ᠲᠤᠰᠬᠠᠢ ᠮᠡᠷᠭᠡᠵᠢᠯᠲᠠᠳ ᠬᠠᠮᠲᠤᠷᠠᠨ ᠦᠪᠦᠷ ᠮᠤᠩᠭᠤᠯ ᠤᠨ ᠡᠷᠡᠬᠦᠯ ᠮᠡᠨᠳᠦ ᠶᠢᠨ ᠠᠵᠤ ᠦᠢᠯᠡᠰ ᠤᠨ ᠬᠦᠭᠵᠢᠯᠳᠠ ᠳᠤ ᠠᠷᠭ᠎ᠠ ᠪᠤᠳᠤᠯᠭ᠎ᠠ ᠭᠠᠷᠭᠠᠪᠠ
ᠨᠡᠶᠢᠲᠡᠯᠡᠭᠰᠡᠨ ᠴᠠᠭ᠄
2016/11/29
                       ᠶᠠᠩ ᠴᠧᠩ ᠸᠠᠩ ᠶᠠᠷᠢᠶ᠎ᠠ ᠲᠠᠯᠪᠢᠵᠠᠢ      11 ᠳ᠋ᠤᠭᠡᠷ ᠰᠠᠷ᠎ᠠ ᠶᠢᠨ 28᠎ ᠤ ᠡᠳᠦᠷ᠂ ᠥᠪᠦᠷ ᠮᠤᠩᠭᠤᠯ ᠤᠨ ᠡᠷᠡᠬᠦᠯ ᠮᠡᠨᠳᠦ ᠶᠢᠨ ᠠᠵᠤ ᠦᠢᠯᠡᠰ ᠤᠨ ᠬᠦᠭᠵᠢᠯᠳᠠ ᠶᠢᠨ ᠲᠦᠷᠦᠬᠦᠴᠤᠳ ᠤᠨ ᠶᠠᠷᠢᠶᠠᠨ ᠤ ᠲᠠᠪᠴᠠᠩ ᠬᠦᠬᠡᠬᠤᠳᠠ ᠳᠤ ᠶᠠᠪᠤᠭᠳᠠᠪᠠ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠳᠡᠳ᠋ ᠱᠦᠵᠢ᠂ ᠳᠡᠳ᠋ ᠲᠡᠷᠢᠬᠦᠯᠡᠭᠴᠢ ᠶᠠᠩ ᠴᠧᠩ ᠸᠠᠩ ᠶᠠᠷᠢᠶᠠᠨ ᠤ ᠲᠠᠪᠴᠠᠩ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠠᠢ᠃      ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠢ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ ᠪᠡᠶ᠎ᠠ ᠶᠢᠨ ᠲᠠᠮᠢᠷ ᠤᠨ ᠲᠤᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠬᠢᠯᠢ ᠪᠠᠷ ᠤᠷᠤᠵᠦ ᠭᠠᠷᠬᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ᠂ ᠥᠪᠦᠷ ᠮᠤᠩᠭᠤᠯ ᠤᠨ ᠠᠵᠤ ᠠᠬᠤᠢ ᠶᠢᠨ ᠨᠡᠶᠢᠭᠡᠮᠯᠢᠭ᠂ ᠥᠪᠦᠷ ᠮᠤᠩᠭᠤᠯ ᠤᠨ ᠡᠷᠡᠬᠦᠯ ᠮᠡᠨᠳᠦ ᠶᠢᠨ ᠠᠵᠤ ᠦᠢᠯᠡᠰ ᠢ ᠠᠬᠢᠭᠤᠯᠬᠤ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠪᠦᠬᠦ ᠪᠦᠮᠪᠦᠷᠴᠡᠭ ᠤᠨ ᠬᠤᠳᠠᠯᠳᠤᠭᠠᠨ ᠤ ᠰᠤᠨᠢᠨ ᠤ ᠬᠤᠯᠪᠤᠭ᠎ᠠ᠂ ᠥᠪᠦᠷ ᠮᠤᠩᠭᠤᠯ ᠤᠨ ᠡᠷᠡᠬᠦᠯ ᠮᠡᠨᠳᠦ ᠶᠢᠨ ᠠᠵᠤ ᠦᠢᠯᠡᠰ ᠢ ᠠᠬᠢᠭᠤᠯᠬᠤ ᠨᠡᠶᠢᠭᠡᠮᠯᠢᠭ ᠠᠴᠠ ᠬᠠᠮᠵᠢᠨ ᠡᠷᠬᠢᠯᠡᠵᠡᠢ᠃ ᠲᠤᠰ ᠶᠠᠷᠢᠶᠠᠨ ᠤ ᠲᠠᠪᠴᠠᠩ ᠨᠢ ᠪᠦᠬᠦ ᠤᠯᠤᠰ᠂ ᠪᠦᠬᠦ ᠤᠷᠤᠨ ᠤ ᠡᠷᠡᠬᠦᠯ ᠬᠠᠮᠠᠭᠠᠯᠠᠯ ᠪᠤᠯᠤᠨ ᠡᠷᠡᠬᠦᠯ ᠮᠡᠨᠳᠦ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠥᠪᠦᠷ ᠮᠤᠩᠭᠤᠯ ᠤᠨ ᠡᠷᠡᠬᠦᠯ ᠮᠡᠨᠳᠦ ᠶᠢᠨ ᠠᠵᠤ ᠦᠢᠯᠡᠰ ᠤᠨ ᠬᠦᠭᠵᠢᠯᠳᠠ ᠶᠢ ᠠᠬᠢᠭᠤᠯᠵᠦ᠂ ᠡᠷᠡᠬᠦᠯ ᠡᠩᠭᠡ ᠥᠪᠤᠷ ᠮᠤᠩᠭᠤᠯ᠂ ᠪᠤᠬᠢᠷᠳᠤᠯ ᠦᠭᠡᠢ ᠥᠪᠦᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠬᠤ ᠪᠠᠷ ᠬᠠᠷᠠᠯᠲᠠ ᠪᠠᠨ ᠪᠤᠯᠭᠠᠵᠠᠢ᠃      ᠶᠠᠩ ᠴᠧᠩ ᠸᠠᠩ᠂ ᠡᠷᠡᠬᠦᠯ ᠮᠡᠨᠳᠦ ᠶᠢᠨ ᠠᠵᠤ ᠦᠢᠯᠡᠰ ᠪᠤᠯ ᠨᠢᠭᠡᠨ ᠯᠤᠳᠤ ᠶᠡᠭᠡ ᠵᠠᠬ᠎ᠠ ᠳᠡᠯᠭᠡᠬᠦᠷ ᠤᠨ ᠨᠦᠭᠡᠴᠡ ᠬᠦᠴᠦᠨ ᠲᠠᠢ ᠰᠢᠨ᠎ᠠ ᠪᠠᠷ ᠮᠠᠨᠳᠤᠭᠰᠠᠨ ᠠᠵᠤ ᠦᠢᠯᠡᠰ᠂ ᠤᠯᠠᠨ ᠲᠠᠯ᠎ᠠ ᠶᠢ ᠲᠠᠶᠢᠴᠢᠯᠠᠵᠦ᠂ ᠤᠯᠠᠨ ᠬᠦᠮᠦᠨ ᠳᠤ ᠠᠵᠢᠯ ᠤᠯᠭᠤᠵᠦ᠂ ᠭᠡᠷᠡᠭᠯᠡᠭᠡ ᠶᠢ ᠳᠠᠶᠢᠴᠢᠯᠠᠬᠤ ᠦᠢᠯᠡᠳᠦᠯ ᠢᠶᠠᠷ ᠶᠡᠭᠡ ᠨᠡᠶᠢᠯᠡᠮᠡᠯ ᠭᠡᠯᠪᠡᠷᠢ ᠶᠢᠨ ᠠᠵᠤ ᠦᠢᠯᠡᠰ ᠪᠤᠯᠤᠨ᠎ᠠ᠃ ᠰᠤᠳᠤᠯᠭᠠᠨ ᠤ ᠬᠦᠷᠢᠶᠡᠯᠡᠩ᠂ ᠠᠵᠤ ᠠᠬᠤᠢᠢᠯᠠᠯ᠂ ᠬᠡᠷᠡᠭᠯᠡᠭᠡᠨ ᠤ ᠪᠠᠶᠢᠭᠤᠯᠭ᠎ᠠ ᠵᠠᠮ ᠨᠡᠭᠡᠭᠡᠨ ᠰᠢᠨ᠎ᠠ ᠶᠢ ᠡᠬᠦᠳᠬᠦ ᠪᠠᠷ ᠴᠢᠷᠮᠠᠶᠢᠵᠦ᠂ ᠬᠠᠩᠭᠠᠯᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠳᠠ ᠶᠢ ᠴᠢᠩᠭᠠᠳᠬᠠᠵᠦ᠂ ᠨᠡᠩ ᠴᠢᠨᠠᠷᠯᠢᠭ ᠪᠦᠳᠦᠭᠡᠭᠳᠡᠬᠦᠨ ᠢᠶᠠᠷ ᠨᠡᠶᠢᠭᠡᠮ ᠳᠤ ᠦᠢᠯᠡᠴᠢᠯᠡᠵᠦ ᠠᠷᠠᠳ ᠲᠦᠮᠡᠨ ᠳᠤ ᠪᠤᠶᠠᠨ ᠦᠢᠯᠡᠳᠬᠦ ᠶᠢ ᠬᠦᠰᠡᠵᠦ ᠪᠠᠶᠢᠨ᠎ᠠ᠃ ᠡᠷᠡᠬᠦᠯ ᠮᠡᠨᠳᠦ ᠶᠢᠨ ᠪᠦᠳᠦᠭᠡᠭᠳᠡᠬᠦᠨ ᠤ ᠠᠳᠠᠯᠢ ᠪᠤᠰᠤ ᠬᠦᠷᠢᠶᠡᠨ ᠤ ᠬᠤᠭᠤᠷᠤᠨᠳᠤ᠂ ᠠᠳᠠᠯᠢ ᠨᠢᠭᠡᠨ ᠬᠦᠷᠢᠶᠡᠨ ᠤ ᠡᠬᠢᠨ ᠤ ᠪᠠ ᠡᠴᠦᠰ ᠤᠨ ᠦᠢᠯᠡᠳᠬᠦᠨ ᠤ ᠬᠤᠭᠤᠷᠤᠨᠳᠤ ᠰᠤᠯᠢᠯᠴᠠᠭ᠎ᠠ ᠠᠭᠤᠰᠤᠯᠴᠠᠭ᠎ᠠ ᠪᠠᠨ ᠠᠬᠢᠭᠤᠯᠵᠦ᠂ ᠬᠠᠮᠳᠤᠪᠡᠷ ᠠᠰᠢᠭ ᠬᠦᠷᠳᠡᠬᠦ ᠭᠡᠷᠡᠭᠲᠡᠢ᠃ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠡᠷᠡᠬᠦᠯ ᠮᠡᠨᠳᠦ ᠶᠢᠨ ᠠᠵᠤ ᠦᠢᠯᠡᠰ ᠤᠨ ᠬᠦᠭᠵᠢᠯᠳᠠ ᠶᠢ ᠶᠡᠭᠡ ᠪᠠᠷ ᠳᠡᠮᠵᠢᠵᠦ᠂ ᠡᠷᠡᠬᠦᠯ ᠡᠩᠭᠡ ᠥᠪᠦᠷ ᠮᠤᠩᠭᠤᠯ ᠤᠨ ᠪᠠᠶᠢᠭᠤᠯᠤᠯᠳᠠ ᠳᠤ ᠬᠤᠪᠢ ᠨᠡᠮᠡᠷᠢ ᠦᠵᠡᠬᠦᠯᠰᠦᠭᠡᠢ ᠭᠡᠵᠦ ᠵᠢᠭᠠᠵᠦ ᠭᠠᠷᠭᠠᠵᠠᠢ᠃      ᠶᠠᠷᠢᠶᠠᠨ ᠤ ᠲᠠᠪᠴᠠᠩ ᠳᠡᠭᠡᠷ᠎ᠠ᠂ ᠲᠤᠰᠬᠠᠢ ᠮᠡᠷᠭᠡᠵᠢᠯᠳᠠᠨ ᠡᠷᠳᠡᠮᠳᠡᠨ ᠥᠪᠦᠷ ᠮᠤᠩᠭᠤᠯ ᠤᠨ ᠡᠷᠡᠬᠦᠯ ᠮᠡᠨᠳᠤ᠂ ᠪᠤᠬᠢᠷᠳᠤᠯ ᠦᠭᠡᠢ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠬᠤ ᠵᠡᠷᠭᠡ ᠠᠭᠤᠯᠭ᠎ᠠ ᠪᠠᠷ ᠶᠠᠷᠢᠶ᠎ᠠ ᠲᠠᠯᠪᠢᠵᠠᠢ᠃ ᠶᠠᠷᠢᠶᠠᠨ ᠤ ᠲᠠᠪᠴᠠᠩ ᠳᠤ ᠪᠠᠰᠠ ᠥᠪᠦᠷ ᠮᠤᠩᠭᠤᠯ ᠤᠨ ᠡᠷᠡᠬᠦᠯ ᠮᠡᠨᠳᠦ ᠶᠢᠨ ᠠᠵᠤ ᠦᠢᠯᠡᠰ ᠢ ᠠᠬᠢᠭᠤᠯᠬᠤ ᠨᠡᠶᠢᠭᠡᠮᠯᠢᠭ ᠤᠨ ᠫᠠᠶᠢᠰᠠ ᠰᠡᠬᠦᠬᠦ ᠶᠤᠰᠤᠯᠠᠯ ᠪᠠ ᠥᠪᠦᠷ ᠮᠤᠩᠭᠤᠯ ᠤᠨ ᠡᠷᠡᠬᠦᠯ ᠮᠡᠨᠳᠦ ᠶᠢᠨ ᠬᠦᠢᠴᠡᠳᠭᠡᠯ ᠲᠤᠭ᠎ᠠ ᠶᠢ ᠨᠡᠶᠢᠳᠡᠯᠡᠬᠦ ᠲᠠᠪᠴᠠᠩ ᠢ ᠡᠬᠢᠯᠡᠬᠦᠯᠬᠦ ᠶᠤᠰᠤᠯᠠᠯ ᠢ ᠶᠠᠪᠤᠭᠳᠠᠭᠤᠯᠵᠠᠢ᠃ ᠥᠪᠦᠷ ᠮᠤᠩᠭᠤᠯ ᠤᠨ ᠭᠤᠷᠪᠡᠨ ᠭᠤᠤᠯ ᠠᠮᠤ ᠪᠤᠳᠠᠭᠠᠨ ᠤ ᠬᠢᠵᠠᠭᠠᠷᠳᠦ ᠺᠤᠮᠫᠠᠨᠢ᠂ ᠥᠪᠦᠷ ᠮᠤᠩᠭᠤᠯ ᠤᠨ ᠡᠷᠡᠬᠦᠯ ᠮᠡᠨᠳᠦ ᠶᠢᠨ ᠠᠵᠤ ᠦᠢᠯᠡᠰ ᠢ ᠠᠬᠢᠭᠤᠯᠬᠤ ᠨᠡᠶᠢᠭᠡᠮᠯᠢᠭ᠂ ᠪᠦᠬᠦ ᠪᠦᠮᠪᠦᠷᠴᠡᠭ ᠤᠨ ᠬᠤᠳᠠᠯᠳᠤᠭᠠᠨ ᠤ ᠰᠤᠨᠢᠨ ᠤ ᠬᠤᠯᠪᠤᠭ᠎ᠠ ︽ᠪᠦᠬᠦ ᠪᠦᠮᠪᠦᠷᠴᠡᠭ ᠲᠤ ᠥᠪᠦᠷ ᠮᠤᠩᠭᠤᠯ ᠤᠨ ᠡᠷᠡᠬᠦᠯ ᠮᠡᠨᠳᠦ᠂ ᠪᠤᠬᠢᠷᠳᠤᠯ ᠦᠭᠡᠢ ᠤᠨᠴᠠᠯᠢᠭᠳᠤ ᠪᠦᠳᠦᠭᠡᠭᠳᠡᠬᠦᠨ ᠢ ᠭᠠᠷᠭᠠᠬᠤ ᠭᠡᠯᠡᠯᠴᠡᠭᠡᠷ︾᠎ ᠲᠤ ᠭᠠᠷ ᠤᠨ ᠦᠰᠦᠭ ᠵᠢᠷᠤᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号