪᠤᠳᠤᠭᠠᠷ ᠤᠳᠠᠭ᠎ᠠ ᠶᠢᠨ ᠬᠤᠷᠠᠯ ᠬᠢᠪᠠ᠃      ᠯᠢ ᠵᠢᠢ ᠾᠧᠩ ᠬᠤᠷᠠᠯ ᠡᠷᠬᠢᠯᠡᠵᠡᠢ᠃      ᠬᠤᠷᠠᠯ ᠠᠴᠠ᠂ ᠶᠡᠷᠦᠩᠬᠡᠢ ᠪᠢᠯᠧᠲ ᠬᠢᠨᠠᠬᠴᠢ ᠯᠦᠸᠧ ᡁᠢ ᠬᠤ᠋ ᠨᠦᠬᠦᠷ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠤᠷᠤᠯᠠᠬᠴᠢ ᠬᠡᠰᠢᠭᠦᠨ ᠤ ᠵᠢᠱᠢᠭᠳᠡᠭᠰᠡᠳ ᠤᠨ ᠪᠡᠯᠡᠳᠭᠡᠯ ᠰᠤᠩᠭᠤᠭᠤᠯᠢ ᠶᠢᠨ ᠦᠷ᠎ᠠ ᠳ᠋ᠦᠩ ᠤᠨ ᠲᠤᠬᠠᠢ ᠮᠡᠳᠡᠭᠦᠯᠦᠯᠳᠡ ᠶᠢ ᠰᠤᠨᠤᠰᠪᠠ︔ ᠽᠧᠩ ᠢ ᠴᠦᠨ ᠨᠦᠬᠦᠷ ᠤᠨ ᠬᠢᠭᠰᠡᠨ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠤᠨ ᠲᠤᠳᠤᠷᠬᠠᠢᠢᠯᠠᠯᠳᠠ ᠶᠢ ᠰᠤᠨᠤᠰᠴᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠤᠷᠤᠯᠠᠬᠴᠢ ᠬᠡᠰᠢᠭᠦᠨ ᠤ ᠵᠢᠱᠢᠭᠳᠡᠭᠰᠡᠳ ᠤᠨ ᠨᠡᠷᠡᠰ ᠢ ᠪᠠᠳᠤᠯᠠᠵᠤ᠂ ᠨᠡᠷᠡᠰ ᠢ ᠪᠦᠬᠦᠳᠡ ᠬᠤᠷᠠᠯ ᠳᠤ ᠲᠡᠪᠰᠢᠭᠦᠯᠦᠨ ᠰᠤᠩᠭᠤᠭᠤᠯᠬᠤ ᠪᠠᠷ ᠲᠤᠬᠳᠠᠵᠠᠢ᠃      ᠬᠤᠷᠠᠯ ᠠᠴᠠ᠂ ᠵᠠᠩ ᠶᠤᠸᠠᠨ ᠵᠦᠩ ᠨᠦᠬᠦᠷ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠠᠵᠢᠯ ᠤᠨ ᠢᠯᠡᠳᠭᠡᠯ ᠢ ᠶᠠᠷᠢᠯᠴᠠᠭᠰᠠᠨ ᠪᠠᠶᠢᠳᠠᠯ ᠤᠨ ᠳᠣᠬᠠᠢ ᠬᠠᠷᠢᠭᠤ ᠮᠡᠳᠡᠭᠦᠯᠦᠯᠳᠡ ᠪᠠ ᠯᠢᠦ ᠴᠢ ᠹᠠᠨ ᠨᠦᠬᠦᠷ ᠤᠨ ᠬᠢᠭᠰᠡᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠶᠠᠷᠢᠯᠴᠠᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ ︵ᠲᠦᠰᠦᠯ︶ ᠪᠠ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠦᠷᠢ ︵ᠲᠦᠰᠦᠯ︶᠎ ᠶᠢ ᠬᠢᠨᠠᠨ ᠵᠦᠪᠯᠡᠨ ᠪᠠᠳᠤᠯᠠᠵᠤ᠂ ᠬᠤᠶᠠᠷ ᠰᠢᠢᠳᠪᠦᠷᠢ ︵ᠲᠦᠰᠦᠯ︶᠎ ᠶᠢ ᠡᠯ᠎ᠠ ᠲᠦᠯᠦᠭᠡᠯᠡᠭᠴᠢᠳ ᠤᠨ ᠪᠦᠯᠬᠦᠮ ᠳᠤ ᠲᠡᠪᠰᠢᠭᠦᠯᠦᠨ ᠬᠢᠨᠠᠨ ᠵᠦᠪᠯᠡᠭᠦᠯᠭᠦ ᠪᠠᠷ ᠲᠤᠬᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号