2016 ᠣᠨ ᠠᠴᠠ 2017 ᠣᠨ ᠭᠦᠷᠳᠡᠯᠡᠬᠢ ᠠᠶᠢᠮᠠᠭ ᠬᠤᠳᠠ ᠶᠢᠨ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠪᠠ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠶᠢ ᠨᠡᠶᠢᠳᠡᠯᠡᠭᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016/11/29
             ᠥᠪᠥᠷ ᠵᠠᠰᠠᠭ ᠠᠯᠪᠠᠨ ᠲᠠᠷᠬᠠᠭᠠᠭᠰᠠᠨ ﹇2016﹈ 5 ᠳ᠋ᠤᠭᠠᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠡᠷᠡᠭᠵᠢᠭᠦᠯᠬᠦ ᠲᠥᠷᠢᠮ︾ ᠪᠣᠯᠤᠨ ᠡᠳ᠋ ᠤᠨ ᠵᠠᠰᠠᠭ ᠤᠨ ᠶᠠᠮᠤᠨ ᠤ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠠᠸᠠᠷ ᠤᠨ ᠨᠠᠷ᠎ᠠ ᠲᠥᠷᠥᠯ ᠤᠨ ᠠᠩᠬᠢᠯᠠᠭᠰᠠᠨ ᠬᠦᠰᠦᠨᠦᠭᠲᠦ︾᠂ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠡᠷᠡᠭᠵᠢᠭᠦᠯᠬᠦ ᠲᠥᠷᠢᠮ﹀᠎ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 113 ᠳ᠋ᠤᠭᠠᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠦᠨᠳᠣᠰᠣᠯᠠᠵᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽2016 ᠣᠨ ᠠᠴᠠ 2017 ᠣᠨ ᠭᠦᠷᠳᠡᠯᠡᠬᠢ ᠠᠶᠢᠮᠠᠭ ᠬᠤᠳᠠ ᠶᠢᠨ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠪᠠ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ︾᠎ ᠶᠢ ᠨᠡᠶᠢᠲᠡᠯᠡᠭᠦ ᠶᠢᠨ ᠬᠠᠮᠲᠤ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃      ᠨᠢᠭᠡ᠂ ᠡᠯ᠎ᠡ ᠱᠠᠲᠤᠨ ᠤ ᠣᠯᠣᠰ ᠤᠨ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠨ ᠪᠠ ᠪᠦᠯᠬᠦᠮ ᠵᠣᠬᠢᠶᠠᠨ ᠪᠠᠶᠢᠭᠤᠯᠤᠯᠲᠠ ︵ᠳᠣᠷᠣᠭᠰᠢ ᠨᠢᠭᠡᠳᠦᠯᠲᠡᠶ ᠪᠠᠷ ᠬᠤᠳᠠᠯᠳᠤᠨ ᠠᠪᠣᠭᠴᠢ ᠭᠡᠵᠣ ᠨᠠᠷᠠᠶᠢᠳᠣᠨ᠎ᠠ︶᠎ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠣᠭᠰᠠᠨ ᠪᠡᠯᠡ ᠮᠥᠩᠭᠦ ᠶᠢ ᠬᠡᠷᠡᠭᠯᠡᠭᠦ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷᠠᠬᠢ ᠪᠤᠶᠤ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠠᠴᠠ ᠳᠡᠭᠡᠭᠰᠢᠬᠢ ᠪᠠᠷᠠᠭ᠎ᠠ᠂ ᠪᠠᠷᠢᠯᠭ᠎ᠠ ᠪᠠ ᠦᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭ᠎ᠠ ᠨᠢ ᠴᠦᠮ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠬᠠᠷᠢᠶᠠᠯᠠᠭᠳᠠᠬᠤ ᠪᠣᠯᠬᠤᠷ᠂ ᠡᠷᠭᠡᠪᠰᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠢ ᠬᠡᠷᠡᠭᠵᠢᠭᠦᠯᠬᠦ ᠬᠡᠷᠡᠭᠲᠡᠶ᠃      ᠬᠤᠶᠠᠷ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠤᠷᠤᠭᠤᠯᠣᠭᠰᠠᠨ ᠨᠠᠶᠢᠳᠠᠮ ᠬᠡᠷᠩᠯᠡᠭᠦ ᠲᠦᠷᠣᠯ ᠵᠦᠢᠯ ᠪᠠ ᠨᠡᠶᠢᠭᠡᠮ ᠤᠨ ᠤᠯᠠᠨ ᠨᠡᠶᠢᠲᠡ ᠶᠢᠨ ᠠᠰᠢᠭ ᠲᠤᠰᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠣᠭᠳᠠᠬᠤ ᠴᠢᠬᠤᠯᠠ ᠶᠡᠭᠡ ᠲᠦᠷᠣᠯ ᠵᠦᠢᠯ ᠢ ᠡᠷᠬᠡᠪᠰᠢ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠳᠤ ᠨᠠᠶᠢᠳᠠᠵᠣ ᠣᠷᠣᠯᠠᠭᠤᠯᠤᠨ ᠬᠤᠳᠠᠯᠳᠤᠨ ᠠᠪᠬᠤ ᠬᠡᠷᠡᠭᠲᠡᠶ᠃ ᠡᠭᠦᠨ ᠤ ᠳᠣᠲᠣᠷ᠎ᠠ᠂ ᠨᠡᠶᠢᠳᠡᠮ ᠬᠡᠷᠡᠭᠯᠡᠬᠦ ᠬᠤᠳᠠᠯᠳᠣᠨ ᠠᠪᠬᠤ ᠲᠦᠷᠣᠯ ᠵᠦᠢᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠢ ᠬᠡᠷᠡᠭᠵᠢᠭᠦᠯᠬᠦ ᠶᠠᠪᠤᠴᠠ ᠳᠤ ᠡᠷᠭᠡᠪᠰᠢ ᠬᠠᠮᠤᠭ ᠤᠨ ᠳᠣᠣᠷ᠎ᠠ ᠦᠨ᠎ᠡ ᠬᠠᠳᠠᠵᠣ ᠦᠨᠡᠯᠡᠭᠦ ᠠᠷᠭ᠎ᠠ ᠶᠢ ᠬᠡᠷᠩᠯᠡᠭᠦ ᠬᠡᠷᠩᠳᠠᠢ᠃      ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ︽★︾᠎ ᠶᠢ ᠨᠡᠮᠡᠭᠰᠠᠨ ᠬᠤᠳᠠᠯᠳᠣᠨ ᠠᠪᠬᠤ ᠲᠠᠸᠠᠷ ᠤᠨ ᠨᠠᠷ᠎ᠠ ᠲᠦᠷᠣᠯ ᠢ ᠵᠠᠷᠴᠢᠮ ᠳᠡᠭᠡᠷ᠎ᠡ ᠪᠠᠨ ᠪᠥᠭᠡᠮ ᠢᠶᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠣᠨ᠎ᠠ︔ ︽■︾᠎ ᠶᠢ ᠨᠡᠮᠡᠭᠰᠡᠨ ᠬᠤᠳᠠᠯᠳᠣᠨ ᠠᠪᠬᠤ ᠲᠠᠸᠠᠷ ᠤᠨ ᠨᠡᠷ᠎ᠡ ᠲᠦᠷᠦᠯ ᠢ ᠵᠠᠷᠴᠢᠮ ᠳᠡᠭᠡᠷ᠎ᠡ ᠪᠠᠨ ᠵᠦᠪᠡᠯᠡᠯᠴᠡᠭᠡᠷ ᠢᠶᠠᠷ ᠪᠠᠷᠠᠭ᠎ᠠ ᠬᠠᠩᠭᠠᠬᠤ ᠶᠢ ᠬᠡᠷᠡᠭᠵᠢᠭᠦᠯᠣᠨ᠎ᠠ︔ ︽●︾᠎ ᠶᠢ ᠨᠡᠮᠡᠭᠰᠠᠨ ᠬᠤᠳᠠᠯᠳᠣᠨ ᠠᠪᠬᠤ ᠲᠠᠸᠠᠷ ᠤᠨ ᠨᠠᠷ᠎ᠠ ᠲᠦᠷᠣᠯ ᠢ ᠵᠠᠷᠴᠢᠮ ᠳᠡᠭᠡᠷ᠎ᠡ ᠪᠠᠨ ᠴᠢᠬ ᠲᠣᠭᠳᠠᠭᠠᠨ ᠬᠤᠳᠠᠯᠳᠤᠨ ᠠᠪᠬᠤ ᠶᠢ ᠬᠡᠷᠡᠭᠵᠢᠭᠦᠯᠣᠨ᠎ᠠ᠃ ᠪᠥᠭᠡᠮ ᠢᠶᠠᠷ ᠲᠥᠪᠯᠡᠷᠡᠭᠦᠯᠦᠨ ᠬᠤᠳᠠᠯᠳᠤᠨ ᠠᠪᠬᠤ᠂ ᠵᠦᠪᠯᠡᠯᠴᠡᠭᠡᠷ ᠢᠶᠠᠷ ᠪᠠᠷᠠᠭ᠎ᠠ ᠬᠠᠩᠭᠠᠬᠤ ᠪᠠ ᠴᠢᠬ ᠲᠣᠭᠲᠠᠭᠠᠵᠤ ᠬᠤᠳᠠᠯᠳᠤᠨ ᠠᠪᠬᠤ ᠶᠢ ᠬᠡᠷᠡᠭᠵᠢᠭᠦᠯᠬᠦ ᠴᠠᠭ ᠵᠢᠴᠢ ᠪᠣᠳᠠᠲᠠᠶ ᠲᠣᠭᠲᠠᠭᠠᠯ ᠢ ᠡᠯ᠎ᠡ ᠠᠶᠢᠮᠠᠭ ᠬᠤᠲᠠ ᠪᠣᠳᠠᠳᠠᠢ ᠲᠠᠢ ᠪᠠᠨ ᠤᠶᠠᠯᠳᠤᠭᠤᠯᠤᠨ᠂ ᠥᠪᠡᠰᠦᠪᠡᠨ ᠲᠣᠭᠲᠠᠭᠠᠨ᠎ᠠ᠃      ᠭᠤᠷᠪᠠ᠂ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠭᠤᠣᠯ ᠬᠤᠳᠠᠯᠳᠤᠨ ᠠᠪᠬᠤ ᠠᠷᠭ᠎ᠠ ᠮᠠᠶ᠋ᠢᠭ ᠪᠣᠯᠭᠠᠬᠤ ᠬᠡᠷᠡᠭᠲᠡᠶ᠃ ᠬᠤᠳᠠᠯᠳᠤᠨ ᠠᠪᠬᠤ ᠲᠦᠷᠣᠯ ᠵᠦᠢᠯ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠎ ᠶᠢᠨ ᠭᠤᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠣᠷᠪᠣᠰ ᠲᠤ ᠲᠣᠭᠲᠠᠭᠠᠭᠰᠠᠨ ᠪᠠᠶᠢᠳᠠᠯ ᠲᠠᠢ ᠨᠠᠶᠢᠴᠡᠵᠣ᠂ ᠬᠤᠳᠠᠯᠳᠤᠨ ᠠᠪᠣᠭᠴᠢ ᠨᠢ ᠳᠠᠩ ᠭᠠᠭᠴᠠ ᠢᠷᠡᠯᠳᠡ ᠪᠠᠷ ᠬᠤᠳᠠᠯᠳᠤᠨ ᠠᠪᠬᠤ ᠭᠤᠶᠤᠴᠢᠯᠠᠯ ᠭᠠᠷᠭᠠᠭᠰᠠᠨ ᠪᠠᠶᠢᠪᠡᠯ᠂ ᠬᠤᠳᠠᠯᠳᠤᠨ ᠠᠪᠬᠤ ᠲᠥᠷᠥᠯ ᠵᠦᠢᠯ ᠤᠨ ᠮᠡᠳᠡᠭᠡ ᠵᠠᠩᠭᠢ ᠪᠠ ᠳᠠᠩ ᠭᠠᠭᠴᠠ ᠬᠠᠩᠭᠠᠯᠭ᠎ᠠ ᠶᠢᠨ ᠬᠤᠳᠠᠯᠳᠤᠭᠠᠴᠢᠨ ᠤ ᠨᠠᠷᠡᠶᠢᠳᠣᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠠᠨ ᠳᠡᠭᠡᠷ᠎ᠡ ᠢᠯᠨ ᠨᠡᠶᠢᠲᠡᠯᠡᠨ᠎ᠠ᠂ ᠢᠯᠨ ᠨᠠᠶᠢᠳᠡᠯᠠᠭᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠃ ᠢᠯᠨ ᠨᠠᠶᠢᠳᠡᠯᠡᠭᠰᠠᠨ ᠬᠤᠭᠤᠴᠠᠭᠠᠨ ᠳᠤ᠂ ᠣᠨᠳᠣᠣ ᠰᠠᠨᠠᠯ ᠤᠢᠭᠡᠢ ᠪᠠᠶᠢᠪᠡᠯ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠣᠭᠡᠣᠨ᠂ ᠳᠠᠩ ᠭᠠᠭᠴᠠ ᠢᠷᠡᠯᠳᠡ ᠶᠢᠨ ᠠᠷᠭ᠎ᠠ ᠮᠠᠶ᠋ᠢᠭ ᠢᠶᠠᠷ ᠬᠤᠳᠠᠯᠳᠤᠨ ᠠᠪᠴᠤ ᠪᠣᠯᠤᠨ᠎ᠠ᠃ ᠳᠠᠩ ᠭᠠᠭᠴᠠ ᠢᠷᠡᠯᠳᠡ ᠶᠢᠨ ᠠᠷᠭ᠎ᠠ ᠮᠠᠶ᠋ᠢᠭ ᠢ ᠬᠡᠷᠩᠯᠡᠨ ᠬᠤᠳᠠᠯᠳᠤᠨ ᠠᠪᠬᠤ ᠪᠠᠷ ᠵᠦᠪᠰᠢᠶᠡᠷᠡᠭᠦᠯᠦᠭᠰᠡᠨ ᠲᠥᠷᠥᠯ ᠵᠦᠢᠯ ᠤᠨ ᠬᠠᠷᠢᠶᠠᠳᠣ ᠴᠢᠨᠠᠷ ᠨᠢ ᠶᠠᠮᠠᠷ ᠪᠠᠶᠢᠭᠰᠠᠨ ᠴᠤ ᠳᠡᠷᠨ᠂ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠳᠤ ᠨᠠᠶᠢᠳᠠᠵᠤ ᠣᠷᠣᠯᠠᠭᠤᠯᠤᠨ ᠬᠤᠳᠠᠯᠳᠤᠨ ᠠᠪᠬᠤ ᠬᠡᠷᠡᠭᠲᠡᠶ᠃      ᠲᠦᠷᠪᠡ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷᠠᠬᠢ ᠲᠤᠰᠬᠠᠶ ᠬᠡᠷᠩᠯᠡᠭᠦ ᠪᠠᠷ ᠬᠤᠳᠠᠯᠳᠤᠨ ᠠᠪᠬᠤ ᠲᠦᠷᠣᠯ ᠵᠦᠢᠯ ᠳᠤ ᠰᠠᠯᠠᠭ᠎ᠠ ᠮᠥᠴᠢᠷ ᠠᠴᠠ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠭᠦ ᠬᠡᠷᠩᠳᠠᠢ᠃ ᠲᠤᠰ ︽ᠮᠡᠳᠡᠭᠳᠡᠯ︾᠎ ᠤᠨ ᠭᠤᠷᠪᠠᠳᠤᠭᠠᠷ ᠵᠦᠢᠯ ᠤᠨ ᠱᠠᠭᠠᠷᠳᠠᠯᠭ᠎ᠠ ᠳᠤ ᠲᠣᠭᠲᠠᠭᠠᠭᠰᠠᠨ ᠪᠠᠶᠢᠳᠠᠯ ᠠᠴᠠ ᠪᠣᠰᠣᠣᠨ᠂ ᠬᠤᠳᠠᠯᠳᠤᠨ ᠠᠪᠣᠭᠴᠢ ᠨᠢ ᠥᠪᠡᠰᠣᠪᠡᠨ ᠵᠣᠬᠢᠶᠠᠨ ᠪᠠᠶᠢᠭᠤᠯᠵᠤ ᠬᠤᠳᠠᠯᠳᠤᠨ ᠠᠪᠬᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠪᠡᠯ᠂ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠳᠠᠯᠳᠤᠨ ᠠᠪᠣᠭᠴᠢ ᠠᠴᠠ ᠦᠪᠡᠰᠣᠪᠡᠨ ᠵᠣᠬᠢᠶᠠᠨ ᠪᠠᠶᠢᠭᠤᠯᠣᠨ ᠬᠤᠳᠠᠯᠳᠤᠨ ᠠᠪᠴᠣ ᠪᠣᠯᠬᠤ ᠪᠦᠭᠡᠣᠨ ᠪᠠᠰᠠ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠪᠤᠶᠤ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠨᠠᠶᠢᠳᠠᠵᠤ ᠣᠷᠣᠯᠠᠭᠤᠯᠤᠨ ᠬᠤᠳᠠᠯᠳᠤᠨ ᠠᠪᠴᠣ ᠪᠣᠯᠣᠨ᠎ᠠ᠃      ᠲᠠᠪᠤ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠪᠣᠰᠣᠣᠨ᠂ ᠰᠠᠯᠤᠩᠬᠢᠲᠠ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠠᠴᠠ ᠳᠡᠭᠡᠭᠰᠢᠬᠢ ᠰᠠᠯᠣᠩᠬᠢᠲᠠ ᠬᠤᠳᠠᠯᠳᠤᠨ ᠠᠪᠬᠤ ᠲᠥᠷᠥᠯ ᠵᠦᠢᠯ ᠳᠤ ᠲᠤᠰ ︽ᠮᠡᠳᠡᠭᠳᠡᠯ︾᠎ ᠤᠨ ᠳᠥᠷᠪᠡᠳᠦᠭᠡᠷ ᠵᠦᠢᠯ ᠤᠨ ᠱᠠᠭᠠᠷᠳᠠᠯᠭ᠎ᠠ ᠶᠢᠨ ᠲᠣᠭᠲᠠᠭᠠᠯ ᠢ ᠯᠠᠪᠯᠠᠯᠳᠠ ᠪᠣᠯᠭᠠᠵᠣ ᠬᠡᠷᠡᠭᠵᠢᠭᠦᠯᠭᠦ ᠬᠡᠷᠩᠳᠠᠢ᠃      ᠵᠢᠷᠭᠤᠭ᠎ᠠ᠂ ᠬᠤᠳᠠᠯᠳᠤᠨ ᠠᠪᠤᠭᠴᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠣᠯ ᠵᠦᠢᠯ ᠢ ᠬᠠᠤᠯᠢ ᠶᠣᠰᠣᠭᠠᠷ ᠠᠯᠢ ᠲᠦᠷᠬᠡᠨ ᠢᠶᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠦᠨᠡᠡᠭᠦ ᠳᠡᠭᠡᠭᠰᠢᠯᠡᠭᠦᠯᠬᠦ ᠬᠡᠷᠡᠭᠲᠡᠶ᠃ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠵᠥᠪᠰᠢᠶᠡᠷᠡᠭᠰᠡᠨ ᠪᠢᠴᠢᠭ / ᠳᠠᠩᠰᠠᠯᠠᠬᠤ ᠮᠡᠳᠡᠭᠳᠡᠯ ᠤᠨ ᠪᠢᠴᠢᠭ︾᠎ ᠢ ᠪᠠᠭᠤᠯᠭᠠᠭᠰᠠᠨ ᠤ ᠳᠠᠷᠠᠭᠠᠬᠢ 60 ᠠᠵᠢᠯᠯᠠᠬᠤ ᠡᠳᠦᠷ ᠤᠨ ᠳᠣᠲᠣᠷ᠎ᠠ᠂ ᠬᠤᠳᠠᠯᠳᠤᠨ ᠠᠪᠬᠤ ᠶᠢ ᠬᠡᠷᠡᠭᠵᠢᠭᠦᠯᠬᠦ ᠱᠠᠲᠤᠨ ᠳᠤ ᠣᠷᠣᠬᠤ ᠬᠡᠷᠡᠭᠲᠡᠶ᠃ ᠬᠤᠭᠤᠴᠠᠭ᠎ᠠ ᠠᠴᠠ ᠬᠡᠲᠦᠷᠡᠭᠡᠣᠨ ᠬᠤᠳᠠᠯᠳᠤᠨ ᠠᠪᠬᠤ ᠶᠢ ᠬᠡᠷᠡᠭᠵᠢᠭᠦᠯᠦᠭᠰᠡᠨ ᠦᠭᠡᠢ ᠪᠠᠶᠢᠪᠡᠯ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠬᠤᠳᠠᠯᠳᠤᠨ ᠠᠪᠬᠤ ᠡᠭᠦᠷᠭᠡ ᠶᠢ ᠬᠦᠯᠢᠶᠡᠨ ᠠᠪᠬᠤ ᠶᠢ ᠲᠡᠪᠴᠢᠵᠣ᠂ ᠬᠤᠳᠠᠯᠳᠤᠨ ᠠᠪᠤᠭᠴᠢ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠪᠢᠴᠢᠭ ᠢᠶᠠᠷ ᠲᠣᠳᠣᠷᠬᠠᠶᠢᠯᠠᠨ᠂ ᠨᠥᠬᠦᠴᠡᠯ ᠳᠤ ᠨᠡᠶᠢᠴᠡᠭᠰᠡᠨ ᠪᠠᠶᠢᠪᠡᠯ᠂ ᠲᠡᠬᠢᠵᠦ ᠬᠢᠨᠠᠨ ᠵᠥᠪᠰᠢᠶᠡᠷᠡᠵᠣ ᠳᠠᠩᠰᠠᠯᠠᠬᠤ ᠬᠡᠷᠡᠭᠲᠡᠶ᠃ ᠵᠣᠷᠢᠭᠤᠳᠠ ᠬᠤᠶᠢᠰᠢᠯᠠᠭᠤᠯᠣᠨ ᠴᠠᠯᠭᠠᠶᠢᠷᠠᠭᠤᠯᠬᠤ ᠵᠡᠷᠭᠡ ᠰᠢᠯᠲᠠᠭᠠᠨ ᠠᠴᠠ ᠪᠣᠯᠵᠤ ᠬᠤᠭᠤᠴᠠᠭ᠎ᠠ ᠬᠡᠲᠦᠷᠡᠭᠰᠡᠨ ᠪᠠᠶᠢᠳᠠᠯ᠎ᠠ ᠬᠤᠳᠠᠯᠳᠤᠨ ᠠᠪᠬᠤ ᠶᠢ ᠬᠡᠷᠩᠵᠢᠭᠦᠯᠣᠭ᠍ᠰᠡᠨ ᠦᠭᠡᠢ ᠪᠠᠶᠢᠵᠦ᠂ ᠬᠤᠳᠠᠯᠳᠤᠨ ᠠᠪᠬᠤ ᠲᠦᠷᠣᠯ ᠵᠦᠢᠯ ᠢ ᠨᠢ ᠬᠦᠴᠣᠨ ᠦᠭᠡᠢ ᠪᠣᠯᠭᠠᠭᠰᠠᠨ ᠪᠠᠶᠢᠪᠠᠯ᠂ ᠬᠤᠳᠠᠯᠳᠤᠨ ᠠᠪᠤᠭᠴᠢ ᠦᠪᠡᠰᠣᠪᠡᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠠ᠃      ᠳᠤᠯᠤᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠲᠣᠭᠲᠠᠭᠠᠭᠰᠠᠨ ᠤ ᠲᠠᠷᠠᠭ᠎ᠠ᠂ ᠬᠤᠳᠠᠯᠳᠤᠨ ᠠᠪᠤᠭᠴᠢ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠭᠡᠷ᠎ᠡ ᠪᠠᠨ ᠳᠡᠮᠳᠡᠭᠯᠡᠨ ᠳᠠᠩᠰᠠᠯᠠᠭᠤᠯᠬᠤ ᠶᠢᠨ ᠬᠠᠮᠳᠣ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ᠂ ᠪᠡᠯᠡ ᠮᠥᠩᠭᠦ ᠥᠭᠬᠦ ᠶᠠᠪᠤᠳᠠᠯ ᠢ ᠴᠠᠭ ᠲᠤᠬᠠᠶ ᠳᠤᠨᠢ ᠭᠦᠢᠴᠡᠣᠡᠭᠡᠭᠦ ᠬᠡᠷᠡᠭᠲᠡᠶ᠃ ᠵᠠᠰᠠᠭ ᠤᠨ ᠣᠷᠳᠣᠨ ᠤ ᠬᠤᠳᠠᠯᠳᠤᠨ ᠠᠪᠬᠤ ᠪᠡᠯᠡ ᠮᠥᠩᠭᠦ ᠶᠢ ᠰᠢᠯᠵᠢᠭᠦᠯᠣᠨ ᠥᠭᠬᠦ ᠪᠣᠳᠠᠲᠠᠶ ᠴᠣᠪᠣᠷᠠᠯ ᠪᠠ ᠠᠷᠭ᠎ᠠ ᠶᠢ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠬᠡᠷᠩᠵᠢᠭᠦᠯᠣᠨ᠎ᠠ᠃      ᠨᠠᠢᠮᠠ᠂ ᠡᠯ᠎ᠡ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠲᠤᠬᠠᠶᠢᠲᠠᠢ ᠬᠥᠮᠦᠰ ᠨᠢ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠭᠦ ᠬᠡᠷᠩᠳᠠᠢ᠃ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠨᠢᠭᠤᠵᠤ ᠳᠠᠷᠤᠭᠠᠳ ᠮᠡᠳᠡᠭᠦᠯᠬᠦ ᠤᠢᠭᠡᠢ᠂ ᠳᠤᠷ᠎ᠠ ᠪᠠᠷ ᠢᠶᠠᠨ ᠬᠤᠳᠠᠯᠳᠤᠨ ᠠᠪᠬᠤ᠂ ᠪᠦᠬᠦᠯᠢ ᠵᠦᠢᠯᠡᠰ ᠢ ᠵᠢᠵᠢᠭᠯᠡᠨ ᠰᠠᠯᠭᠠᠬᠤ ᠵᠡᠷᠭᠡ ᠠᠷᠭ᠎ᠠ ᠪᠠᠷᠢᠯ ᠢᠶᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠠᠴᠠ ᠵᠠᠶᠢᠯᠠᠭᠰᠠᠨ ᠪᠦᠬᠦᠨ ᠳᠤ᠂ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠣ᠂ ᠶᠠᠯ᠎ᠠ ᠬᠢᠭᠰᠡᠨ ᠳᠤ ᠭᠦᠷᠣᠭ᠍ᠰᠡᠨ ᠪᠠᠶᠢᠪᠡᠯ᠂ ᠬᠠᠤᠯᠢ ᠴᠠᠭᠠᠵᠨ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠣᠡᠪᠣᠷᠢᠯᠡᠭᠦ ᠬᠡᠷᠡᠭᠲᠡᠶ᠃      ᠶᠢᠰᠦ᠂ ᠡᠯ᠎ᠡ ᠠᠶᠢᠮᠠᠭ ᠬᠤᠳᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠬᠤᠳᠠᠯᠳᠤᠨ ᠠᠪᠬᠤ ᠲᠦᠷᠣᠯ ᠵᠦᠢᠯ ᠪᠠ ᠳᠠᠸᠠᠷ ᠤᠨ ᠨᠠᠷ᠎ᠠ ᠲᠦᠷᠣᠯ ᠢ ᠵᠣᠬᠢᠰᠲᠠᠶ ᠪᠠᠷ ᠨᠡᠮᠡᠭᠦ ᠶᠢᠨ ᠬᠠᠮᠳᠣ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠠᠶᠢᠮᠠᠭ ᠬᠤᠳᠠ ᠶᠢᠨ ᠲᠤᠰ ᠱᠠᠳᠣ ᠵᠢᠴᠢ ᠬᠠᠷᠢᠶ᠎ᠠ ᠬᠤᠰᠢᠭᠤ ᠰᠢᠶᠠᠨ ᠤ ᠱᠠᠲᠤᠨ ᠤ ᠰᠠᠯᠣᠩᠬᠢᠲᠠ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠪᠠ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠴᠠᠭ ᠲᠣᠬᠠᠢ ᠳᠤᠨᠢ ᠮᠡᠳᠡᠭᠦᠯᠵᠣ ᠳᠠᠩᠰᠠᠯᠠᠬᠤ ᠬᠡᠷᠡᠭᠲᠡᠶ᠃      ᠠᠷᠪᠠ᠂ ᠲᠤᠰ ︽ᠮᠡᠳᠡᠭᠳᠡᠯ︾᠎ ᠢ ᠬᠡᠷᠡᠭᠵᠢᠭᠦᠯᠬᠦ ᠶᠠᠪᠤᠴᠠ ᠳᠤ ᠬᠡᠷᠪᠡ ᠬᠠᠮᠢᠶ᠎ᠠ ᠪᠦᠬᠦᠢ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠵᠤ ᠲᠠᠶᠢᠯᠪᠤᠷᠢᠯᠠᠨ᠎ᠠ᠃ ᠣᠨᠴᠣᠭᠤᠢ ᠪᠠᠶᠢᠳᠠᠯ ᠠᠴᠠ ᠪᠤᠯᠵᠦ ᠵᠠᠰᠠᠪᠤᠷᠢ ᠣᠷᠣᠭᠤᠯᠬᠤ ᠪᠠ ᠨᠥᠬᠦᠪᠥᠷᠢᠯᠡᠬᠦ ᠴᠢᠬᠤᠯᠳᠠᠢ ᠪᠠᠶᠢᠪᠡᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠠᠰᠳᠠᠭᠠᠨ ᠪᠢᠴᠢᠭ ᠮᠠᠲ᠋ᠧᠷᠢᠶᠠᠯ ᠪᠠᠭᠤᠯᠭᠠᠨ᠎ᠠ᠃ ᠳᠠᠭᠠᠯᠳᠤᠭᠤᠯᠤᠯ ᠬᠦᠰᠦᠨᠦᠭᠲᠦ 1ᠳᠠᠭᠠᠯᠳᠤᠭᠤᠯᠤᠯ ᠬᠦᠰᠦᠨᠦᠭᠲᠦ 2ᠳᠠᠭᠠᠯᠳᠤᠭᠤᠯᠤᠯ ᠬᠦᠰᠦᠨᠦᠭᠲᠦ 3ᠳᠠᠭᠠᠯᠳᠤᠭᠤᠯᠤᠯ ᠬᠦᠰᠦᠨᠦᠭᠲᠦ 4ᠳᠠᠭᠠᠯᠳᠤᠭᠤᠯᠤᠯ ᠬᠦᠰᠦᠨᠦᠭᠲᠦ 5ᠳᠠᠭᠠᠯᠳᠤᠭᠤᠯᠤᠯ ᠬᠦᠰᠦᠨᠦᠭᠲᠦ 6ᠳᠠᠭᠠᠯᠳᠤᠭᠤᠯᠤᠯ ᠬᠦᠰᠦᠨᠦᠭᠲᠦ 7ᠳᠠᠭᠠᠯᠳᠤᠭᠤᠯᠤᠯ ᠬᠦᠰᠦᠨᠦᠭᠲᠦ 8ᠳᠠᠭᠠᠯᠳᠤᠭᠤᠯᠤᠯ ᠬᠦᠰᠦᠨᠦᠭᠲᠦ 9ᠳᠠᠭᠠᠯᠳᠤᠭᠤᠯᠤᠯ ᠬᠦᠰᠦᠨᠦᠭᠲᠦ 10ᠳᠠᠭᠠᠯᠳᠤᠭᠤᠯᠤᠯ ᠬᠦᠰᠦᠨᠦᠭᠲᠦ 11ᠳᠠᠭᠠᠯᠳᠤᠭᠤᠯᠤᠯ ᠬᠦᠰᠦᠨᠦᠭᠲᠦ 12ᠳᠠᠭᠠᠯᠳᠤᠭᠤᠯᠤᠯ ᠬᠦᠰᠦᠨᠦᠭᠲᠦ 13ᠳᠠᠭᠠᠯᠳᠤᠭᠤᠯᠤᠯ ᠬᠦᠰᠦᠨᠦᠭᠲᠦ 14      ᠬᠤᠶᠠᠷ᠂ ᠰᠠᠯᠣᠩᠬᠢᠲᠠ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ      ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠲᠥᠪᠯᠡᠷᠡᠭᠦᠯᠦᠨ ᠬᠤᠳᠠᠯᠳᠤᠨ ᠠᠪᠬᠤ ᠪᠠ ᠰᠠᠯᠣᠩᠬᠢᠲᠠ ᠬᠤᠳᠠᠯᠳᠤᠨ ᠠᠪᠬᠤ ᠶᠢ ᠬᠠᠷᠢᠯᠴᠠᠨ ᠤᠶᠠᠯᠳᠤᠭᠤᠯᠬᠤ ᠶᠢ ᠬᠡᠷᠩᠵᠢᠭᠦᠯᠣᠨ᠎ᠠ᠃ ︽ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ︾᠎ ᠠᠴᠠ ᠪᠣᠰᠣᠣᠨ᠂ ᠭᠠᠭᠴᠠ ᠤᠳᠠᠭ᠎ᠠ ᠬᠤᠳᠠᠯᠳᠤᠨ ᠠᠪᠬᠤ ᠲᠥᠰᠦᠪ ᠤᠨ ᠵᠣᠭᠤᠰ ᠤᠨ ᠲᠤᠭ᠎ᠠ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠳᠤ ᠭᠦᠷᠣᠭ᠍ᠰᠡᠨ ᠡᠳ᠋ ᠪᠠᠷᠠᠭ᠎ᠠ᠂ ᠦᠢᠯᠡᠴᠢᠯᠡᠭᠡ ᠪᠠ ᠪᠠᠷᠢᠯᠭ᠎ᠠ ᠶᠢᠨ ᠲᠦᠷᠣᠯ ᠤᠨ ᠬᠤᠳᠠᠯᠳᠤᠨ ᠠᠪᠬᠤ ᠲᠦᠷᠣᠯ ᠵᠦᠢᠯ ᠨᠢ᠂ ᠰᠠᠯᠣᠩᠬᠢᠲᠠ ᠬᠤᠳᠠᠯᠳᠤᠨ ᠠᠪᠬᠤ ᠲᠦᠷᠣᠯ ᠵᠦᠢᠯ ᠳᠤ ᠬᠠᠷᠢᠶᠠᠯᠠᠭᠳᠠᠪᠡᠯ᠂ ᠵᠠᠰᠠᠭ ᠤᠨ ᠣᠷᠳᠣᠨ ᠬᠤᠳᠠᠯᠳᠤᠨ ᠠᠪᠬᠤ ᠶᠢ ᠬᠠᠤᠯᠢ ᠶᠣᠰᠣᠭᠠᠷ ᠬᠡᠷᠩᠵᠢᠭᠦᠯᠣᠨ᠎ᠠ᠃ ᠡᠯ᠎ᠡ ᠠᠶᠢᠮᠠᠭ ᠬᠤᠲᠠ ᠨᠢ ᠪᠣᠳᠠᠳᠠᠢ ᠲᠠᠢ ᠪᠠᠨ ᠤᠶᠠᠯᠳᠤᠭᠤᠯᠤᠨ᠂ ᠰᠠᠯᠤᠩᠬᠢᠳᠠ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠶᠢ ᠥᠪᠡᠰᠦᠪᠡᠨ ᠲᠣᠭᠲᠠᠭᠠᠵᠣ ᠪᠣᠯᠣᠨ᠎ᠠ᠃ ᠠᠶᠢᠮᠠᠭ ᠬᠤᠳᠠ ᠶᠢᠨ ᠱᠠᠲᠤᠨ ᠤ ᠰᠠᠯᠣᠩᠬᠢᠲᠠ ᠬᠤᠳᠠᠯᠳᠣᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠨᠢ ᠵᠠᠷᠴᠢᠮ ᠳᠡᠭᠡᠷ᠎ᠡ ᠪᠠᠨ 10 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ᠃      ᠭᠤᠷᠪᠠ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠭᠡᠮᠵᠢᠶᠠᠨ ᠤ ᠪᠠᠷᠢᠮᠵᠢᠶ᠎ᠠ      ᠡᠯ᠎ᠡ ᠠᠶᠢᠮᠠᠭ ᠬᠤᠲᠠ ᠨᠢ ᠪᠣᠳᠠᠳᠠᠢ ᠲᠠᠢ ᠪᠠᠨ ᠤᠶᠠᠯᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠶᠢ ᠥᠪᠡᠰᠣᠪᠡᠨ ᠲᠣᠭᠲᠠᠭᠠᠨ᠎ᠠ᠂ ᠭᠡᠪᠡᠴᠦ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠨᠢ  ᠬᠡᠲᠦᠷᠭᠡᠢ ᠳᠣᠣᠷ᠎ᠠ ᠪᠠᠶᠢᠵᠣ ᠪᠣᠯᠬᠤ ᠦᠭᠡᠢ᠃ ᠠᠶᠢᠮᠠᠭ ᠬᠤᠳᠠ ᠶᠢᠨ ᠱᠠᠲᠤᠨ ᠤ ᠡᠳ᠋ ᠪᠠᠷᠠᠭᠠᠨ ᠤ ᠲᠦᠷᠣᠯ ᠢᠶᠠᠷ ᠬᠤᠳᠠᠯᠳᠣᠨ ᠠᠪᠬᠤ ᠲᠦᠷᠦᠯ ᠵᠦᠢᠯ ᠤᠨ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠨᠢ ᠵᠠᠷᠴᠢᠮ ᠳᠡᠭᠡᠷ᠎ᠡ ᠪᠠᠨ 60 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ ᠂ ᠦᠢᠯᠡᠴᠢᠯᠡᠭᠡᠨ ᠤ ᠲᠦᠷᠣᠯ ᠢᠶᠠᠷ ᠬᠤᠳᠠᠯᠳᠣᠨ ᠠᠪᠬᠤ ᠲᠦᠷᠣᠯ ᠵᠦᠢᠯ ᠤᠨ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠨᠢ 40 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ᠃      ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠢᠯᠭ᠎ᠠ ᠶᠢᠨ ᠲᠦᠷᠣᠯ ᠤᠨ ᠲᠥᠷᠥᠯ ᠵᠦᠢᠯ ᠢ ᠲᠡᠭᠦᠨ ᠤ ᠬᠠᠤᠯᠢ ᠴᠠᠭᠠᠵᠠ ᠪᠠ ᠲᠥᠷᠥᠯ ᠵᠦᠢᠯ ᠤᠨ ᠬᠠᠮᠢᠶᠠᠷᠤᠯᠲᠠ ᠳᠤ ᠲᠣᠬᠢᠷᠠᠬᠤ ᠡᠷᠬᠡ ᠶᠢᠨ ᠬᠠᠷᠢᠶ᠎ᠠ ᠶᠣᠰᠣᠭᠠᠷ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠶᠢ ᠲᠤᠰ ᠲᠤᠰ ᠲᠤᠨᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ︽︿ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠢᠯᠭ᠎ᠠ ᠶᠢᠨ ᠲᠦᠷᠣᠯ ᠤᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠡᠳ᠋ ᠬᠤᠳᠠᠯᠳᠤᠨ ᠠᠪᠬᠤ ﹇2014﹈ 1496 ᠳ᠋ᠤᠭᠠᠷ ᠲᠣᠭᠠᠲᠤ︶᠎ ᠳᠤ ᠲᠣᠭᠲᠠᠭᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠨᠢᠭᠡᠳᠦᠭᠡᠷ ᠵᠦᠢᠯ ᠤᠨ ᠪᠠᠷᠢᠯᠭ᠎ᠠ ᠶᠢᠨ ᠲᠦᠷᠦᠯ ᠵᠦᠢᠯ ᠳᠤ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠨᠢ ᠵᠠᠷᠴᠢᠮ ᠳᠡᠭᠡᠷ᠎ᠡ ᠪᠠᠨ 80 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ︔ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠶᠠᠳᠤᠭᠠᠷ ᠵᠦᠢᠯ ᠤᠨ ᠪᠠᠷᠢᠯᠭ᠎ᠠ ᠶᠢᠨ ᠲᠦᠷᠣᠯ ᠵᠦᠢᠯ ᠳᠤ᠂ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠶᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠩᠵᠢᠭᠦᠯᠣᠨ᠎ᠠ᠃      ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠶᠢᠨ ᠪᠠᠷᠢᠮᠵᠢᠶ᠎ᠠ ᠠᠴᠠ ᠳᠡᠭᠡᠭᠰᠢᠬᠢ ᠳᠤ ᠭᠦᠷᠣᠭ᠍ᠰᠡᠨ ᠡᠳ᠋ ᠪᠠᠷᠠᠭ᠎ᠠ᠂ ᠦᠢᠯᠡᠴᠢᠯᠡᠭᠡ ᠵᠢᠴᠢ ᠦᠪᠣᠷ ᠡᠳ᠋ ᠵᠠᠰᠠᠭ ᠬᠤᠳᠠᠯᠳᠤᠨ ᠠᠪᠬᠤ ﹇2014﹈ 1496 ᠳ᠋ᠤᠭᠠᠷ ᠲᠣᠭᠠᠲᠤ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠨᠢᠭᠡᠳᠦᠭᠡᠷ ᠵᠦᠢᠯ ᠤᠨ ᠪᠠᠷᠢᠯᠭ᠎ᠠ ᠶᠢᠨ ᠲᠦᠷᠣᠯ ᠵᠦᠢᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠎ ᠶᠢᠨ ᠬᠤᠷᠢ ᠶᠢᠰᠦᠳᠦᠭᠡᠷ ᠵᠦᠢᠯ᠂ ᠭᠤᠴᠢᠳᠤᠭᠠᠷ ᠵᠦᠢᠯ᠂ ᠭᠤᠴᠢᠨ ᠨᠢᠭᠡᠳᠦᠭᠡᠷ ᠵᠦᠢᠯ᠂ ᠭᠤᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠪᠤᠶᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠵᠡᠷᠭᠡ ᠶᠢ ᠬᠡᠷᠡᠭᠵᠢᠭᠦᠯᠬᠦ ᠴᠢᠬᠤᠯᠠᠲᠠᠶ ᠣᠨᠴᠣᠭᠤᠢ ᠪᠠᠶᠢᠳᠠᠯ ᠳᠤ ᠨᠠᠶᠢᠴᠡᠪᠡᠯ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠣᠭᠡᠣᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠪᠣᠰᠣᠣᠨ ᠬᠤᠳᠠᠯᠳᠤᠨ ᠠᠪᠬᠤ ᠠᠷᠭ᠎ᠠ ᠮᠠᠶ᠋ᠢᠭ ᠢ ᠬᠠᠤᠯᠢ ᠶᠣᠰᠣᠭᠠᠷ ᠬᠡᠷᠩᠯᠡᠵᠣ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号