| | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠥᠷ | ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ 1 ᠳ᠋ᠦ᠋ᠭᠡᠷ | ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ᠂ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠪᠠ | ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ | ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠬᠠᠮᠢᠶᠠᠷᠤᠯᠲᠠ ᠶᠢᠨ ᠡᠷᠬᠡ ᠶᠢ ᠳᠣᠷᠣᠭᠰᠢ ᠪᠠᠭᠤᠯᠭᠠᠪᠠ᠂ ᠡᠨᠡ | ᠵᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠰᠢᠭᠤ ᠰᠢᠶᠠᠨ ᠤ ᠱᠠᠲᠤᠨ ᠤ ᠪᠠᠶᠢᠭᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠡᠷᠬᠡ ᠶᠢ | ᠠᠶᠢᠮᠠᠭ ᠬᠤᠳᠠ ᠶᠢᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ᠬᠤᠰᠢᠭᠤ ᠰᠢᠶᠠᠨ ᠤ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠪᠠᠭᠤᠯᠭᠠᠪᠠ︔ ᠠᠵᠢᠯ ᠮᠡᠷᠭᠡᠵᠢᠯ ᠤᠨ ᠬᠢᠷᠢ ᠬᠡᠮ ᠢ ᠵᠥᠪᠰᠢᠶᠡᠷᠡᠬᠦ ᠪᠠ | ᠨᠤᠲᠠᠯᠠᠨ ᠲᠣᠭᠲᠠᠭᠠᠬᠤ 108 ᠲᠥᠷᠥᠯ ᠢ ᠬᠦᠴᠦᠨ ᠦᠭᠡᠢ ᠪᠣᠯᠭᠠᠪᠠ︔ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ᠂ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠠᠵᠤ | ᠠᠬᠤᠶᠢᠯᠠᠯ ᠪᠠ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶᠠᠵᠢᠯ ᠳᠤ ︽ᠲᠠᠪᠤᠨ ᠦᠨᠡᠮᠯᠡᠯ ᠢ ᠨᠢᠭᠡᠳᠬᠡᠬᠦ᠂ ᠨᠢᠭᠡ | ᠦᠨᠡᠮᠯᠡᠯ ᠨᠢᠭᠡ ᠨᠤᠮᠧᠷ︾ ᠤᠨ ᠳᠠᠩᠰᠠᠯᠠᠬᠤ ᠳᠦᠷᠢᠮ ᠢᠶᠠᠷ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠶᠢᠨ | ᠦᠨᠡᠮᠯᠡᠯ ᠤᠨ ᠬᠠᠮᠢᠶᠠᠷᠤᠯᠲᠠ ᠶᠠᠪᠤᠭᠤᠯᠪᠠ᠃ | ︽ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠬᠢᠭᠰᠡᠨ ᠠᠴᠠ ᠨᠠᠰᠢ᠂ ᠮᠠᠨ ᠤ | ᠲᠢᠩᠬᠢᠮ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ 9 ᠵᠦᠢᠯ ᠢ ᠬᠦᠴᠦᠨ ᠦᠭᠡᠢ ᠪᠣᠯᠭᠠᠭᠰᠠᠨ ᠪᠠ ᠳᠣᠷᠣᠭᠰᠢ | ᠪᠠᠭᠤᠯᠭᠠᠪᠠ᠂ ᠡᠭᠦᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠱᠠᠭᠠᠷᠳᠠᠭᠰᠠᠨ 3 ᠵᠦᠢᠯ ᠢ ᠬᠦᠴᠦᠨ ᠦᠭᠡᠶ | ᠪᠣᠯᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 6 ᠵᠦᠢᠯ ᠢ ᠰᠠᠨᠠᠭᠠᠴᠢᠯᠠᠭ᠎ᠠ ᠠᠴᠠ ᠪᠠᠨ | ᠳᠣᠷᠣᠭᠰᠢ ᠪᠠᠭᠤᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ 14 ᠵᠦᠢᠯ ᠪᠠᠶᠢᠭᠰᠠᠨ ᠠᠴᠠ ᠨᠢ | 5 ᠵᠦᠢᠯ ᠪᠣᠯᠭᠠᠨ ᠬᠠᠰᠤᠵᠤ᠂ ᠬᠦᠴᠦᠨ ᠦᠬᠡᠢ ᠪᠣᠯᠭᠠᠭᠰᠠᠨ ᠪᠠ ᠳᠣᠷᠣᠭᠰᠢ ᠪᠠᠭᠤᠯᠭᠠᠭᠰᠠᠨ ᠬᠠᠷᠢᠴᠠᠯ 64 | % ᠳᠤ ᠬᠦᠷᠪᠡ︾᠃ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠬᠠᠤᠯᠢ ᠳᠦᠷᠢᠮ ᠤᠨ ᠭᠠᠵᠠᠷ ᠤᠨ ᠳᠠᠷᠤᠭ᠎ᠠ ᠬᠤᠤ ᠸᠧᠨ ᡁᠢ ᠰᠣᠨᠢᠨ ᠮᠡᠳᠡᠭᠡ ᠨᠡᠶᠢᠲᠡᠯᠡᠬᠦ ᠬᠤᠷᠠᠯ | ᠳᠡᠭᠡᠷ᠎ᠡ ᠲᠠᠨᠢᠯᠴᠠᠭᠤᠯᠬᠤ ᠳᠠᠭᠠᠨ᠂ ᠵᠠᠰᠠᠭ ᠵᠠᠬᠢᠷᠭᠠᠨ ᠤ ᠡᠷᠬᠡ 128 ᠵᠦᠢᠯ ᠪᠠᠶᠢᠭᠰᠠᠨ ᠠᠴᠠ ᠨᠢ 71 ᠵᠦᠢᠯ | ᠪᠣᠯᠭᠠᠨ ᠴᠣᠮᠬᠠᠳᠬᠠᠵᠤ᠂ ᠴᠣᠮᠬᠠᠳᠬᠠᠭᠰᠠᠨ ᠬᠡᠮᠵᠢᠶ᠎ᠡ ᠨᠢ 45% ᠳᠤ ᠬᠦᠷᠴᠡᠢ ᠭᠡᠪᠡ᠃ | ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠥᠪᠥᠷ ᠮᠣᠩᠭᠤᠯ ᠤᠨ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠠᠰᠠ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠬᠦ ᠴᠢᠭ᠋ ᠤᠨ | ᠪᠠᠶᠢᠭᠤᠯᠤᠯᠲᠠ ᠶᠢ ᠪᠥᠬᠦᠨ ᠳᠤ ᠪᠦᠷᠬᠦᠭᠦᠯᠬᠦ ᠶᠢ ᠪᠡᠶᠡᠯᠡᠭᠦᠯᠪᠡ᠃ 9 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠪᠦᠬᠦ | ᠣᠷᠣᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ᠂ ᠣᠢ ᠰᠢᠭᠤᠶᠢᠲᠤ ᠣᠷᠣᠨ᠂ ᠲᠠᠷᠢᠶᠠᠯᠠᠩ ᠤᠨ ᠠᠲᠠᠷ | ᠬᠠᠭᠠᠯᠪᠤᠷᠢᠯᠠᠯᠲᠠ ᠶᠢᠨ ᠬᠤᠯᠪᠣᠭᠠᠲᠤ ᠠᠩᠭᠢ ᠳᠤ ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ | ᠦᠢᠯᠡᠴᠢᠯᠡᠬᠦ ᠴᠢᠭ᠋︾ ᠢ 11203 ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠨ ᠮᠠᠯᠴᠢᠨ ᠲᠠᠷᠢᠶᠠᠴᠢᠳ ᠤᠨ | ᠨᠡᠶᠢᠭᠡᠮ ᠤᠨ ᠳᠠᠭᠠᠳᠬᠠᠯ ᠢ ᠪᠠᠶᠢᠴᠠᠭᠠᠨ ᠯᠠᠪᠯᠠᠬᠤ᠂ ᠳᠡᠰ ᠰᠤᠩᠭᠤᠨ ᠰᠦᠢᠳᠬᠡᠯ ᠲᠤᠰᠢᠶᠠᠬᠤ᠂ ᠬᠢᠷᠢ ᠬᠡᠮ ᠢᠶᠠᠨ | ᠦᠨᠡᠮᠰᠢᠭᠦᠯᠬᠦ᠂ ᠣᠯᠭᠤᠮᠵᠢ ᠪᠠᠨ ᠠᠪᠬᠤ᠂ ᠺᠠᠷᠲ ᠢᠶᠠᠷ ᠬᠡᠷᠡᠭᠯᠡᠭᠡ ᠬᠢᠬᠦ ᠵᠡᠷᠭᠡ ︽ᠲᠠᠪᠤ ᠶᠢ ᠲᠣᠰᠬᠤᠨ ᠠᠴᠠ | ᠭᠠᠷᠭᠠᠬᠤ ᠦᠭᠡᠢ ᠪᠠᠶᠢᠬᠤ︾ ᠶᠢ ᠪᠡᠶᠡᠯᠡᠭᠦᠯᠦᠭᠰᠡᠨ ᠪᠥᠭᠡᠳ ᠪᠦᠬᠦ ᠤᠯᠤᠰ ᠤᠨ ᠨᠡᠶᠢᠲᠡᠯᠢᠭ ᠵᠢᠱᠢᠶ᠎ᠡ ᠪᠣᠯᠪᠠ᠃ |