ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠷᠬᠡ ᠶᠢᠨ | ᠠᠵᠢᠯᠯᠠᠭ᠎ᠠ ᠶᠢ ᠢᠯᠡ ᠪᠠᠶᠢᠯᠭᠠᠬᠤ ᠨᠢ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ | ᠢᠯᠡᠳᠬᠡᠬᠦ ᠡᠷᠬᠡ ᠪᠣᠯᠣᠨ ᠬᠢᠨᠠᠯᠲᠠ ᠲᠠᠯᠪᠢᠬᠤ ᠡᠷᠬᠡ ᠶᠢ ᠪᠠᠲᠤᠯᠠᠨ᠂ ᠵᠠᠰᠠᠭ ᠤᠨ ᠣᠷᠳᠣᠨ ᠤ ᠨᠡᠶᠢᠲᠡ ᠶᠢᠨ | ᠢᠲᠡᠭᠡᠮᠵᠢ ᠪᠣᠯᠣᠨ ᠭᠦᠢᠴᠡᠳᠬᠡᠬᠦ ᠬᠦᠴᠦᠨ ᠢ ᠨᠡᠮᠡᠭᠳᠡᠭᠦᠯᠵᠦ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ᠂ | ᠰᠢᠨ᠎ᠡ ᠶᠢ ᠡᠭᠦᠳᠦᠭᠰᠡᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠣᠯᠣᠨ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠴᠣᠭᠴᠠᠯᠠᠨ ᠪᠠᠶᠢᠭᠤᠯᠬᠤ ᠴᠢᠬᠤᠯᠠ ᠠᠭᠤᠯᠭ᠎ᠠ ᠪᠣᠯᠣᠨ᠎ᠠ᠃ ᠣᠶᠢᠷ᠎ᠠ ᠳᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ | ᠣᠷᠳᠣᠨ ᠤ ᠠᠯᠪᠠᠨ ᠲᠢᠩᠬᠢᠮ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠳᠥᠯᠭᠢᠨ | ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠂ ᠣᠯᠠᠨ ᠲᠦᠮᠡᠨ ᠳᠤ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠪᠠ ᠬᠠᠷᠠᠯᠲᠠᠲᠤ | ᠡᠭᠦᠷᠭᠡ ᠶᠢ ᠭᠦᠨᠵᠡᠭᠡᠢ ᠣᠶᠢᠯᠠᠭᠠᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠭᠴᠢ ᠹᠧᠩ ᠷᠧᠨ ᠹᠸᠢ ᠥᠪᠥᠷ ᠮᠣᠩᠭᠤᠯ ᠤᠨ ᠡᠳᠦᠷ ᠤᠨ | ᠰᠣᠨᠢᠨ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃ | | ᠰᠤᠷᠪᠤᠯᠵᠢᠯᠠᠭᠴᠢ᠄ ᠲᠠ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠢ | ᠲᠠᠨᠢᠯᠴᠠᠭᠤᠯᠤᠭᠠᠳ ᠥᠭᠭᠦᠨ᠎ᠡ ᠤᠤ᠃ | ᠹᠧᠩ ᠷᠧᠨ ᠹᠸᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠤᠩ ᠴᠢᠬᠤᠯᠠᠴᠢᠯᠠᠨ | ᠦᠵᠡᠵᠦ᠂ ᠭᠤᠷᠪᠠᠳᠤᠭᠠᠷ ᠪᠥᠬᠦᠳᠡ ᠬᠤᠷᠠᠯ ᠠᠴᠠ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠢᠯᠡ | ᠪᠣᠯᠭᠠᠬᠤ᠂ ᠬᠠᠮᠢᠶᠠᠷᠤᠯᠲᠠ ᠶᠢ ᠢᠯᠡ ᠪᠣᠯᠭᠠᠬᠤ᠂ ᠦᠢᠯᠡᠴᠢᠯᠡᠭᠡ ᠶᠢ ᠢᠯᠡ ᠪᠣᠯᠭᠠᠬᠤ᠂ ᠦᠷ᠎ᠡ ᠳ᠋ᠦᠩ ᠢ ᠢᠯᠡ | ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠲᠣᠷᠬᠠᠶᠢᠯᠠᠪᠠ᠃ ᠳᠥᠷᠪᠡᠳᠦᠭᠡᠷ ᠪᠥᠬᠦᠳᠡ ᠬᠤᠷᠠᠯ ᠠᠴᠠ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ︽ᠳᠥᠷᠪᠡ ᠶᠢ ᠢᠯᠡ | ᠪᠣᠯᠭᠠᠬᠤ︾ ᠲᠠᠯ᠎ᠠ ᠪᠠᠷ ᠰᠢᠢᠳᠪᠦᠷᠢᠲᠦ ᠪᠤᠳᠤᠯᠭ᠎ᠠ᠂ ᠬᠡᠷᠡᠭᠵᠢᠭᠦᠯᠦᠯᠲᠡ᠂ ᠬᠠᠮᠢᠶᠠᠷᠤᠯᠲᠠ᠂ ᠦᠢᠯᠡᠴᠢᠯᠡᠭᠡ ᠪᠣᠯᠣᠨ | ᠦᠷ᠎ᠡ ᠳ᠋ᠦᠩ ︽ᠲᠠᠪᠤ ᠶᠢ ᠢᠯᠡ ᠪᠣᠯᠭᠠᠬᠤ︾ ᠪᠣᠯᠭᠠᠨ ᠥᠷᠭᠡᠳᠬᠡᠬᠦ ᠬᠡᠷᠡᠭᠲᠡᠢ ᠭᠡᠵᠦ ᠳᠤᠷᠠᠳᠪᠠ᠃ ᠡᠨᠡ ᠵᠢᠯ᠂ | ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠰᠠᠨᠠᠯ︾ ︵ | ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ | ᠵᠠᠷᠴᠢᠮ ᠪᠣᠯᠣᠨ ᠪᠣᠳᠠᠲᠠᠶ ᠡᠭᠦᠷᠭᠡ ᠢ ᠲᠣᠲᠤᠷᠬᠠᠶᠢᠯᠠᠭᠰᠠᠨ ᠤ ᠬᠠᠮᠲᠤ ᠪᠠᠰᠠ ᠡᠯ᠎ᠡ ᠭᠠᠵᠠᠷ ᠣᠷᠣᠨ ᠤ ᠡᠯ᠎ᠡ ᠰᠠᠯᠠᠭ᠎ᠠ | ᠮᠥᠴᠢᠷ ᠤᠳ ᠲᠤ ᠪᠤᠳᠠᠲᠠᠢ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠪᠣᠳᠠᠲᠠᠶ ᠳᠦᠷᠢᠮ ᠲᠣᠭᠲᠠᠭᠠᠬᠤ ᠬᠡᠷᠡᠭᠲᠡᠢ | ᠭᠡᠵᠦ ᠱᠠᠭᠠᠷᠳᠠᠪᠠ᠃ ᠲᠡᠷᠢᠭᠦᠯᠡᠭᠴᠢ ᠪᠦ᠋ ᠰᠢᠶᠤᠤ ᠯᠢᠨ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ︽ᠬᠡᠷᠡᠭᠵᠢᠭᠦᠯᠬᠦ ᠰᠠᠨᠠᠯ | ︾ ᠢ ᠲᠤᠭᠤᠷᠪᠢᠨ ᠪᠢᠴᠢᠬᠦ ᠶᠢ ᠳᠠᠭᠠᠭᠠᠯᠭᠠᠭᠰᠠᠨ ᠪᠠᠶᠢᠨ᠎ᠠ᠃ ᠲᠤᠭᠤᠷᠪᠢᠨ ᠪᠢᠴᠢᠬᠦ ᠶᠠᠪᠤᠴᠠ ᠳᠤ᠂ ᠭᠤᠣᠯᠳᠠᠭᠤ ︽ | ᠰᠠᠨᠠᠯ︾᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠵᠢᠴᠢ ᠵᠠᠰᠠᠭ ᠤᠨ ᠶᠠᠪᠤᠳᠠᠯ ᠢ | ᠢᠯᠡ ᠪᠣᠯᠭᠠᠬᠤ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠠᠵᠢᠯ ᠤᠨ | ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠢ ᠦᠨᠳᠦᠰᠦᠯᠡᠭᠰᠡᠨ ᠪᠥᠭᠡᠳ ᠪᠤᠰᠤᠳ ᠮᠤᠵᠢ ᠣᠷᠣᠨ ᠤ ᠠᠮᠵᠢᠯᠲᠠ | ᠲᠠᠢ ᠲᠤᠷᠰᠢᠯᠭ᠎ᠠ ᠪᠣᠯᠣᠨ ᠠᠷᠭ᠎ᠠ ᠶᠢ ᠰᠢᠩᠭᠡᠭᠡᠨ ᠠᠪᠴᠤ ᠲᠣᠯᠢᠳᠠᠪᠠ᠃ ︽ᠬᠡᠷᠡᠭᠵᠢᠭᠦᠯᠬᠦ ᠰᠠᠨᠠᠯ︾ ᠤᠨ ᠡᠭᠡ | ᠨᠤᠤᠷᠠᠭ ᠢ ᠪᠢᠴᠢᠵᠦ ᠳᠠᠭᠤᠰᠤᠭᠰᠠᠨ ᠤ ᠲᠡᠷᠠᠭ᠎ᠠ᠂ ᠡᠯ᠎ᠡ ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠷᠢᠳ ᠬᠤᠵᠢᠳ 3 ᠤᠳᠠᠭ᠎ᠠ ᠪᠢᠴᠢᠭ ᠢᠶᠠᠷ ᠰᠠᠨᠠᠯ ᠠᠪᠤᠭᠰᠠᠨ ᠤ | ᠬᠠᠮᠲᠤ ᠳᠤᠷᠠᠳᠤᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠵᠤ ᠪᠦᠷᠢᠨᠰᠢᠭᠦᠯᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠠᠯᠪᠠᠨ | ᠶᠣᠰᠣᠭᠠᠷ ᠳᠠᠷᠤᠮᠠᠯᠯᠠᠨ ᠲᠠᠷᠬᠠᠭᠠᠪᠠ᠃ | | ᠰᠤᠷᠪᠤᠯᠵᠢᠯᠠᠭᠴᠢ᠄ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠴᠢᠬᠤᠯᠠ ᠠᠭᠤᠯᠭ᠎ᠠ ᠶᠢ ᠪᠠᠭᠲᠠᠭᠠᠵᠤ᠂ | ᠬᠤᠶᠢᠰᠢᠳᠠ ᠶᠢᠨ ᠨᠢᠭᠡ ᠬᠤᠭᠤᠴᠠᠭᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠶᠠᠮᠠᠷ ᠶᠠᠮᠠᠷ | ᠰᠢᠨ᠎ᠡ ᠱᠠᠭᠠᠷᠳᠠᠯᠭ᠎ᠠ ᠳᠤᠷᠠᠳᠤᠭᠰᠠᠨ ᠪᠤᠢ︖ | ᠹᠧᠩ ᠷᠧᠨ ᠹᠧᠢ᠄ ︽ᠬᠡᠷᠡᠭᠵᠢᠭᠦᠯᠬᠦ ᠰᠠᠨᠠᠯ︾ ᠢ ᠨᠡᠶᠢᠲᠡ 8 ᠬᠡᠰᠡᠭ᠂ 24 ᠵᠦᠢᠯ ᠳᠤ ᠬᠤᠪᠢᠶᠠᠪᠠ᠃ | ᠨᠢᠭᠡ ᠳᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠳᠤᠷᠠᠳᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠵᠤ᠂ ᠢᠯᠡ ᠪᠤᠰᠤ | ᠪᠠᠶᠢᠯᠭᠠᠬᠤ ᠶᠢ ᠣᠨᠴᠠᠭᠠᠶ ᠪᠠᠶᠢᠳᠠᠯ ᠪᠣᠯᠭᠠᠨ᠂ ︽ᠲᠠᠪᠤᠨ ᠢᠯᠡ ᠪᠣᠯᠭᠠᠬᠤ︾ ᠶᠢ ᠢᠳᠡᠪᠬᠢᠲᠡᠶ ᠲᠦᠯᠬᠢᠨ ᠠᠬᠢᠭᠤᠯᠵᠤ | ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠯᠠᠯ ᠤᠨ | ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠵᠦ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠬᠠᠤᠯᠢ ᠪᠠᠷ ᠵᠠᠰᠠᠭᠰᠠᠨ | ᠵᠠᠰᠠᠭ ᠤᠨ ᠣᠷᠳᠣᠨ᠂ ᠰᠢᠨ᠎ᠡ ᠶᠢ ᠡᠭᠦᠳᠦᠭᠰᠡᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ | ᠪᠠ ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠬᠤᠶᠠᠷ ᠲᠤ ᠱᠠᠲᠤᠴᠢ ᠴᠢᠨᠠᠷᠲᠠᠶ ᠠᠵᠢᠯ | ᠤᠨ ᠬᠠᠷᠠᠯᠲᠠ ᠶᠢ ᠲᠣᠭᠲᠠᠭᠠᠪᠠ᠃ 2016 ᠣᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠤᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ︔ 2018 ᠣᠨ ᠪᠣᠯᠬᠤ ᠳᠤ᠂ ᠡᠯ᠎ᠡ ᠵᠦᠢᠯ ᠤᠨ ᠠᠵᠢᠯ ᠢ | ᠰᠢᠨ᠎ᠡ ᠰᠢᠪᠲᠤᠯᠤᠯᠲᠠ ᠲᠠᠢ ᠪᠣᠯᠭᠠᠵᠤ᠂ ᠢᠯᠡ ᠪᠣᠯᠭᠠᠬᠤ ᠠᠭᠤᠯᠭ᠎ᠠ ᠶᠢ ᠡᠷᠬᠡ ᠶᠢᠨ ᠠᠵᠢᠯᠯᠠᠭᠠᠨ ᠤ ᠪᠦᠬᠦ ᠴᠤᠪᠤᠷᠠᠯ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦ ᠶᠠᠪᠤᠴᠠ ᠶᠢ ᠬᠠᠮᠤᠷᠤᠭᠤᠯᠬᠤ ᠶᠢ ᠦᠨᠳᠦᠰᠦᠨ ᠳᠡᠭᠡᠨ | ᠪᠡᠶᠡᠯᠡᠭᠦᠯᠦᠨ᠎ᠡ︔ 2020 ᠣᠨ ᠪᠣᠯᠬᠤ ᠳᠤ᠂ ᠪᠦᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠶᠡᠷᠦᠩᠬᠡᠶ ᠳᠤᠨᠢ ᠰᠢᠨ᠎ᠡ ᠳᠡᠭᠲᠡᠷ ᠲᠤ ᠭᠠᠷᠭᠠᠵᠤ᠂ ᠢᠯᠡ ᠪᠣᠯᠭᠠᠬᠤ ᠶᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ | ᠮᠡᠳᠡᠭᠡ ᠵᠠᠩᠭᠢᠵᠢᠭᠤᠯᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠠᠰᠠᠭ ᠤᠨ ᠣᠷᠳᠣᠨ ᠢ ᠤᠯᠠᠮ ᠢᠯᠡ | ᠲᠣᠳᠣ ᠪᠣᠯᠭᠠᠵᠤ ᠠᠷᠠᠳ ᠤᠯᠠᠨ ᠤ ᠨᠡᠩ ᠢᠯᠡᠭᠦᠦ ᠣᠶᠢᠯᠠᠭᠠᠯᠴᠠᠭ᠎ᠠ ᠪᠠ ᠢᠲᠡᠭᠡᠯ ᠳᠡᠮᠵᠢᠯᠭᠡ ᠶᠢ ᠣᠯᠬᠤ ᠪᠣᠯᠭᠠᠨ᠎ᠠ᠃ | ᠭᠤᠷᠪᠠ ᠳᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠳᠣᠷᠬᠠᠶᠢᠯᠠᠪᠠ᠃ ᠡᠭᠦᠨ ᠳᠤ ᠵᠠᠰᠠᠭ ᠵᠠᠬᠢᠷᠭᠠᠨ ᠤ | ᠡᠷᠬᠡ ᠶᠢᠨ ᠠᠵᠢᠯᠯᠠᠭᠠᠨ ᠤ ᠪᠦᠬᠦ ᠶᠠᠪᠤᠴᠠ ᠶᠢ ᠢᠯᠡ ᠪᠣᠯᠭᠠᠬᠤ᠂ ᠵᠠᠰᠠᠭ ᠤᠨ ᠶᠠᠪᠤᠳᠠᠯ ᠳᠤ ᠴᠢᠯᠥᠭᠡᠲᠡᠶ | ᠣᠷᠣᠯᠴᠠᠬᠤ ᠶᠢ ᠥᠷᠭᠡᠳᠬᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠬᠤ᠂ ᠵᠠᠰᠠᠭ ᠤᠨ | ᠶᠠᠪᠤᠳᠠᠯ ᠤᠨ ᠲᠤᠬᠠᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠤᠨ ᠰᠤᠳᠤᠯᠤᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠥᠷᠭᠡᠳᠬᠡᠬᠦ ᠶᠢ ᠲᠦᠯᠬᠢᠨ | ᠠᠬᠢᠭᠤᠯᠬᠤ ᠵᠢᠷᠭᠤᠭᠠᠨ ᠵᠦᠢᠯ ᠤᠨ ᠠᠵᠢᠯ ᠤᠨ ᠡᠭᠦᠷᠭᠡ ᠶᠢ ᠪᠠᠭᠲᠠᠭᠠᠵᠤ ᠡᠯ᠎ᠡ ᠱᠠᠲᠤᠨ ᠤ ᠵᠠᠰᠠᠭ ᠤᠨ ᠣᠷᠳᠣᠨ | ᠪᠣᠯᠤᠨ ᠰᠠᠯᠠᠭ᠎ᠠ ᠮᠥᠴᠢᠷ ᠤᠳ ᠤᠨ ᠠᠵᠢᠯᠯᠠᠵᠤ ᠬᠡᠷᠡᠭᠵᠢᠭᠦᠯᠬᠦ ᠳᠤ ᠳᠥᠭᠦᠮ ᠦᠵᠡᠭᠦᠯᠪᠡ᠃ ᠲᠦᠷᠪᠡ ᠳᠤ ᠲᠡᠰ | ᠳᠠᠷᠠᠭᠠᠯᠠᠯ ᠤᠨ ᠵᠢᠷᠤᠮᠵᠢᠯ ᠢ ᠨᠠᠷᠢᠯᠢᠬᠵᠢᠭᠤᠯᠪᠠ᠃ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢᠨ ᠭᠤᠣᠯ ᠴᠣᠭᠴᠠ | ᠂ ᠭᠤᠣᠯ ᠠᠭᠤᠯᠭ᠎ᠠ᠂ ᠠᠵᠢᠯ ᠤᠨ ᠳᠡᠰ ᠳᠠᠷᠠᠭᠠᠯᠠᠯ ᠵᠢᠴᠢ ᠴᠠᠭ ᠤᠨ ᠬᠢᠵᠠᠭᠠᠷᠲᠤ ᠱᠠᠭᠠᠷᠳᠠᠯᠭ᠎ᠠ ᠵᠡᠷᠭᠡ ᠶᠢ ᠴᠥᠮ | ᠲᠣᠳᠣᠷᠬᠠᠶ ᠲᠣᠭᠲᠠᠭᠠᠭᠰᠠᠨ ᠪᠠᠶᠢᠨ᠎ᠠ᠃ ︽ᠬᠡᠷᠡᠭᠵᠢᠭᠦᠯᠬᠦ ᠰᠠᠨᠠᠯ︾ ᠨᠢ ᠥᠩᠭᠡᠷᠡᠭᠰᠡᠨ ᠤ ᠵᠠᠰᠠᠭ ᠤᠨ ᠶᠠᠪᠤᠳᠠᠯ ᠢ | ᠢᠯᠡ ᠪᠣᠯᠭᠠᠬᠤ ᠪᠠᠶᠢᠷᠢᠯᠠᠭᠤᠯᠤᠯᠲᠠ ᠶᠢᠨ ᠭᠦᠨᠵᠡᠭᠡᠶᠢᠷᠡᠭᠦᠯᠦᠯ ᠪᠠ ᠦᠷᠭᠦᠯᠵᠢᠯᠡᠯ ᠪᠣᠯᠬᠤ ᠮᠥᠷᠲᠡᠭᠡᠨ | ᠦᠢᠯᠡᠳᠦᠯᠭᠡ ᠶᠢᠨ ᠳᠤᠮᠳᠠ ᠰᠦᠪᠡᠭᠴᠢᠯᠡᠵᠦ ᠣᠯᠣᠭᠰᠠᠨ ᠲᠤᠷᠰᠢᠯᠭ᠎ᠠ ᠪᠠ ᠠᠷᠭ᠎ᠠ ᠶᠢ ᠰᠢᠩᠭᠡᠭᠡᠨ ᠠᠪᠤᠭᠰᠠᠨ ᠢᠶᠠᠷ᠂ | ᠮᠠᠰᠢ ᠤᠯᠠᠨ ᠲᠠᠯ᠎ᠠ ᠶᠢᠨ ᠰᠢᠨ᠎ᠡ ᠶᠢ ᠡᠭᠦᠳᠦᠭᠰᠡᠨ ᠠᠭᠤᠯᠭ᠎ᠠ ᠲᠠᠢ ᠪᠦᠭᠡᠳ ᠢᠯᠠᠩᠭᠤᠶ᠎ᠠ ︽ᠲᠠᠪᠤ ᠶᠢ ᠢᠯᠡ | ᠪᠣᠯᠭᠠᠬᠤ︾ ᠶᠢᠨ ᠬᠦᠷᠢᠶ᠎ᠡ ᠬᠡᠪᠴᠢᠶ᠎ᠡ᠂ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠨ ᠨᠠᠷᠢᠯᠢᠬᠵᠢᠭᠤᠯᠪᠠ᠃ | ᠰᠢᠢᠳᠪᠦᠷᠢᠲᠦ ᠪᠣᠳᠣᠯᠭ᠎ᠠ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ ᠨᠢ ᠳᠠᠷᠤᠶ ᠵᠠᠰᠠᠭ ᠵᠠᠬᠢᠷᠭᠠᠨ ᠤ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ | ᠰᠢᠢᠳᠪᠦᠷᠢᠲᠦ ᠪᠣᠳᠣᠯᠭ᠎ᠠ ᠶᠢᠨ ᠲᠥᠰᠦᠯ ᠪᠠ ᠦᠨᠳᠦᠰᠦ ᠪᠠᠷᠢᠮᠲᠠ ᠶᠢ ᠢᠯᠡ ᠪᠣᠯᠭᠠᠬᠤ ᠂ ᠤᠯᠠᠨ ᠨᠡᠶᠢᠲᠡ ᠶᠢᠨ | ᠰᠠᠨᠠᠯ ᠢ ᠰᠣᠨᠣᠰᠬᠤ᠂ ᠡᠯ᠎ᠡ ᠡᠲᠡᠭᠡᠳ ᠤᠨ ᠲᠥᠯᠥᠭᠡᠯᠡᠭᠴᠢᠳ ᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠬᠤᠷᠠᠯᠳᠤᠭᠠᠨ ᠳᠤ ᠰᠤᠯᠠ ᠣᠷᠣᠯᠴᠠᠭᠤᠯᠬᠤ᠂ ᠵᠠᠰᠠᠭ ᠤᠨ ᠣᠷᠳᠣᠨ ᠤ ᠵᠥᠪᠯᠡᠨ ᠲᠣᠭᠲᠠᠭᠰᠠᠨ ᠵᠦᠢᠯᠡᠰ ᠵᠢᠴᠢ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠢᠯᠡ ᠪᠣᠯᠭᠠᠬᠤ ᠳᠥᠷᠪᠡᠨ ᠭᠤᠣᠯᠳᠠᠯᠭ᠎ᠠ ᠲᠠᠢ ᠭᠤᠭᠴᠤᠭ᠎ᠠ ᠶᠢᠨ ᠳᠡᠰ | ᠳᠠᠷᠠᠭᠠᠯᠠᠯ ᠤᠨ ᠱᠠᠭᠠᠷᠳᠠᠯᠭ᠎ᠠ ᠶᠢ ᠳᠦᠷᠢᠮᠵᠢᠭᠦᠯᠦᠨ᠂ ᠰᠢᠢᠳᠪᠦᠷᠢᠲᠦ ᠪᠤᠳᠤᠯᠭ᠎ᠠ ᠶᠢᠨ ᠢᠯᠡ ᠲᠣᠳᠣᠴᠠ ᠶᠢᠨ | ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠶᠠᠪᠤᠳᠠᠯ ᠪᠣᠯᠣᠨ᠎ᠠ᠃ ᠬᠡᠷᠡᠭᠵᠢᠭᠦᠯᠦᠯᠲᠡ ᠶᠢ ᠢᠯᠡ ᠪᠣᠯᠭᠠᠬᠤ ᠶᠢ | ᠲᠦᠯᠬᠢᠨ ᠠᠬᠢᠭᠤᠯᠬᠤ ᠨᠢ ᠳᠠᠷᠤᠶ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ᠂ ᠴᠢᠬᠤᠯᠠ ᠲᠦᠷᠦ ᠶᠢᠨ | ᠪᠤᠳᠤᠯᠭ᠎ᠠ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠤᠯᠠᠨ ᠨᠡᠶᠢᠲᠡ ᠶᠢᠨ | ᠡᠬᠢ ᠪᠠᠶᠠᠯᠢᠭ ᠤᠨ ᠲᠤᠬᠢᠷᠠᠭᠤᠯᠤᠯᠳᠠ᠂ ᠲᠥᠰᠦᠪ ᠪᠠ ᠲᠥᠰᠦᠪ ᠤᠨ ᠭᠦᠢᠴᠡᠳᠬᠡᠯ ᠤᠨ ᠬᠡᠷᠡᠭᠵᠢᠭᠦᠯᠦᠯᠲᠡ᠂ ᠬᠢᠨᠠᠨ | ᠪᠣᠳᠣᠵᠤ ᠢᠯᠡᠷᠡᠭᠦᠯᠦᠭᠰᠡᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠵᠢᠴᠢ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠶᠢᠨ | ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠣᠯᠠᠨ ᠲᠦᠮᠡᠨ ᠳᠤ ᠵᠠᠰᠠᠭ ᠤᠨ ᠣᠷᠳᠣᠨ ᠤ ᠠᠵᠢᠯ ᠤᠨ | ᠦᠷ᠎ᠡ ᠪᠦᠲᠦᠮᠵᠢ ᠶᠢ ᠣᠶᠢᠯᠠᠭᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠵᠢᠭᠦᠯᠦᠯᠲᠡ ᠶᠢᠨ ᠬᠦᠴᠦᠨ ᠢ ᠨᠡᠮᠡᠭᠳᠡᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ | ᠭᠦᠢᠴᠡᠳ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃ ᠬᠠᠮᠢᠶᠠᠷᠤᠯᠲᠠ ᠶᠢ ᠢᠯᠡ ᠪᠣᠯᠭᠠᠬᠤ | ᠶᠢ ᠲᠦᠯᠬᠢᠨ ᠠᠬᠢᠭᠤᠯᠬᠤ ᠨᠢ ᠳᠠᠷᠤᠶ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ | ᠨᠠᠷᠢᠨ ᠳᠠᠩᠰᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ ᠢ ᠪᠦᠬᠦ | ᠲᠠᠯ᠎ᠠ ᠪᠠᠷ ᠳᠡᠯᠭᠡᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠳᠦᠷᠢᠮ ᠤᠨ ︽ᠰᠢᠩᠭᠡᠯᠢᠭ︾ ᠲᠤ ᠦᠨᠡᠨᠬᠦ ᠬᠤᠷᠢᠵᠤ᠂ | ᠢᠯᠡ ᠲᠣᠳᠣ ᠠᠵᠢᠯᠯᠠᠭᠤᠯᠵᠤ᠂ ᠤᠯᠠᠨ ᠲᠦᠮᠡᠨ ᠤ ᠬᠢᠨᠠᠯᠲᠠ ᠶᠢ ᠴᠠᠭ ᠢᠮᠠᠭᠲᠠ ᠬᠦᠯᠢᠶᠡᠬᠦ ᠪᠣᠯᠭᠠᠬᠤ ᠶᠠᠪᠤᠳᠠᠯ | ᠪᠣᠯᠣᠨ᠎ᠠ᠃ ᠦᠢᠯᠡᠴᠢᠯᠡᠭᠡ ᠶᠢ ᠢᠯᠡ ᠪᠣᠯᠭᠠᠬᠤ ᠶᠢ ᠲᠦᠯᠬᠢᠨ ᠠᠬᠢᠭᠤᠯᠬᠤ᠂ ᠨᠢᠭᠡ ᠲᠠᠯ᠎ᠠ ᠪᠠᠷ ᠪᠣᠳᠠᠲᠤ | ᠴᠣᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠴᠢᠩᠭᠠᠳᠬᠠᠵᠤ᠂ ᠨᠦᠬᠦᠭᠡ ᠲᠠᠯ᠎ᠠ ᠪᠠᠷ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ | ᠶᠢᠨ ᠱᠠᠭᠠᠷᠳᠠᠯᠭ᠎ᠠ ᠶᠣᠰᠣᠭᠠᠷ᠂ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠲᠦᠷᠭᠡᠪᠴᠢᠯᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠦᠯᠵᠢᠶᠡᠨ ᠳᠡᠭᠡᠷ᠎ᠡ ᠭᠦᠢᠴᠡᠳᠬᠡᠬᠦ ᠵᠦᠭ ᠤᠷᠲᠤᠳᠬᠠᠬᠤ ᠶᠢ ᠲᠦᠯᠬᠢᠨ ᠠᠬᠢᠭᠤᠯᠵᠤ᠂ ᠰᠦᠯᠵᠢᠶ᠎ᠡ ᠪᠠ ᠰᠦᠯᠵᠢᠶᠡᠨ | ᠭᠠᠳᠠᠨᠠᠬᠢ ᠶᠢ ᠤᠶᠠᠯᠳᠤᠭᠤᠯᠤᠭᠰᠠᠨ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠵᠠᠭᠪᠤᠷ ᠢ ᠪᠦᠷᠢᠯᠳᠦᠭᠦᠯᠬᠦ ᠶᠠᠪᠤᠳᠠᠯ ᠪᠣᠯᠣᠨ᠎ᠠ᠃ ᠡᠭᠦᠨ ᠤ ᠬᠠᠮᠲᠤ ᠪᠠᠰᠠ ᠤᠯᠠᠨ ᠨᠡᠶᠢᠲᠡ ᠶᠢᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠬᠡᠷᠡᠭ ᠡᠷᠬᠢᠯᠡᠬᠦ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠤᠯᠠᠨ | ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠳᠡᠭᠡᠷ᠎ᠡ ᠬᠡᠷᠡᠭ ᠡᠷᠬᠢᠯᠡᠬᠦ | ᠦᠢᠯᠡᠴᠢᠯᠡᠭᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠦᠷ᠎ᠡ ᠳ᠋ᠦᠩ ᠢ ᠢᠯᠡ ᠪᠣᠯᠭᠠᠬᠤ ᠶᠢ ᠲᠦᠯᠬᠢᠨ ᠠᠬᠢᠭᠤᠯᠬᠤ | ᠨᠢ ᠳᠠᠷᠤᠶ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ | ᠴᠢᠬᠤᠯᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠥᠭᠵᠢᠯᠲᠡ ᠶᠢ ᠲᠦᠯᠬᠢᠨ ᠠᠬᠢᠭᠤᠯᠬᠤ | ᠲᠥᠯᠥᠪᠵᠢᠭᠦᠯᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠵᠠᠰᠠᠭ ᠤᠨ ᠣᠷᠳᠣᠨ ᠤ ᠲᠣᠭᠲᠠᠭᠠᠭᠰᠠᠨ | ᠵᠦᠢᠯᠡᠰ ᠤᠳ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠶᠠᠪᠤᠳᠠᠯ ᠪᠣᠯᠣᠨ᠎ᠠ᠃ ᠡᠭᠦᠨ ᠤ ᠬᠠᠮᠲᠤ ᠪᠠᠰᠠ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠮᠥᠷᠳᠡᠨ ᠳᠠᠭᠠᠵᠤ ᠬᠠᠷᠢᠭᠤ ᠲᠤᠰᠬᠠᠬᠤ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠰᠢᠨᠵᠢᠯᠡᠬᠦ | ᠤᠬᠠᠭᠠᠨᠴᠢ ᠪᠠᠷ ᠦᠨᠡᠯᠡᠵᠦ᠂ ᠦᠷ᠎ᠡ ᠳ᠋ᠦᠩ ᠢ ᠢᠯᠡ ᠪᠣᠯᠭᠠᠬᠤ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | | ᠰᠤᠷᠪᠤᠯᠵᠢᠯᠠᠭᠴᠢ᠄ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠤᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠲᠤᠰᠬᠠᠯ ᠭᠠᠷᠭᠠᠬᠤ ᠲᠠᠯ᠎ᠠ ᠪᠠᠷ᠂ ︽ᠬᠡᠷᠡᠭᠵᠢᠬᠦᠯᠬᠦ ᠰᠠᠨᠠᠯ︾ | ᠳᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠤᠶ︖ | ᠹᠸᠡᠭ ᠷᠧᠨ ᠹᠸᠢ᠄ ︽ᠬᠡᠷᠡᠭᠵᠢᠭᠦᠯᠬᠦ ᠰᠠᠨᠠᠯ︾ ᠨᠢ ᠲᠠᠶᠢᠯᠤᠮᠵᠢ ᠬᠢᠬᠦ ᠲᠤᠰᠬᠠᠯ ᠭᠠᠷᠭᠠᠬᠤ ᠠᠵᠢᠯ ᠳᠤ | ᠳᠥᠷᠪᠡᠨ ᠲᠠᠯ᠎ᠠ ᠶᠢᠨ ᠲᠣᠭᠲᠠᠭᠠᠯ ᠭᠠᠷᠭᠠᠪᠠ᠃ ᠨᠢᠭᠡ ᠳᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠳᠤ ᠬᠡᠨ ᠲᠤᠭᠤᠷᠪᠢᠭᠰᠠᠨ ᠪᠤᠯ ᠬᠡᠨ ᠲᠠᠶᠢᠯᠤᠮᠵᠢ ᠬᠢᠬᠦ ᠵᠠᠷᠴᠢᠮ ᠢ | ᠵᠢᠷᠤᠮᠯᠠᠵᠤ᠂ ᠵᠠᠷᠢᠮ ᠬᠤᠯᠪᠣᠭᠳᠠᠬᠤ ᠬᠡᠪᠴᠢᠶ᠎ᠡ ᠨᠢ ᠥᠷᠭᠡᠨ᠂ ᠨᠡᠶᠢᠭᠡᠮ ᠨᠡᠶᠢᠲᠡ ᠶᠢᠨ ᠬᠢᠨ ᠳᠡᠭᠡᠳᠦ ᠬᠡᠮᠵᠢᠶ᠎ᠡ ᠪᠠᠷ | ᠠᠩᠬᠠᠷᠴᠤ ᠪᠠᠶᠢᠭ᠎ᠠ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭᠳᠠᠬᠤ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠭᠰᠠᠨ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠲᠦᠷᠦᠭᠦᠯᠡᠨ ᠤᠬᠠᠭᠤᠯᠵᠤ ᠲᠠᠶᠢᠯᠤᠮᠵᠢ ᠬᠢᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠶᠠᠷᠢᠶ᠎ᠠ | ᠬᠡᠯᠡᠯᠴᠡᠭᠡᠨ ᠤ ᠪᠠᠶᠢᠳᠠᠯ ᠳᠤ ᠲᠤᠰᠬᠠᠯ ᠭᠠᠷᠭᠠᠬᠤ ᠳᠤ ᠬᠠᠷᠢᠶ᠎ᠠ ᠣᠷᠣᠨ ᠳᠤᠨᠢ ᠬᠠᠮᠢᠶᠠᠷᠠᠭᠤᠯᠬᠤ᠂ ᠱᠠᠲᠤ ᠬᠤᠪᠢᠶᠠᠨ | ᠬᠠᠷᠢᠭᠤᠴᠠᠬᠤ᠂ ᠬᠡᠨ ᠭᠤᠤᠯᠯᠠᠨ ᠬᠠᠮᠢᠶᠠᠷᠴᠤ ᠪᠠᠶᠢᠪᠠᠯ ᠬᠡᠨ ᠬᠠᠷᠢᠭᠤᠴᠠᠬᠤ ᠵᠠᠷᠴᠢᠮ ᠢ ᠪᠠᠷᠢᠮᠲᠠᠯᠠᠬᠤ ᠬᠡᠷᠡᠭᠲᠠᠢ᠂ | ᠪᠠᠰᠠ ᠠᠳᠠᠯᠢ ᠪᠤᠰᠤ ᠪᠠᠶᠢᠳᠠᠯ ᠳᠤᠤᠷ᠎ᠠ ᠲᠤᠰᠬᠠᠯ ᠭᠠᠷᠭᠠᠬᠤ ᠠᠵᠢᠯ ᠤᠨ ᠨᠢᠭᠡᠳᠦᠭᠡᠷ ᠬᠠᠷᠢᠭᠤᠴᠠᠯᠭ᠎ᠠ ᠶᠢᠨ ᠭᠤᠣᠯ | ᠴᠣᠭᠴᠠ ᠶᠢ ᠲᠤᠲᠤᠷᠬᠠᠶᠢᠯᠠᠭᠰᠠᠨ ᠪᠠᠶᠢᠨ᠎ᠠ᠃ ᠬᠤᠶᠠᠷ ᠲᠤ ᠠᠭᠤᠯᠭ᠎ᠠ ᠶᠢ ᠲᠤᠲᠤᠷᠬᠠᠶᠢᠯᠠᠬᠤ ᠬᠡᠷᠡᠭᠲᠠᠢ᠃ ᠲᠠᠶᠢᠯᠤᠮᠵᠢ | ᠬᠢᠬᠦ ᠠᠵᠢᠯ ᠤᠨ ᠬᠠᠨᠳᠤᠯᠭᠠᠲᠤ ᠴᠢᠨᠠᠷ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ | ᠠᠬᠤᠶ ᠪᠠᠶᠢᠳᠠᠯ ᠤᠨ ᠦᠨᠳᠦᠰᠦ ᠪᠠᠷᠢᠮᠲᠠ᠂ ᠬᠠᠷᠠᠯᠲᠠᠲᠤ ᠡᠭᠦᠷᠭᠡ᠂ ᠭᠤᠣᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ | ᠰᠢᠨ᠎ᠡ ᠬᠠᠭᠤᠴᠢᠨ ᠲᠦᠷᠦ ᠶᠢᠨ ᠪᠤᠳᠤᠯᠭ᠎ᠠ ᠶᠢᠨ ᠵᠥᠷᠢᠶ᠎ᠡ ᠵᠡᠷᠭᠡ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ ᠢ ᠭᠤᠣᠯᠳᠠᠯᠭ᠎ᠠ ᠲᠠᠢ ᠲᠠᠶᠢᠯᠪᠤᠷᠢᠯᠠᠬᠤ ᠬᠡᠷᠡᠭᠲᠠᠢ᠃ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠶᠠᠪᠤᠴᠠ ᠳᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠮᠥᠷᠳᠡᠨ᠂ ᠲᠠᠶᠢᠯᠤᠮᠵᠢ ᠬᠢᠬᠦ ᠠᠵᠢᠯ ᠢ | ᠦᠷᠭᠦᠯᠵᠢᠯᠡᠨ ᠥᠷᠨᠢᠭᠦᠯᠵᠦ᠂ ᠰᠡᠵᠢᠭ ᠲᠥᠭᠡᠷᠢᠭᠳᠡᠯ ᠢ ᠴᠠᠭ ᠲᠤᠬᠠᠶ ᠳᠤᠨᠢ ᠲᠠᠶᠢᠯᠪᠤᠷᠢᠯᠠᠨ ᠠᠯᠳᠠᠷᠠᠭᠠᠬᠤ ᠬᠡᠷᠡᠭᠲᠠᠢ᠃ | ᠭᠤᠷᠪᠠ ᠳᠤ ᠠᠷᠭ᠎ᠠ ᠮᠠᠶ᠋ᠢᠭ ᠢ ᠲᠤᠲᠤᠷᠬᠠᠶᠢᠯᠠᠬᠤ ᠬᠡᠷᠡᠭᠲᠠᠢ᠃ ᠵᠡᠷᠭᠡ ᠳᠤᠨᠢ ᠲᠠᠶᠢᠯᠤᠮᠵᠢ ᠬᠢᠬᠦ ᠶᠢ ᠪᠡᠶᠡᠯᠡᠭᠦᠯᠬᠦ | ᠬᠡᠷᠡᠭᠲᠠᠢ᠂ ᠲᠤᠬᠠᠶᠢᠯᠠᠪᠠᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠦᠷᠦ ᠶᠢᠨ ᠪᠤᠳᠤᠯᠭ᠎ᠠ ᠲᠣᠭᠲᠠᠭᠠᠬᠤ ᠲᠠᠢ | ᠵᠡᠷᠭᠡ ᠳᠤᠨᠢ ᠵᠣᠬᠢᠶᠠᠨ ᠪᠠᠶᠢᠭᠤᠯᠤᠨ᠂ ᠵᠡᠷᠭᠡ ᠳᠤᠨᠢ ᠲᠣᠬᠢᠷᠠᠭᠤᠯᠵᠤ᠂ ᠲᠠᠶᠢᠯᠤᠮᠵᠢ ᠶᠢᠨ ᠲᠥᠰᠦᠯ ᠪᠣᠯᠤᠨ | ᠲᠥᠷᠥ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠵᠡᠷᠭᠡ ᠳᠤᠨᠢ ᠬᠢᠨᠠᠨ ᠵᠦᠪᠰᠢᠶᠡᠷᠡᠬᠦ ᠬᠡᠷᠡᠭᠲᠠᠢ︔ ᠲᠠᠶᠢᠯᠤᠮᠵᠢ | ᠬᠢᠬᠦ ᠡᠩᠨᠡᠭᠡ ᠪᠠᠶᠢᠭᠤᠯᠵᠤ᠂ ᠲᠦᠷᠦ ᠶᠢᠨ ᠪᠤᠳᠤᠯᠭ᠎ᠠ ᠲᠣᠭᠲᠠᠭᠠᠬᠤ ᠳᠤ ᠤᠷᠤᠯᠴᠠᠭᠰᠠᠨ ᠪᠠ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢ ᠡᠵᠡᠮᠰᠢᠭᠰᠡᠨ᠂ ᠬᠤᠯᠪᠣᠭᠳᠠᠯ ᠪᠦᠬᠦᠢ ᠬᠦᠷᠢᠶᠡᠨ ᠳᠠᠬᠢ ᠲᠤᠬᠠᠶᠢᠯᠠᠭᠰᠠᠨ ᠠᠵᠢᠯ ᠢ | ᠤᠶᠢᠯᠠᠭᠠᠳᠠᠭ ᠲᠤᠰᠬᠠᠶ ᠮᠡᠷᠭᠡᠵᠢᠯᠲᠡᠨ ᠡᠷᠳᠡᠮᠲᠡᠳ ᠤᠨ ᠦᠢᠯᠡᠳᠦᠯ ᠢ ᠨᠢ ᠪᠠᠳᠠᠷᠠᠭᠤᠯᠵᠤ᠂ ᠲᠦᠷᠦ ᠶᠢᠨ | ᠪᠤᠳᠤᠯᠭ᠎ᠠ ᠶᠢᠨ ᠪᠢᠴᠢᠭ ᠮᠠᠲ᠋ᠧᠷᠢᠶᠠᠯ ᠳᠤ ᠭᠦᠨᠵᠡᠭᠡᠶ ᠲᠠᠶᠢᠯᠤᠮᠵᠢ ᠬᠢᠯᠭᠡᠵᠤ᠂ ᠲᠠᠶᠢᠯᠤᠮᠵᠢ ᠬᠢᠬᠦ ᠰᠢᠨᠵᠢᠯᠡᠬᠦ | ᠤᠬᠠᠭᠠᠨᠴᠢ ᠴᠢᠨᠠᠷ᠂ ᠡᠷᠭᠡ ᠰᠦᠷᠲᠦ ᠴᠢᠨᠠᠷ ᠢ ᠨᠡᠮᠡᠭᠳᠡᠭᠦᠯᠬᠦ ᠬᠡᠷᠡᠭᠲᠠᠢ᠃ ᠲᠦᠷᠪᠡ ᠳᠤ᠂ ᠴᠠᠭ ᠤᠨ ᠬᠢᠵᠠᠭᠠᠷ ᠢ | ᠲᠤᠲᠤᠷᠬᠠᠶᠢᠯᠠᠬᠤ ᠬᠡᠷᠡᠭᠲᠠᠢ᠃ ᠴᠠᠭ ᠲᠤᠬᠠᠶ ᠳᠤᠨᠢ ᠲᠤᠰᠬᠠᠯ ᠭᠠᠷᠭᠠᠵᠤ᠂ ᠤᠨᠴᠠᠭᠠᠢ ᠴᠢᠬᠤᠯᠠ ᠶᠡᠭᠡ᠂ ᠴᠢᠬᠤᠯᠠ | ᠶᠡᠭᠡ ᠭᠡᠨᠡᠳᠲᠡ ᠶᠢᠨ ᠬᠡᠷᠡᠭ ᠲᠤ ᠬᠤᠯᠪᠤᠭᠳᠠᠬᠤ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ᠂ | ᠬᠠᠮᠤᠭ ᠤᠨ ᠤᠳᠠᠭᠠᠨ ᠳᠠᠭᠠᠨ 24 ᠴᠠᠭ ᠤᠨ ᠳᠣᠲᠣᠷ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ ᠬᠡᠷᠡᠭᠲᠠᠢ︔ | ᠪᠤᠰᠤᠳ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ 48 ᠴᠠᠭ ᠤᠨ ᠳᠣᠲᠣᠷ᠎ᠠ ᠲᠤᠰᠬᠠᠯ | ᠭᠠᠷᠭᠠᠬᠤ ᠬᠡᠷᠡᠭᠲᠡᠶ ᠪᠥᠭᠡᠳ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ ᠦᠷᠭᠦᠯᠵᠢᠯᠡᠨ ᠡᠷᠭᠡ ᠰᠦᠷᠲᠦ | ᠮᠡᠳᠡᠭᠡ ᠵᠠᠩᠭᠢ ᠨᠡᠶᠢᠲᠡᠯᠡᠬᠦ ᠬᠡᠷᠡᠭᠲᠠᠢ᠃ | | ᠰᠤᠷᠪᠤᠯᠵᠢᠯᠠᠭᠴᠢ᠄ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ | ᠦᠭᠡᠢ ᠨᠡᠪᠲᠡᠷᠡᠬᠦᠯᠬᠦ ᠪᠠ ᠥᠷᠭᠡᠳᠬᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠹᠸᠡᠭ ᠷᠧᠨ ᠹᠸᠢ᠄ ᠨᠢᠭᠡ ᠳᠤ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠪᠤᠯᠤᠨ ᠵᠠᠰᠠᠭ ᠤᠨ | ᠣᠷᠳᠣᠨ ᠤ ᠠᠯᠪᠠᠨ ᠮᠡᠳᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠰᠦᠯᠵᠢᠶᠡᠨ | ᠦᠷᠲᠡᠭᠡ ᠶᠢᠨ ᠪᠥᠳᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠲᠦᠪᠰᠢᠨ ᠢ ᠲᠠᠰᠤᠷᠠᠯᠲᠠ | ᠦᠬᠡᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠡᠭᠦᠨ ᠢ ᠮᠡᠳᠡᠭᠡ ᠵᠠᠩᠭᠢ ᠶᠢ ᠨᠡᠩ ᠪᠦᠬᠦ ᠲᠠᠯ᠎ᠠ ᠪᠠᠷ ᠢᠯᠡ ᠪᠤᠯᠭᠠᠬᠤ | ᠨᠢᠭᠡᠳᠦᠭᠡᠷ ᠲᠠᠪᠴᠠᠩ᠂ ᠨᠡᠩ ᠡᠷᠬᠡ ᠰᠦᠷᠲᠦ ᠲᠦᠷᠦ ᠶᠢᠨ ᠪᠤᠳᠤᠯᠭ᠎ᠠ ᠶᠢ ᠨᠡᠶᠢᠲᠡᠯᠡᠨ ᠲᠠᠶᠢᠯᠤᠮᠵᠢ ᠬᠢᠬᠦ ᠪᠠ | ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠲᠠᠪᠴᠠᠩ᠂ ᠬᠠᠯᠠᠮᠰᠢᠯ ᠠᠰᠠᠭᠤᠳᠠᠯ ᠳᠤ ᠴᠠᠭ ᠲᠤᠬᠠᠶ ᠳᠤᠨᠢ | ᠲᠤᠰᠬᠠᠯ ᠭᠠᠷᠭᠠᠬᠤ ᠪᠠ ᠠᠷᠠᠳ ᠲᠤ ᠨᠡᠩ ᠲᠦᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠪᠤᠯᠭᠠᠨ | ᠪᠠᠶᠢᠭᠤᠯᠤᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠰᠦᠷ ᠬᠦᠴᠦᠨ ᠲᠠᠢ ᠨᠡᠶᠢᠲᠡᠯᠡᠬᠦ ᠴᠢᠳᠠᠮᠵᠢ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠠᠷᠢᠮᠵᠢᠶᠡᠲᠤ ᠪᠢᠴᠢᠭ ᠮᠠᠲ᠋ᠧᠷᠢᠶᠠᠯ ᠢ ᠵᠢᠯᠣᠭᠤᠳᠬᠤ ᠪᠠ ᠦᠢᠯᠡᠴᠢᠯᠡᠬᠦ | ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠬᠤᠶᠠᠷ ᠲᠤ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠰᠢᠨ᠎ᠡ | ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠪᠠᠳᠠᠷᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ | ᠲᠡᠭᠦᠨ ᠤ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠶᠢᠨ ᠨᠡᠪᠲᠡᠷᠡᠯᠴᠡᠭᠡ | ᠬᠤᠯᠪᠤᠯᠴᠠᠭ᠎ᠠ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠮᠡᠳᠡᠭᠡ ᠵᠠᠩᠭᠢ ᠨᠡᠶᠢᠲᠡᠯᠡᠬᠦ᠂ | ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ᠂ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ᠂ ᠦᠨᠡᠨ | ᠪᠠᠶᠢᠳᠠᠯ ᠢ ᠢᠯᠭᠠᠨ ᠲᠤᠳᠤᠯᠠᠬᠤ᠂ ᠣᠯᠠᠨ ᠤ ᠬᠠᠯᠠᠮᠰᠢᠯ ᠠᠰᠠᠭᠤᠳᠠᠯ ᠳᠤ ᠲᠤᠰᠬᠠᠯ ᠭᠠᠷᠭᠠᠬᠤ᠂ ᠠᠵᠢᠯ ᠢ | ᠠᠬᠢᠭᠤᠯᠬᠤ ᠢᠳᠡᠪᠬᠢᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠠᠢ᠃ ᠡᠭᠦᠨ ᠤ ᠬᠠᠮᠲᠤ᠂ ᠵᠠᠰᠠᠭ ᠤᠨ | ᠶᠠᠪᠤᠳᠠᠯ ᠤᠨ ᠪᠢᠴᠢᠯ ᠪᠦᠷᠭᠡ ᠸᠢᠴᠠᠲ ᠪᠤᠯᠤᠨ ᠰᠢᠯᠵᠢᠮᠡᠯ ᠬᠡᠷᠡᠭᠯᠡᠭᠴᠢᠳ ᠤᠨ ᠦᠵᠦᠬᠦᠷ ᠵᠡᠷᠭᠡ ᠰᠢᠨ᠎ᠡ | ᠵᠠᠭᠤᠴᠢᠯᠠᠭᠤᠷ ᠤᠨ ᠲᠠᠪᠴᠠᠩ ᠢ ᠬᠦᠴᠦ ᠲᠠᠯᠪᠢᠨ ᠪᠠᠶᠢᠭᠤᠯᠵᠤ᠂ ᠬᠦᠯᠢᠶᠡᠨ ᠠᠪᠤᠭᠴᠢᠳ ᠤᠨ ᠣᠨᠴᠠᠯᠢᠭ ᠪᠤᠯᠤᠨ | ᠬᠡᠷᠡᠭᠴᠡᠭᠡ ᠶᠢ ᠦᠨᠳᠦᠰᠦᠯᠡᠨ᠂ ᠶᠠᠷᠢᠯᠴᠠᠬᠤ ᠰᠡᠳᠦᠪ ᠢ ᠰᠠᠨᠠᠭᠠᠴᠢᠯᠠᠭ᠎ᠠ ᠲᠠᠢ ᠪᠠᠷ ᠲᠣᠬᠢᠷᠠᠭᠤᠯᠵᠤ᠂ ᠰᠢᠨ᠎ᠡ | ᠵᠠᠭᠤᠴᠢᠯᠠᠭᠤᠷ ᠢᠶᠠᠷ ᠵᠠᠰᠠᠭ ᠤᠨ ᠣᠷᠳᠣᠨ ᠤ ᠡᠷᠭᠡ ᠰᠦᠷᠲᠦ ᠮᠡᠳᠡᠭᠡ ᠵᠠᠩᠭᠢ ᠶᠢ ᠨᠡᠶᠢᠲᠡᠯᠡᠬᠦ ᠡᠷᠴᠢᠮ ᠢ | ᠴᠢᠩᠭᠠᠷᠠᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠮᠡᠳᠡᠭᠡ ᠵᠠᠩᠭᠢ ᠬᠦᠷᠭᠡᠭᠦ ᠬᠠᠷᠢᠴᠠᠯ ᠢ | ᠳᠡᠭᠡᠭᠰᠢᠯᠡᠭᠦᠯᠵᠦ᠂ ᠰᠢᠨ᠎ᠡ ᠵᠠᠭᠤᠴᠢᠯᠠᠭᠤᠷ ᠢᠶᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠨᠡᠶᠢᠲᠡᠯᠡᠬᠦ ᠶᠢ | ᠪᠠᠶᠢᠩᠭᠤᠵᠢᠭᠤᠯᠬᠤ ᠠᠵᠢᠯ ᠢ ᠪᠡᠶᠡᠯᠡᠭᠦᠯᠦᠨ᠎ᠡ᠃ ᠵᠢᠱᠢᠶᠡᠯᠡᠪᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠨᠢᠳᠤᠨᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠡᠯᠡᠯ︾ ᠤᠨ ᠸᠢᠴᠠᠲ ᠤᠨ ᠲᠠᠪᠴᠠᠩ ᠢ ᠨᠡᠭᠡᠭᠡᠵᠤ᠂ ᠤᠯᠠᠨ ᠲᠦᠮᠡᠨ ᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠴᠢᠬᠤᠯᠠ ᠮᠡᠳᠡᠭᠡ ᠵᠠᠩᠭᠢ ᠶᠢ ᠲᠡᠷᠡ ᠳᠣᠣᠷ᠎ᠠ ᠨᠢ ᠤᠶᠢᠯᠠᠭᠠᠬᠤ | ᠳᠤᠨᠢ ᠳᠦᠭᠦᠮ ᠦᠵᠡᠭᠦᠯᠦᠭᠰᠡᠨ ᠪᠠᠶᠢᠨ᠎ᠠ᠃ | | ᠰᠤᠷᠪᠤᠯᠵᠢᠯᠠᠭᠴᠢ᠄ ᠪᠢᠳᠡ ︽ᠬᠡᠷᠡᠭᠵᠢᠭᠦᠯᠬᠦ ᠰᠠᠨᠠᠯ︾ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ ᠰᠢᠨ᠎ᠡ ᠲᠣᠭᠲᠠᠭᠠᠯ ᠭᠠᠷᠭᠠᠭᠰᠠᠨ ᠢ ᠠᠩᠬᠠᠷᠴᠤ ᠮᠡᠳᠡᠯ᠎ᠡ᠂ | ᠲᠠᠨᠢᠯᠴᠠᠭᠤᠯᠵᠤ ᠦᠭᠭᠦᠨᠡᠦ᠃ | ᠹᠧᠩ ᠷᠧᠨ ᠹᠸᠢ᠄ ᠡᠨᠡ ᠲᠠᠯ᠎ᠠ ᠪᠠᠷ ᠭᠤᠣᠯᠳᠠᠭᠤ ᠳᠦᠷᠪᠡᠨ ᠵᠦᠢᠯ ᠤᠨ ᠠᠵᠢᠯ ᠢ ᠰᠠᠶᠢᠲᠤᠷ ᠠᠳᠬᠤᠨ᠎ᠠ᠃ | ᠨᠢᠭᠡ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠦᠨᠳᠦᠰᠦᠨ | ᠭᠠᠷᠴᠠᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠳᠠᠯᠢ ᠪᠤᠰᠤ ᠱᠠᠲᠤ ᠳᠠᠪᠬᠤᠷᠭ᠎ᠠ ᠶᠢᠨ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠢᠯᠡ ᠪᠣᠯᠭᠠᠬᠤ ᠡᠷᠬᠡ ᠶᠢᠨ ᠬᠢᠵᠠᠭᠠᠷ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠰᠢᠰᠲ᠋ᠧᠮ ᠲᠠᠢ ᠡᠮᠬᠢᠯᠡᠨ ᠴᠡᠭᠴᠡᠯᠡᠵᠦ᠂ ᠢᠯᠠᠩᠭᠤᠶ᠎ᠠ ᠡᠷᠬᠡ᠂ ᠪᠡᠯᠡ ᠮᠥᠩᠭᠦ᠂ ᠠᠷᠠᠳ ᠤᠨ ᠠᠮᠢᠳᠤᠷᠠᠯ᠂ | ᠬᠢᠨᠠᠯᠲᠠ ᠬᠠᠮᠢᠶᠠᠷᠤᠯᠲᠠ ᠵᠡᠷᠭᠡ ᠲᠠᠢ ᠬᠤᠯᠪᠤᠭᠳᠠᠬᠤ ᠲᠠᠯ᠎ᠠ ᠶᠢ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ | ᠪᠠᠷᠢᠮᠵᠢᠶ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ᠎ᠠ᠃ ᠬᠤᠶᠠᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠡᠬᠢ ᠡᠭᠦᠰᠦᠯ ᠠᠴᠠ ᠨᠢ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠠᠯᠪᠠᠨ | ᠪᠢᠴᠢᠭ ᠬᠢᠨᠠᠭᠤᠯᠬᠤ ᠦᠶᠡᠰ᠂ ᠠᠯᠪᠠᠨ ᠪᠢᠴᠢᠭ ᠤᠨ ᠢᠯᠡ ᠪᠤᠯᠭᠠᠬᠤ ᠰᠢᠨᠵᠢ ᠴᠢᠨᠠᠷ ︵ᠪᠦᠬᠦ ᠠᠭᠤᠯᠭ᠎ᠠ ᠶᠢ ᠢᠯᠡ | ᠪᠤᠯᠭᠠᠬᠤ᠂ ᠬᠠᠰᠤᠭᠰᠠᠨ ᠤ ᠳᠠᠷᠠᠭ᠎ᠠ ᠢᠯᠡ ᠪᠤᠯᠭᠠᠬᠤ᠂ ᠦᠯᠦ ᠢᠯᠡ ᠪᠣᠯᠭᠠᠬᠤ︶᠂ ᠢᠯᠡ ᠪᠤᠯᠭᠠᠬᠤ ᠠᠷᠭ᠎ᠠ | ᠬᠡᠯᠪᠡᠷᠢ ︵ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠢᠯᠡ ᠪᠣᠯᠭᠠᠬᠤ ᠪᠠᠷ ᠭᠤᠶᠤᠴᠢᠯᠠᠬᠤ︶ ᠵᠡᠷᠭᠡ ᠲᠠᠯ᠎ᠠ ᠶᠢᠨ | ᠰᠠᠨᠠᠯ ᠢᠶᠠᠨ ᠲᠤᠳᠤᠷᠬᠠᠶᠢᠯᠠᠵᠤ᠂ ᠠᠯᠪᠠᠨ ᠪᠢᠴᠢᠭ ᠲᠠᠢ ᠬᠠᠮᠲᠤ ᠳᠤᠨᠢ ᠬᠢᠨᠠᠨ ᠵᠥᠪᠰᠢᠶᠡᠷᠡᠭᠦᠯᠬᠦ ᠬᠡᠷᠡᠭᠲᠡᠶ᠃ ᠢᠯᠡ | ᠪᠣᠯᠭᠠᠬᠤ ᠪᠠᠷ ᠭᠤᠶᠤᠴᠢᠯᠠᠬᠤ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠦᠢᠴᠡᠳᠬᠡᠬᠦ ᠶᠠᠰᠤ ᠴᠢᠨᠠᠷ ᠢ | ᠳᠡᠭᠡᠭᠰᠢᠯᠡᠭᠦᠯᠵᠦ᠂ ᠨᠡᠶᠢᠭᠡᠮ ᠨᠡᠶᠢᠲᠡ ᠶᠢᠨ ᠬᠢᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠣᠨᠴᠠᠭᠠᠶ | ᠬᠡᠷᠡᠭᠴᠡᠭᠡ ᠶᠢ ᠨᠢ ᠬᠠᠩᠭᠠᠨ᠎ᠠ᠃ ᠭᠤᠷᠪᠠ ᠳᠤ ᠢᠯᠡ ᠪᠣᠯᠭᠠᠬᠤ ᠠᠭᠤᠯᠭ᠎ᠠ ᠶᠢ ᠬᠥᠳᠡᠯᠦᠩᠭᠦᠶ ᠲᠤᠬᠢᠷᠠᠭᠤᠯᠬᠤ ᠪᠠ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠤᠳ ᠴᠦᠮ ᠵᠢᠯ ᠪᠦᠷᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠨ᠎ᠡ | ᠱᠠᠭᠠᠷᠳᠠᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠢ ᠲᠤᠭᠲᠠᠭᠠᠭᠰᠠᠨ ᠪᠠ ᠵᠠᠰᠠᠪᠤᠷᠢ ᠣᠷᠣᠭᠤᠯᠤᠭᠰᠠᠨ | ᠪᠠᠶᠢᠳᠠᠯ ᠵᠢᠴᠢ ᠨᠡᠶᠢᠭᠡᠮ ᠨᠡᠶᠢᠲᠡ ᠶᠢᠨ ᠬᠢᠨ ᠤ ᠠᠩᠬᠠᠷᠤᠯ ᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠣᠨ ᠤ ᠠᠵᠢᠯ ᠤᠨ ᠲᠣᠪᠴᠢ ᠶᠢ ᠲᠣᠭᠲᠠᠭᠠᠵᠤ᠂ ᠢᠯᠡ ᠪᠣᠯᠭᠠᠬᠤ ᠠᠭᠤᠯᠭ᠎ᠠ ᠪᠠᠨ ᠨᠠᠷᠢᠯᠢᠭᠵᠢᠭᠤᠯᠬᠤ | ᠬᠡᠷᠡᠭᠲᠡᠢ᠃ ᠵᠢᠯ ᠪᠦᠷᠢ ᠦᠯᠦ ᠢᠯᠠ ᠨᠡᠶᠢᠲᠡᠯᠡᠬᠦ ᠮᠡᠳᠡᠭᠡ ᠵᠠᠩᠭᠢ ᠪᠠ ᠢᠯᠡ ᠪᠤᠯᠭᠠᠬᠤ ᠪᠠᠷ ᠭᠤᠶᠤᠴᠢᠯᠠᠬᠤ ᠮᠡᠳᠡᠭᠡ | ᠵᠠᠩᠭᠢ ᠪᠠᠨ ᠦᠪᠡᠷᠲᠡᠭᠡᠨ ᠪᠦᠬᠦ ᠲᠠᠯ᠎ᠠ ᠪᠠᠷ ᠪᠠᠶᠢᠴᠠᠭᠠᠵᠤ᠂ ᠢᠯᠡ ᠪᠤᠯᠭᠠᠬᠤ ᠶᠣᠰᠣᠲᠠᠶ ᠪᠠᠶᠢᠲᠠᠯ᠎ᠠ ᠢᠯᠡ ᠪᠤᠯᠭᠠᠭᠰᠠᠨ | ᠦᠭᠡᠢ ᠮᠡᠳᠡᠭᠡ ᠵᠠᠩᠭᠢ ᠶᠢ ᠤᠯᠵᠤ ᠮᠡᠳᠡᠪᠡᠯ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠂ ᠢᠯᠡ ᠪᠤᠯᠭᠠᠬᠤ ᠪᠠᠷ | ᠭᠤᠶᠤᠴᠢᠯᠠᠬᠤ ᠪᠠᠨ ᠬᠤᠪᠢᠷᠠᠭᠤᠯᠤᠭᠠᠳ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠤ ᠪᠤᠯᠤᠨ᠎ᠠ᠃ ᠲᠦᠷᠪᠡ ᠳᠤ ᠵᠠᠰᠠᠭ ᠤᠨ ᠶᠠᠪᠤᠳᠠᠯ ᠢ | ᠢᠯᠡ ᠪᠣᠯᠭᠠᠬᠤ ᠡᠰᠡᠷᠭᠦ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠡᠰᠡᠷᠭᠦ ᠲᠠᠯ᠎ᠠ ᠶᠢᠨ ᠨᠠᠷᠢᠨ ᠳᠠᠩᠰᠠ ᠶᠢ ᠢᠳᠡᠪᠬᠢᠲᠡᠶ ᠪᠥᠭᠡᠳ ᠯᠠᠪᠳᠠᠭᠤᠨ ᠢᠶᠠᠷ | ᠲᠣᠭᠲᠠᠭᠠᠵᠤ᠂ ᠡᠯ᠎ᠡ ᠰᠠᠯᠠᠭ᠎ᠠ ᠮᠦᠴᠢᠷ ᠤᠨ ᠦᠯᠦ ᠢᠯᠡ ᠪᠣᠯᠭᠠᠬᠤ ᠬᠡᠷᠡᠭ ᠶᠠᠪᠤᠳᠠᠯ ᠪᠠ ᠦᠨᠳᠦᠰᠦ ᠪᠠᠷᠢᠮᠲᠠ ᠶᠢ | ᠲᠤᠳᠤᠷᠬᠠᠶᠢᠯᠠᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠡᠰᠡᠷᠭᠦ ᠲᠠᠯ᠎ᠠ ᠶᠢᠨ | ᠨᠠᠷᠢᠨ ᠳᠠᠩᠰᠠ ᠠᠴᠠ ᠭᠠᠳᠠᠨᠠᠬᠢ ᠵᠦᠢᠯ ᠢ ᠵᠠᠷᠴᠢᠮ ᠳᠡᠭᠡᠷ᠎ᠡ ᠪᠠᠨ ᠴᠥᠮ ᠬᠠᠤᠯᠢ ᠲᠣᠭᠲᠠᠭᠠᠯ ᠶᠣᠰᠣᠭᠠᠷ ᠢᠯᠡ | ᠪᠤᠯᠭᠠᠨ᠎ᠠ᠃ ᠢᠯᠡ ᠪᠤᠯᠭᠠᠬᠤ ᠠᠴᠠ ᠡᠮᠦᠨ᠎ᠡ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠦᠷᠢᠮ ᠢ | ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠ ᠨᠢᠭᠤᠴᠠ ᠶᠢ ᠬᠠᠮᠠᠭᠠᠯᠠᠬᠤ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠨ᠎ᠡ᠃ | | ᠰᠤᠷᠪᠤᠯᠵᠢᠯᠠᠭᠴᠢ᠄ ︽ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠤ ᠰᠡᠭᠦᠯᠡᠷ᠂ ᠵᠠᠰᠠᠭ ᠤᠨ | ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠨᠠᠶᠢᠳᠠᠪᠤᠷᠢᠵᠢᠭᠤᠯᠬᠤ ᠶᠠᠪᠤᠳᠠᠯ ᠢ ᠳᠥᠯᠭᠢᠨ ᠠᠬᠢᠭᠤᠯᠬᠤ ᠪᠤᠢ︖ | ᠹᠧᠩ ᠷᠧᠨ ᠹᠸᠢ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠯ᠎ᠡ | ᠱᠠᠲᠤᠨ ᠤ ᠵᠠᠰᠠᠭ ᠤᠨ ᠣᠷᠳᠣᠨ ᠨᠤᠭᠤᠳ ᠨᠠᠮ ᠤᠨ ᠬᠤᠷᠢᠶ᠎ᠠ ᠶᠢᠨ ᠨᠢᠭᠡᠳᠦᠯᠲᠡᠶ ᠤᠳᠤᠷᠢᠳᠤᠯᠭ᠎ᠠ ᠶᠢᠨ ᠳᠣᠣᠷ᠎ᠠ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠦᠷᠦᠭᠦᠯᠡᠨ ᠰᠠᠶᠢᠲᠤᠷ ᠬᠢᠵᠦ᠂ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠬᠤᠶᠠᠷ ᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢ | ᠲᠤᠳᠤᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠠᠯᠪᠠᠨ | ᠲᠢᠩᠬᠢᠮ ︵ᠭᠡᠷ︶ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ ᠲᠤᠰ ᠭᠠᠵᠠᠷ ᠣᠷᠣᠨ ᠲᠤᠰ ᠰᠢᠰᠲ᠋ᠧᠮᠵᠢ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠬᠤ᠂ ᠵᠢᠯᠣᠭᠤᠳᠴᠤ ᠲᠦᠯᠬᠢᠨ ᠠᠬᠢᠭᠤᠯᠬᠤ᠂ ᠬᠢᠨᠠᠯᠲᠠ | ᠲᠠᠯᠪᠢᠵᠤ ᠪᠠᠶᠢᠴᠠᠭᠠᠬᠤ ᠶᠢ ᠪᠤᠲᠠᠲᠠᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠤᠳ ᠢᠯᠡ ᠪᠣᠯᠭᠠᠬᠤ ᠪᠠ ᠵᠢᠯᠣᠭᠤᠳᠬᠤ ᠳᠠᠪᠬᠤᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ | ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ | ᠪᠦᠬᠦ ᠰᠢᠰᠲ᠋ᠧᠮ ᠵᠢᠴᠢ ᠬᠢᠨᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠢᠶᠠᠨ ᠬᠡᠷᠡᠭ ᠡᠷᠬᠢᠯᠡᠬᠦ ᠶᠢ ᠢᠯᠡ ᠪᠣᠯᠭᠠᠬᠤ | ᠠᠵᠢᠯ ᠢ ᠬᠢᠨᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠭᠤᠷᠪᠠ ᠳᠤ ᠰᠤᠷᠭᠠᠨ ᠬᠥᠮᠦᠵᠢᠯ ᠤᠨ | ᠪᠤᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠠᠯᠪᠠᠳᠠᠨ ᠤ ᠪᠣᠯᠪᠠᠰᠤᠷᠠᠭᠤᠯᠤᠯ ᠤᠨ ᠬᠢᠴᠢᠶᠡᠯ ᠲᠦᠷᠦᠯ ᠳᠤ ᠤᠷᠤᠭᠤᠯᠵᠤ᠂ ᠡᠯ᠎ᠡ | ᠱᠠᠲᠤᠨ ᠤ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠲᠤᠰᠢᠭ᠍ᠯᠡᠨ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠳ ᠢᠯᠠᠩᠭᠤᠶ᠎ᠠ ᠤᠳᠤᠷᠢᠳᠬᠤ ᠺᠠᠲᠠᠷᠴᠤᠳ ᠤᠨ ᠪᠤᠯᠪᠠᠰᠤᠷᠠᠭᠤᠯᠤᠯ ᠢ | ᠴᠢᠩᠭᠠᠳᠬᠠᠵᠤ᠂ ᠢᠯᠡ ᠪᠤᠯᠭᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠮᠡᠳᠡᠭᠡ ᠵᠠᠩᠭᠢ ᠨᠡᠶᠢᠲᠡᠯᠡᠬᠦ᠂ | ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ᠂ ᠤᠯᠠᠨ ᠤ ᠠᠩᠬᠠᠷᠤᠯ ᠳᠤ ᠬᠠᠷᠢᠭᠤ ᠲᠤᠰᠬᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ 3 ᠵᠢᠯ ᠤᠨ ᠳᠣᠲᠣᠷ᠎ᠠ ᠪᠦᠬᠦ ᠣᠷᠣᠨ ᠤ ᠡᠯ᠎ᠡ | ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠢᠵᠦ ᠪᠠᠶᠢᠭ᠎ᠠ ᠠᠵᠢᠯᠲᠠᠳ ᠢ ᠨᠢᠭᠡ ᠤᠳᠠᠭ᠎ᠠ | ᠡᠭᠡᠯᠵᠢᠯᠡᠨ ᠪᠣᠯᠪᠠᠰᠤᠷᠠᠭᠤᠯᠤᠨ᠎ᠠ᠃ ᠳᠥᠷᠪᠡ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠷᠠᠭᠤᠯᠬᠤ | ᠬᠡᠷᠡᠭᠲᠡᠶ᠃ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮᠵᠢ ᠳᠤ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢᠨ ᠡᠷᠬᠡ ᠬᠦᠨᠳᠦ ᠶᠢ 4% ᠠᠴᠠ ᠳᠣᠣᠷ᠎ᠠ ᠪᠠᠶᠢᠯᠭᠠᠬᠤ ᠦᠭᠡᠢ ᠪᠥᠭᠡᠳ ᠭᠤᠷᠪᠠᠳᠠᠬᠢ ᠡᠲᠡᠭᠡᠳ ᠤᠨ | ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠢ | ᠢᠯᠡ ᠪᠣᠯᠭᠠᠬᠤ ᠪᠠᠶᠢᠳᠠᠯ ᠳᠤ ᠰᠢᠪᠠᠳᠠᠨ ᠪᠠᠶᠢᠴᠠᠭᠠᠯᠲᠠ ᠬᠢᠵᠦ᠂ ᠢᠯᠠ ᠪᠤᠯᠭᠠᠬᠤ ᠠᠵᠢᠯ ᠢ ᠪᠤᠲᠠᠲᠠᠢ | ᠨᠠᠶᠢᠳᠠᠪᠤᠷᠢᠵᠢᠭᠤᠯᠤᠭᠰᠠᠨ ᠦᠭᠡᠢ ᠪᠠᠶᠢᠭᠰᠠᠳ ᠢ ᠵᠠᠷᠯᠠᠨ ᠰᠢᠭᠦᠮᠵᠢᠯᠡᠬᠦ ᠬᠡᠷᠡᠭᠲᠡᠢ︔ ᠵᠠᠰᠠᠭ ᠤᠨ ᠶᠠᠪᠤᠳᠠᠯ ᠢ ᠢᠯᠡ | ᠪᠣᠯᠭᠠᠬᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠢᠯᠡ ᠪᠤᠯᠭᠠᠬᠤ ᠡᠭᠦᠷᠭᠡ ᠪᠠᠨ ᠭᠦᠢᠴᠡᠳᠬᠡᠭᠰᠡᠨ | ᠤᠢᠭᠡᠢ ᠪᠤᠶᠤ ᠦᠯᠦ ᠢᠯᠡ ᠪᠤᠯᠭᠠᠬᠤ ᠵᠦᠢᠯᠡᠰ ᠢ ᠢᠯᠡ ᠪᠤᠯᠭᠠᠭᠰᠠᠨ ᠪᠠ ᠬᠦᠨᠳᠦ ᠨᠣᠴᠢᠲᠠᠶ ᠨᠥᠯᠥᠭᠡ | ᠦᠵᠡᠭᠦᠯᠦᠭᠰᠡᠨ ᠪᠤᠯ ᠬᠤᠯᠪᠣᠭᠳᠠᠯ ᠪᠦᠬᠦᠢ ᠨᠢᠭᠡᠴᠡ ᠪᠣᠯᠤᠨ ᠬᠦᠮᠦᠰ ᠠᠴᠠ ᠬᠠᠤᠯᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠡᠭᠦᠨ ᠤ ᠬᠠᠮᠲᠤ᠂ ᠪᠢᠳᠡ ᠪᠠᠰᠠ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠤᠯᠠᠨ | ᠲᠦᠮᠡᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠵᠠᠮ ᠢ ᠮᠡᠳᠡᠭᠦᠯᠵᠦ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠬᠡ ᠶᠢ ᠭᠤᠶᠤᠴᠢᠯᠠᠬᠤ ᠶᠢ ᠤᠶᠢᠯᠭᠠᠭᠤᠯᠤᠨ᠎ᠠ᠃ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ ᠪᠠᠷ ᠳᠠᠮᠵᠢᠭᠤᠯᠤᠨ᠂ ᠠᠷᠠᠳ ᠤᠯᠠᠨ ᠤ ᠨᠡᠩ ᠢᠯᠡᠭᠦᠦ | ᠣᠶᠢᠯᠠᠭᠠᠯᠲᠠ᠂ ᠢᠲᠡᠭᠡᠯ ᠪᠠ ᠳᠡᠮᠵᠢᠯᠭᠡ ᠶᠢ ᠤᠯᠤᠨ᠎ᠠ᠃ |