ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠵᠤ᠂ | ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ᠂ ᠡᠨᠡ ᠵᠢᠯ ᠤᠨ 9 | ᠳ᠋ᠦ᠋ᠭᠡᠷ ᠰᠠᠷ᠎ᠠ ᠳᠤ᠂ ᠮᠠᠨ ᠤ ᠤᠷᠤᠨ ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ | ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ | ᠭᠡᠵᠦ ᠲᠣᠪᠴᠢᠯᠠᠨ᠎ᠠ︶ ᠢ ᠨᠡᠶᠢᠲᠡᠯᠡᠪᠡ᠃ ᠲᠡᠭᠡᠪᠡᠯ᠂ ᠮᠠᠨ ᠤ ᠤᠷᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠢ ᠥᠷᠢᠲᠦᠬᠦ ᠠᠰᠠᠭᠤᠳᠠᠯ ᠢ ᠵᠠᠰᠠᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠤᠢ︖ | ᠦᠨᠥ ᠪᠣᠯᠬᠤ ᠳᠤ ᠬᠢᠷᠢ ᠵᠡᠷᠭᠡ ᠠᠬᠢᠴᠠ ᠲᠠᠢ ᠪᠠᠶᠢᠬᠤ ᠪᠤᠢ︖ ︽ᠬᠡᠷᠡᠭᠵᠢᠭᠦᠯᠬᠦ ᠰᠠᠨᠠᠯ︾ ᠳᠠᠬᠢ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠬᠡᠷᠬᠢᠨ ᠪᠣᠳᠠᠲᠠᠶ ᠳᠤ ᠨᠠᠶᠢᠳᠠᠪᠤᠷᠢᠵᠢᠭᠤᠯᠬᠤ ᠪᠤᠢ︖ ᠡᠳᠡᠭᠡᠷ ᠠᠰᠠᠭᠤᠳᠠᠯ ᠳᠤ ᠴᠢᠭᠯᠡᠭᠦᠯᠦᠨ᠂ | 11 ᠳ᠋ᠦ᠋ᠭᠡᠷ ᠰᠠᠷ᠎ᠠ ᠶᠢᠨ 28 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ | ᠰᠤᠷᠪᠤᠯᠵᠢᠯᠠᠪᠠ᠃ | ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠰᠤᠷᠪᠤᠯᠵᠢᠯᠠᠭ᠎ᠠ ᠳᠤᠮᠳᠠ ᠣᠶᠢᠯᠠᠭᠠᠭᠰᠠᠨ ᠢᠶᠠᠷ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ | ᠥᠷᠢᠲᠦᠬᠦ ᠠᠰᠠᠭᠤᠳᠠᠯ ᠢ ᠵᠠᠰᠠᠬᠤ ᠲᠠᠯ᠎ᠠ ᠪᠠᠷ᠂ ︽ᠬᠡᠷᠡᠭᠵᠢᠭᠦᠯᠬᠦ ᠰᠠᠨᠠᠯ︾ ᠳᠤ ᠳᠤᠷᠠᠳᠤᠨ ᠭᠠᠷᠭᠠᠭᠰᠠᠨ ᠨᠢ᠂ | 2017 ᠣᠨ ᠤ ᠳᠡᠭᠡᠳᠦ ᠬᠠᠭᠠᠰ ᠵᠢᠯ ᠪᠣᠯᠬᠤ ᠳᠤ᠂ ᠡᠯ᠎ᠡ ᠭᠠᠵᠠᠷ ᠣᠷᠣᠨ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠦᠩᠭᠦᠨ ᠤ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠪᠦᠭᠡᠳ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠦᠩᠭᠦ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠣᠷᠣᠨ ᠰᠠᠭᠤᠴᠠ | ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠠᠵᠢᠯ | ᠲᠥᠷᠥᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠳ ᠴᠠᠯᠢᠩ ᠤᠨ ᠪᠠᠲᠤᠯᠠᠭ᠎ᠠ ᠶᠢᠨ ᠮᠥᠩᠭᠦ᠂ ᠦᠨᠡᠨ ᠨᠡᠷ᠎ᠡ ᠶᠢᠨ | ᠳᠦᠷᠢᠮᠲᠦ ᠬᠠᠮᠢᠶᠠᠷᠤᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠥᠭᠬᠦ ᠠᠷᠭ᠎ᠠ᠂ | ᠴᠠᠯᠢᠩ ᠬᠢᠭᠡᠳ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠰᠠᠯᠭᠠᠨ ᠬᠠᠮᠢᠶᠠᠷᠬᠤ᠂ ᠪᠠᠩᠬᠢ ᠠᠴᠠ ᠰᠠᠷ᠎ᠠ ᠪᠦᠷᠢ | ᠴᠠᠯᠢᠩ ᠢ ᠣᠷᠣᠯᠠᠨ ᠣᠯᠭᠤᠬᠤ᠂ ᠪᠠᠷᠢᠯᠭ᠎ᠠ ᠶᠢᠨ ᠭᠠᠵᠠᠷ ᠲᠤ ᠡᠷᠬᠡ ᠠᠰᠢᠭ ᠢᠶᠠᠨ ᠬᠠᠮᠠᠭᠠᠯᠠᠬᠤ ᠵᠠᠷ ᠨᠡᠶᠢᠲᠡᠯᠡᠬᠦ | ᠵᠡᠷᠭᠡ ᠠᠵᠢᠯ ᠤᠨ ᠳᠦᠷᠢᠮ ᠪᠣᠯᠤᠨ ᠲᠣᠭᠲᠠᠴᠠ ᠶᠢ ᠲᠡᠭᠦᠯᠳᠡᠷᠵᠢᠭᠦᠯᠬᠦ ᠪᠠᠷ ᠴᠢᠷᠮᠠᠶᠢᠬᠤ ᠬᠡᠷᠡᠭᠲᠡᠢ︔ 2017 | ᠣᠨ ᠤ ᠵᠢᠯ ᠤᠨ ᠡᠴᠦᠰ ᠪᠣᠯᠬᠤ ᠳᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ | ᠰᠢᠰᠲ᠋ᠧᠮᠵᠢ᠂ ᠴᠠᠯᠢᠩ ᠦᠷᠢᠲᠦᠯ ᠢ ᠤᠷᠢᠳᠴᠢᠯᠠᠨ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠬᠠᠤᠯᠢ ᠴᠠᠭᠠᠵᠠ ᠯᠤᠭ᠎ᠠ ᠵᠤᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ | 2018 ᠣᠨ ᠤ ᠵᠢᠯ ᠤᠨ ᠡᠴᠦᠰ ᠪᠣᠯᠬᠤ ᠳᠤ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ | ᠪᠠᠷᠢᠴᠠᠭᠠᠯᠠᠨ ᠲᠦᠯᠦᠬᠦ᠂ ᠥᠮᠴᠢᠲᠡᠨ ᠤ ᠳᠠᠭᠠᠭᠠᠴᠢᠯᠠᠬᠤ᠂ ᠪᠠᠩᠬᠢ ᠶᠢᠨ ᠪᠢᠴᠢᠭ ᠢᠶᠠᠷ ᠳᠠᠭᠠᠭᠠᠴᠢᠯᠠᠬᠤ ᠵᠡᠷᠭᠡ | ᠳᠦᠷᠢᠮ ᠪᠣᠯᠤᠨ ᠤᠷᠤᠭᠤᠯᠤᠯᠲᠠ ᠶᠢᠨ ᠬᠤᠳᠠᠯᠳᠤᠭᠠᠨ ᠤ ᠳᠠᠭᠠᠳᠬᠠᠯ ᠤᠨ ᠲᠣᠭᠲᠠᠴᠠ ᠶᠢ ᠰᠦᠪᠡᠭᠴᠢᠯᠡᠨ | ᠪᠠᠶᠢᠭᠤᠯᠬᠤ ᠬᠡᠷᠡᠭᠲᠡᠢ︔ 2020 ᠣᠨ ᠪᠣᠯᠬᠤ ᠳᠤ᠂ ᠪᠥᠬᠦ ᠣᠷᠣᠨ ᠤ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠤᠨ ᠠᠰᠠᠭᠤᠳᠠᠯ ᠤᠨ ᠲᠠᠯ᠎ᠠ ᠪᠠᠷ ᠳᠦᠷᠢᠮ ᠲᠣᠭᠲᠠᠭᠠᠯ ᠪᠦᠷᠢᠨ᠂ ᠬᠠᠷᠢᠭᠤᠴᠠᠯᠭ᠎ᠠ ᠨᠠᠶᠢᠳᠠᠪᠤᠷᠢᠲᠠᠢ᠂ | ᠬᠢᠨᠠᠯᠲᠠ ᠬᠠᠮᠢᠶᠠᠷᠤᠯᠲᠠ ᠲᠡᠭᠦᠯᠳᠡᠷ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠡᠢ᠃ |