ᠥᠪᠥᠷ ᠵᠠᠰᠠᠭ ᠲᠠᠷᠬᠠᠭᠠᠭᠰᠠᠨ ﹇2016﹈ 48 ᠳ᠋ᠤᠭᠠᠷ ᠲᠤᠭᠠᠳᠤ | 4 ᠳ᠋ᠦ᠋ᠭᠡᠷ ᠰᠠᠷ᠎ᠠ ᠶᠢᠨ 28 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠲᠦᠷᠭᠡᠨ ᠬᠦᠷᠭᠡᠬᠦ ᠦᠢᠯᠡᠰ ᠪᠣᠯ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠬᠤᠯᠠ | ᠪᠦᠷᠢᠯᠳᠦᠬᠦᠨ ᠬᠡᠰᠡᠭ ᠮᠥᠨ᠂ ᠭᠦᠢᠯᠭᠡᠭᠡᠨ ᠤ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠣ᠂ ᠬᠡᠷᠡᠭᠯᠡᠭᠡ ᠶᠢᠨ | ᠳᠡᠰ ᠳᠡᠪᠰᠢᠬᠦ ᠶᠢ ᠠᠬᠢᠭᠤᠯᠬᠤ ᠶᠢᠨ ᠣᠳᠣᠬᠢᠴᠢᠯᠠᠭᠰᠠᠨ ᠤᠳᠤᠷᠢᠳᠤᠮᠵᠢ ᠶᠢᠨ ᠴᠢᠨᠠᠷᠲᠠᠶ ᠠᠵᠤ ᠦᠢᠯᠡᠰ ᠪᠣᠯᠣᠨ᠎ᠠ᠃ | ︽ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ ᠤᠳ︾ ︵ᠲᠥᠷᠥ ᠲᠠᠷᠬᠠᠭᠠᠭᠰᠠᠨ ﹇2015﹈ 61 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠲᠦᠷᠭᠡᠨ ᠬᠦᠷᠭᠡᠬᠦ ᠦᠢᠯᠡᠰ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ | ᠤᠶᠠᠯᠳᠤᠭᠤᠯᠵᠣ᠂ ᠡᠳᠦᠭᠡ ᠳᠣᠣᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠦᠷᠭᠡᠨ | ᠬᠦᠷᠭᠡᠬᠦ ᠦᠢᠯᠡᠰ ᠢ ᠭᠦᠭᠵᠢᠭᠦᠯᠭᠦ ᠰᠢᠢᠣᠡᠪᠣᠷᠢᠳᠣ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠨ ᠶᠢ ᠪᠤᠶᠢᠵᠢᠭᠤᠯᠤᠨ | ᠪᠤᠵᠠᠭᠠᠶᠢᠷᠠᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠳᠤ ᠠᠭᠤᠰᠬᠠᠬᠤ ᠶᠢᠨ ᠬᠠᠮᠲᠤ | ᠳᠡᠭᠦᠨ ᠯᠦᠭᠡ ᠵᠣᠯᠭᠠᠭᠤᠯᠵᠣ᠂ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠬᠤᠲᠠ ᠬᠥᠳᠡᠭᠡ ᠪᠠᠷ ᠨᠡᠶᠢᠳᠡᠮ ᠠᠰᠢᠭ | ᠬᠦᠷᠲᠡᠭᠡᠭᠦ ᠶᠢ ᠥᠷᠭᠡᠳᠬᠡᠨ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠡᠬᠢ ᠪᠠᠶᠠᠯᠢᠭ ᠢ ᠨᠡᠶᠢᠯᠡᠭᠦᠯᠵᠦ᠂ | ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠶᠡᠷᠦᠩᠬᠡᠶᠢᠯᠡᠭᠰᠡᠨ ᠲᠠᠪᠴᠠᠩ ᠪᠠ ᠣᠷᠣᠨ ᠪᠦᠰᠡ ᠶᠢᠨ ᠴᠢᠨᠠᠷᠲᠠᠶ | ᠠᠷᠠᠯᠵᠢᠶ᠎ᠠ ᠬᠤᠳᠠᠯᠳᠤᠭ᠎ᠠ ᠶᠢᠨ ᠪᠣᠳᠠᠰ ᠤᠨ ᠭᠦᠢᠯᠭᠡᠭᠡᠨ ᠤ ᠲᠥᠪ ᠢ ᠪᠠᠶᠢᠭᠤᠯᠵᠣ᠂ ︽ᠠᠵᠤ ᠦᠢᠯᠡᠳᠪᠦᠷᠢ ᠶᠢᠨ | ᠦᠢᠯᠡᠣᠡᠭᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ | ᠣᠷᠣᠭᠤᠯᠬᠤ︾ ᠬᠤᠣᠰ ᠴᠢᠭᠯᠡᠯ ᠢᠶᠠᠷ ᠭᠦᠢᠯᠭᠡᠯᠡᠭᠦ ᠵᠠᠮ ᠮᠦᠷ ᠢ ᠴᠣᠭᠴᠠᠯᠠᠵᠣ᠂ ᠳᠥᠭᠦᠮ ᠳᠥᠲᠡ ᠦᠨᠳᠣᠷ ᠦᠷ᠎ᠡ | ᠪᠦᠲᠦᠮᠵᠢᠳᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠮᠡᠷᠭᠡᠵᠢᠯ ᠨᠢ ᠳᠡᠷᠢᠭᠦᠨ ᠤ᠂ ᠦᠢᠯᠡᠴᠢᠯᠡᠭᠡ ᠨᠢ ᠴᠢᠨᠠᠷ | ᠰᠠᠶᠢᠲᠠᠶ ᠲᠦᠷᠭᠡᠨ ᠬᠦᠷᠭᠡᠬᠦ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃ | ︵ᠬᠤᠶᠠᠷ︶ ᠬᠥᠭᠵᠢᠭᠦᠯᠬᠦ ᠬᠠᠷᠠᠯᠲᠠ᠃ ᠵᠠᠰᠠᠭ ᠤᠨ ᠣᠷᠳᠣᠨ ᠭᠦᠳᠣᠯᠣᠨ ᠵᠢᠯᠣᠭᠤᠣᠠᠬᠤ᠂ ᠠᠵᠤ | ᠠᠬᠤᠶᠢᠯᠠᠯ ᠬᠡᠷᠡᠭᠵᠢᠭᠦᠯᠬᠦ᠂ ᠭᠤᠣᠯᠳᠠᠯᠭ᠎ᠠ ᠶᠢ ᠲᠤᠪᠤᠶᠢᠯᠭᠠᠬᠤ᠂ ᠠᠯᠬᠤᠮ ᠬᠤᠪᠢᠶᠠᠨ ᠠᠬᠢᠭᠤᠯᠬᠤ᠂ ᠵᠠᠬ᠎ᠠ | ᠳᠡᠯᠭᠡᠭᠦᠷ ᠢᠶᠠᠷ ᠠᠵᠢᠯᠯᠠᠭᠤᠯᠬᠤ᠂ ᠪᠣᠳᠠᠳᠣ ᠦᠷ᠎ᠡ ᠪᠦᠲᠦᠮᠵᠢ ᠶᠢ ᠡᠷᠬᠢᠮᠯᠡᠬᠦ ᠵᠠᠷᠴᠢᠮ ᠢ ᠪᠠᠷᠢᠮᠳᠠᠯᠠᠵᠣ᠂ ᠲᠦᠷᠭᠡᠨ | ᠬᠦᠷᠭᠡᠬᠦ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠣᠨ᠎ᠠ᠃ ︽ᠢᠨᠲ᠋ᠧᠷ | ᠰᠦᠯᠵᠢᠶ᠎ᠡ +︾ ᠲᠦᠷᠭᠡᠨ ᠬᠦᠷᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ 2020 ᠣᠨ ᠪᠣᠯᠬᠤ ᠳᠤ | ᠳᠤᠮᠳᠠ ᠬᠡᠰᠡᠭ ᠨᠢ ᠬᠥᠬᠡᠬᠤᠲᠠ ᠢᠶᠠᠷ ᠲᠦᠪ ᠪᠣᠯᠭᠠᠵᠤ᠂ ᠵᠡᠭᠦᠨ ᠬᠡᠰᠡᠭ ᠨᠢ ᠲᠦᠩᠯᠢᠶᠣᠤ ᠬᠤᠳᠠ᠂ ᠤᠯᠠᠭᠠᠠᠬᠠᠳᠠ | ᠬᠤᠲᠠ ᠪᠠᠷ ᠲᠦᠪ ᠪᠣᠯᠭᠠᠵᠤ᠂ ᠪᠠᠷᠠᠭᠤᠨ ᠬᠡᠰᠡᠭ ᠨᠢ ᠪᠤᠭᠤᠲᠤ ᠬᠤᠳᠠ᠂ ᠤᠷᠳᠤᠰ ᠬᠤᠳᠠ ᠪᠠᠷ ᠲᠥᠪ ᠪᠣᠯᠭᠠᠭᠰᠠᠨ᠂ | ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠲᠥᠷᠪᠡᠨ ᠱᠠᠳᠣ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ | ᠦᠷ᠎ᠡ ᠪᠦᠲᠦᠮᠵᠢᠲᠡᠶ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠣ᠂ ︽ᠠᠶᠢᠮᠠᠭ ᠬᠤᠳᠠ ᠨᠢ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ᠨᠢ | ᠬᠤᠪᠢᠶᠠᠨ ᠰᠠᠯᠭᠠᠵᠤ ᠥᠭᠬᠦ ᠲᠥᠪ ᠲᠠᠢ᠂ ᠰᠢᠶᠠᠩ ᠪᠠᠯᠭᠠᠰᠤ ᠨᠢ ᠰᠦᠯᠵᠢᠶᠠᠨ ᠴᠢᠬ ᠲᠠᠢ᠂ ᠭᠠᠴᠠᠭ᠎ᠠ ᠲᠣᠰᠬᠤᠨ | ᠪᠣᠯᠭᠠᠨ ᠳᠤ ᠲᠦᠷᠭᠡᠨ ᠬᠦᠷᠭᠡᠯᠳᠠ ᠨᠡᠪᠲᠡᠷᠡᠭᠰᠡᠨ︾ ᠪᠠᠶᠢᠳᠠᠯ ᠢ ᠦᠨᠳᠦᠰᠦᠨ ᠳᠡᠭᠡᠨ ᠪᠡᠶᠡᠯᠡᠭᠦᠯᠣᠨ᠎ᠠ᠃ ᠮᠠᠨ ᠤ | ᠣᠷᠣᠨ ᠤ ᠣᠨᠴᠤᠭᠤᠢ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠷᠭᠢᠨ ᠲᠣᠭᠤᠷᠢᠨ ᠢ | ᠬᠤᠯᠪᠤᠭᠰᠠᠨ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠪᠣᠯᠤᠨ ᠮᠣᠩᠭᠤᠯ | ᠤᠯᠤᠰ᠂ ᠣᠷᠣᠰ ᠢ ᠨᠦᠯᠦᠭᠡᠯᠡᠨ ᠳᠠᠶᠢᠴᠢᠯᠠᠬᠤ ᠣᠷᠣᠨ ᠪᠦᠰᠨ ᠶᠢᠨ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ | ᠰᠦᠯᠵᠢᠶ᠎ᠡ ᠶᠢ ᠪᠠᠶᠢᠭᠤᠯᠣᠨ᠎ᠠ᠃ | ᠲᠦᠷᠭᠡᠨ ᠬᠦᠷᠭᠡᠬᠦ ᠦᠢᠯᠡᠰ ᠤᠨ ᠬᠡᠪᠴᠢᠶᠠᠳᠣ ᠦᠷ᠎ᠡ ᠠᠰᠢᠭ᠂ ᠦᠢᠯᠡᠴᠢᠯᠡᠭᠡᠨ ᠤ ᠬᠢᠷᠢ ᠭᠡᠮᠵᠢᠶ᠎ᠠ ᠶᠢ | ᠢᠯᠡᠳᠲᠡ ᠳᠡᠭᠡᠭᠰᠢᠯᠡᠭᠦᠯᠦᠨ᠎ᠡ᠃ 2020 ᠣᠨ ᠪᠣᠯᠬᠤ ᠳᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ | ᠣᠷᠣᠯᠭ᠎ᠠ ᠶᠢ 36 ᠳ᠋ᠦᠩᠰᠢᠭᠤᠷ ᠲᠥᠭᠦᠷᠢᠭ ᠲᠤ ᠭᠦᠷᠣᠭᠦᠯᠵᠣ᠂ ᠵᠢᠯ ᠪᠦᠷᠢ ᠳᠤᠮᠳᠠᠴᠢ ᠪᠠᠷ 24% ᠪᠠᠷ | ᠨᠡᠮᠡᠭᠳᠡᠭᠦᠯᠦᠨ᠎ᠡ︔ ᠲᠦᠷᠭᠡᠨ ᠬᠦᠷᠭᠡᠬᠦ ᠶᠢᠨ ᠲᠤᠬᠠᠶᠢᠯᠠᠭᠰᠠᠨ ᠠᠵᠢᠯ ᠤᠨ ᠭᠡᠮᠵᠢᠶ᠎ᠠ ᠶᠢ 2 ᠳ᠋ᠦᠩᠰᠢᠭᠤᠷ ᠵᠦᠢᠯ ᠳᠤ | ᠭᠦᠷᠣᠭᠦᠯᠵᠣ᠂ ᠵᠢᠯ ᠪᠦᠷᠢ ᠳᠤᠮᠳᠠᠴᠢ ᠪᠠᠷ 28% ᠠᠴᠠ ᠳᠡᠭᠡᠭᠰᠢ ᠪᠠᠷ ᠨᠡᠮᠡᠭᠳᠡᠭᠦᠯᠣᠨ᠎ᠠ︔ ᠵᠢᠯ ᠤᠨ | ᠦᠢᠯᠡᠴᠢᠯᠡᠭᠡ ᠶᠢ 10 ᠳ᠋ᠦᠩᠰᠢᠭᠤᠷ ᠬᠥᠮᠦᠨ ᠤᠳᠠᠭ᠎ᠠ ᠳᠤ ᠭᠦᠷᠣᠭᠦᠯᠵᠣ᠂ ᠡᠯᠧᠺᠲᠷᠣᠨ ᠬᠤᠳᠠᠯᠳᠤᠭᠠᠴᠢᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠣᠷ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ | ᠠᠷᠠᠯᠵᠢᠶᠠᠨ ᠤ ᠬᠡᠮᠵᠢᠶ᠎ᠡ ᠶᠢ 400 ᠳ᠋ᠦᠩᠰᠢᠭᠤᠷ ᠲᠥᠭᠦᠷᠢᠭ ᠲᠤ ᠬᠦᠷᠣᠭᠦᠯᠵᠣ᠂ ᠨᠡᠶᠢᠭᠡᠮ ᠤᠨ ᠬᠡᠷᠡᠭᠯᠡᠭᠡ ᠶᠢᠨ | ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠬᠠᠷᠢᠴᠠᠯ ᠢ 5% ᠣᠷᠴᠢᠮ ᠳᠤ ᠬᠦᠷᠦᠭᠦᠯᠣᠨᠠ︔ | ᠵᠢᠯ ᠤᠨ ᠲᠣᠬᠠᠶᠢᠯᠠᠭᠰᠠᠨ ᠠᠵᠢᠯ ᠤᠨ ᠣᠷᠣᠯᠭ᠎ᠠ ᠨᠢ 5 ᠳ᠋ᠦᠩᠰᠢᠭᠤᠷ ᠲᠥᠭᠦᠷᠢᠭ ᠠᠴᠠ ᠳᠠᠪᠠᠭᠰᠠᠨ ᠠᠵᠤ | ᠠᠬᠤᠶᠢᠯᠠᠯ ᠢ 2 ᠡᠷᠣᠭᠡ᠂ ᠳ᠋ᠦᠩᠰᠢᠭᠤᠷ ᠲᠥᠭᠦᠷᠢᠭ ᠠᠴᠠ ᠳᠠᠪᠠᠭᠰᠠᠨ ᠠᠵᠤ ᠠᠬᠤᠶᠢᠯᠠᠯ ᠢ 5 ᠡᠷᠣᠭᠡ | ᠪᠦᠢᠵᠢᠭᠤᠯᠵᠣ᠂ ᠰᠢᠨ᠎ᠡ ᠪᠠᠷ ᠨᠡᠮᠡᠭᠳᠡᠭᠰᠡᠨ ᠠᠵᠢᠯ ᠣᠯᠭᠤᠬᠤ ᠠᠵᠢᠯ ᠤᠨ ᠪᠠᠶᠢᠷᠢ ᠶᠢ ᠨᠠᠶᠢᠳᠠ 2 ᠲᠦᠮᠨ ᠳᠤ | ᠭᠦᠷᠣᠭᠦᠯᠣᠨ᠎ᠠ︔ ᠲᠦᠷᠭᠡᠨ ᠬᠦᠷᠭᠡᠬᠦ ᠠᠵᠤ ᠠᠬᠤᠶᠢᠯᠠᠯ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ | ᠡᠵᠡᠩᠨᠡᠯᠳᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ ᠤ | ᠲᠣᠣᠷ ᠴᠢᠬ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠨᠤᠷᠮ᠎ᠠ ᠶᠢ 90% ᠳᠤ ᠭᠦᠷᠣᠭᠦᠯᠣᠨ᠎ᠠ︔ | ᠵᠠᠭᠠᠯᠳᠤᠯᠭ᠎ᠠ ᠶᠢ ᠰᠢᠢᠣᠡᠪᠣᠷᠢᠯᠡᠭᠰᠠᠨ ᠬᠠᠨᠤᠮᠵᠢ ᠶᠢᠨ ᠨᠣᠷᠮ᠎ᠠ ᠶᠢ 95% ᠠᠴᠠ ᠳᠡᠭᠡᠭᠰᠢ ᠳᠤ ᠭᠦᠷᠣᠭᠦᠯᠵᠣ᠂ ᠠᠵᠢᠯ | ᠲᠦᠷᠦᠯ ᠤᠨ ᠨᠡᠶᠢᠭᠡᠮ ᠤᠨ ᠬᠡᠷᠡᠭᠯᠡᠭᠴᠢ ᠳᠤ ᠦᠢᠯᠡᠴᠢᠯᠡᠭᠰᠡᠨ ᠬᠠᠨᠤᠮᠵᠢ ᠶᠢᠨ ᠨᠣᠷᠮ᠎ᠠ ᠶᠢ 85% ᠠᠴᠠ ᠳᠡᠭᠡᠭᠰᠢ ᠳᠤ | ᠭᠦᠷᠣᠭᠦᠯᠣᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠵᠣ | ᠪᠤᠵᠠᠭᠠᠶᠢᠷᠠᠭᠤᠯᠣᠨ᠎ᠠ᠃ ᠡᠯ᠎ᠡ ᠲᠦᠷᠤᠯ ᠤᠨ ᠬᠥᠷᠤᠩᠭᠡ ᠶᠢᠨ ᠬᠠᠤᠯᠢ ᠶᠣᠰᠣᠭᠠᠷ ᠲᠦᠷᠭᠡᠨ ᠬᠦᠷᠭᠡᠬᠦ ᠬᠦᠷᠢᠶᠡᠨ ᠳᠤ | ᠣᠷᠣᠬᠤ ᠶᠢ ᠵᠣᠷᠢᠬᠵᠢᠭᠤᠯᠵᠣ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠨᠡᠶᠢᠯᠡᠵᠦ ᠲᠡᠬᠢᠨ ᠵᠣᠬᠢᠶᠠᠨ ᠪᠠᠶᠢᠭᠤᠯᠬᠤ᠂ | ᠡᠬᠢ ᠪᠠᠶᠠᠯᠢᠭ ᠢᠶᠠᠨ ᠨᠡᠶᠢᠯᠡᠭᠦᠯᠭᠦ᠂ ᠬᠠᠮᠲᠤᠪᠠᠷ ᠬᠥᠭᠵᠢᠬᠦ ᠶᠢ ᠳᠡᠮᠵᠢᠵᠣ᠂ ᠨᠢᠭᠡ ᠪᠦᠯᠦᠭ ᠨᠢᠷᠣᠭᠤᠪᠴᠢ ᠭᠦᠳᠣᠴᠢ | ᠲᠦᠷᠭᠡᠨ ᠬᠦᠷᠭᠡᠬᠦ ᠠᠵᠤ ᠠᠬᠤᠶᠢᠯᠠᠯ ᠢ ᠪᠤᠶᠢᠵᠢᠭᠤᠯᠣᠨ᠎ᠠ᠃ ᠳᠤᠮᠳᠠ ᠵᠢᠵᠢᠭ ᠲᠦᠷᠭᠡᠨ ᠭᠦᠷᠭᠡᠭᠦ ᠠᠵᠤ | ᠠᠬᠤᠶᠢᠯᠠᠯ ᠤᠨ ᠦᠨ᠎ᠡ ᠬᠠᠩᠰᠢ ᠶᠢᠨ ᠥᠷᠢᠰᠥᠯᠳᠦᠭᠡᠨ ᠢᠶᠠᠷ ᠭᠤᠣᠯ ᠪᠣᠯᠭᠠᠭᠰᠠᠨ ᠲᠣᠣᠷᠠᠳᠣ ᠳᠡᠰ ᠤᠨ | ᠥᠷᠢᠰᠥᠯᠳᠦᠭᠡᠨ ᠤ ᠬᠡᠪ ᠵᠠᠭᠪᠤᠷ ᠠᠴᠠ ︽ᠬᠠᠮᠢᠶᠠᠷᠤᠯᠲᠠ ᠠᠴᠠ ᠦᠷ᠎ᠡ ᠠᠰᠢᠭ ᠣᠯᠬᠤ᠂ ᠦᠢᠯᠡᠴᠢᠯᠡᠭᠡ ᠪᠠᠷ | ᠬᠡᠷᠩᠯᠡᠭᠴᠢᠣᠨ ᠢ ᠦᠯᠡᠳᠡᠭᠡᠭᠦ︾ ᠬᠥᠭᠵᠢᠯᠲᠡ ᠶᠢᠨ ᠠᠷᠭ᠎ᠠ ᠬᠡᠯᠪᠡᠷᠢ ᠳᠡᠰᠢ ᠪᠠᠨ ᠬᠤᠪᠢᠷᠠᠬᠤ ᠶᠢ ᠭᠦᠳᠣᠯᠣᠨ | ᠵᠢᠯᠣᠭᠤᠳᠣᠨ᠎ᠠ᠃ ᠦᠨᠳᠦᠰᠦᠨ ᠱᠠᠲᠤᠨ ᠤ ᠲᠦᠷᠭᠡᠨ ᠬᠦᠷᠭᠡᠬᠦ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ | ᠲᠠᠯ᠎ᠠ ᠪᠠᠷ ᠬᠠᠮᠲᠤᠷᠠᠯᠴᠠᠬᠤ ᠪᠠᠷ ᠳᠡᠮᠵᠢᠨ᠂ ᠣᠷᠣᠨ ᠪᠦᠰᠡ ᠶᠢᠨ ᠳᠣᠲᠣᠷ᠎ᠠ ᠪᠠᠨ ᠦᠵᠦᠭᠦᠷ ᠲᠤ ᠭᠦᠷᠳᠡᠯ᠎ᠠ ᠬᠦᠷᠭᠡᠬᠦ | ᠣᠯᠠᠨ ᠡᠰᠢᠲᠦ ᠭᠤᠣᠯ ᠴᠣᠭᠴᠠ ᠶᠢ ᠪᠦᠢᠵᠠᠭᠠᠶᠢᠷᠠᠭᠤᠯᠣᠨ᠂ ᠲᠡᠭᠦᠰᠭᠡᠯ ᠦᠵᠣᠭᠦᠷ ᠲᠤ ᠭᠦᠷᠳᠡᠯ᠎ᠠ ᠬᠦᠷᠭᠡᠬᠦ ᠵᠠᠮ | ᠮᠦᠷ ᠢ ᠥᠷᠭᠡᠳᠬᠡᠭᠦ ᠶᠢ ᠵᠣᠷᠢᠬᠵᠢᠭᠤᠯᠣᠨ᠎ᠠ᠃ | ︵ᠬᠤᠶᠠᠷ︶ ︽ᠢᠨᠲ᠋ᠧᠷ ᠰᠦᠯᠵᠢᠶ᠎ᠡ +︾ ᠶᠢᠨ ᠲᠦᠷᠭᠡᠨ ᠬᠦᠷᠭᠡᠯᠳᠠ ᠶᠢ ᠬᠠᠮᠵᠢᠯᠴᠠᠨ ᠠᠬᠢᠭᠤᠯᠣᠨ᠎ᠠ᠃ | ᠬᠡᠪᠴᠢᠶᠡᠳᠣ ᠲᠦᠷᠭᠡᠨ ᠬᠦᠷᠭᠡᠬᠦ ᠠᠵᠤ ᠠᠬᠤᠶᠢᠯᠠᠯ ᠤᠨ ᠰᠢᠯᠵᠢᠮᠡᠯ ᠴᠢᠮᠡᠭᠡ ᠶᠢᠨ ᠬᠠᠮᠲᠦᠷᠠᠬᠰᠠᠨ ᠬᠤᠯᠪᠣᠭ᠎ᠠ᠂ ᠲᠣᠮᠣ | ᠲᠤᠭ᠎ᠠ ᠪᠠᠷᠢᠮᠳᠠ᠂ ᠡᠭᠦᠯᠡᠨ ᠪᠣᠳᠣᠯᠲᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ ᠲᠣᠣᠷ | ᠰᠦᠯᠵᠢᠶ᠎ᠡ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠡᠵᠡᠩᠨᠡᠯᠲᠡ ᠶᠢᠨ ᠦᠷ᠎ᠡ ᠠᠰᠢᠭ ᠢᠶᠠᠨ | ᠳᠡᠭᠡᠭᠰᠢᠯᠡᠭᠦᠯᠵᠣ᠂ ᠬᠥᠭᠵᠢᠯᠲᠡ ᠶᠢᠨ ᠣᠷᠣᠨ ᠵᠠᠶ ᠪᠠᠨ ᠨᠡᠭᠡᠭᠡᠨ ᠥᠷᠭᠡᠳᠬᠡᠵᠣ᠂ ᠶᠡᠷᠦᠩᠬᠡᠶᠢᠯᠡᠭᠰᠡᠨ ᠴᠢᠨᠠᠷᠲᠠᠶ | ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠬᠤᠳᠠᠯᠳᠤᠭᠠᠴᠢᠨ ᠤ ᠬᠡᠯᠪᠡᠷᠢ ᠳᠡᠰᠢ ᠪᠠᠨ | ᠲᠦᠷᠭᠡᠣᠡᠭᠡᠨ ᠬᠤᠪᠢᠷᠠᠭᠤᠯᠬᠤ ᠶᠢ ᠳᠡᠮᠵᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠳᠤ ᠲᠦᠷᠭᠡᠨ ᠬᠦᠷᠭᠡᠬᠦ | ᠦᠢᠯᠡᠰ ᠤᠨ ᠦᠢᠯᠡᠴᠢᠯᠡᠭᠦ ᠭᠤᠣᠯ ᠵᠠᠮ ᠮᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷ᠎ᠡ | ᠪᠠ ᠰᠦᠯᠵᠢᠶᠡᠨ ᠠᠴᠠ ᠭᠠᠳᠠᠭᠤᠷ ᠠᠭᠤᠰᠣᠯᠴᠠᠨ ᠬᠥᠭᠵᠢᠭᠦ ᠶᠢ ᠠᠬᠢᠭᠤᠯᠵᠣ᠂ ᠡᠯᠧᠺᠲᠷᠣᠨ ᠬᠤᠳᠠᠯᠳᠤᠭᠠᠴᠢᠨ᠂ | ᠲᠦᠷᠭᠡᠨ ᠬᠦᠷᠭᠡᠯᠳᠠ᠂ ᠬᠥᠮᠥᠷᠭᠡᠯᠡᠨ ᠬᠠᠳᠠᠭᠠᠯᠠᠬᠤ ᠭᠤᠷᠪᠠᠨ ᠶᠡᠭᠡ ᠲᠠᠪᠴᠠᠩ ᠤᠨ ᠭᠦᠨ ᠠᠭᠤᠰᠣᠯᠴᠠᠬᠤ ᠪᠠ | ᠬᠠᠮᠵᠢᠯᠴᠠᠨ ᠬᠥᠭᠵᠢᠭᠦ ᠶᠢ ᠪᠡᠶᠡᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠬᠦᠢᠲᠡᠨ ᠬᠡᠯᠬᠢᠶᠡᠰᠣᠨ ᠤ | ᠲᠦᠷᠭᠡᠨ ᠬᠦᠷᠭᠡᠬᠦ ᠵᠡᠷᠭᠡ ᠦᠢᠯᠡᠴᠢᠯᠡᠭᠡ ᠶᠢ ᠢᠳᠡᠪᠬᠢᠲᠡᠶ ᠪᠠᠷ ᠥᠷᠨᠢᠭᠦᠯᠬᠦ ᠶᠢ ᠵᠤᠷᠢᠬᠵᠢᠭᠤᠯᠤᠨ᠂ ᠳᠠᠷᠢᠶᠠᠯᠠᠩ ᠮᠠᠯ | ᠠᠵᠤ ᠠᠬᠤᠶ ᠳᠤ ᠬᠤᠯᠪᠣᠭᠳᠠᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠳᠤ | ᠢᠳᠡᠪᠬᠢᠲᠡᠶ ᠣᠷᠣᠯᠴᠠᠵᠤ᠂ ᠦᠪᠡᠷᠮᠢᠴᠨ ᠣᠨᠴᠠᠯᠢᠭ ᠲᠠᠢ ᠳᠠᠷᠢᠶᠠᠯᠠᠩ ᠮᠠᠯ ᠤᠨ ᠠᠰᠢᠭ ᠰᠢᠮ᠎ᠠ ᠶᠢᠨ | ᠪᠦᠳᠣᠭᠡᠭᠳᠡᠭᠦᠨ ᠤ ᠲᠦᠷᠭᠡᠨ ᠬᠦᠷᠭᠡᠬᠦ ᠲᠣᠣᠷ ᠰᠦᠯᠵᠢᠶ᠎ᠡ ᠶᠢ ᠪᠠᠶᠢᠭᠤᠯᠣᠨ᠂ ᠭᠠᠷᠤᠯᠲᠠ ᠶᠢᠨ ᠭᠠᠵᠠᠷ ᠤᠨ | ᠦᠢᠯᠡᠳᠬᠦᠨ ᠢᠶᠠᠨ ᠰᠢᠭᠤᠳ ᠪᠣᠷᠣᠯᠠᠭᠤᠯᠬᠤ᠂ ᠵᠠᠬᠢᠶᠠᠯᠠᠭ᠎ᠠ ᠪᠠᠷ ᠦᠢᠯᠡᠳᠪᠦᠷᠢᠯᠡᠭᠦ ᠵᠡᠷᠭᠡ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠰᠢᠨ᠎ᠡ ᠵᠠᠭᠪᠣᠷ ᠲᠤ ᠦᠢᠯᠡᠴᠢᠯᠡᠭᠦᠯᠣᠨᠠ᠃ ᠬᠠᠩᠭᠠᠯᠭ᠎ᠠ ᠶᠢᠨ ᠬᠡᠯᠬᠢᠶᠠᠨ ᠤ | ᠬᠠᠮᠢᠶᠠᠷᠣᠯᠳᠠ ᠶᠢᠨ ᠳᠠᠪᠠᠭᠤᠯᠢᠭ ᠢ ᠪᠠᠳᠠᠷᠠᠭᠤᠯᠵᠤ᠂ ᠤᠶᠤᠨᠴᠢᠯᠡᠨ ᠦᠢᠯᠡᠳᠬᠦ᠂ ᠪᠣᠳᠠᠭᠠᠯᠢᠬᠴᠢᠯᠠᠨ ᠲᠣᠭᠳᠠᠭᠠᠵᠦ | ᠦᠢᠯᠡᠳᠬᠦ ᠵᠡᠷᠭᠡ ᠦᠢᠯᠡᠳᠬᠦ ᠦᠢᠯᠡᠰ ᠤᠨ ᠰᠢᠨ᠎ᠡ ᠬᠦᠷᠢᠶᠠᠨ ᠳᠤ ᠢᠳᠡᠪᠬᠢᠲᠡᠶ ᠠᠭᠤᠰᠤᠯᠴᠠᠨ᠎ᠠ᠃ | ︵ᠭᠤᠷᠪᠠ︶ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠦᠨ | ᠲᠡᠭᠦᠯᠳᠡᠷᠵᠢᠭᠦᠯᠣᠨ᠎ᠠ᠃ ᠲᠦᠷᠭᠡᠨ ᠬᠦᠷᠭᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ | ᠲᠦᠷᠭᠡᠳᠬᠡᠨ᠎ᠠ᠃ ᠡᠯ᠎ᠡ ᠠᠶᠢᠮᠠᠭ ᠬᠤᠳᠠ ᠨᠢ ᠲᠥᠪᠯᠡᠷᠡᠭᠰᠡᠨ ᠨᠢᠭᠡᠳᠦᠯᠲᠡᠶ ᠡᠯᠧᠺᠲᠷᠤᠨ ᠬᠤᠳᠠᠯᠳᠤᠭᠠᠨ ᠤ ᠲᠦᠷᠭᠡᠨ | ᠬᠦᠷᠭᠡᠬᠦ ᠲᠤᠰᠬᠠᠶ ᠮᠡᠷᠭᠡᠵᠢᠯ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠ ᠳᠠᠮᠵᠢᠭᠤᠯᠬᠤ ᠲᠦᠪ ᠢ | ᠲᠥᠯᠥᠪᠵᠢᠭᠦᠯᠣᠨ ᠪᠠᠶᠢᠭᠤᠯᠵᠣ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠲᠦᠷᠭᠡᠨ ᠬᠦᠷᠭᠡᠬᠦ ᠶᠢᠨ | ᠬᠤᠪᠢᠶᠠᠨ ᠰᠠᠯᠭᠠᠵᠦ ᠦᠭᠬᠦ ᠲᠦᠪ ᠢ ᠲᠦᠯᠣᠪᠵᠢᠭᠦᠯᠣᠨ ᠪᠠᠶᠢᠭᠤᠯᠵᠣ᠂ ᠰᠤᠮᠤ ᠰᠢᠶᠠᠩ ᠪᠠᠯᠭᠠᠰᠤ ᠨᠢ ᠲᠦᠷᠭᠡᠨ | ᠬᠦᠷᠭᠡᠬᠦ ᠦᠢᠯᠡᠴᠢᠯᠡᠭᠡᠨ ᠤ ᠲᠣᠣᠷ ᠴᠢᠬ ᠢ ᠲᠦᠯᠣᠪᠵᠢᠭᠦᠯᠣᠨ ᠪᠠᠶᠢᠭᠤᠯᠵᠣ᠂ ᠭᠠᠴᠠᠭ᠎ᠠ ᠲᠣᠰᠬᠤᠨ ᠨᠢ ᠲᠣᠰᠬᠤᠨ ᠤ | ᠱᠠᠲᠤᠨ ᠤ ᠲᠦᠷᠭᠡᠨ ᠬᠦᠷᠭᠡᠯᠳᠠ ᠶᠢᠨ ᠲᠡᠭᠦᠰᠭᠡᠯ ᠦᠵᠦᠭᠦᠷ ᠲᠤ ᠭᠦᠷᠳᠡᠯ᠎ᠠ ᠬᠦᠷᠭᠡᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠢ ᠪᠠᠶᠢᠭᠤᠯᠣᠨ᠎ᠠ᠃ ᠭᠤᠣᠯ ᠱᠤᠭᠤᠮ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ | ᠲᠡᠭᠦᠯᠳᠡᠷᠵᠢᠭᠦᠯᠵᠦ᠂ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠣᠨ᠂ ᠴᠢᠳᠠᠮᠵᠢ ᠨᠢ ᠢᠵᠢ | ᠪᠦᠷᠢᠳᠦᠭᠰᠡᠨ᠂ ᠳᠥᠭᠦᠮ ᠳᠥᠲᠡ ᠲᠦᠷᠭᠡᠨ᠂ ᠦᠢᠯᠡᠴᠢᠯᠡᠭᠡ ᠨᠢ ᠥᠨᠳᠥᠷ ᠦᠷ᠎ᠡ ᠪᠦᠲᠦᠮᠵᠢ ᠲᠠᠢ ᠠᠶᠢᠮᠠᠭ ᠬᠤᠳᠠ᠂ | ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠥᠷᠪᠡᠨ ᠱᠠᠲᠤᠨ ᠤ ᠲᠦᠷᠭᠡᠨ ᠬᠦᠷᠭᠡᠬᠦ | ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠠᠶᠢᠭᠤᠯᠣᠨ᠎ᠠ᠃ ᠲᠦᠷᠭᠡᠨ ᠬᠦᠷᠭᠡᠬᠦ ᠲᠣᠣᠷ ᠰᠦᠯᠵᠢᠶ᠎ᠡ ᠶᠢᠨ ︽ᠳᠣᠷᠣᠭᠰᠢ | ︾ ︽ᠭᠠᠳᠠᠭᠰᠢ︾ ᠥᠷᠭᠡᠳᠭᠦ ᠶᠢ ᠠᠬᠢᠭᠤᠯᠵᠣ᠂ ᠤᠳᠤ ᠶᠢᠨ ᠪᠠᠶᠢᠭ᠎ᠠ ᠮᠠᠯᠵᠢᠬᠤ ᠳᠠᠷᠢᠶᠠᠯᠠᠬᠤ ᠣᠷᠣᠨ ᠤ | ᠦᠢᠯᠡᠴᠢᠯᠡᠭᠡᠨ ᠤ ᠲᠥᠪ᠂ ᠲᠠᠷᠢᠶᠠᠯᠠᠬᠤ ︵ᠮᠠᠯᠵᠢᠬᠤ︶ ᠡᠷᠣᠭᠡ ᠶᠢᠨ ᠳᠡᠯᠭᠡᠭᠦᠷ᠂ ᠲᠠᠷᠢᠶᠠᠯᠠᠩ ᠤᠨ ᠡᠳ᠋ ᠪᠠᠷᠠᠭᠠᠨ ᠤ | ᠳᠡᠯᠭᠡᠭᠦᠷ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠣᠰᠬᠤᠨ ᠤ ᠰᠢᠦᠳᠠᠨ ᠤ ᠦᠷᠳᠡᠭᠡ᠂ ᠰᠢᠦᠳᠠᠨ ᠤ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠬ ᠵᠡᠷᠭᠡ ᠲᠠᠪᠴᠠᠩ ᠳᠤ ᠲᠦᠷᠭᠡᠨ ᠬᠦᠷᠭᠡᠬᠦ ᠦᠢᠯᠡᠴᠢᠯᠡᠭᠡ ᠶᠢ | ᠠᠴᠢᠶᠠᠯᠠᠵᠣ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ | ᠪᠦᠷᠢᠨᠰᠢᠭᠦᠯᠵᠣ᠂ ︽ᠠᠵᠤ ᠦᠢᠯᠡᠳᠪᠦᠷᠢ ᠶᠢᠨ ᠦᠢᠯᠡᠣᠡᠭᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠮᠠᠯ ᠤᠨ | ᠠᠰᠢᠭ ᠰᠢᠮ᠎ᠠ ᠶᠢᠨ ᠪᠦᠲᠦᠭᠡᠭᠳᠡᠬᠦᠨ ᠢ ᠬᠤᠲᠠ ᠣᠷᠣᠭᠤᠯᠬᠤ︾ ᠬᠤᠣᠰ ᠴᠢᠭᠯᠡᠯ ᠢᠶᠠᠷ ᠭᠦᠢᠯᠭᠡᠯᠡᠭᠦ ᠶᠢ ᠪᠡᠶᠡᠯᠡᠭᠦᠯᠵᠣ᠂ | ᠮᠠᠨ ᠤ ᠣᠷᠣᠨ ᠤ ᠤᠨᠴᠠᠯᠢᠭᠳᠤ ᠦᠢᠯᠡᠳᠬᠦᠨ ᠢᠯᠠᠩᠭᠤᠶ᠎ᠠ ᠪᠣᠬᠢᠷᠳᠣᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠪᠦᠬᠦ ᠤᠯᠤᠰ ᠤᠨ ᠵᠠᠬ᠎ᠠ ᠳᠡᠯᠭᠡᠭᠦᠷ ᠳᠤ ᠭᠠᠷᠭᠠᠬᠤ ᠶᠢ ᠠᠬᠢᠭᠤᠯᠣᠨ᠎ᠠ᠃ ᠲᠦᠷᠭᠡᠨ | ᠬᠦᠷᠭᠡᠬᠦ ᠠᠵᠤ ᠠᠬᠤᠶᠢᠯᠠᠯ ᠤᠨ ︽ᠤᠷᠤᠰ ᠮᠣᠩᠭᠤᠯ ᠳᠤ ᠨᠡᠪᠲᠡᠷᠡᠬᠦ︾ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠶᠢ ᠢᠳᠡᠪᠬᠢᠲᠡᠶ ᠳᠡᠮᠵᠢᠵᠣ᠂ ᠨᠥᠬᠦᠴᠡᠯ ᠲᠠᠢ ᠲᠦᠷᠭᠡᠨ ᠬᠦᠷᠭᠡᠬᠦ ᠠᠵᠤ ᠠᠬᠤᠶᠢᠯᠠᠯ ᠤᠨ ᠬᠢᠯᠢ ᠶᠢᠨ | ᠭᠠᠳᠠᠨᠠᠬᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠣ᠂ ︽ᠭᠠᠳᠠᠭᠠᠳᠤ ᠶᠢᠨ ᠬᠥᠮᠥᠷᠭᠡ︾ ᠶᠢ ᠪᠠᠶᠢᠭᠤᠯᠵᠣ᠂ | ᠤᠯᠠᠨ ᠤᠯᠤᠰ ᠤᠨ ᠠᠭᠠᠷ ᠤᠨ ᠠᠶᠠᠯᠠᠯ᠂ ᠲᠡᠮᠦᠷ ᠵᠠᠮ ᠤᠨ ᠲᠦᠷᠭᠡᠨ ᠬᠦᠷᠭᠡᠬᠦ ᠲᠤᠰᠬᠠᠶ ᠱᠤᠭᠤᠮ ᠢ ᠨᠡᠭᠡᠭᠡᠨ | ᠬᠥᠭᠵᠢᠭᠦᠯᠵᠣ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠳᠠ ᠶᠢ ᠭᠦᠭᠵᠢᠭᠦᠯᠣᠨ᠂ | ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ ᠦᠷᠭᠡᠵᠢᠭᠦᠯᠦᠨᠠ᠃ | ︵ᠲᠦᠷᠪᠡ︶ ᠲᠦᠷᠭᠡᠨ ᠬᠦᠷᠭᠡᠬᠦ ᠦᠢᠯᠡᠰ ᠤᠨ ᠮᠡᠳᠡᠭᠡ ᠵᠠᠩᠭᠢᠵᠢᠯᠳᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠲᠦᠷᠭᠡᠨ ᠬᠦᠷᠭᠡᠬᠦ ᠲᠡᠭᠡᠭᠡᠪᠦᠷᠢ ᠶᠢᠨ ᠰᠢᠰᠲ᠋ᠧᠮ ᠤᠨ ᠲᠣᠣᠷ ᠰᠥᠯᠵᠢᠶᠡᠵᠢᠯᠳᠡ᠂ | ᠤᠶᠦᠡᠴᠢᠯᠠᠭᠰᠡᠠ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠬᠥᠮᠥᠷᠭᠡᠯᠡᠨ ᠬᠠᠳᠠᠭᠠᠯᠠᠬᠤ᠂ ᠲᠣᠬᠢᠷᠠᠭᠤᠯᠤᠨ | ᠬᠦᠷᠭᠡᠬᠦ᠂ ᠲᠡᠭᠡᠭᠡᠪᠦᠷᠢ ᠲᠣᠬᠢᠷᠠᠭᠤᠯᠬᠤ᠂ ᠲᠦᠷᠭᠡᠨ ᠬᠦᠷᠭᠡᠬᠦ ᠵᠦᠢᠯ ᠢ ᠮᠥᠷᠳᠡᠨ ᠳᠠᠭᠠᠬᠤ ᠵᠡᠷᠭᠡ ᠪᠠᠷ ᠭᠤᠣᠯ | ᠠᠭᠤᠯᠭ᠎ᠠ ᠪᠣᠯᠭᠠᠭᠰᠠᠨ ᠲᠦᠷᠭᠡᠨ ᠬᠦᠷᠭᠡᠬᠦ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ ᠠᠯᠬᠤᠮ | ᠠᠯᠬᠤᠮ ᠢᠶᠠᠷ ᠪᠠᠶᠢᠭᠤᠯᠣᠨ ᠲᠡᠭᠦᠯᠳᠡᠷᠵᠢᠭᠦᠯᠵᠣ᠂ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ | ᠲᠠᠪᠴᠠᠩ ᠢ ᠪᠠᠶᠢᠭᠤᠯᠵᠤ᠂ ᠲᠦᠷᠭᠡᠨ ᠬᠦᠷᠭᠡᠬᠦ ᠦᠢᠯᠡᠰ ᠤᠨ ᠮᠡᠳᠡᠭᠡ ᠵᠠᠩᠬᠢᠵᠢᠯᠳᠠ ᠶᠢᠨ ᠪᠦᠬᠦᠯᠢ ᠴᠣᠭᠴᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠤ | ᠬᠤᠭᠤᠷᠣᠨᠳᠣᠬᠢ ᠮᠡᠳᠡᠭᠡ ᠵᠠᠩᠭᠢ ᠶᠢᠨ ᠲᠠᠪᠴᠠᠩ ᠢ ᠵᠣᠯᠭᠠᠭᠤᠯᠬᠤ ᠶᠢ ᠲᠦᠷᠭᠡᠣᠡᠭᠡᠨ ᠠᠬᠢᠭᠤᠯᠵᠤ᠂ ᠲᠦᠷᠭᠡᠨ | ᠬᠦᠷᠭᠡᠬᠦ ᠠᠵᠤ ᠠᠬᠤᠶᠢᠯᠠᠯ ᠤᠨ ᠳᠡᠭᠡᠳᠦ ᠲᠤᠤᠷᠠᠳᠤ ᠳᠠᠯ᠎ᠠ ᠶᠢᠨ ᠬᠠᠩᠭᠠᠯᠭ᠎ᠠ ᠶᠢᠨ ᠬᠡᠯᠬᠢᠶᠠᠨ ᠤ ᠠᠵᠤ | ᠠᠬᠤᠶᠢᠯᠠᠯ ᠯᠤᠭ᠎ᠠ ᠶᠢᠨ ᠮᠡᠳᠡᠭᠡ ᠵᠠᠩᠭᠢ ᠶᠢᠨ ᠪᠠᠷᠢᠮᠵᠢᠶ᠎ᠠ ᠶᠢ ᠨᠢᠭᠡᠳᠬᠡᠬᠦ ᠪᠠ ᠰᠢᠰᠲ᠋ᠧᠮ ᠢ ᠵᠣᠯᠭᠠᠭᠤᠯᠬᠤ ᠶᠢ | ᠳᠡᠮᠵᠢᠵᠣ᠂ ᠲᠡᠭᠡᠭᠡᠪᠦᠷᠢ ᠶᠢᠨ ᠠᠷᠭ᠎ᠠ ᠮᠠᠶ᠋ᠢᠭ᠂ ᠲᠦᠷᠭᠡᠨ ᠬᠦᠷᠭᠡᠬᠦ ᠵᠦᠢᠯ ᠤᠨ ᠴᠢᠭᠯᠡᠯ ᠵᠡᠷᠭᠡ ᠠᠵᠢᠯ ᠲᠥᠷᠥᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠦᠷᠳᠡᠨ ᠬᠠᠷᠢᠯᠴᠠᠨ ᠨᠡᠪᠲᠡᠷᠡᠭᠦᠯᠭᠦ ᠶᠢ ᠪᠡᠶᠡᠯᠡᠭᠦᠯᠣᠨ᠎ᠠ᠃ | ᠲᠦᠷᠭᠡᠨ ᠬᠦᠷᠭᠡᠬᠦ ᠠᠵᠤ ᠠᠬᠤᠶᠢᠯᠠᠯ ᠬᠢᠭᠡᠳ ᠬᠠᠮᠢᠶᠠᠷᠣᠯᠳᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢ ᠵᠣᠯᠭᠠᠭᠤᠯᠬᠤ ᠶᠢ ᠠᠬᠢᠭᠤᠯᠵᠣ᠂ ᠰᠢᠦᠳᠠᠨ ᠤ ᠦᠢᠯᠡᠰ ᠤᠨ ᠠᠮᠣᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ | ᠵᠡᠷᠭᠡ ᠬᠢᠨᠠᠨ ᠬᠠᠮᠢᠶᠠᠷᠬᠤ ᠰᠢᠰᠲ᠋ᠧᠮ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠵᠥᠪ ᠣᠨᠣᠪᠴᠢᠲᠠᠶ ᠪᠠᠶᠢᠬᠤ ᠶᠢ | ᠦᠨᠡᠡᠭᠦ ᠪᠠᠲᠤᠯᠠᠨ᠎ᠠ᠃ ᠲᠦᠷᠭᠡᠨ ᠬᠦᠷᠭᠡᠬᠦ ᠦᠢᠯᠡᠰ ᠤᠨ ᠡᠯᠧᠺᠲᠷᠣᠨ ᠨᠢᠭᠤᠷᠳᠠᠬᠤ ᠬᠠᠭᠤᠳᠠᠰᠤ ᠬᠡᠷᠡᠭᠯᠡᠬᠦ ᠶᠢ | ᠠᠬᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠠᠵᠤ ᠠᠬᠤᠶᠢᠯᠠᠯ ᠤᠨ ᠦᠪᠡᠷ ᠤᠨ ᠥᠷᠲᠡᠭ ᠢ | ᠪᠠᠭᠤᠷᠠᠭᠤᠯᠣᠨ᠎ᠠ᠃ | ︵ᠲᠠᠪᠤ︶ ᠲᠦᠷᠭᠡᠨ ᠬᠦᠷᠭᠡᠬᠦ ᠦᠢᠯᠡᠰ ᠤᠨ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ | ᠲᠡᠭᠡᠭᠡᠪᠦᠷᠢ ᠶᠢᠨ ᠲᠡᠷᠭᠡ ᠬᠥᠰᠬᠡ ᠶᠢ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠪᠠ ᠴᠡᠪᠡᠷᠰᠢᠭᠦᠯᠬᠦ ᠶᠢ ᠶᠡᠬᠡᠪᠡᠷ | ᠰᠠᠨᠠᠭᠠᠴᠢᠯᠠᠵᠤ᠂ ᠲᠦᠷᠭᠡᠨ ᠬᠦᠷᠭᠡᠬᠦ ᠲᠡᠭᠡᠭᠡᠪᠦᠷᠢ ᠶᠢᠨ ᠳᠤᠨᠤᠭ ᠲᠥᠬᠦᠭᠡᠷᠦᠮᠵᠢ ᠶᠢ ᠵᠥᠪᠰᠢᠶᠡᠷᠡᠨ ᠣᠷᠣᠭᠤᠯᠬᠤ ᠪᠠ | ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠬᠤ ᠶᠢ ᠲᠦᠷᠭᠡᠳᠬᠡᠨ ᠠᠬᠢᠭᠤᠯᠵᠣ᠂ ᠦᠷ᠎ᠡ ᠪᠦᠲᠦᠮᠵᠢ ᠪᠠᠷ ᠪᠠᠷᠣᠭᠳᠠᠢ᠂ | ᠡᠨᠧᠷᠭᠢ ᠶᠢᠨ ᠬᠤᠷᠣᠭᠳᠠᠯ ᠢᠶᠠᠷ ᠶᠡᠬᠡᠲᠡᠢ ᠲᠡᠭᠡᠭᠡᠪᠦᠷᠢ ᠶᠢᠨ ᠳᠤᠨᠤᠭ ᠲᠥᠬᠦᠭᠡᠷᠦᠮᠵᠢ ᠶᠢ ᠰᠢᠭᠰᠢᠭᠳᠡᠭᠦᠯᠣᠨᠠ᠃ | ᠲᠦᠷᠭᠡᠨ ᠬᠦᠷᠭᠡᠬᠦ ᠡᠵᠡᠩᠨᠡᠯᠲᠡ ᠶᠢᠨ ᠲᠣᠣᠷ ᠴᠢᠬ ᠢ ᠪᠠᠷᠢᠮᠵᠢᠶᠠᠵᠢᠭᠤᠯᠣᠨ ᠪᠠᠶᠢᠭᠤᠯᠬᠤ ᠶᠢ ᠠᠬᠢᠭᠤᠯᠵᠣ᠂ ᠰᠢᠨ᠎ᠡ | ᠪᠠᠶᠢᠭᠤᠯᠤᠭᠰᠠᠨ ᠲᠣᠣᠷ ᠴᠢᠬ ᠤᠨ ᠠᠵᠢᠯ ᠡᠷᠬᠢᠯᠡᠵᠦ ᠪᠠᠶᠢᠭ᠎ᠠ ᠲᠠᠯᠠᠪᠤᠷ᠂ ᠠᠮᠤᠷ ᠲᠦᠪᠰᠢᠨ ᠤ ᠲᠥᠬᠦᠭᠡᠷᠦᠮᠵᠢ᠂ | ᠲᠦᠷᠢᠮ ᠢ ᠢᠯᠨ ᠨᠡᠶᠢᠲᠡᠯᠡᠭᠦ ᠵᠡᠷᠭᠡ ᠪᠠᠶᠢᠳᠠᠯ ᠢ ᠬᠠᠤᠯᠢ ᠶᠣᠰᠣᠭᠠᠷ ᠬᠢᠨᠠᠨ ᠬᠠᠷᠭᠤᠭᠤᠯᠵᠣ᠂ ᠬᠠᠭᠤᠴᠢᠨ ᠲᠣᠣᠷ | ᠴᠢᠬ ᠢ ᠥᠭᠡᠷᠡᠴᠢᠯᠡᠬᠦ ᠪᠠᠨ ᠲᠦᠷᠭᠡᠳᠬᠡᠵᠦ᠂ ᠠᠵᠢᠯᠯᠠᠭᠤᠯᠬᠤ ᠣᠷᠴᠢᠨ ᠲᠣᠭᠤᠷᠢᠨ ᠢ ᠵᠢᠷᠤᠮᠵᠢᠭᠤᠯᠣᠨ᠂ | ᠦᠢᠯᠡᠴᠢᠯᠡᠭᠦ ᠶᠠᠰᠤ ᠴᠢᠨᠠᠷ ᠪᠠ ᠳᠦᠷᠢ ᠲᠥᠷᠬᠦ ᠶᠢ ᠳᠡᠭᠡᠭᠰᠢᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ | ᠲᠡᠷᠢᠭᠦᠨ ᠤ ᠲᠦᠷᠭᠡᠨ ᠬᠦᠷᠭᠡᠬᠦ ᠪᠣᠭᠤᠳᠠᠯ ᠪᠠᠭᠯᠠᠭ᠎ᠠ ᠪᠠ ᠪᠥᠭᠡᠮ ᠢᠶᠠᠷ ᠰᠠᠪᠠᠯᠠᠬᠤ ᠮᠡᠷᠭᠡᠵᠢᠯ ᠢ ᠠᠰᠢᠬᠯᠠᠬᠤ ᠶᠢ | ᠠᠬᠢᠭᠤᠯᠤᠨ᠂ ᠬᠥᠳᠡᠯᠮᠦᠷᠢ ᠶᠢᠨ ᠡᠷᠴᠢᠮ ᠢᠶᠠᠨ ᠪᠠᠭᠤᠷᠠᠭᠤᠯᠵᠣ᠂ ᠬᠥᠳᠡᠯᠮᠦᠷᠢ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠣᠨ᠂ ᠥᠪᠡᠷ ᠤᠨ ᠦᠷᠲᠡᠭ ᠢ ᠠᠷᠪᠢᠯᠠᠵᠣ᠂ ᠣᠷᠴᠢᠨ ᠲᠣᠭᠤᠷᠢᠨ ᠢ ᠬᠠᠮᠠᠭᠠᠯᠠᠨ᠎ᠠ᠃ | ︵ᠵᠢᠷᠭᠤᠭ᠎ᠠ︶ ᠲᠦᠷᠭᠡᠨ ᠬᠦᠷᠭᠡᠬᠦ ᠦᠢᠯᠡᠰ ᠬᠢᠭᠡᠣᠨ ᠶᠡᠷᠣᠩᠬᠡᠶᠢᠯᠡᠭᠰᠠᠨ ᠵᠠᠮ ᠲᠡᠭᠡᠭᠡᠪᠦᠷᠢ ᠶᠢᠨ | ᠰᠢᠰᠲ᠋ᠧᠮ ᠯᠤᠭ᠎ᠠ ᠶᠢᠨ ᠠᠭᠤᠰᠣᠯᠴᠠᠭ᠎ᠠ ᠶᠢ ᠠᠬᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠬᠢᠭᠡᠳ ᠲᠡᠮᠦᠷ | ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠵᠤ᠂ ᠵᠠᠰᠠᠮᠠᠯ ᠵᠠᠮ ᠤᠨ ᠠᠶᠠᠨᠴᠢᠳ ᠲᠡᠭᠡᠭᠡᠪᠦᠷᠢᠯᠡᠭᠦ ᠲᠡᠷᠭᠡ | ᠬᠦᠰᠭᠡ ᠪᠠᠷ ᠲᠦᠷᠭᠡᠨ ᠬᠦᠷᠭᠡᠬᠦ ᠵᠦᠢᠯ ᠢ ᠣᠷᠣᠯᠠᠵᠣ ᠲᠡᠭᠡᠭᠡᠪᠦᠷᠢᠯᠡᠬᠦ ᠪᠠ ᠲᠦᠷᠭᠡᠨ ᠬᠦᠷᠭᠡᠬᠦ ᠵᠦᠢᠯ ᠢ | ᠴᠢᠷᠣᠭᠦᠯ ᠲᠠᠢ ᠮᠠᠰᠢᠨ ᠲᠡᠷᠭᠡ ᠪᠠᠷ ᠲᠡᠭᠡᠭᠡᠪᠦᠷᠢᠯᠡᠭᠦ ᠲᠤᠷᠰᠢᠯᠲᠠ ᠶᠢᠨ ᠴᠢᠬ ᠢ ᠯᠠᠪᠳᠠᠭᠤᠨ ᠢᠶᠠᠷ ᠠᠬᠢᠭᠤᠯᠵᠣ᠂ | ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠣᠨ᠎ᠠ᠃ ᠲᠡᠮᠦᠷ ᠵᠠᠮ ᠤᠨ ᠬᠦᠢᠰᠦ ᠪᠤᠯᠬᠤ | ᠭᠠᠵᠠᠷ ᠢᠶᠠᠷ ᠲᠦᠷᠭᠡᠨ ᠬᠦᠷᠭᠡᠬᠦ ᠵᠦᠢᠯ ᠤᠨ ᠲᠡᠭᠡᠭᠡᠪᠦᠷᠢᠯᠡᠬᠦ ᠱᠣᠭᠤᠮ ᠪᠠ ᠳᠡᠮᠵᠢᠭᠤᠯᠬᠤ ᠭᠠᠵᠠᠷ ᠢ ᠢᠵᠢ | ᠪᠦᠷᠢᠳᠦᠭᠦᠯᠦᠨ ᠪᠦᠳᠦᠭᠡᠠ ᠪᠠᠶᠢᠭᠤᠯᠬᠤ ᠶᠢ ᠵᠣᠷᠢᠬᠵᠢᠭᠤᠯᠣᠨ᠎ᠠ︔ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ | ᠵᠠᠮ᠂ ᠵᠠᠰᠠᠮᠠᠯ ᠵᠠᠮ ᠵᠡᠷᠭᠡ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠲᠦᠷᠭᠡᠨ ᠬᠦᠷᠭᠡᠬᠦ ᠵᠦᠢᠯ ᠢ ᠲᠡᠭᠡᠭᠡᠪᠦᠷᠢᠯᠡᠬᠦ ᠳᠤ | ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠣᠷᠢᠳᠡᠪᠠᠷ ᠦᠢᠯᠡᠴᠢᠯᠡᠭᠡ ᠬᠠᠩᠭᠠᠬᠤ ᠶᠢ ᠵᠣᠷᠢᠬᠵᠢᠭᠤᠯᠣᠨ᠎ᠠ᠃ | ᠨᠢᠰᠬᠡᠯ ᠤᠨ ᠪᠠᠭᠤᠳᠠᠯ᠂ ᠲᠡᠷᠭᠡᠨ ᠦᠷᠳᠡᠭᠡ᠂ ᠪᠣᠭᠤᠮᠲᠠ ᠵᠡᠷᠭᠡ ᠨᠢᠭᠡᠴᠨ ᠨᠦᠭᠦᠳ ᠨᠢ ᠲᠦᠷᠭᠡᠨ ᠬᠦᠷᠭᠡᠬᠦ ᠠᠵᠤ | ᠠᠬᠤᠶᠢᠯᠠᠯ ᠤᠨ ᠲᠦᠷᠭᠡᠨ ᠬᠦᠷᠭᠡᠬᠦ ᠵᠦᠢᠯ ᠤᠨ ᠲᠥᠪᠯᠡᠷᠡᠭᠦᠯᠦᠨ ᠰᠢᠢᠣᠡᠪᠣᠷᠢᠯᠡᠭᠦ ᠭᠠᠵᠠᠷ ᠪᠠᠶᠢᠭᠤᠯᠬᠤ ᠶᠢ ᠳᠡᠮᠵᠢᠵᠣ᠂ | ᠲᠦᠷᠭᠡᠨ ᠲᠣᠬᠢᠷᠠᠭᠤᠯᠵᠣ ᠠᠴᠢᠶᠠᠯᠠᠬᠤ᠂ ᠠᠴᠢᠶᠠᠯᠠᠵᠤ ᠪᠠᠭᠤᠯᠭᠠᠬᠤ᠂ ᠲᠤᠰᠢᠶᠠᠬᠤ ᠪᠠ ᠬᠦᠯᠢᠶᠡᠨ ᠠᠪᠬᠤ ᠵᠡᠷᠭᠡ | ᠦᠢᠯᠡᠴᠢᠯᠡᠭᠡ ᠬᠠᠩᠭᠠᠨ᠎ᠠ᠃ | ︵ᠲᠤᠯᠤᠭ᠎ᠠ︶ ᠬᠢᠨᠠᠯᠳᠠ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠣᠨ᠎ᠠ᠃ | ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠦᠷᠭᠡᠨ ᠬᠦᠷᠭᠡᠬᠦ ᠠᠵᠤ | ᠠᠬᠤᠶᠢᠯᠠᠯ ᠳᠤ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ | ᠵᠢᠷᠤᠮᠵᠢᠭᠤᠯᠤᠨ᠂ ᠲᠦᠷᠭᠡᠨ ᠬᠦᠷᠭᠡᠬᠦ ᠦᠢᠯᠡᠰ ᠤᠨ ᠪᠠᠶᠢᠴᠠᠭᠠᠨ ᠪᠦᠷᠢᠳᠬᠡᠬᠦ ᠪᠠ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠦᠷᠢᠮ ᠢ ᠳᠡᠭᠦᠯᠳᠡᠷᠵᠢᠭᠦᠯᠣᠨ᠎ᠠ᠃ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠲᠦᠷᠭᠡᠨ ᠬᠦᠷᠭᠡᠬᠦ ᠠᠵᠤ ᠠᠬᠤᠶᠢᠯᠠᠯ ᠤᠨ ᠢᠯᠡᠭᠡᠨ ᠭᠦᠷᠭᠡᠭᠦ ᠵᠠᠮ ᠮᠦᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠭᠦ ᠶᠢ ᠰᠢᠮᠳᠠᠭᠤᠯᠵᠤ᠂ ᠢᠯᠡᠭᠡᠵᠦ ᠬᠦᠷᠭᠡᠬᠦ ᠠᠵᠤ ᠠᠬᠤᠶᠢᠯᠠᠯ ᠤᠨ | ᠢᠯᠡᠭᠡᠵᠣ ᠲᠡᠭᠡᠭᠡᠪᠦᠷᠢᠯᠡᠬᠦ ᠡᠳ᠋ ᠪᠣᠳᠠᠰ ᠢ 100 % ᠪᠠᠷ ᠣᠷᠢᠳᠠᠪᠠᠷ ᠪᠠᠶᠢᠴᠠᠭᠠᠨ ᠦᠵᠡᠭᠦ᠂ ᠳᠠᠷᠠᠭ᠎ᠠ ᠨᠢ | ᠪᠣᠭᠤᠳᠠᠯᠯᠠᠬᠤ ᠶᠢ ᠨᠠᠶᠢᠳᠠᠪᠣᠷᠢᠵᠢᠭᠤᠯᠬᠤ ᠶᠢ ᠠᠬᠢᠭᠤᠯᠵᠣ᠂ ᠢᠯᠡᠭᠡᠵᠣ ᠬᠦᠷᠭᠡᠬᠦ ᠠᠵᠢᠯᠯᠠᠭ᠎ᠠ ᠳᠤ 100% ᠪᠠᠷ | ᠦᠨᠡᠨ ᠨᠡᠷ᠎ᠡ ᠶᠢᠨ ᠳᠦᠷᠢᠮ᠂ ᠰᠢᠦᠳᠠᠨ ᠤ ᠵᠦᠢᠯ᠂ ᠲᠦᠷᠭᠡᠨ ᠬᠦᠷᠭᠡᠬᠦ ᠵᠦᠢᠯ ᠢ 100 % ᠪᠠᠷ X ᠬᠡᠷᠠᠯ ᠤᠨ | ᠮᠠᠰᠢᠨ ᠤ ᠪᠠᠶᠢᠴᠠᠭᠠᠯᠲᠠ ᠶᠢ ᠳᠠᠮᠵᠢᠭᠤᠯᠬᠤ ᠵᠡᠷᠭᠡ ᠲᠦᠷᠢᠮ ᠢ ᠬᠡᠷᠡᠭᠵᠢᠭᠦᠯᠦᠨ᠂ ᠠᠵᠢᠯ ᠡᠷᠬᠢᠯᠡᠭᠴᠢᠣᠨ ᠤᠨ ᠬᠢᠷᠢ | ᠬᠡᠮ ᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ︔ ᠲᠦᠷᠭᠡᠨ ᠬᠦᠷᠭᠡᠬᠦ ᠠᠵᠤ ᠠᠬᠤᠶᠢᠯᠠᠯ ᠤᠨ ᠠᠶᠤᠯ ᠥᠭᠡᠢ ᠪᠠᠷ | ᠦᠢᠯᠡᠳᠪᠦᠷᠢᠯᠡᠭᠦ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠳᠠᠭᠠᠯ ᠢ ᠨᠠᠶᠢᠳᠠᠪᠤᠷᠢᠵᠢᠭᠤᠯᠵᠣ᠂ ᠲᠦᠷᠭᠡᠨ | ᠬᠦᠷᠭᠡᠬᠦ ᠦᠢᠯᠡᠰ ᠤᠨ ᠭᠦᠮᠣᠨ ᠢᠶᠠᠷ ᠰᠡᠷᠭᠡᠶᠢᠯᠡᠭᠦ ᠪᠠ ᠮᠡᠷᠭᠡᠵᠢᠯ ᠢᠶᠠᠷ ᠰᠡᠷᠭᠡᠶᠢᠯᠡᠭᠦ ᠪᠡᠯᠡᠣᠡᠭᠡᠮᠵᠢ ᠶᠢᠨ | ᠪᠠᠶᠢᠭᠤᠯᠤᠯᠲᠠ ᠶᠢ ᠭᠦᠴᠣᠯᠠᠨ ᠠᠬᠢᠭᠤᠯᠣᠨ᠎ᠠ᠃ ᠠᠰ ᠲᠠᠭᠠᠨ ᠲᠦᠯᠣᠪᠯᠡᠭᠡ ᠬᠢᠭᠦ ᠬᠤᠳᠠ᠂ ᠴᠢᠬᠤᠯᠠ | ᠵᠠᠩᠭᠢᠯᠠᠭ᠎ᠠ ᠶᠢᠨ ᠴᠢᠬ ᠤᠨ ᠬᠤᠳᠠ᠂ ᠬᠢᠯᠢ ᠪᠣᠭᠤᠮᠲᠠ ᠶᠢᠨ ᠬᠤᠳᠠ ᠶᠢᠨ ᠲᠦᠷᠭᠡᠨ ᠬᠦᠷᠭᠡᠯᠳᠠ ᠶᠢᠨ ᠬᠢᠨᠠᠯᠳᠠ | ᠬᠠᠮᠢᠶᠠᠷᠣᠯᠳᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠬᠢᠨᠠᠯᠳᠠ ᠬᠠᠮᠢᠶᠠᠷᠣᠯᠳᠠ ᠶᠢᠨ ᠠᠵᠢᠯᠲᠠᠳ ᠢ | ᠪᠣᠯᠪᠠᠰᠤᠷᠠᠭᠤᠯᠬᠤ ᠪᠠᠨ ᠴᠢᠩᠭᠠᠳᠬᠠᠵᠤ᠂ ᠬᠢᠨᠠᠯᠳᠠ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠬᠦ ᠦᠢᠯᠡᠰ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ | ᠪᠠᠳᠠᠷᠠᠭᠤᠯᠵᠣ᠂ ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠢᠨᠲ᠋ᠤᠷ | ᠰᠦᠯᠵᠢᠶ᠎ᠡ +︾ ᠬᠢᠨᠠᠯᠳᠠ ᠬᠠᠮᠢᠶᠠᠷᠣᠯᠳᠠ ᠳᠠᠬᠢ ᠲᠦᠷᠭᠡᠨ ᠬᠦᠷᠭᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ | ᠲᠦᠷᠭᠡᠣᠡᠭᠡᠨ ᠪᠠᠶᠢᠭᠤᠯᠵᠤ᠂ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ᠂ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠢᠨᠠᠨ ᠵᠦᠪᠰᠢᠶᠡᠷᠡᠬᠦ ᠰᠢᠰᠲ᠋ᠧᠮ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠣᠯᠳᠠ ᠶᠢᠨ ᠬᠡᠷᠡᠭᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠪᠠᠷ ᠳᠠᠮᠵᠢᠭᠤᠯᠵᠣ᠂ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠦᠢᠯᠡᠴᠢᠯᠡᠭᠡ ᠪᠠ ᠬᠢᠨᠠᠯᠲᠠ ᠲᠠᠯᠪᠢᠬᠤ ᠠᠵᠢᠯ ᠢ ᠦᠨᠡᠡᠭᠦ ᠴᠢᠩᠭᠠᠳᠬᠠᠨ ᠰᠠᠶᠢᠵᠢᠷᠠᠭᠤᠯᠣᠨ᠎ᠠ᠃ ᠰᠢᠦᠳᠠᠨ ᠤ | ᠬᠠᠮᠢᠶᠠᠷᠤᠯᠲᠠ ᠬᠢᠭᠡᠳ ᠠᠵᠤ ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ ᠣᠯᠣᠰ ᠤᠨ ᠠᠮᠣᠷ | ᠲᠦᠪᠰᠢᠨ᠂ ᠶᠡᠷᠦᠩᠬᠡᠶᠢᠯᠡᠨ ᠵᠠᠰᠠᠬᠤ ᠵᠡᠷᠭᠡ ᠰᠠᠯᠠᠭ᠎ᠠ ᠮᠥᠴᠢᠷ ᠯᠤᠭ᠎ᠠ ᠶᠢᠨ ᠮᠡᠳᠡᠭᠡ ᠵᠠᠩᠭᠢ ᠶᠢ ᠬᠠᠮᠲᠤᠪᠠᠷ ᠭᠦᠷᠳᠡᠭᠦ | ᠲᠣᠭᠲᠠᠴᠠ ᠶᠢ ᠪᠠᠶᠢᠭᠤᠯᠵᠣ᠂ ᠬᠠᠮᠲᠤᠷᠠᠨ ᠬᠠᠤᠯᠢ ᠬᠡᠷᠡᠭᠵᠢᠭᠦᠯᠣᠯᠳᠠ ᠪᠠᠨ ᠴᠢᠩᠭᠠᠣᠠᠬᠠᠵᠣ᠂ ᠠᠶᠣᠯ ᠦᠭᠡᠢ ᠶᠢᠨ | ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠣᠨ᠎ᠠ᠃ | ᠭᠤᠷᠪᠠ᠂ ᠲᠥᠷᠥ ᠶᠢᠨ ᠪᠤᠳᠤᠯᠭ᠎ᠠ ᠶᠢᠨ ᠳᠡᠮᠵᠢᠯᠭᠡ | ︵ᠨᠢᠭᠡ︶ ᠠᠵᠢᠯ ᠲᠥᠷᠥᠯ ᠤᠨ ᠵᠦᠪᠰᠢᠶᠡᠷᠡᠨ ᠣᠷᠣᠭᠤᠯᠬᠤ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ | ᠦᠢᠯᠡᠰ ᠤᠨ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠦᠷᠭᠡᠨ ᠬᠦᠷᠭᠡᠬᠦ ᠠᠵᠤ ᠠᠬᠤᠶᠢᠯᠠᠯ ᠤᠨ ᠠᠳᠠᠯᠢ ᠨᠢᠭᠡᠨ ᠦᠢᠯᠡᠳᠪᠦᠷᠢ ᠬᠤᠳᠠᠯᠳᠤᠭᠠᠨ ᠤ ᠳᠠᠩᠰᠠᠯᠠᠬᠤ | ᠪᠠᠶᠢᠭᠤᠯᠭ᠎ᠠ ᠶᠢᠨ ᠬᠠᠮᠢᠶᠠᠷᠣᠯᠳᠠ ᠶᠢᠨ ᠬᠠᠷᠢᠶᠠᠨ ᠳᠤ ︽ᠨᠢᠭᠡ ᠦᠨᠡᠮᠯᠡᠯ ᠳᠤ ᠤᠯᠠᠨ ᠬᠠᠶ᠋ᠢᠭ ᠲᠠᠢ ᠪᠠᠶᠢᠯᠭᠠᠬᠤ︾ | ᠵᠠᠭᠪᠤᠷ ᠢ ᠬᠠᠶᠢᠨ ᠰᠦᠪᠡᠭᠴᠢᠯᠡᠨ᠎ᠠ᠃ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠯᠳᠠ ᠶᠢ | ᠵᠥᠪᠰᠢᠶᠡᠷᠡᠭᠦ ᠲᠡᠰ ᠳᠠᠷᠠᠭᠠᠯᠠᠯ ᠢ ᠳᠥᠭᠦᠮᠴᠢᠯᠡᠨ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠵᠦᠪᠰᠢᠶᠡᠷᠡᠨ | ᠣᠷᠣᠭᠤᠯᠬᠤ ᠨᠥᠬᠦᠴᠡᠯ ᠢ ᠠᠭᠤᠵᠢᠭᠤ ᠲᠠᠯᠪᠢᠵᠤ᠂ ᠰᠢᠨ᠎ᠡ ᠪᠠᠷ ᠡᠷᠬᠢᠯᠡᠬᠦ ᠲᠦᠷᠭᠡᠨ ᠬᠦᠷᠭᠡᠬᠦ ᠠᠵᠤ ᠠᠬᠤᠶᠢᠯᠠᠯ | ᠪᠦᠬᠦᠨ ᠤ ᠳᠠᠩᠰᠠᠯᠠᠬᠤ ᠪᠡᠯᠡ ᠮᠥᠩᠭᠦ ᠶᠢ ᠤᠯᠤᠰ ᠤᠨ ᠲᠦᠷᠭᠡᠨ ᠬᠦᠷᠭᠡᠬᠦ ᠦᠢᠯᠡᠰ ᠤᠨ ᠵᠦᠪᠰᠢᠶᠡᠷᠡᠨ ᠣᠷᠣᠭᠤᠯᠬᠤ | ᠬᠤᠯᠪᠣᠭᠳᠠᠯ ᠪᠦᠬᠦᠢ ᠲᠣᠭᠲᠠᠭᠠᠯ ᠤᠨ ᠬᠠᠮᠤᠭ ᠨᠠᠭᠠᠳᠤ ᠵᠠᠬ᠎ᠠ ᠶᠢᠨ ᠳᠠᠩᠰᠠᠯᠠᠭᠤᠯᠬᠤ ᠪᠠᠷᠢᠮᠵᠢᠶ᠎ᠠ ᠶᠣᠰᠣᠭᠠᠷ | ᠬᠡᠷᠡᠭᠵᠢᠭᠦᠯᠣᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠵᠤ | ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠦ ᠳᠡᠰ ᠳᠠᠷᠠᠭᠠᠯᠠᠯ ᠢ ᠵᠢᠷᠤᠮᠵᠢᠭᠤᠯᠣᠨ᠂ | ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠣᠨ᠎ᠠ᠃ | ᠲᠦᠷᠭᠡᠨ ᠬᠦᠷᠭᠡᠬᠦ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠲᠦᠷᠢᠮ ᠢ ᠥᠭᠡᠷᠡᠴᠢᠯᠡᠨ᠂ ᠠᠵᠤ | ᠠᠬᠤᠶᠢᠯᠠᠯ ᠤᠨ ᠰᠠᠯᠪᠤᠷᠢ ᠪᠠᠶᠢᠭᠤᠯᠤᠮᠵᠢ᠂ ᠲᠡᠭᠦᠰᠭᠡᠯ ᠦᠵᠣᠭᠦᠷ ᠤᠨ ᠲᠣᠣᠷ ᠴᠢᠬ ᠤᠨ ᠳᠠᠩᠰᠠᠯᠠᠭᠤᠯᠬᠤ ᠭᠠᠷᠳᠠᠮ ᠢ | ᠳᠥᠭᠦᠮᠴᠢᠯᠡᠨᠠ᠃ ᠡᠯᠧᠺᠲᠷᠣᠨ ᠭᠠᠷᠠᠮ᠂ ᠤᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠵᠡᠷᠭᠡ ︽ᠨᠢᠭᠡ | ᠥᠷᠲᠡᠭᠡᠴᠢᠯᠡᠬᠦ ᠮᠠᠶ᠋ᠢᠭ︾ ᠤᠨ ᠪᠣᠭᠤᠮᠲᠠ ᠥᠩᠭᠡᠷᠡᠬᠦ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠤ ᠭᠠᠷᠭᠠᠬᠤ ᠲᠦᠷᠭᠡᠨ ᠬᠦᠷᠭᠡᠬᠦ ᠵᠦᠢᠯ ᠤᠨ ᠨᠠᠷᠢᠨ ᠬᠠᠭᠤᠳᠠᠰᠤ ᠶᠢ | ᠬᠠᠷᠭᠤᠭᠤᠯᠣᠨ ᠶᠠᠪᠣᠭᠤᠯᠬᠤ᠂ ᠪᠣᠭᠤᠮᠲᠠ ᠥᠩᠭᠡᠷᠡᠬᠦᠯᠬᠦ ᠪᠠᠷ ᠵᠠᠭᠪᠤᠷ ᠢ ᠬᠤᠷᠢᠶᠠᠩᠭᠤᠶᠢᠯᠠᠨ ᠮᠡᠳᠡᠭᠦᠯᠬᠦ ᠬᠡᠷᠡᠭᠯᠡᠬᠦ | ᠬᠡᠪᠴᠢᠶ᠎ᠡ ᠪᠠᠨ ᠥᠷᠭᠡᠳᠬᠡᠵᠦ᠂ ᠬᠢᠯᠢ ᠪᠠᠷ ᠣᠷᠣᠵᠣ ᠭᠠᠷᠬᠤ ᠲᠦᠷᠭᠡᠨ ᠬᠦᠷᠭᠡᠬᠦ ᠵᠦᠢᠯ ᠤᠨ ᠳᠥᠭᠦᠮ ᠳᠥᠲᠡ | ᠥᠩᠭᠡᠷᠡᠬᠦ ᠪᠣᠭᠤᠮᠲᠠ ᠶᠢ ᠪᠠᠶᠢᠭᠤᠯᠣᠨ᠎ᠠ᠃ | ︵ᠬᠤᠶᠠᠷ︶ ᠡᠳ᠋ ᠤᠨ ᠵᠠᠰᠠᠭ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ᠃ ᠲᠥᠪ ᠤᠨ | ᠲᠥᠰᠦᠪ ᠳᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠪᠠ ᠳᠡᠮ ᠬᠦᠦ ᠮᠥᠩᠭᠦ ᠲᠠᠢ ᠪᠡᠯᠡ ᠮᠥᠩᠭᠦ ᠶᠢᠨ | ᠳᠡᠮᠵᠢᠯᠭᠡ ᠶᠢ ᠣᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠰᠠᠭᠤᠷᠢᠯᠠᠬᠤ | ᠴᠢᠨᠠᠷᠲᠠᠶ ᠲᠦᠷᠭᠡᠨ ᠬᠦᠷᠭᠡᠬᠦ ᠰᠠᠭᠤᠷᠢ ᠪᠡᠯᠡᠣᠡᠭᠡᠮᠵᠢ ᠶᠢᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ | ᠡᠷᠴᠢᠮ ᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠵᠦ ᠲᠦᠷᠭᠡᠨ | ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠣᠨ᠂ | ᠭᠤᠣᠯᠳᠠᠯᠭ᠎ᠠ ᠲᠠᠢ ᠲᠦᠷᠭᠡᠨ ᠬᠦᠷᠭᠡᠬᠦ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠢᠶᠠᠷ ᠤᠯᠤᠰ᠂ ᠥᠪᠡᠷᠲᠡᠭᠡᠨ | ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠢ ᠲᠡᠳᠬᠦᠨ ᠳᠡᠮᠵᠢᠬᠦ ᠪᠤᠶᠤ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠲᠤᠰᠬᠠᠶ ᠵᠦᠢᠯ ᠤᠨ ᠪᠡᠯᠡ ᠮᠥᠩᠭᠦ ᠭᠤᠶᠣᠴᠢᠯᠠᠬᠤ ᠶᠢ ᠳᠡᠮᠵᠢᠵᠦ ᠪᠤᠯᠤᠨ᠎ᠠ︔ ᠲᠦᠷᠭᠡᠨ ᠬᠦᠷᠭᠡᠬᠦ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠦᠷᠭᠡᠨ | ᠬᠦᠷᠭᠡᠬᠦ ᠶᠢᠨ ᠠᠮᠣᠷ ᠲᠦᠪᠰᠢᠨ ᠤ ᠬᠢᠨᠠᠨ ᠡᠵᠡᠮᠳᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠦᠷᠭᠡᠨ | ᠬᠦᠷᠭᠡᠬᠦ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠡᠮᠵᠢᠵᠣ᠂ ᠲᠦᠷᠭᠡᠨ ᠬᠦᠷᠭᠡᠬᠦ ᠶᠢᠨ | ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠶᠤᠨᠲᠤ ᠲᠦᠷᠭᠡᠨ ᠬᠦᠷᠭᠡᠬᠦ | ᠵᠦᠢᠯ ᠤᠨ ᠬᠠᠶᠢᠷᠴᠠᠭ ᠢ ᠪᠠᠶᠢᠭᠤᠯᠣᠨ ᠳᠡᠯᠭᠡᠷᠡᠭᠦᠯᠵᠦ᠂ ᠲᠦᠷᠭᠡᠨ ᠬᠦᠷᠭᠡᠬᠦ ᠡᠯᠧᠺᠲᠷᠤᠨ ᠬᠤᠳᠠᠯᠳᠣᠭᠠᠨ ᠤ | ᠬᠠᠮᠲᠤᠷᠠᠨ ᠠᠵᠢᠯᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢ ᠪᠣᠢ ᠪᠣᠯᠭᠠᠨ᠎ᠠ︔ ᠲᠦᠷᠭᠡᠨ ᠬᠦᠷᠭᠡᠬᠦ | ᠠᠵᠤ ᠠᠬᠤᠶᠢᠯᠠᠯ ᠤᠨ ᠲᠦᠷᠭᠡᠨ ᠬᠦᠷᠭᠡᠬᠦ ᠵᠦᠢᠯ ᠢ ᠠᠦ᠋ᠲ᠋ᠣᠴᠢᠯᠠᠨ ᠢᠯᠭᠠᠨ ᠬᠤᠪᠢᠶᠠᠬᠤ ᠪᠠ ᠰᠢᠨ᠎ᠡ ᠡᠨᠧᠷᠭᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠲᠡᠷᠭᠡ ᠬᠥᠰᠬᠡ᠂ X ᠰᠠᠴᠤᠷᠠᠭ ᠤᠨ ᠠᠮᠣᠷ ᠲᠦᠪᠰᠢᠨ ᠤ ᠪᠠᠶᠢᠴᠠᠭᠠᠯᠲᠠ ᠬᠢᠬᠦ | ᠮᠠᠰᠢᠨ ᠵᠡᠷᠭᠡ ᠰᠢᠨ᠎ᠡ ᠪᠡᠯᠡᠣᠡᠭᠡᠮᠵᠢ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠠ᠃ | ︵ᠭᠤᠷᠪᠠ︶ ᠭᠠᠶᠢᠯᠢ ᠲᠠᠲᠠᠪᠤᠷᠢ ᠶᠢᠨ ᠬᠠᠷᠠᠭᠠᠯᠵᠠᠬᠤ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠠᠵᠤ | ᠠᠬᠤᠶᠢᠯᠠᠯ ᠠᠴᠠ ᠬᠠᠤᠯᠢ ᠶᠣᠰᠣᠭᠠᠷ ᠭᠠᠶᠢᠯᠢ ᠰᠦᠢᠳᠬᠡᠯ ᠬᠤᠷᠢᠶᠠᠨ ᠬᠠᠮᠢᠶᠠᠷᠴᠣ᠂ ᠲᠣᠭᠲᠠᠭᠠᠯ ᠠᠴᠠ ᠵᠥᠷᠢᠴᠡᠨ | ᠭᠠᠶᠢᠯᠢ ᠰᠦᠢᠳᠬᠡᠯ ᠤᠨ ᠳᠠᠷᠤᠭᠠᠰᠤ ᠶᠢ ᠭᠦᠨᠳᠣᠷᠡᠭᠦᠯᠭᠦ ᠶᠢ ᠴᠢᠩᠭ᠎ᠠ ᠴᠠᠭᠠᠵᠠᠯᠠᠨ᠎ᠠ᠃ ︽ᠲᠦᠷᠭᠡᠨ ᠬᠦᠷᠭᠡᠬᠦ | ᠲᠤᠬᠠᠶᠢᠯᠠᠭᠰᠠᠨ ᠠᠵᠢᠯ ᠤᠨ ᠡᠵᠡᠩᠨᠡᠯᠳᠠ ᠶᠢᠨ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠠᠵᠤ ᠠᠬᠤᠶᠢᠯᠠᠯ ᠤᠳ | ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠬᠦᠷᠢᠶ᠎ᠡ ᠬᠡᠪᠴᠢᠶᠡᠨ ᠳᠤ | ᠬᠠᠷᠢᠶᠠᠯᠠᠭᠳᠠᠬᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠡᠷᠬᠢᠯᠡᠪᠡᠯ᠂ ᠬᠡᠷᠩᠯᠡᠭᠡᠨ ᠤ ᠭᠠᠶᠢᠯᠢ ᠶᠢᠨ ᠨᠤᠷᠮ᠎ᠠ | ᠶᠣᠰᠣᠭᠠᠷ ᠥᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠨᠢ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠭᠠᠵᠠᠷ ᠣᠷᠣᠨ ᠠᠯᠤᠰᠯᠠᠭᠰᠠᠨ ᠡᠵᠡᠩᠨᠡᠯᠲᠡ ᠶᠢᠨ ᠶᠡᠷᠦᠩᠬᠡᠶ ᠰᠠᠯᠪᠤᠷᠢ | ᠪᠠᠶᠢᠭᠤᠯᠤᠮᠵᠢ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠬᠤᠷᠢᠶᠠᠩᠭᠤᠶᠢᠯᠠᠨ ᠲᠤᠰᠢᠶᠠᠬᠤ ᠲᠦᠷᠦ ᠶᠢᠨ ᠪᠤᠳᠤᠯᠭ᠎ᠠ ᠶᠢ | ᠣᠳᠣ ᠶᠢᠨ ᠶᠠᠪᠣᠭᠳᠠᠭᠤᠯᠵᠣ ᠪᠠᠶᠢᠭ᠎ᠠ ᠲᠣᠭᠲᠠᠭᠠᠯ ᠶᠣᠰᠣᠭᠠᠷ ᠬᠡᠷᠩᠵᠢᠭᠦᠯᠭᠦ ᠪᠠᠷ ᠭᠤᠶᠤᠴᠢᠯᠠᠵᠤ᠂ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠬᠠᠤᠯᠢ ᠶᠣᠰᠣᠭᠠᠷ | ᠬᠦᠷᠳᠡᠵᠦ ᠪᠤᠯᠤᠨ᠎ᠠ᠃ | ︵ᠲᠦᠷᠪᠡ︶ ᠭᠠᠵᠠᠷ ᠰᠢᠷᠣᠢ ᠬᠡᠷᠡᠭᠯᠡᠬᠦᠯᠬᠦ ᠪᠠᠷ ᠳᠡᠮᠵᠢᠬᠦ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ | ᠦᠢᠯᠡᠰ ᠤᠨ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢ ᠭᠠᠵᠡᠷ ᠰᠢᠷᠣᠢ ᠠᠰᠢᠭᠯᠠᠬᠤ ᠶᠡᠷᠦᠩᠬᠡᠶ | ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ ᠬᠦᠷᠭᠡᠬᠦ ᠠᠵᠤ ᠦᠢᠯᠡᠰ ᠤᠨ ᠬᠦᠷᠢᠶᠡᠯᠡᠩ᠂ ᠲᠦᠷᠭᠡᠨ ᠬᠦᠷᠭᠡᠬᠦ | ᠲᠣᠣᠷ ᠰᠦᠯᠵᠢᠶ᠎ᠡ ᠶᠢᠨ ᠴᠢᠬᠤᠯᠠ ᠵᠠᠩᠭᠢᠯᠠᠭ᠎ᠠ ᠵᠢᠴᠢ ᠬᠤᠷᠢᠶᠠᠨ ᠣᠷᠣᠭᠤᠯᠬᠤ ᠴᠢᠬ᠂ ᠲᠦᠷᠭᠡᠨ ᠬᠦᠷᠭᠡᠬᠦ ᠶᠢᠨ | ᠠᠷᠠᠳ ᠲᠤ ᠲᠦᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠰᠠᠭᠤᠷᠢ ᠪᠡᠯᠡᠣᠭᠡᠮᠵᠢ ᠳᠤ | ᠬᠡᠷᠡᠭᠯᠡᠬᠦ ᠭᠠᠵᠠᠷ ᠰᠢᠷᠣᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠠᠵᠠᠷ ᠰᠢᠷᠣᠶ ᠶᠢᠨ ᠬᠠᠩᠭᠠᠯᠭ᠎ᠠ ᠶᠢ | ᠦᠨᠡᠡᠭᠦ ᠪᠠᠲᠤᠯᠠᠨ᠎ᠠ᠃ ᠲᠦᠷᠭᠡᠨ ᠬᠦᠷᠭᠡᠬᠦ ᠦᠢᠯᠡᠰ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠬᠠᠤᠯᠢ ᠪᠠᠷ ᠲᠣᠭᠲᠠᠭᠠᠭᠰᠠᠨ ᠰᠢᠯᠵᠢᠭᠦᠯᠦᠨ ᠥᠭᠬᠦ ᠬᠡᠪᠴᠢᠶᠡᠨ ᠳᠤ ᠨᠡᠶᠢᠴᠡᠪᠡᠯ᠂ ᠰᠢᠯᠵᠢᠭᠦᠯᠦᠨ ᠥᠭᠬᠦ ᠠᠷᠭ᠎ᠠ | ᠪᠠᠷᠢᠯ ᠢᠶᠠᠷ ᠭᠠᠵᠠᠷ ᠰᠢᠷᠣᠢ ᠬᠠᠩᠭᠠᠵᠤ ᠪᠣᠯᠣᠨ᠎ᠠ᠃ | ︵ᠲᠠᠪᠤ︶ ᠮᠥᠩᠭᠦᠨ ᠭᠦᠢᠯᠭᠡᠭᠡᠨ ᠢᠶᠠᠷ ᠳᠡᠮᠵᠢᠬᠦ ᠲᠦᠷᠦ ᠶᠢᠨ ᠪᠤᠳᠤᠯᠭ᠎ᠠ᠃ ᠢᠳᠡᠪᠬᠢᠲᠡᠶ ᠪᠠᠷ ᠨᠥᠬᠦᠴᠡᠯ | ᠪᠦᠷᠢᠯᠳᠦᠭᠦᠯᠵᠦ ᠪᠠᠶᠢᠭᠠᠳ ᠳᠤᠮᠳᠠ ᠵᠢᠵᠢᠭ ᠬᠡᠯᠪᠡᠷᠢ ᠶᠢᠨ ᠲᠦᠷᠭᠡᠨ ᠬᠦᠷᠭᠡᠬᠦ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠣᠨ ᠰᠲ᠋ᠣᠺ ᠤᠨ ᠡᠷᠬᠡ ᠪᠠᠷ ᠪᠡᠯᠡ | ᠲᠣᠬᠢᠷᠠᠭᠤᠯᠭ᠎ᠠ ᠬᠢᠭᠦ᠂ ᠲᠥᠷᠥᠯ ᠵᠦᠢᠯ ᠢᠶᠠᠷ ᠪᠡᠯᠡ ᠲᠣᠬᠢᠷᠠᠭᠤᠯᠭ᠎ᠠ ᠬᠢᠭᠦ᠂ ᠪᠡᠯᠡ ᠨᠡᠶᠢᠯᠡᠭᠦᠯᠣᠨ ᠬᠤᠷᠰᠢᠬᠤ ᠵᠡᠷᠭᠡ | ᠠᠷᠭ᠎ᠠ ᠪᠠᠷᠢᠯ ᠢᠶᠠᠷ ᠪᠡᠯᠡ ᠮᠥᠩᠭᠦ ᠴᠤᠭᠯᠠᠭᠤᠯᠣᠨᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠢᠳᠡᠪᠬᠢᠲᠡᠶ ᠬᠥᠲᠥᠯᠥᠨ ᠵᠢᠯᠣᠭᠤᠳᠴᠤ ᠲᠦᠷᠭᠡᠨ ᠬᠦᠷᠭᠡᠬᠦ ᠠᠵᠤ ᠠᠬᠤᠶᠢᠯᠠᠯ ᠢ ᠢᠲᠡᠭᠡᠮᠵᠢᠲᠦ | ᠵᠢᠭᠡᠯᠡᠯᠭᠡ ᠪᠠᠷ ᠳᠡᠮᠵᠢᠭᠦ ᠡᠷᠴᠢᠮ ᠢᠶᠠᠨ ᠴᠢᠩᠭᠠᠷᠠᠭᠤᠯᠤᠨ᠂ ᠲᠣᠭᠲᠠᠮᠠᠯ ᠭᠦᠷᠣᠩᠭᠡ ᠶᠢ ᠳᠠᠨᠵᠢᠯᠠᠬᠤ ᠪᠤᠶᠤ | ᠬᠤᠷᠢᠶᠠᠪᠠᠰᠤ ᠵᠣᠬᠢᠬᠤ ᠲᠠᠩᠰᠠᠨ ᠵᠣᠭᠤᠰ ᠢ ᠳᠠᠨᠵᠢᠯᠠᠬᠤ ᠵᠡᠷᠭᠡ ᠤᠯᠠᠨ ᠵᠦᠢᠯ ᠤᠨ ᠵᠢᠭᠡᠯᠡᠯᠭᠡ ᠶᠢᠨ ᠳᠠᠭᠠᠭᠠᠯᠲᠠ ᠶᠢᠨ | ᠠᠷᠭ᠎ᠠ ᠪᠠᠷᠢᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠲᠤᠭ᠎ᠠ | ᠭᠡᠮᠵᠢᠶ᠎ᠠ ᠶᠢ ᠨᠡᠮᠡᠭᠳᠡᠭᠦᠯᠦᠨ᠂ ᠲᠦᠷᠭᠡᠨ ᠬᠦᠷᠭᠡᠬᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠳᠡᠮᠵᠢᠨ᠎ᠠ᠃ ᠢᠲᠡᠭᠡᠮᠵᠢ ᠰᠠᠶᠢᠲᠠᠶ᠂ ᠡᠵᠡᠩᠨᠡᠯᠲᠡ ᠵᠢᠷᠤᠮᠵᠢᠭᠤᠨ᠂ ᠦᠷ᠎ᠡ ᠠᠰᠢᠭ ᠲᠤᠪᠤᠶᠢᠮ᠎ᠠ ᠲᠦᠷᠭᠡᠨ ᠬᠦᠷᠭᠡᠬᠦ | ᠠᠵᠤ ᠠᠬᠤᠶᠢᠯᠠᠯ ᠳᠤ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠦᠷᠭᠡᠨ ᠬᠦᠷᠭᠡᠬᠦ ᠠᠵᠤ | ᠠᠬᠤᠶᠢᠯᠠᠯ ᠤᠨ ᠣᠨᠴᠠᠯᠢᠭ ᠲᠤ ᠨᠡᠶᠢᠴᠡᠭᠰᠡᠨ ᠢᠲᠡᠭᠡᠮᠵᠢ ᠶᠢᠨ ᠦᠨᠡᠯᠡᠨ ᠵᠢᠱᠢᠭᠦ ᠪᠠ ᠢᠲᠡᠭᠡᠮᠵᠢ ᠣᠯᠭᠤᠬᠤ | ᠳᠦᠷᠢᠮ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠲᠦᠷᠭᠡᠨ ᠬᠦᠷᠭᠡᠬᠦ ᠠᠵᠤ ᠠᠬᠤᠶᠢᠯᠠᠯ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠵᠢᠭᠡᠯᠡᠯᠭᠡ ᠶᠢᠨ ᠨᠡᠷᠡᠳᠭᠦᠨ ᠪᠠ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠬᠤ ᠬᠡᠷᠩᠳᠠᠢ᠃ ᠳᠠᠭᠠᠳᠬᠠᠯ ᠤᠨ ᠠᠵᠤ ᠠᠬᠤᠶᠢᠯᠠᠯ ᠨᠢ | ᠳᠠᠭᠠᠳᠬᠠᠯ ᠤᠨ ᠨᠡᠷᠡᠳᠭᠦᠨ ᠪᠠ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠴᠦ᠂ ᠲᠦᠷᠭᠡᠨ ᠬᠦᠷᠭᠡᠬᠦ | ᠦᠢᠯᠡᠴᠢᠯᠡᠭᠡᠨ ᠤ ᠦᠢᠯᠡᠰ ᠤᠨ ᠣᠨᠴᠠᠯᠢᠭ ᠲᠤ ᠳᠣᠭᠢᠷᠬᠠᠰᠠᠨ ᠰᠢᠨ᠎ᠡ ᠳᠠᠭᠠᠳᠬᠠᠯ ᠤᠨ ᠵᠦᠢᠯ ᠢ ᠰᠤᠳᠤᠯᠵᠤ᠂ | ᠢᠯᠡᠭᠡᠨ ᠬᠦᠷᠭᠡᠬᠦ ᠳᠠᠭᠠᠳᠬᠠᠯ ᠤᠨ ᠲᠤᠬᠠᠶᠢᠯᠠᠭᠰᠠᠨ ᠠᠵᠢᠯ ᠢ ᠶᠡᠬᠡᠪᠡᠷ ᠬᠥᠭᠵᠢᠭᠦᠯᠭᠦ ᠬᠡᠷᠩᠳᠠᠢ᠃ ᠲᠦᠷᠭᠡᠨ ᠬᠦᠷᠭᠡᠬᠦ | ᠠᠵᠤ ᠠᠬᠤᠶᠢᠯᠠᠯ ᠨᠢ ᠳᠠᠭᠠᠳᠬᠠᠯ ᠤᠨ ᠦᠵᠡᠯ ᠤᠬᠠᠮᠰᠠᠷ ᠢᠶᠠᠨ ᠴᠢᠩᠭᠠᠳᠬᠠᠵᠤ᠂ ᠳᠠᠭᠠᠳᠬᠠᠯ ᠤᠨ ᠲᠣᠭᠲᠠᠴᠠ ᠶᠢ | ᠬᠡᠷᠩᠯᠡᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠣᠡᠪᠣᠷᠢᠯᠡᠭᠦ ᠬᠡᠷᠡᠭᠲᠡᠶ᠃ | ︵ᠵᠢᠷᠭᠤᠭ᠎ᠠ︶ ᠴᠢᠳᠠᠪᠤᠷᠢᠲᠠᠨ ᠢᠶᠠᠷ ᠳᠡᠮᠵᠢᠬᠦ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠠᠵᠤ | ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠯᠲᠠ ᠶᠢᠨ ᠪᠠ ᠮᠡᠷᠭᠡᠵᠢᠯ ᠤᠨ ᠴᠢᠳᠠᠪᠤᠷᠢᠲᠠᠨ ᠣᠷᠣᠭᠤᠯᠬᠤ ᠶᠢ | ᠳᠡᠮᠵᠢᠵᠣ᠂ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠳᠤ ᠪᠠᠴᠢᠮ ᠬᠡᠷᠡᠭᠴᠡᠭᠡ ᠲᠠᠢ ᠤᠷ᠎ᠠ ᠮᠡᠷᠭᠡᠵᠢᠯ ᠤᠨ | ᠬᠡᠯᠪᠡᠷᠢ ᠪᠦᠬᠦᠢ ᠴᠢᠳᠠᠪᠤᠷᠢᠲᠠᠨ ᠢ ᠠᠵᠢᠯ ᠣᠯᠭᠤᠬᠤ ᠪᠣᠯᠪᠠᠰᠤᠷᠠᠭᠤᠯᠣᠯ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠢ ᠰᠢᠯᠵᠢᠭᠦᠯᠬᠦ ᠪᠣᠯᠪᠠᠰᠤᠷᠠᠭᠤᠯᠣᠯ ᠤᠨ ᠬᠦᠷᠢᠶ᠎ᠡ ᠬᠡᠪᠴᠢᠶᠠᠨ ᠳᠤ ᠣᠷᠣᠭᠤᠯᠵᠣ ᠪᠣᠯᠣᠨ᠎ᠠ᠃ | ᠥᠪᠥᠷ ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠨᠥᠬᠦᠴᠡᠯ ᠲᠠᠢ ᠳᠡᠭᠡᠳᠦ | ᠰᠤᠷᠭᠠᠭᠤᠯᠢ ᠯᠤᠭ᠎ᠠ ᠲᠦᠷᠭᠡᠨ ᠬᠦᠷᠭᠡᠬᠦ ᠦᠢᠯᠡᠰ ᠤᠨ ᠠᠵᠢᠯ ᠡᠷᠬᠢᠯᠡᠭᠰᠡᠤᠨ ᠤᠨ ᠠᠵᠢᠯ ᠮᠡᠷᠭᠡᠵᠢᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠣᠯ ᠤᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠪᠣᠳᠠᠳᠠᠢ ᠳᠤ ᠰᠠᠭᠤᠷᠢᠯᠠᠨ᠂ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠳᠠᠬᠢ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠦᠷᠭᠡᠨ ᠬᠦᠷᠭᠡᠬᠦ ᠦᠢᠯᠡᠰ ᠤᠨ ᠠᠵᠢᠯ ᠤᠨ ᠪᠠᠶᠢᠷᠢ ᠶᠢᠨ | ᠪᠣᠯᠪᠠᠰᠤᠷᠠᠭᠤᠯᠣᠯ᠂ ᠨᠡᠶᠢᠭᠡᠮ ᠤᠨ ᠳᠠᠬᠢᠨ ᠠᠵᠢᠯ ᠣᠯᠭᠤᠬᠤ ᠪᠣᠯᠪᠠᠰᠤᠷᠠᠭᠤᠯᠣᠯ ᠪᠠ ᠵᠠᠬᠢᠶᠠᠯᠠᠭ᠎ᠠ ᠶᠢᠨ ᠮᠠᠶ᠋ᠢᠭ ᠤᠨ | ᠰᠤᠷᠤᠭᠴᠢ ᠡᠯᠰᠡᠬᠦ ᠶᠢ ᠭᠦᠨᠵᠡᠭᠡᠶ ᠥᠷᠨᠢᠭᠦᠯᠵᠦ᠂ ︽ᠠᠯᠲᠠᠨ ᠬᠦᠬᠡ ᠵᠠᠭᠠᠮᠠᠳᠠᠨ︾ ᠤ ᠪᠣᠯᠪᠠᠰᠤᠷᠠᠭᠤᠯᠤᠯ ᠤᠨ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠲᠦᠷᠭᠡᠨ ᠬᠦᠷᠭᠡᠬᠦ ᠲᠤᠰᠬᠠᠶ ᠮᠡᠷᠭᠡᠵᠢᠯ ᠤᠨ ᠪᠣᠯᠪᠠᠰᠤᠷᠠᠭᠤᠯᠣᠯ ᠤᠨ | ᠠᠩᠬᠢ ᠡᠷᠬᠢᠯᠡᠵᠣ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠲᠠᠬᠢᠨ ᠠᠵᠢᠯ ᠣᠯᠭᠤᠬᠤ | ᠪᠣᠯᠪᠠᠰᠤᠷᠠᠭᠤᠯᠤᠯ ᠤᠨ ᠨᠥᠬᠦᠪᠥᠷᠢ ᠭᠦᠷᠳᠡᠭᠡᠵᠣ᠂ ᠲᠦᠷᠭᠡᠨ ᠬᠦᠷᠭᠡᠬᠦ ᠦᠢᠯᠡᠰ ᠤᠨ ᠠᠵᠢᠯ ᠡᠷᠬᠢᠯᠡᠭᠰᠡᠣᠨ ᠤᠨ ᠬᠡᠪ | ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠣᠨ᠂ ᠲᠦᠷᠭᠡᠨ ᠬᠦᠷᠭᠡᠬᠦ ᠦᠢᠯᠡᠰ ᠤᠨ ᠠᠯᠤᠰ ᠬᠡᠳᠦ ᠶᠢᠨ | ᠬᠥᠭᠵᠢᠯᠲᠡ ᠳᠤ ᠪᠠᠲᠤ ᠪᠠᠬᠢ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠯᠭᠠᠭᠤᠷᠢᠯᠠᠬᠤ ᠶᠢᠨ ᠪᠠᠳᠣᠯᠠᠭ᠎ᠠ | ᠬᠠᠩᠭᠠᠬᠤ ᠬᠡᠷᠩᠳᠠᠢ᠃ | ︵ᠲᠤᠯᠤᠭ᠎ᠠ︶ ᠵᠠᠮ ᠨᠡᠪᠲᠡᠷᠡᠯᠭᠡ ᠪᠠᠷ ᠪᠠᠳᠣᠯᠠᠬᠤ ᠲᠥᠷᠥ ᠶᠢᠨ ᠪᠣᠳᠣᠯᠭ᠎ᠠ᠃ ᠬᠤᠳᠠ ᠶᠢᠨ ᠲᠣᠬᠢᠷᠠᠭᠤᠯᠤᠨ | ᠬᠦᠷᠭᠡᠬᠦ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠬᠠᠪᠰᠣᠷᠭᠠᠵᠣ᠂ ᠲᠦᠷᠭᠡᠨ ᠬᠦᠷᠭᠡᠬᠦ ᠦᠢᠯᠡᠰ ᠬᠠᠷᠢᠴᠠᠩᠭᠤᠶ | ᠲᠥᠪᠯᠡᠷᠡᠭᠰᠡᠨ᠂ ᠲᠤᠮᠤ ᠬᠡᠯᠪᠡᠷᠢ ᠶᠢᠨ ᠲᠡᠷᠭᠡ ᠬᠥᠰᠬᠡ ᠴᠢᠬᠤᠯᠨ ᠵᠠᠮ ᠬᠠᠷᠢᠯᠴᠠᠭᠠᠨ ᠤ ᠭᠤᠣᠯ ᠱᠤᠭᠤᠮ ᠤᠨ ᠦᠢᠷ᠎ᠡ | ᠬᠠᠪᠢ ᠪᠠᠷ ᠭᠦᠷᠢᠶᠡᠯᠡᠩ ᠳᠤ ᠣᠷᠣᠬᠤ ᠬᠠᠷᠠᠯᠲᠠ ᠶᠢ ᠪᠡᠶᠡᠯᠡᠭᠦᠯᠵᠣ᠂ ︽ᠬᠥᠮᠦᠨ ᠶᠠᠪᠣᠬᠤ ᠳᠤ ᠲᠦᠭᠦᠮ᠂ ᠪᠠᠷᠠᠭ᠎ᠠ | ᠭᠦᠢᠯᠭᠡᠭᠡᠭᠦ ᠳᠤ ᠰᠠᠭᠠᠣᠨ ᠦᠭᠡᠢ︾ ᠪᠠᠶᠢᠯᠭᠠᠬᠤ ᠪᠠᠷ ᠴᠢᠷᠮᠠᠶᠢᠨ᠎ᠠ᠃ ᠬᠤᠯᠪᠣᠭᠳᠠᠯ ᠪᠦᠬᠦᠢ ᠲᠣᠭᠲᠠᠭᠠᠯ ᠳᠤ ᠨᠠᠶᠢᠴᠡᠭᠦ | ᠲᠦᠷᠭᠡᠨ ᠬᠦᠷᠭᠡᠬᠦ ᠶᠢᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠡᠷᠬᠢᠯᠡᠵᠣ ᠪᠠᠶᠢᠭ᠎ᠠ ᠲᠡᠷᠭᠡ ᠬᠦᠰᠭᠡ ᠳᠤ | ᠨᠢᠭᠡᠳᠦᠯᠲᠡᠶ ᠲᠤᠰᠬᠠᠶ ᠲᠡᠮᠳᠡᠭ ᠪᠠ ᠵᠠᠮ ᠦᠩᠭᠡᠷᠡᠭᠦ ᠦᠨᠡᠮᠯᠡᠯ ᠣᠯᠭᠤᠵᠣ᠂ ᠲᠦᠷᠭᠡᠨ ᠬᠦᠷᠭᠡᠬᠦ ᠲᠡᠷᠭᠡ ᠬᠥᠰᠬᠡ ᠳᠤ | ᠵᠠᠮ ᠨᠡᠪᠳᠡᠷᠡᠬᠦ ᠪᠠ ᠳᠦᠷ ᠴᠠᠭ ᠵᠣᠭᠰᠣᠬᠤ ᠲᠦᠷᠦ ᠶᠢᠨ ᠪᠤᠳᠤᠯᠭ᠎ᠠ ᠣᠯᠭᠤᠨ᠎ᠠ᠃ ᠬᠤᠳᠠ ᠶᠢᠨ ᠰᠢᠣᠳᠠᠨ ᠤ | ᠶᠠᠪᠣᠳᠠᠯ ᠤᠨ ᠲᠦᠷᠭᠡᠨ ᠭᠦᠷᠭᠡᠭᠦ ᠲᠡᠷᠭᠡ ᠬᠥᠰᠬᠡ ᠨᠢ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠣ᠂ ᠬᠠᠤᠯᠢ | ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠮᠠᠰᠢᠨ ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠵᠣ᠂ ᠬᠠᠤᠯᠢ ᠶᠣᠰᠣᠭᠠᠷ ᠬᠤᠳᠠ ᠶᠢᠨ ᠵᠠᠮ ᠬᠠᠷᠢᠯᠴᠠᠭᠠᠨ ᠳᠤ ᠣᠷᠣᠯᠴᠠᠭᠤᠯᠤᠨ᠎ᠠ᠃ | ᠲᠦᠷᠭᠡᠨ ᠬᠦᠷᠭᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠱᠠᠭᠠᠷᠳᠠᠯᠭ᠎ᠠ ᠳᠤ ᠨᠡᠶᠢᠴᠡᠭᠰᠡᠨ ᠪᠢᠲᠡᠭᠦᠣ ᠬᠡᠯᠪᠡᠷᠢ ᠶᠢᠨ ᠬᠥᠩᠭᠡᠨ᠂ ᠪᠢᠴᠢᠯ ᠵᠢᠵᠢᠭ ᠬᠡᠯᠪᠡᠷᠢ ᠶᠢᠨ ᠪᠠᠷᠠᠭ᠎ᠠ | ᠲᠡᠭᠡᠭᠡᠪᠦᠷᠢᠯᠡᠬᠦ ᠮᠠᠰᠢᠨ ᠲᠡᠷᠭᠡ ᠪᠣᠯᠤᠨ ᠰᠢᠨ᠎ᠡ ᠡᠨᠧᠷᠭᠢ ᠶᠢᠨ ᠳᠡᠷᠭᠡ ᠬᠦᠰᠭᠡ ᠬᠡᠷᠩᠯᠡᠭᠦ ᠶᠢ ᠵᠣᠷᠢᠬᠵᠢᠭᠤᠯᠣᠨ᠎ᠠ᠃ | ᠲᠦᠷᠭᠡᠨ ᠬᠦᠷᠭᠡᠬᠦ ᠠᠵᠤ ᠠᠬᠤᠶᠢᠯᠠᠯ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠪᠦᠭᠡᠳ ᠣᠷᠴᠢᠨ | ᠲᠣᠭᠤᠷᠢᠨ ᠢ ᠬᠠᠮᠠᠭᠠᠯᠠᠬᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠪᠠ ᠬᠡᠷᠡᠭᠯᠡᠵᠣ ᠪᠠᠶᠢᠭᠠᠣᠨ | ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠦᠷᠨᠢᠭᠦᠯᠪᠡᠯ᠂ ᠤᠯᠤᠰ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠡᠳ᠋ᠯᠡᠭᠦ ᠠᠴᠠ ᠭᠠᠳᠠᠨ᠎ᠠ᠂ ᠵᠠᠮ ᠨᠡᠪᠲᠡᠷᠡᠯᠭᠡ ᠵᠡᠷᠭᠡ | ᠲᠠᠯ᠎ᠠ ᠪᠠᠷ ᠣᠨᠴᠣᠭᠤᠶ ᠪᠠᠲᠤᠯᠠᠭ᠎ᠠ ᠣᠯᠭᠤᠨ᠎ᠠ᠃ ᠪᠠᠷᠢᠮᠵᠢᠶ᠎ᠠ ᠪᠠ ᠵᠢᠷᠤᠮᠵᠢᠯ ᠳᠤ ᠨᠡᠶᠢᠴᠡᠬᠦ ᠮᠠᠰᠢᠨᠲᠤ ᠪᠤᠰᠤ | ᠲᠡᠷᠭᠡ ᠪᠠᠷ ᠲᠦᠷᠭᠡᠨ ᠬᠦᠷᠭᠡᠬᠦ ᠦᠢᠯᠡᠰ ᠤᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠡᠷᠬᠢᠯᠡᠭᠦ ᠶᠢ | ᠵᠥᠪᠰᠢᠶᠡᠷᠡᠵᠣ᠂ ︽ᠬᠠᠮᠤᠭ ᠡᠴᠦᠰ ᠤᠨ ᠨᠢᠭᠡ ᠺᠢᠯᠣᠮᠧᠲᠷ︾ ᠤᠨ ᠵᠠᠮ ᠨᠡᠪᠲᠡᠷᠡᠯᠭᠡ ᠶᠢᠨ ᠪᠡᠷᠭᠡ ᠠᠰᠠᠭᠤᠳᠠᠯ ᠢ | ᠰᠢᠢᠣᠡᠪᠣᠷᠢᠯᠡᠨ᠎ᠠ᠃ | ︵ᠨᠠᠢᠮᠨ︶ ᠲᠡᠭᠦᠰᠭᠡᠯ ᠦᠵᠦᠭᠦᠷ ᠤᠨ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ᠃ ᠲᠦᠷᠭᠡᠨ | ᠬᠦᠷᠭᠡᠬᠦ ᠶᠢᠨ ᠲᠡᠬᠦᠰᠬᠡᠯ ᠦᠵᠦᠭᠦᠷ ᠤᠨ ᠦᠢᠯᠡᠴᠢᠯᠡᠭᠡᠨ ᠤ ᠰᠢᠰᠲ᠋ᠧᠮᠵᠢ ᠶᠢ ᠬᠤᠳᠠ ᠶᠢᠨ ᠲᠣᠬᠢᠷᠠᠭᠤᠯᠤᠨ ᠬᠦᠷᠭᠡᠬᠦ | ᠰᠢᠰᠲ᠋ᠧᠮᠵᠢ ᠳᠤ ᠣᠷᠣᠭᠤᠯᠵᠣ᠂ ᠨᠢᠭᠡᠳᠦᠯᠲᠡᠶ ᠲᠥᠯᠥᠪᠵᠢᠭᠦᠯᠣᠨ ᠪᠥᠳᠥᠭᠡᠨ ᠪᠠᠶᠢᠭᠤᠯᠣᠨ᠎ᠠ᠃ ᠲᠦᠷᠭᠡᠨ ᠬᠦᠷᠭᠡᠬᠦ | ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠠᠶᠢᠭᠤᠯᠬᠤ ᠂ ᠬᠠᠮᠲᠦᠷᠠᠯᠴᠠᠵᠦ ᠪᠠᠶᠢᠭᠤᠯᠬᠤ᠂ ᠭᠤᠷᠪᠠᠳᠠᠬᠢ | ᠡᠲᠡᠭᠡᠳ ᠲᠤ ᠨᠠᠶᠢᠳᠠᠵᠤ ᠪᠠᠶᠢᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠵᠣ᠂ ᠲᠦᠷᠭᠡᠨ ᠬᠦᠷᠭᠡᠬᠦ ᠲᠡᠭᠦᠰᠭᠡᠯ | ᠦᠵᠦᠭᠦᠷ ᠤᠨ ᠦᠢᠯᠡᠴᠢᠯᠡᠭᠡᠨ ᠤ ᠲᠣᠣᠷ ᠴᠢᠬ ᠢ ᠨᠡᠮᠡᠭᠳᠡᠭᠦᠯᠭᠦ ᠶᠢ ᠵᠣᠷᠢᠬᠵᠢᠭᠤᠯᠣᠨ᠎ᠠ᠃ ᠲᠦᠷᠭᠡᠨ ᠬᠦᠷᠭᠡᠬᠦ ᠠᠵᠤ | ᠠᠬᠤᠶᠢᠯᠠᠯ ᠨᠢ ᠪᠠᠶᠢᠭᠤᠯᠭ᠎ᠠ᠂ ᠨᠡᠶᠢᠭᠡᠮ ᠲᠣᠭᠤᠷᠢᠭ᠂ ᠬᠡᠲᠤ ᠳᠡᠯᠭᠡᠭᠦᠷ᠂ ᠠᠯᠪᠠᠯᠠᠬᠤ ᠠᠰᠠᠷ᠂ ᠠᠵᠤ ᠠᠬᠤᠶᠢᠯᠠᠯ᠂ | ᠰᠤᠷᠭᠠᠭᠤᠯᠢ ᠵᠡᠷᠭᠡ ᠲᠠᠢ ᠬᠠᠮᠲᠦᠷᠠᠯᠴᠠᠵᠦ᠂ ᠲᠡᠭᠦᠰᠭᠡᠯ ᠦᠵᠦᠭᠦᠷ ᠤᠨ ᠲᠣᠬᠢᠷᠠᠭᠤᠯᠤᠨ ᠬᠦᠷᠭᠡᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠵᠣᠷᠢᠬᠵᠢᠭᠤᠯᠣᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠠᠵᠣ | ᠠᠬᠤᠶᠢᠯᠠᠯ ᠵᠣᠬᠢᠬᠤ ᠪᠢᠲᠡᠭᠦᠮᠵᠢᠯᠡᠭᠰᠡᠨ ᠲᠠᠯᠠᠪᠤᠷ ᠬᠠᠩᠭᠠᠨ ᠠᠳᠠᠯ ᠠᠬᠤᠶ ᠶᠢᠨ ᠲᠦᠷᠭᠡᠨ ᠬᠦᠷᠭᠡᠬᠦ ᠦᠢᠯᠡᠴᠢᠯᠡᠭᠦ | ᠲᠥᠪ ᠪᠣᠯᠭᠠᠵᠣ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠵᠠᠷᠴᠢᠮ | ᠶᠣᠰᠣᠭᠠᠷ᠂ ᠥᠮᠴᠢᠲᠡᠨ ᠳᠤ ᠭᠦᠷᠭᠡᠭᠰᠡᠨ ᠵᠦᠢᠯ ᠢ ᠬᠤᠷᠢᠶᠠᠨ ᠠᠪᠬᠤ᠂ ᠭᠦᠷᠭᠡᠭᠦ ᠵᠦᠢᠯ ᠢ ᠶᠠᠪᠣᠭᠤᠯᠬᠤ᠂ ᠭᠦᠷᠭᠡᠭᠦ | ᠵᠦᠢᠯ ᠢ ᠥᠪᠡᠰᠣᠪᠡᠨ ᠣᠴᠢᠵᠣ ᠠᠪᠬᠤ ᠵᠡᠷᠭᠡ ᠲᠦᠷᠭᠡᠨ ᠬᠦᠷᠭᠡᠬᠦ ᠦᠢᠯᠡᠴᠢᠯᠡᠭᠡ ᠬᠠᠩᠭᠠᠨ᠎ᠠ᠃ ᠠᠳᠠᠯ ᠠᠬᠤᠶ ᠶᠢᠨ | ᠲᠦᠷᠭᠡᠨ ᠬᠦᠷᠭᠡᠬᠦ ᠦᠢᠯᠡᠴᠢᠯᠡᠭᠡᠨ ᠤ ᠲᠥᠪ ᠲᠤ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ | ᠵᠥᠪᠰᠢᠶᠡᠷᠡᠬᠦ ᠭᠠᠷᠳᠠᠮ ᠢᠶᠠᠨ ᠳᠥᠭᠦᠮᠴᠢᠯᠡᠵᠦ᠂ ᠳᠠᠩᠰᠠᠯᠠᠭᠤᠯᠤᠭᠰᠠᠨ ᠭᠡᠷᠡᠴᠢ ᠶᠢ ᠬᠢᠨᠠᠨ ᠣᠯᠭᠤᠬᠤ ᠬᠡᠷᠩᠳᠠᠢ᠃ | ᠤᠶᠤᠨᠲᠤ ᠲᠦᠷᠭᠡᠨ ᠬᠦᠷᠭᠡᠬᠦ ᠵᠦᠢᠯ ᠤᠨ ᠴᠢᠩᠭᠡᠯᠢᠭ ᠤᠨ ᠪᠠᠶᠢᠭᠤᠯᠣᠯᠳᠠ ᠶᠢ ᠪᠥᠬᠦ ᠬᠦᠴᠦᠨ ᠢᠶᠠᠷ ᠠᠬᠢᠭᠤᠯᠵᠤ᠂ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠨ᠂ ᠠᠯᠪᠠᠯᠠᠬᠤ ᠠᠰᠠᠷ᠂ ᠨᠡᠶᠢᠭᠡᠮ ᠲᠣᠭᠤᠷᠢᠭ ᠵᠡᠷᠭᠡ | ᠨᠥᠬᠦᠴᠡᠯ ᠲᠠᠢ ᠭᠠᠵᠠᠷ ᠣᠷᠣᠨ ᠳᠤ ᠲᠦᠷᠭᠡᠨ ᠬᠦᠷᠭᠡᠬᠦ ᠠᠵᠤ ᠠᠬᠤᠶᠢᠯᠠᠯ ᠤᠨ ᠤᠶᠤᠨᠲᠤ ᠲᠦᠷᠭᠡᠨ ᠬᠦᠷᠭᠡᠬᠦ | ᠵᠦᠢᠯ ᠤᠨ ᠴᠢᠩᠭᠡᠯᠢᠭ ᠢ ᠳᠡᠯᠭᠡᠷᠡᠭᠦᠯᠦᠨ ᠲᠦᠭᠡᠮᠡᠯᠵᠢᠭᠦᠯᠭᠦ ᠶᠢ ᠳᠡᠮᠵᠢᠨ᠎ᠠ᠃ | ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠣᠨ᠎ᠠ᠃ ᠥᠪᠡᠷᠲᠡᠭᠡᠨ ᠵᠠᠰᠠᠬᠤ | ᠣᠷᠣᠨ ᠠᠴᠠ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠡᠯ᠎ᠡ ᠠᠶᠢᠮᠠᠭ ᠬᠤᠳᠠ ᠨᠤᠭᠤᠳ ᠪᠡᠰᠨ ᠵᠣᠬᠢᠬᠤ ᠵᠣᠬᠢᠶᠠᠨ ᠪᠠᠶᠢᠭᠤᠯᠣᠨ ᠤᠳᠤᠷᠢᠳᠬᠤ | ᠪᠠᠶᠢᠭᠤᠯᠤᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠤᠳ | ᠵᠣᠬᠢᠴᠠᠭᠤᠯᠤᠨ ᠬᠠᠮᠵᠢᠯᠴᠠᠬᠤ᠂ ᠠᠵᠤ ᠠᠬᠤᠶᠢᠯᠠᠯ ᠤᠳ ᠥᠷᠭᠡᠨ ᠳᠡᠯᠭᠡᠷ ᠣᠷᠣᠯᠴᠠᠬᠤ᠂ ᠨᠡᠶᠢᠲᠡ ᠣᠯᠠᠨ ᠢᠶᠠᠷ ᠢᠶᠠᠨ | ᠳᠡᠮᠵᠢᠨ ᠵᠦᠪᠰᠢᠶᠡᠷᠡᠭᠰᠠᠨ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠷᠢᠰᠢᠯ ᠢ | ᠠᠬᠢᠭᠤᠯᠤᠨ ᠪᠦᠷᠢᠯᠳᠦᠭᠦᠯᠦᠨ᠎ᠡ᠃ | ︵ᠬᠤᠶᠠᠷ︶ ᠬᠠᠤᠯᠢ ᠳᠦᠷᠢᠮ ᠲᠥᠯᠥᠪᠵᠢᠭᠦᠯᠭᠡ ᠶᠢᠨ ᠪᠠᠶᠢᠭᠤᠯᠣᠯᠳᠠ ᠶᠢ ᠴᠢᠩᠭᠠᠷᠠᠭᠤᠯᠣᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠲᠦᠷᠢᠮ︾ ᠳᠤ ᠵᠠᠰᠠᠪᠤᠷᠢ ᠣᠷᠣᠭᠤᠯᠬᠤ ᠶᠢ | ᠠᠬᠢᠭᠤᠯᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ︵ᠠᠵᠢᠯ ᠲᠥᠷᠥᠯ︶ ᠤᠨ ᠪᠠᠷᠢᠮᠵᠢᠶ᠎ᠠ ᠶᠢ ᠪᠠᠶᠢᠭᠤᠯᠤᠨ | ᠪᠦᠷᠢᠨᠰᠢᠭᠦᠯᠵᠣ᠂ ᠲᠦᠷᠭᠡᠨ ᠬᠦᠷᠭᠡᠬᠦ ᠦᠢᠯᠡᠰ ᠤᠨ ᠬᠠᠤᠯᠢ ᠳᠦᠷᠢᠮᠵᠢᠯᠳᠠ᠂ ᠪᠠᠷᠢᠮᠵᠢᠶᠠᠵᠢᠭᠤᠯᠣᠯᠳᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠦᠷᠭᠡᠨ ᠬᠦᠷᠭᠡᠬᠦ | ᠦᠢᠯᠡᠰ ᠤᠨ ᠬᠥᠭᠵᠢᠯᠲᠡ ᠶᠢ ᠲᠤᠬᠠᠶ ᠶᠢᠨ ᠭᠠᠵᠠᠷ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ ᠬᠦᠷᠭᠡᠬᠦ ᠬᠦᠷᠢᠶᠡᠯᠡᠩ ᠲᠣᠭᠤᠷᠢᠭ᠂ | ᠳᠡᠮᠵᠢᠭᠤᠯᠬᠤ ᠲᠥᠪ ᠪᠠ ᠦᠢᠯᠡᠴᠢᠯᠡᠭᠡᠨ ᠤ ᠲᠣᠣᠷ ᠴᠢᠬ ᠢ ᠬᠤᠳᠠ ᠶᠢᠨ ᠶᠡᠷᠦᠩᠬᠡᠶ ᠲᠥᠯᠥᠪᠵᠢᠭᠦᠯᠭᠡ ᠪᠠ | ᠬᠤᠳᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ | ᠬᠦᠷᠭᠡᠬᠦ ᠰᠠᠭᠤᠷᠢ ᠪᠡᠯᠡᠣᠡᠭᠡᠮᠵᠢ ᠶᠢᠨ ᠪᠦᠳᠦᠭᠡᠠ ᠪᠠᠶᠢᠭᠤᠯᠤᠯᠲᠠ ᠶᠢᠨ ᠪᠠᠶᠢᠷᠢᠰᠢᠭᠤᠯᠣᠯᠳᠠ ᠶᠢ ᠵᠦᠢ ᠵᠣᠬᠢᠰᠲᠠᠶ | ᠲᠣᠬᠢᠷᠠᠭᠤᠯᠣᠨ᠎ᠠ᠃ | ︵ᠭᠤᠷᠪᠠ︶ ᠠᠵᠢᠯ ᠲᠦᠷᠦᠯ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠣᠨ᠎ᠠ᠃ ᠰᠢᠦᠳᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠬᠢᠨᠠᠯᠳᠠ ᠬᠠᠮᠢᠶᠠᠷᠣᠯᠳᠠ ᠶᠢᠨ ᠬᠦᠴᠦᠨ ᠢᠶᠠᠨ ᠲᠡᠭᠦᠯᠳᠡᠷᠵᠢᠭᠦᠯᠣᠨ᠂ ᠬᠢᠨᠠᠯᠳᠠ ᠬᠠᠮᠢᠶᠠᠷᠣᠯᠳᠠ ᠶᠢᠨ ᠠᠷᠭ᠎ᠠ ᠪᠠᠷᠢᠯ ᠳᠤ | ᠰᠢᠨ᠎ᠡ ᠶᠢ ᠡᠭᠦᠳᠴᠣ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠣᠨ᠎ᠠ᠃ ᠬᠡᠷᠡᠭᠯᠡᠭᠴᠢᠳ ᠭᠤᠮᠣᠳᠠᠯ ᠲᠣᠭᠠᠴᠢᠬᠤ ᠪᠠ ᠬᠠᠤᠯᠢ ᠬᠡᠷᠡᠭᠵᠢᠭᠦᠯᠣᠯᠳᠠ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠣᠡᠪᠣᠷᠢᠯᠡᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ | ᠲᠢᠭᠯᠢᠮ ᠢ ᠵᠢᠷᠤᠮᠵᠢᠭᠤᠯᠣᠨ᠎ᠠ᠃ ᠠᠵᠢᠯ ᠲᠥᠷᠦᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ | ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠢᠲᠡᠭᠡᠮᠵᠢᠳᠣ ᠥᠪᠥᠷ ᠮᠣᠩᠭᠤᠯ︾ ᠰᠦᠯᠵᠢᠶ᠎ᠡ᠂ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠨ ᠨᠠᠶᠢᠳᠡᠯᠡᠭᠦ ᠰᠢᠰᠲ᠋ᠧᠮ ᠪᠠ ᠠᠵᠢᠯ ᠲᠥᠷᠥᠯ ᠤᠨ ᠬᠢᠨᠠᠯᠳᠠ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠵᠣ᠂ ᠬᠠᠤᠯᠢ ᠠᠴᠠ ᠵᠥᠷᠢᠴᠡᠵᠦ ᠢᠲᠡᠭᠡᠯ | ᠠᠯᠳᠠᠭᠰᠠᠨ ᠭᠤᠣᠯ ᠴᠣᠭᠴᠠ ᠶᠢᠨ ︽ᠨᠡᠷ᠎ᠡ ᠶᠢᠨ ᠬᠠᠷ᠎ᠠ ᠲᠠᠩᠰᠠ︾ ᠵᠢᠴᠢ ᠬᠤᠯᠪᠣᠭᠠᠯᠠᠨ ᠵᠠᠯᠬᠠᠭᠠᠵᠦ ᠴᠡᠭᠡᠷᠯᠡᠭᠦᠯᠬᠦ | ᠲᠦᠷᠢᠮ ᠢ ᠪᠠᠶᠢᠭᠤᠯᠵᠣ᠂ ᠦᠨᠡᠨᠴᠢ ᠢᠲᠡᠭᠡᠮᠵᠢᠲᠡᠶ ᠪᠠᠶᠢᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ | ᠪᠣᠯᠭᠠᠨ᠎ᠠ᠃ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠣᠯᠣᠯᠴᠠᠬᠤ᠂ | ᠵᠣᠬᠢᠴᠠᠭᠤᠯᠬᠤ ᠪᠠ ᠬᠠᠮᠲᠤᠷᠠᠯᠴᠠᠬᠤ ᠪᠠᠨ ᠴᠢᠩᠭᠠᠳᠬᠠᠵᠤ᠂ ᠠᠵᠢᠯ ᠲᠥᠷᠥᠯ ᠤᠨ ᠠᠮᠣᠷ ᠲᠦᠪᠰᠢᠨ ᠤ ᠬᠢᠨᠠᠯᠲᠠ | ᠬᠠᠮᠢᠶᠠᠷᠤᠯᠲᠠ ᠪᠠᠨ ᠴᠢᠩᠭᠠᠣᠠᠬᠠᠨ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠮᠣᠷ | ᠲᠦᠪᠰᠢᠨ ᠤ ᠡ᠊ᠨᠳᠡᠯ ᠢ ᠰᠡᠷᠭᠡᠶᠢᠯᠡᠬᠦ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠣᠡᠪᠣᠷᠢᠯᠡᠭᠦ | ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠢᠯᠡᠭᠡᠨ | ᠬᠦᠷᠭᠡᠬᠦ ᠦᠨᠡᠨ ᠨᠡᠷ᠎ᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠦᠨᠡᠨ ᠨᠡᠷ᠎ᠡ ᠶᠢᠨ ᠮᠡᠳᠡᠭᠡ ᠵᠠᠩᠭᠢ ᠶᠢᠨ ᠰᠢᠰᠲ᠋ᠧᠮ | ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠣᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠤᠯᠢ | ᠶᠣᠰᠣᠭᠠᠷ ᠬᠠᠮᠠᠭᠠᠯᠠᠵᠣ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠷᠢᠶᠠᠨ | ᠢᠯᠡᠭᠡᠭᠦ ᠶᠢᠨ ᠪᠠᠶᠢᠴᠠᠭᠠᠨ ᠦᠵᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠪᠤᠰᠤ ᠬᠥᠮᠦᠰ | ᠢᠯᠡᠭᠡᠨ ᠭᠦᠷᠭᠡᠭᠦ ᠵᠠᠮ ᠮᠦᠷ ᠢ ᠠᠰᠢᠭᠯᠠᠵᠣ ᠫᠤᠤ ᠵᠡᠪᠰᠡᠭ᠂ ᠬᠤᠣᠷᠠᠲᠤ ᠡᠳ᠋᠂ ᠭᠠᠵᠢᠭᠤ ᠨᠣᠮᠯᠠᠯ ᠤᠨ | ᠤᠬᠠᠭᠤᠯᠭ᠎ᠠ ᠶᠢᠨ ᠵᠦᠢᠯ ᠵᠡᠷᠭᠡ ᠴᠠᠭᠠᠵᠨ ᠲᠠᠢ ᠡᠳ᠋ ᠢ ᠮᠡᠨ ᠤ ᠣᠷᠣᠨ ᠳᠤ ᠣᠷᠣᠭᠤᠯᠵᠣ ᠢᠷᠡᠭᠦ ᠪᠣᠶᠣ ᠮᠠᠨ ᠤ | ᠣᠷᠣᠨ ᠠᠴᠠ ᠳᠠᠯᠳᠠᠭᠤᠷ ᠭᠠᠷᠭᠠᠬᠤ ᠶᠢ ᠰᠡᠷᠭᠡᠶᠢᠯᠡᠨ᠎ᠠ᠃ ᠢᠯᠡᠭᠡᠨ ᠬᠦᠷᠭᠡᠬᠦ ᠠᠵᠢᠯᠯᠠᠭ᠎ᠠ ᠶᠢᠨ ᠪᠦᠬᠦ ᠶᠠᠪᠤᠴᠠ ᠳᠤᠨᠢ | ᠮᠦᠷᠳᠠᠭᠦ ᠪᠠ ᠴᠠᠭ ᠲᠤᠬᠠᠶ ᠳᠤᠨᠢ ᠠᠰᠠᠭᠤᠨ ᠯᠠᠪᠯᠠᠬᠤ ᠶᠢ ᠪᠡᠶᠡᠯᠡᠭᠦᠯᠵᠣ᠂ ᠪᠠᠷᠠᠭᠠᠨ ᠤ ᠢᠷᠡᠯᠲᠡ ᠶᠢ ᠨᠡᠬᠡᠮᠵᠢᠯᠡᠵᠣ | ᠳᠡᠶᠢᠯᠭᠦ᠂ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠵᠤ ᠴᠢᠳᠠᠬᠤ᠂ ᠬᠠᠤᠯᠢ ᠠᠴᠠ ᠵᠥᠷᠢᠴᠡᠪᠡᠯ ᠬᠠᠷᠢᠭᠤᠴᠠᠯᠭ᠎ᠠ | ᠨᠡᠬᠡᠮᠵᠢᠯᠡᠵᠣ ᠳᠡᠶᠢᠯᠭᠦ ᠶᠢ ᠦᠨᠡᠡᠭᠦ ᠪᠠᠳᠣᠯᠠᠨ᠎ᠠ᠃ | ︵ᠲᠦᠷᠪᠡ︶ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠣᠯᠳᠠ ᠶᠢ ᠴᠢᠩᠭᠠᠷᠠᠭᠤᠯᠣᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ | ᠪᠣᠳᠠᠳᠠᠢ ᠲᠠᠢ ᠪᠠᠨ ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠣ᠂ ᠴᠠᠭ ᠲᠤᠬᠠᠶ ᠳᠤᠨᠢ ᠰᠢᠨ᠎ᠡ | ᠪᠠᠶᠢᠳᠠᠯ ᠢ ᠰᠤᠳᠤᠯᠣᠨ᠂ ᠰᠢᠨ᠎ᠡ ᠠᠰᠠᠭᠤᠳᠠᠯ ᠢ ᠰᠢᠢᠣᠡᠪᠣᠷᠢᠯᠡᠵᠣ᠂ ᠲᠦᠷᠭᠡᠨ ᠬᠦᠷᠭᠡᠬᠦ ᠦᠢᠯᠡᠰ ᠤᠨ ᠲᠦᠷᠭᠡᠨ | ᠭᠦᠭᠵᠢᠭᠦ ᠳᠤ ᠰᠠᠶᠢᠨ ᠰᠠᠶᠢᠬᠠᠨ ᠳᠦᠷᠦ ᠶᠢᠨ ᠪᠤᠳᠤᠯᠭ᠎ᠠ ᠪᠠ ᠪᠠᠶᠢᠭᠤᠯᠤᠯ ᠤᠨ ᠣᠷᠴᠢᠨ ᠲᠣᠭᠤᠷᠢᠨ ᠢ | ᠪᠦᠷᠢᠯᠳᠦᠭᠦᠯᠵᠦ ᠦᠭᠭᠦᠨ᠎ᠠ᠃ ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ | ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠨᠢ ᠵᠢᠯᠣᠭᠤᠳᠬᠤ ᠪᠠ ᠰᠢᠮᠳᠠᠭᠤᠯᠣᠨ | ᠪᠠᠶᠢᠴᠠᠭᠠᠬᠤ ᠪᠠᠨ ᠴᠢᠩᠭᠠᠳᠬᠠᠵᠤ᠂ ᠰᠢᠯᠭᠠᠨ ᠬᠢᠨᠠᠵᠣ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠪᠦᠷᠢᠨᠰᠢᠭᠦᠯᠣᠨ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠲᠤᠤᠱᠯᠠᠭᠤᠯᠤᠨ ᠨᠠᠶᠢᠳᠠᠪᠤᠷᠢᠵᠢᠬᠳᠠᠬᠤ ᠶᠢ ᠦᠨᠡᠡᠭᠦ | ᠪᠠᠲᠤᠯᠠᠵᠤ᠂ ᠲᠦᠷᠭᠡᠨ ᠬᠦᠷᠭᠡᠬᠦ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠨ | ᠳᠡᠭᠦᠯᠳᠡᠷ ᠪᠠᠲᠤᠯᠠᠭ᠎ᠠ ᠬᠠᠩᠭᠠᠨ᠎ᠠ᠃ |