ᠷᠧᠨ ᠶᠠ ᠫᠢᠩ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠺᠠᠳ᠋ᠷᠴᠤᠳ ᠤᠨ ᠶᠡᠭᠡ ᠬᠤᠷᠠᠯ ᠳᠡᠭᠡᠷ᠎ᠡ ᠴᠢᠬᠤᠯᠠᠴᠢᠯᠠᠬᠰᠠᠨ ᠨᠢ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠠᠷ ︽ᠪᠠᠷᠢᠮᠵᠢᠶ᠎ᠠ︾ ᠪᠤᠯᠭᠠᠵᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠪᠤᠳᠠᠳᠦ ᠦᠷ᠎ᠡ ᠪᠦᠲᠦᠮᠵᠢ ᠪᠠᠨ ᠳᠡᠭᠡᠭᠰᠢᠯᠡᠬᠦᠯᠬᠦ ᠬᠡᠷᠡᠭᠲᠡᠢ
ᠨᠡᠶᠢᠲᠡᠯᠡᠭᠰᠡᠨ ᠴᠠᠭ᠄
2016/11/30
     11 ᠳ᠋ᠦ᠋ᠭᠡᠷ ᠰᠠᠷ᠎ᠠ ᠶᠢᠨ 28᠎ ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠺᠠᠳ᠋ᠷᠴᠤᠳ ᠤᠨ ᠶᠡᠭᠡ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠬᠤᠷᠠᠯ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠴᠧᠨ ᠢᠥᠢ ᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠯᠢᠶᠠᠩ ᠲᠢᠶᠧ ᠴᠧᠩ᠂ ᠸᠠᠩ ᠬᠤᠸᠠᠨ ᠴᠧᠩ ᠬᠤᠷᠠᠯ ᠳᠤ ᠤᠷᠤᠯᠴᠠᠵᠠᠢ᠃ ᠬᠦᠬᠡᠬᠤᠲᠠ ᠳᠤ ᠰᠠᠭᠤᠭ᠎ᠠ ᠬᠡᠰᠡᠭ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ᠂ ᠬᠡᠰᠡᠭ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠬᠤᠷᠠᠯ ᠳᠤ ᠤᠷᠤᠯᠴᠠᠵᠠᠢ᠃            ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠦ᠂ ᠬᠤᠷᠠᠯ ᠳᠤ ᠤᠷᠤᠯᠴᠠᠬᠰᠠᠨ ᠳᠤᠮᠳᠠᠳᠦ ᠤᠯᠤᠰ ᠤᠨ ᠡᠪ ᠬᠠᠮᠲᠦ ᠨᠠᠮ ᠤᠨ ᠬᠡᠰᠢᠬᠦᠨ ᠳᠡᠳ᠋ ᠲᠡᠷᠢᠬᠦᠯᠡᠭᠴᠢ ᠲᠤᠰ ᠲᠤᠰ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠰᠠᠨ ᠤᠯᠤᠯᠲᠠ ᠲᠦᠷᠦᠭᠳᠡᠯ ᠢᠶᠠᠨ ᠶᠠᠷᠢᠵᠦ᠂ ᠷᠧᠨ ᠶᠠ ᠫᠢᠩ ᠶᠠᠷᠢᠶ᠎ᠠ ᠲᠠᠯᠪᠢᠵᠠᠢ᠃            ᠷᠧᠨ ᠶᠠ ᠫᠢᠩ ᠵᠢᠭᠠᠵᠦ ᠭᠠᠷᠭᠠᠬᠰᠠᠨ ᠨᠢ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠱᠠᠳᠤᠨ ᠤ ᠵᠠᠩᠬᠢᠯᠠᠭ᠎ᠠ ᠶᠢᠨ ᠴᠠᠭ ᠮᠦᠴᠡ ᠳᠤ ᠬᠤᠷᠠᠯᠳᠤᠭᠤᠯᠵᠤ᠂ ᠴᠠᠭ ᠲᠤᠬᠢᠶᠠᠯ ᠮᠠᠰᠢ ᠰᠠᠶᠢᠨ ᠪᠤᠯᠵᠠᠢ︔ ᠶᠡᠭᠡ ᠬᠤᠷᠠᠯ ᠠᠷᠠᠳᠴᠢᠯᠠᠯ ᠢ ᠬᠦᠢᠴᠡᠳ ᠪᠠᠳᠠᠷᠠᠭᠤᠯᠵᠦ᠂ ᠤᠯᠠᠨ ᠤ ᠰᠠᠨᠠᠯ ᠢ ᠦᠷᠭᠡᠨ ᠢᠶᠠᠷ ᠲᠦᠪᠯᠡᠷᠡᠭᠦᠯᠦᠭᠰᠡᠨ ᠤ ᠰᠠᠭᠤᠷᠢᠨ ᠳᠡᠭᠡᠷ᠎ᠡ᠂ ᠭᠤᠤᠯ ᠰᠡᠳᠦᠪ ᠨᠢ ᠢᠯᠡ ᠲᠤᠳᠤ᠂ ᠢᠷᠡᠭᠡᠳᠦᠢ ᠶᠢᠨ ᠲᠡᠮᠡᠴᠡᠬᠦ ᠬᠠᠷᠠᠯᠲᠠ ᠪᠤᠯᠤᠨ ᠠᠷᠭ᠎ᠠ ᠬᠡᠮᠵᠢᠶ᠎ᠡ ᠶᠢ ᠵᠢᠭᠠᠭᠰᠠᠨ ᠨᠢᠬᠡᠨ ᠬᠤᠪᠢ ᠰᠤᠷᠪᠤᠯᠵᠢ ᠪᠢᠴᠢᠭ ᠢ ᠪᠦᠷᠢᠯᠳᠦᠭᠦᠯᠵᠦ᠂ ᠢᠯᠡᠳᠭᠡᠯ ᠮᠠᠰᠢ ᠰᠠᠶᠢᠨ ᠪᠤᠯᠵᠠᠢ︔ ᠶᠡᠭᠡ ᠬᠤᠷᠠᠯ ᠤᠨ ᠰᠠᠬᠢᠯᠭ᠎ᠠ ᠪᠠᠲᠦ ᠴᠢᠩᠭ᠎ᠠ᠂ ᠤᠪᠤᠷ ᠲᠦᠪ ᠰᠤᠷᠲᠠᠯ ᠴᠢᠭᠡᠴᠢ ᠪᠤᠯᠵᠤ᠂ ᠲᠦᠯᠦᠭᠡᠯᠡᠭᠴᠢᠳ ᠤᠯᠤᠰ ᠲᠦᠷᠦ ᠶᠢ ᠡᠷᠬᠢᠮᠯᠡᠨ ᠶᠡᠭᠡ ᠪᠠᠶᠢᠳᠠᠯ ᠢ ᠬᠠᠷᠠᠭᠠᠯᠵᠠᠨ᠂ ᠤᠶᠤᠨ ᠰᠠᠨᠠᠭ᠎ᠠ ᠪᠠᠨ ᠲᠦᠪᠯᠡᠷᠡᠭᠦᠯᠵᠦ᠂ ᠬᠤᠷᠠᠯ ᠤᠨ ᠰᠤᠷᠲᠠᠯ ᠮᠠᠰᠢ ᠰᠠᠶᠢᠨ ᠪᠤᠯᠵᠠᠢ︔ ᠶᠡᠭᠡ ᠬᠤᠷᠠᠯ ᠠᠴᠠ ᠪᠦᠬᠦ ᠲᠠᠯ᠎ᠡ ᠪᠠᠷ ᠴᠢᠨᠡᠭᠡᠯᠢᠭᠵᠢᠭᠦᠯᠬᠦ ᠳᠤᠮᠳᠠᠳᠦ ᠶᠢᠨ ᠵᠡᠭᠦᠳᠦ ᠶᠢ ᠲᠡᠷᠭᠡᠯᠰᠢᠭᠦᠯᠬᠦ ᠡᠴᠦᠰ ᠤᠨ ᠳᠠᠭᠠᠷᠢᠯᠳᠠ ᠬᠢᠬᠦ ᠪᠤᠤᠭᠢᠶ᠎ᠠ ᠶᠢ ᠲᠤᠰᠤᠭᠰᠠᠨ ᠤᠳᠤᠷᠢᠳᠬᠤ ᠬᠠᠮᠳᠤ ᠶᠢ ᠰᠤᠩᠭᠤᠨ ᠭᠠᠷᠭᠠᠵᠦ᠂ ᠤᠳᠤᠷᠢᠳᠬᠤ ᠪᠠᠭ ᠲᠦᠢᠯ ᠤᠨ ᠰᠠᠶᠢᠨ ᠪᠤᠯᠵᠠᠢ︔ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠨᠢ ᠨᠢᠭᠡ ᠤᠳᠠᠭ᠎ᠠ ᠶᠢᠨ ᠪᠦᠯᠬᠦᠮᠳᠡᠯ ᠲᠠᠢ ᠶᠡᠭᠡ ᠬᠤᠷᠠᠯ᠂ ᠠᠮᠵᠢᠯᠲᠠ ᠤᠯᠤᠭᠰᠠᠨ ᠶᠡᠭᠡ ᠬᠤᠷᠠᠯ᠂ ᠢᠯᠡᠯᠲᠡ ᠤᠯᠤᠬᠰᠠᠨ ᠶᠡᠭᠡ ᠬᠤᠷᠠᠯ ᠪᠤᠯᠵᠠᠢ ᠭᠡᠵᠡᠢ᠃            ᠷᠧᠨ ᠶᠠ ᠫᠢᠩ ᠴᠢᠬᠤᠯᠠᠴᠢᠯᠠᠬᠰᠠᠨ ᠨᠢ᠂ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠢᠷᠡᠭᠡᠳᠦᠢ ᠶᠢᠨ ᠬᠦᠭᠵᠢᠯᠲᠡ ᠶᠢᠨ ᠠᠤᠭ᠎ᠠ ᠲᠦᠰᠦᠪ ᠢ ᠵᠢᠷᠤᠭᠯᠠᠵᠠᠢ ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠬᠦᠮᠦᠰ ᠤᠨ ᠡᠷᠴᠢ ᠵᠣᠷᠢᠭ ᠢ ᠬᠦᠪᠴᠢᠯᠡᠵᠦ᠂ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠳᠤᠷᠠᠳᠤᠭᠰᠠᠨ ᠬᠠᠷᠠᠯᠲᠠ ᠶᠢ ᠪᠡᠶᠡᠯᠡᠬᠦᠯᠬᠦ ᠡᠬᠦᠷᠭᠡ ᠬᠦᠨᠳᠦ ᠵᠠᠮ ᠬᠤᠯᠠ ᠪᠠᠶᠢᠨ᠎ᠠ᠃  ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠵᠢᠴᠢ ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠨᠠᠮ ᠤᠨ ᠲᠦᠯᠦᠭᠡᠯᠡᠭᠴᠢᠳ ᠤᠨ ᠬᠤᠷᠠᠯ ᠢ ᠬᠤᠷᠠᠯᠳᠤᠭᠤᠯᠤᠭᠰᠠᠨ ᠴᠢᠬᠤᠯᠠ ᠠᠴᠢ ᠬᠤᠯᠪᠤᠬᠳᠠᠯ ᠢ ᠴᠢᠨᠠᠭᠰᠢᠳᠠ ᠲᠤᠳᠤᠷᠬᠠᠢ ᠲᠠᠨᠢᠵᠦ᠂ ᠨᠠᠮ ᠤᠨ ᠲᠦᠯᠦᠬᠡᠯᠡᠭᠴᠢᠳ ᠤᠨ ᠬᠤᠷᠠᠯ ᠤᠨ ᠢᠯᠡᠳᠭᠡᠯ ᠤᠨ ᠴᠢᠬᠤᠯᠠ ᠠᠭᠤᠯᠭ᠎ᠠ ᠶᠢᠨ ᠤᠬᠢ ᠱᠦᠯᠳᠦ ᠶᠢ ᠨᠢ ᠬᠦᠨᠵᠡᠬᠡᠢ ᠤᠶᠢᠯᠠᠭᠠᠵᠤ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠦ ᠨᠠᠶᠢᠳᠠᠪᠤᠷᠢᠵᠢᠭᠤᠯᠬᠤ ᠭᠠᠷᠳᠠᠬᠤ ᠴᠡᠭ ᠪᠤᠯᠤᠨ ᠬᠦᠴᠦᠯᠡᠬᠦ ᠴᠡᠭ ᠢᠶᠠᠨ ᠤᠨᠤᠪᠴᠢᠲᠠᠢ ᠡᠷᠢᠨ ᠤᠯᠵᠤ᠂ ᠢᠳᠡᠪᠬᠢᠲᠡᠢ ᠪᠠᠷ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠬᠲᠠᠭᠠᠬᠰᠠᠨ ᠡᠬᠦᠷᠭᠡ ᠬᠠᠷᠠᠯᠲᠠ ᠶᠢ ᠪᠡᠶᠡᠯᠡᠬᠦᠯᠬᠦ ᠳᠤ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠵᠦ᠂ ᠦᠪᠡᠷᠲᠡᠭᠡᠨ ᠵᠠᠰᠠᠬᠤ ᠤᠷᠤᠨ ᠠᠴᠠ ᠨᠠᠮ ᠤᠨ ᠲᠦᠯᠦᠬᠡᠯᠡᠭᠴᠢᠳ ᠤᠨ ᠬᠤᠷᠠᠯ ᠳᠡᠭᠡᠷ᠎ᠡ ᠲᠤᠬᠲᠠᠭᠠᠬᠰᠠᠨ ᠠᠤᠭ᠎ᠠ ᠲᠦᠰᠦᠪ ᠢ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠬᠠᠪᠰᠤᠷᠤᠨ ᠠᠬᠢᠭᠤᠯᠬᠤ ᠬᠡᠷᠡᠭᠲᠡᠢ᠃ ᠷᠧᠨ ᠶᠠ ᠫᠢᠩ ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠢ ᠱᠠᠭᠠᠷᠳᠠᠭᠰᠠᠨ ᠨᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ᠂ ᠪᠦᠬᠦ ᠲᠠᠯ ᠎ᠠ ᠪᠠᠷ ᠤᠢᠢᠯᠠᠭᠠᠬᠤ ᠶᠢ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠢᠨ ᠤᠷᠢᠳᠠᠯ ᠪᠤᠯᠭᠠᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠠᠵᠢᠯ ᠳᠠᠭᠠᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠠᠷ ︽ᠪᠠᠷᠢᠮᠵᠢᠶ᠎ᠠ︾ ᠪᠤᠯᠭᠠᠵᠤ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠱᠠᠭᠠᠷᠳᠠᠯᠭ᠎ᠠ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠦ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠬᠰᠠᠨ ᠬᠠᠷᠠᠯᠲᠠ ᠡᠬᠦᠷᠭᠡ ᠶᠢᠨ ᠲᠤᠭᠤᠷᠢᠨ ᠳᠤ ᠰᠡᠳᠦᠪ ᠰᠤᠩᠭᠤᠵᠦ᠂ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠰᠠᠨᠠᠭᠤᠯᠭ᠎ᠠ ᠳᠤᠷᠠᠳᠴᠤ᠂ ᠦᠬᠡ  ᠬᠡᠯᠡᠬᠦ ᠡᠷᠭᠡ ᠪᠠᠨ ᠬᠦᠢᠴᠡᠳ ᠠᠰᠢᠬᠯᠠᠨ ᠰᠠᠶᠢᠲᠤᠷ ᠠᠰᠢᠬᠯᠠᠨ᠂ ᠴᠢᠬᠤᠯᠠ ᠲᠠᠢ ᠦᠶ᠎ᠡ ᠳᠤ ᠠᠷᠭ᠎ᠠ ᠤᠬᠠᠭᠠᠨ ᠢᠶᠠᠨ ᠳᠡᠪᠰᠢᠭᠦᠯᠵᠦ᠂ ᠲᠦᠢᠯ ᠤᠨ ᠣᠨᠣᠪᠴᠢᠲᠠᠢ ᠪᠠᠷ ᠲᠦᠷᠦ ᠶᠢᠨ ᠶᠠᠪᠤᠳᠠᠯ ᠢ ᠵᠦᠪᠯᠡᠵᠦ᠂ ᠵᠠᠩᠭᠢᠯᠠᠭ᠎ᠠ ᠶᠢᠨ ᠭᠠᠵᠠᠷ ᠨᠢ ᠬᠢᠨᠠᠯᠲᠠ ᠲᠠᠯᠪᠢᠬᠤ ᠬᠡᠷᠡᠭᠲᠡᠢ ᠭᠡᠵᠡᠢ᠃            ᠷᠧᠨ ᠶᠠ ᠫᠢᠩ ᠱᠠᠭᠠᠷᠳᠠᠬᠰᠠᠨ ᠨᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠵᠢᠯᠤᠭᠤᠳᠤᠯᠭ᠎ᠠ  ᠳᠤᠤᠷ᠎ᠠ᠂ ᠪᠦᠬᠦ ᠵᠢᠯ ᠤᠨ ᠡᠬᠦᠷᠭᠡ ᠪᠠᠨ ᠴᠢᠷᠮᠠᠶᠢᠨ ᠪᠡᠶᠡᠯᠡᠬᠦᠯᠬᠦ ᠬᠡᠷᠡᠭᠲᠡᠢ᠃ ᠲᠦᠯᠦᠪᠯᠡᠭᠡ ᠶᠤᠰᠤᠭᠠᠷ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠲᠤᠰᠬᠠᠢ ᠰᠡᠳᠦᠪᠲᠦ ᠬᠦᠮᠦᠵᠢᠯ ᠢ ᠰᠠᠶᠢᠲᠤᠷ ᠦᠷᠨᠢᠬᠦᠯᠵᠦ᠂ ᠤᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠬᠡᠷᠡᠭᠲᠡᠢ᠃ ᠡᠨᠡ ᠵᠢᠯ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠢᠷᠡᠬᠦ ᠵᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠢᠷᠡᠬᠦ ᠵᠢᠯ ᠤᠨ ᠤᠯᠤᠰ ᠲᠦᠷᠦ ᠶᠢᠨ ᠵᠦᠪᠯᠡᠯᠬᠡᠨ ᠤ ᠤᠨ ᠤ ᠵᠦᠪᠯᠡᠬᠦ ᠲᠦᠯᠦᠪᠯᠡᠭᠡ ᠶᠢ ᠰᠠᠶᠢᠲᠤᠷ ᠲᠤᠬᠲᠠᠭᠠᠬᠤ ᠬᠡᠷᠡᠭᠲᠡᠢ᠃ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠪᠤᠯᠤᠨ ᠠᠷᠪᠠᠨ ᠨᠢᠬᠡᠳᠦᠬᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠪᠡᠯᠡᠳᠭᠡᠯ ᠠᠵᠢᠯ ᠢ ᠬᠢᠨᠠᠮᠠᠭᠠᠢ ᠬᠢᠵᠦ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠵᠤᠷᠢᠭ ᠰᠠᠨᠠᠭ᠎ᠠ ᠶᠢ ᠤᠯᠤᠰ ᠲᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠪᠦᠬᠦ ᠶᠠᠪᠤᠴᠠ ᠳᠤ ᠲᠤᠤᠱᠯᠠᠭᠤᠯᠵᠦ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠤᠰ ᠲᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠤᠳᠠᠳᠦ ᠦᠷ᠎ᠡ ᠪᠦᠲᠦᠮᠵᠢ ᠪᠤᠯᠭᠠᠨ ᠬᠤᠪᠢᠷᠠᠭᠤᠯᠵᠤ᠂ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠬᠡ ᠤᠯᠤᠰ ᠤᠨ ᠤᠮᠠᠷᠠᠲᠦ ᠶᠢᠨ ᠦᠵᠡᠮᠵᠢ ᠶᠢᠨ ᠤᠷᠤᠨ ᠢ ᠨᠡᠩ ᠦᠵᠡᠰᠬᠦᠯᠡᠩᠲᠦ ᠰᠠᠶᠢᠬᠠᠨ ᠪᠤᠯᠭᠠᠨ ᠪᠦᠲᠦᠬᠡᠨ ᠪᠠᠶᠢᠭᠤᠯᠬᠤ ᠳᠤ ᠦᠨᠡᠨᠬᠦ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号