ᠥᠪᠥᠷ ᠮᠣᠩᠭᠤᠯ ︽ᠭᠠᠭᠴᠠ ᠴᠣᠩᠬᠤᠪᠴᠢ︾ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ 2017 ᠣᠨ ᠤ ᠵᠢᠯ ᠤᠨ ᠡᠴᠦᠰ ᠠᠴᠠ ᠡᠮᠦᠨ᠎ᠡ ᠣᠯᠠᠨ ᠤᠯᠤᠰ ᠤᠨ ᠠᠷᠠᠯᠵᠢᠶᠠᠨ ᠤ ︽ᠭᠠᠭᠴᠠ | ᠴᠣᠩᠬᠤᠪᠴᠢ︾ ᠶᠢ ᠪᠥᠬᠦ ᠣᠷᠣᠨ ᠤ ᠬᠡᠪᠴᠢᠶᠡᠨ ᠳᠤ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠶᠢ ᠪᠡᠶᠡᠯᠡᠭᠦᠯᠬᠦ | ᠪᠠᠷ ᠴᠢᠷᠮᠠᠶᠢᠵᠤ ᠪᠠᠶᠢᠨ᠎ᠠ᠃ | ᠥᠪᠥᠷ ᠮᠣᠩᠭᠤᠯ 2015 ᠣᠨ ᠤ 6 ᠳ᠋ᠤᠭᠠᠷ ᠰᠠᠷ᠎ᠠ ᠳᠤ ︽ᠭᠠᠭᠴᠠ ᠴᠣᠩᠬᠤᠪᠴᠢ︾ ᠶᠢᠨ | ᠪᠠᠶᠢᠭᠤᠯᠤᠯᠲᠠ ᠶᠢ ᠡᠬᠢᠯᠡᠭᠦᠯᠵᠦ᠂ ᠣᠳᠣ ᠨᠢᠭᠡᠨᠲᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠣ᠂ | ᠪᠣᠭᠤᠮᠲᠠ ᠶᠢᠨ ᠡᠯᠧᠺᠲᠷᠣᠨ ᠰᠠᠭᠤᠷᠢ ᠲᠠᠪᠴᠠᠩ ᠢ ᠪᠠᠶᠢᠭᠤᠯᠤᠭᠰᠠᠨ ᠤ ᠬᠠᠮᠲᠤ ᠪᠣᠭᠤᠮᠲᠠ ᠶᠢᠨ ᠡᠯᠧᠺᠲᠷᠣᠨ | ᠲᠤᠰᠬᠠᠶ ᠰᠦᠯᠵᠢᠶ᠎ᠡ᠂ ᠬᠠᠷᠠᠭᠠᠨ ᠳᠠᠪᠲᠠᠮᠵᠢᠲᠤ ᠵᠢᠯᠣᠭᠤᠳᠬᠤ ᠰᠢᠰᠲ᠋ᠧᠮ᠂ ᠬᠠᠷᠠᠭᠠᠨ ᠳᠠᠪᠲᠠᠮᠵᠢᠲᠤ ᠬᠤᠷᠠᠯ ᠵᠡᠷᠭᠡ | ᠭᠤᠷᠪᠠᠨ ᠰᠢᠰᠲ᠋ᠧᠮ ᠢ ᠡᠯ᠎ᠡ ᠪᠣᠭᠤᠮᠲᠠ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ︽ᠭᠠᠭᠴᠠ ᠴᠣᠩᠬᠤᠪᠴᠢ︾ | ᠶᠢᠨ ᠪᠠᠶᠢᠭᠤᠯᠤᠯᠲᠠ ᠶᠢᠨ ᠲᠠᠯ᠎ᠠ ᠪᠠᠷ᠂ ︽ᠭᠠᠭᠴᠠ ᠴᠣᠩᠬᠤᠪᠴᠢ︾ ᠶᠢᠨ ᠪᠠᠷᠠᠭ᠎ᠠ ᠠᠴᠢᠶᠠᠯᠠᠵᠤ ᠲᠡᠭᠡᠭᠡᠪᠦᠷᠢᠯᠡᠬᠦ | ᠲᠤᠬᠠᠶ ᠭᠤᠶᠤᠴᠢᠯᠠᠨ ᠮᠡᠳᠡᠭᠦᠯᠬᠦ ᠲᠦᠷᠦᠯ ᠵᠦᠢᠯ ᠤᠨ ︽ᠨᠢᠭᠡ ᠦᠷᠳᠡᠭᠡᠯᠢᠭ ᠭᠤᠶᠤᠴᠢᠯᠠᠨ ᠮᠡᠳᠡᠭᠦᠯᠬᠦ ᠰᠢᠰᠲ᠋ᠧᠮ︾ | ᠢ ᠪᠡᠶᠡᠯᠡᠭᠦᠯᠵᠦ᠂ ᠪᠣᠭᠤᠮᠲᠠ ᠪᠣᠯᠣᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠲᠤᠪᠴᠢᠶ᠎ᠠ ᠶᠢᠨ ᠠᠷᠤ ᠲᠠᠪᠴᠠᠩ ᠤᠨ ᠳ᠋ᠠᠶᠢᠲ᠋ᠠ ᠶᠢᠨ ᠨᠡᠪᠲᠡᠷᠬᠡᠶ ᠬᠡᠯᠬᠢᠶ᠎ᠡ ᠶᠢ ᠪᠠᠶᠢᠭᠤᠯᠵᠤ᠂ | ᠪᠣᠭᠤᠮᠲᠠ ᠳᠤ ᠮᠡᠳᠡᠭᠦᠯᠵᠦ ᠰᠢᠯᠭᠠᠨ ᠪᠠᠶᠢᠴᠠᠭᠠᠯᠭᠠᠬᠤ ᠶᠢᠨ ᠭᠠᠭᠴᠠ ᠤᠳᠠᠭᠠᠨ ᠤ ᠭᠤᠶᠤᠴᠢᠯᠠᠨ ᠮᠡᠳᠡᠭᠦᠯᠦᠯᠲᠡ ᠪᠠ | ᠨᠢᠭᠡ ᠬᠠᠭᠤᠳᠠᠰᠤ ᠪᠠᠷ ᠣᠯᠠᠨ ᠮᠡᠳᠡᠭᠦᠯᠬᠦ ᠵᠡᠷᠭᠡ ᠴᠢᠳᠠᠪᠬᠢ ᠶᠢ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠬᠤᠶᠢᠰᠢᠳᠠ ᠪᠦᠬᠦ ᠣᠷᠣᠨ ᠤ ︽ᠭᠠᠭᠴᠠ ᠴᠣᠩᠬᠤᠪᠴᠢ︾ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠨ ᠠᠬᠢᠭᠤᠯᠵᠤ᠂ ︽ᠭᠠᠭᠴᠠ ᠴᠣᠩᠬᠤᠪᠴᠢ︾ ᠶᠢᠨ ᠲᠣᠮᠣ | ᠳ᠋ᠠᠶᠢᠲ᠋ᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠷ ᠳᠠᠮᠵᠢᠵᠤ᠂ ᠡᠯᠧᠺᠲᠷᠣᠨ ᠬᠢᠯᠢ ᠶᠢᠨ ᠪᠣᠭᠤᠮᠲᠠ ᠶᠢᠨ ᠪᠥᠳᠤᠬᠡᠨ | ᠪᠠᠶᠢᠭᠤᠯᠤᠯᠲᠠ ᠶᠢ ᠨᠢᠭᠡᠳᠦᠯᠲᠡᠶ ᠬᠠᠮᠢᠶᠠᠷᠤᠯᠲᠠ ᠶᠢ ᠴᠢᠩᠭᠠᠳᠬᠠᠬᠤ ᠪᠠ ᠠᠵᠢᠯᠯᠠᠭᠠᠨ ᠢ ᠬᠠᠮᠠᠭᠠᠯᠠᠬᠤ ᠵᠢᠴᠢ ᠤᠯᠠᠨ | ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠳ᠋ᠠᠶᠢᠲ᠋ᠠ ᠶᠢ ᠬᠠᠮᠲᠤ ᠪᠠᠷ ᠪᠠᠶᠢᠭᠤᠯᠬᠤ᠂ ᠬᠠᠮᠲᠤ ᠪᠠᠷ | ᠬᠠᠮᠢᠶᠠᠷᠬᠤ ᠪᠠ ᠬᠠᠮᠲᠤ ᠪᠠᠷ ᠡᠳ᠋ᠯᠡᠬᠦ ᠶᠢ ᠠᠬᠢᠭᠤᠯᠬᠤ ᠵᠡᠷᠭᠡ ᠤᠯᠠᠨ ᠲᠠᠯ᠎ᠠ ᠪᠠᠷ ᠥᠪᠡᠷᠮᠢᠴᠡ ᠣᠨᠴᠠᠯᠢᠭ ᠪᠦᠬᠦᠢ | ᠥᠪᠥᠷ ᠮᠣᠩᠭᠤᠯ ᠤᠨ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠡᠭᠦᠯᠡᠨ ᠲᠠᠪᠴᠠᠩ ᠢ | ᠪᠠᠶᠢᠭᠤᠯᠬᠤ ᠶᠢ ᠠᠬᠢᠭᠤᠯᠤᠨ᠂ ᠤᠯᠠᠨ ᠤᠯᠤᠰ ᠤᠨ ᠠᠷᠠᠯᠵᠢᠶᠠᠨ ᠤ ᠬᠠᠮᠢᠶᠠᠷᠤᠯᠲᠠ ᠪᠣᠯᠣᠨ ᠪᠣᠭᠤᠮᠲᠠ ᠥᠩᠭᠡᠷᠡᠬᠦ | ᠭᠤᠭᠴᠤᠭ᠎ᠠ ᠶᠢ ᠳᠦᠭᠦᠮᠴᠢᠯᠡᠨ᠂ ᠠᠷᠠᠯᠵᠢᠶᠠᠨ ᠤ ᠳᠥᠭᠦᠮᠴᠢᠯᠡᠯᠲᠡ ᠪᠣᠯᠣᠨ ᠭᠠᠳᠠᠭᠠᠳᠤ ᠨᠡᠬᠡᠬᠡᠯᠲᠡ ᠶᠢᠨ ᠬᠢᠷᠢ | ᠲᠥᠪᠰᠢᠨ ᠢ ᠳᠡᠭᠡᠭᠰᠢᠯᠡᠭᠦᠯᠬᠦ ᠪᠣᠯᠣᠨ᠎ᠠ᠃ |