︽12·5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠦᠪᠡᠷᠳᠡᠭᠡᠨ ᠵᠠᠰᠬᠠᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠭᠦᠯᠡᠨ ᠪᠤᠳᠤᠯᠳᠠ ᠶᠢᠨ ᠠᠵᠤ ᠦᠢᠯᠡᠰ ᠢ ᠬᠦᠭᠵᠢᠭᠦᠯᠬᠦ ᠶᠢ | ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠬᠤ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ ᠪᠡᠶᠡᠯᠡᠭᠦᠯᠭᠦ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠡᠭᠦᠷᠭᠡ ᠪᠤᠯᠭᠠᠵᠤ᠂ 2009 ᠤᠨ ᠳᠤ ᠲᠤᠮᠳᠠᠳᠤ ᠤᠯᠤᠰ ᠤᠨ ᠴᠠᠬᠢᠯᠭᠠᠨ | ᠬᠤᠯᠪᠤᠭ᠎ᠠ᠂ ᠲᠤᠮᠳᠠᠳᠤ ᠤᠯᠤᠰ ᠤᠨ ᠰᠢᠯᠵᠢᠭᠡ ᠬᠤᠯᠪᠤᠭ᠎ᠠ᠂ ᠲᠤᠮᠳᠠᠳᠤ ᠤᠯᠤᠰ ᠤᠨ ᠨᠢᠭᠡᠳᠦᠭᠰᠡᠨ | ᠬᠤᠯᠪᠤᠭ᠎ᠠ ᠯᠤᠭ᠎ᠠ ᠲᠤᠰ ᠲᠤᠰ ︽ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠦᠭᠦᠪᠴᠢ ᠬᠡᠯᠡᠯᠴᠡᠭᠡᠷ︾ | ᠲᠤᠬᠳᠠᠬᠰᠠᠨ ᠤ ᠲᠠᠷᠠᠭ᠎ᠠ᠂ 2011 ᠤᠨ ᠠᠴᠠ ᠡᠬᠢᠯᠡᠨ᠂ ᠡᠭᠦᠯᠡᠨ ᠪᠤᠳᠤᠯᠳᠠ ᠶᠢᠨ ᠠᠵᠤ ᠦᠢᠯᠡᠰ ᠢ | ᠬᠦᠭᠵᠢᠭᠦᠯᠬᠦ ᠪᠠᠶᠢᠯᠳᠤᠬᠤ ᠪᠤᠳᠤᠯᠭ᠎ᠠ ᠪᠠᠨ ᠪᠦᠬᠦ ᠲᠠᠯ᠎ᠠ ᠪᠠᠷ ᠡᠬᠢᠯᠡᠭᠦᠯᠪᠡ᠃ | 5 ᠵᠢᠯ ᠤᠨ ᠲᠤᠷᠰᠢ᠂ ᠦᠪᠦᠷ ᠮᠤᠩᠭᠤᠯ ᠤᠨ ᠡᠭᠦᠯᠡᠨ ᠪᠤᠳᠤᠯᠳᠠ ᠵᠢᠴᠢ ᠬᠠᠮᠢᠶ᠎ᠠ ᠪᠦᠬᠦᠢ ᠠᠵᠤ ᠦᠢᠯᠡᠰ | ᠣᠷᠢᠳ ᠡᠮᠦᠨ᠎ᠡ ᠪᠠᠶᠢᠭ᠎ᠠ ᠦᠭᠡᠢ ᠬᠦᠭᠵᠢᠯᠳᠡ ᠲᠠᠢ ᠪᠣᠯᠵᠠᠢ᠃ ᠲᠤᠮᠤ ᠬᠡᠯᠪᠡᠷᠢ ᠶᠢᠨ ᠡᠭᠦᠯᠡᠨ ᠪᠤᠳᠤᠯᠳᠠ ᠶᠢᠨ | ᠳ᠋ᠠᠶᠢᠲ᠋ᠠ ᠶᠢᠨ ᠲᠦᠪ ᠤᠨ ᠦᠢᠯᠡᠴᠢᠯᠡᠭᠦᠷ ᠤᠨ ᠮᠠᠰᠢᠨ ᠴᠤᠬᠴᠠᠯᠠᠪᠤᠷᠢ ᠶᠢᠨ ᠴᠢᠳᠠᠪᠤᠷᠢ 70 ᠲᠦᠮᠡᠨ ᠰᠠᠤᠷᠢ ᠳᠤ | ᠬᠦᠷᠴᠦ᠂ ᠪᠦᠬᠦ ᠤᠯᠤᠰ ᠲᠤ ᠲᠦᠷᠦᠭᠦᠯᠡᠵᠦ ᠪᠣᠢ︔ ᠪᠦᠬᠦ ᠤᠷᠤᠨ ᠤ ᠬᠡᠷᠡᠯᠯᠢᠭ ᠤᠳᠠᠰᠦᠨ ᠤ ᠶᠡᠷᠦᠩᠬᠡᠢ | ᠤᠷᠳᠤ ᠶᠢᠨ ᠬᠡᠮᠵᠢᠶ᠎ᠠ 42 ᠲᠦᠮᠡ ᠺᠢᠯᠤᠮᠧᠲᠷ᠂ ᠢᠨᠲ᠋ᠧᠷ ᠰᠦᠯᠵᠢᠶ᠎ᠠ ᠶᠢᠨ ᠦᠷᠭᠡᠨ ᠪᠦᠰᠡ ᠶᠢ ᠵᠠᠯᠭᠠᠬᠤ ᠲᠦᠪ | ᠡᠭᠦᠳᠡ 890 ᠲᠦᠮᠡ᠂ 4G ᠶᠢᠨ ᠰᠠᠭᠤᠷᠢ ᠦᠷᠳᠡᠭᠡ 3.4 ᠲᠦᠮᠡ᠂ ᠦᠷᠭᠡᠨ ᠪᠦᠰᠡ ᠶᠢᠨ ᠬᠡᠷᠡᠭᠯᠡᠭᠴᠢᠳ ᠤᠨ | ᠲᠦᠭᠡᠮᠡᠯᠵᠢᠭᠰᠡᠨ ᠬᠡᠮᠵᠢᠶ᠎ᠡ 88.7%᠂ ᠵᠠᠰᠠᠭ ᠵᠠᠬᠢᠷᠭᠠᠨ ᠤ ᠲᠤᠰᠬᠤᠨ ᠭᠠᠴᠠᠭ᠎ᠠ ᠶᠢᠨ ᠦᠷᠭᠡᠨ ᠪᠦᠰᠡ | ᠨᠡᠪᠳᠡᠷᠡᠭᠰᠡᠨ ᠬᠡᠮᠵᠢᠶ᠎ᠡ 80.7% ᠳᠤ ᠬᠦᠷᠪᠡ︔ ᠲᠤᠮᠳᠠᠳᠤ ᠮᠤᠩᠭᠤᠯ ᠤᠷᠤᠰ ᠤᠨ ᠤᠯᠠᠨ ᠤᠯᠤᠰ ᠤᠨ ᠬᠡᠷᠡᠯᠯᠢᠭ | ᠤᠳᠠᠰᠦ᠂ ᠬᠦᠬᠡᠬᠤᠳᠠ ᠠᠴᠠ ᠪᠡᠭᠡᠵᠢᠩ ᠬᠦᠷᠭᠦ 4 ᠵᠤᠷᠪᠤᠰ ᠰᠢᠭᠤᠳ ᠨᠡᠪᠳᠡᠷᠡᠭᠦ ᠬᠡᠷᠡᠯᠯᠢᠭ ᠤᠳᠠᠰᠦ ᠶᠢ | ᠪᠠᠶᠢᠭᠤᠯᠵᠤ᠂ ᠦᠪᠦᠷ ᠮᠤᠩᠭᠤᠯ ᠤᠨ ᠤᠯᠠᠨ ᠤᠯᠤᠰ ᠤᠨ ᠭᠠᠳᠠᠭᠠᠳᠦ ᠳᠤ ᠭᠠᠷᠭᠠᠬᠤ ᠲᠤᠪᠴᠢᠶ᠎ᠠ ᠪᠠᠶᠢᠭᠤᠯᠦᠨ᠂ | ᠤᠯᠤᠰ ᠤᠨ ᠲᠤᠳᠤᠭᠠᠳᠤ ᠭᠠᠳᠠᠭᠠᠳᠣ ᠳᠤ ᠨᠡᠪᠳᠡᠷᠡᠭᠦ ᠲᠦᠷᠭᠡᠨ ᠤ ᠦᠷᠭᠡᠨ ᠪᠦᠰᠡᠳᠦ ᠰᠦᠯᠵᠢᠶ᠎ᠡ ᠶᠢ | ᠪᠦᠷᠢᠯᠳᠦᠭᠦᠯᠵᠡᠢ᠃ ᠡᠭᠦᠨ ᠤ ᠬᠠᠮᠳᠤ᠂ ᠡᠭᠦᠯᠡᠨ ᠪᠤᠳᠤᠯᠳᠠ ᠶᠢᠨ ᠬᠡᠷᠡᠭᠯᠡᠭᠡᠨ ᠤ ᠰᠢᠨ᠎ᠡ ᠶᠢ ᠡᠭᠦᠳᠭᠦ ᠶᠢ ᠢᠳᠡᠪᠬᠢᠳᠡᠢ | ᠠᠬᠢᠭᠤᠯᠵᠤ᠂ ᠠ ᠯᠢ ᠪᠠ ᠪᠠ᠂ ᠲᠧᠩ ᠰᠢᠶᠦ᠋ᠨ᠂ ᠪᠠᠢ ᠳ᠋ᠦ᠋᠂ ᠯᠠᠩ ᠴᠤᠤ᠂ ᠵᠢᠩ ᠳ᠋ᠦᠩ᠂ ᠱᠦ ᠭᠤᠸᠠᠩ᠂ ᠰᠸᠤ | ᠭᠸᠤ᠂ ᠳᠣᠮᠳᠠᠳᠣ ᠣᠯᠣᠰ ᠤᠨ ᠬᠤᠸᠠ ᠯᠦ᠂ IBM ᠵᠡᠷᠭᠡ ᠨᠢᠭᠡ ᠪᠦᠯᠦᠭ ᠮᠡᠳᠡᠭᠡ ᠵᠠᠩᠬᠢ ᠶᠢᠨ ᠦᠢᠯᠡᠴᠢᠯᠡᠭᠡᠨ ᠤ | ᠠᠷᠠᠯᠵᠢᠶᠠᠴᠢᠨ ᠢ ᠨᠤᠳᠤᠬᠰᠢᠭᠤᠯᠳ᠂ ᠲᠤᠮᠤ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠬᠢ ᠶᠢᠨ ᠰᠦᠯᠵᠢᠶ᠎ᠡ᠂ ︽ | ᠢᠨᠲ᠋ᠧᠷ ᠰᠦᠯᠵᠢᠶ᠎ᠠ +︾ ᠵᠡᠷᠭᠡ ᠠᠵᠤ ᠦᠢᠯᠡᠰ ᠦᠳᠳᠡᠷ ᠲᠦᠷᠭᠡᠨ ᠬᠦᠭᠵᠢᠨ ᠮᠠᠨᠳᠣᠵᠣ᠂ ᠡᠯᠧᠺᠲᠷᠤᠨ | ᠵᠠᠰᠠᠭ ᠤᠨ ᠶᠠᠪᠤᠳᠠᠯ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠤᠶᠤᠨᠯᠢᠭ ᠬᠤᠳᠠ᠂ ᠠᠵᠤ ᠠᠬᠤᠢᠢᠯᠠᠯ ᠤᠨ | ᠦᠢᠯᠡᠴᠢᠯᠡᠭᠡ ᠵᠡᠷᠭᠡ ᠬᠦᠷᠢᠶᠡᠨ ᠤ ᠬᠦᠭᠵᠢᠯᠳᠡ ᠶᠠᠭ ᠦᠷᠨᠢᠨ ᠬᠦᠭᠵᠢᠵᠤ ᠪᠠᠶᠢᠨ᠎ᠠ᠃ ᠶᠡᠷᠦᠩᠬᠡᠢ ᠳᠤᠨᠢ ᠠᠪᠴᠤ | ᠦᠵᠡᠪᠡᠯ᠂ ᠦᠪᠦᠷ ᠮᠤᠩᠭᠤᠯ ᠤᠨ ᠡᠭᠦᠯᠡᠨ ᠪᠤᠳᠤᠯᠳᠠ ᠶᠢᠨ ᠠᠵᠤ ᠦᠢᠯᠡᠰ ᠡᠬᠢᠯᠡᠯᠳᠡ ᠡᠷᠳᠡ᠂ ᠬᠦᠭᠵᠢᠯᠳᠡ | ᠲᠦᠷᠭᠡᠨ᠂ ᠬᠡᠪᠴᠢᠶ᠎ᠡ ᠶᠡᠭᠡ᠂ ᠬᠠᠨᠳᠤᠰᠢ ᠰᠠᠶᠢᠨ ᠪᠣᠯᠵᠣ᠂ ᠬᠦᠬᠡᠬᠤᠳᠠ ᠪᠠᠷ ᠭᠤᠤᠯ ᠪᠤᠯᠭᠠᠵᠤ᠂ ᠪᠤᠭᠤᠳᠤ ᠬᠤᠳᠠ | ᠂ ᠤᠷᠳᠤᠰ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠪᠠᠷ ᠭᠤᠤᠯᠳᠠᠯᠭ᠎ᠠ ᠪᠤᠯᠭᠠᠬᠰᠠᠨ | ᠬᠦᠭᠵᠢᠯᠳᠡ ᠶᠢᠨ ᠪᠠᠶᠢᠷᠢᠰᠢᠯ ᠢ ᠨᠢᠭᠡᠨᠳᠡ ᠪᠦᠷᠢᠯᠳᠦᠬᠦᠯᠵᠦ᠂ ᠪᠦᠬᠦ ᠤᠯᠤᠰ ᠤᠨ ᠶᠡᠷᠦᠩᠬᠡᠢ ᠪᠠᠶᠢᠷᠢᠰᠢᠯ ᠲᠤᠮᠳᠠ | ᠴᠢᠬᠤᠯᠠ ᠪᠠᠶᠢᠷᠢ ᠰᠠᠭᠤᠷᠢ ᠶᠢ ᠡᠵᠡᠯᠡᠪᠡ᠃ | | | | ︹ ᠬᠦᠭᠵᠢᠯᠳᠡ ᠶᠢᠨ ᠲᠠᠪᠠᠭᠤᠯᠢᠭ ︺ | 1. ᠳ᠋ᠠᠶᠢᠲ᠋ᠠ ᠶᠢᠨ ᠲᠦᠪ ᠤᠨ ᠪᠦᠳᠦᠭᠡᠨ ᠪᠠᠶᠢᠭᠤᠯᠤᠯᠳᠠ ᠶᠢᠨ ᠲᠠᠪᠠᠭᠤᠯᠢᠭ | ᠠᠭᠤᠷ ᠠᠮᠢᠰᠬᠤᠯ ᠤᠨ ᠨᠦᠬᠦᠴᠡᠯ ᠲᠤᠬᠢᠷᠠᠮᠵᠢᠳᠡᠢ᠂ ᠦᠪᠦᠷ ᠮᠤᠩᠭᠤᠯ ᠤᠨ ᠵᠢᠯ ᠤᠨ ᠲᠤᠮᠳᠠᠴᠢ ᠠᠭᠠᠷ ᠤᠨ | ᠲᠤᠯᠠᠭᠠᠨ 0 — 8 ᠭᠷᠠᠳᠦ᠋ᠰ ᠪᠠᠶᠢᠵᠤ᠂ ᠦᠢᠯᠡᠴᠢᠯᠡᠭᠦᠷ ᠢ ᠠᠶᠠᠨᠳᠠᠭᠠᠨ ᠬᠦᠷᠦᠭᠡᠭᠦ ᠳᠤ ᠲᠤᠬᠢᠷᠠᠮᠵᠢᠳᠠᠢ ᠪᠠᠶᠢᠵᠣ᠂ | PUE ︵ᠡᠨᠧᠷᠬᠢ ᠶᠢᠨ ᠬᠡᠷᠡᠭᠯᠡᠭᠡᠨ ᠤ ᠦᠷ᠎ᠠ ᠠᠰᠢᠭ︶ ᠬᠡᠮᠵᠢᠭᠳᠡᠯ ᠢ 1.4 ᠠᠴᠠ ᠲᠤᠷᠤᠬᠰᠢ ᠪᠠᠷ ᠬᠢᠵᠠᠭᠠᠷᠯᠠᠨ | ᠳᠡᠶᠢᠯᠵᠦ᠂ ᠪᠦᠬᠦ ᠤᠯᠤᠰ ᠤᠨ ᠲᠤᠮᠳᠠᠴᠢ ᠲᠦᠪᠰᠢᠨ ᠠᠴᠠ 0.8 — 1.6 ᠲᠤᠤᠷ᠎ᠠ᠃ ᠭᠠᠵᠠᠷ ᠰᠢᠨᠵᠢᠯᠡᠭᠡᠨ ᠤ | ᠤᠷᠴᠢᠨ ᠲᠤᠭᠳᠠᠪᠤᠷᠢ ᠲᠠᠢ᠂ ᠦᠪᠦᠷ ᠮᠤᠩᠭᠤᠯ ᠤᠨ ᠤᠯᠠᠩᠬᠢ ᠭᠠᠵᠠᠷ ᠤᠷᠤᠨ ᠨᠡᠯᠢᠶᠡᠳ ᠲᠤᠬᠳᠠᠭᠤᠨ ᠭᠠᠵᠠᠷ | ᠰᠢᠨᠵᠢᠯᠡᠭᠡᠨ ᠤ ᠪᠦᠳᠦᠴᠡ ᠲᠠᠢ᠂ ᠲᠡᠤᠭᠡᠨ ᠲᠡᠭᠡᠷ᠎ᠡ ᠡᠪᠳᠡᠯᠡᠭᠡ ᠶᠢᠨ ᠴᠢᠨᠠᠷ ᠬᠠᠷᠢᠴᠠᠩᠭᠤᠢ ᠶᠡᠭᠡ ᠭᠠᠵᠠᠷ | ᠬᠦᠳᠡᠯᠦᠯᠳᠡ ᠵᠡᠷᠭᠡ ᠭᠠᠵᠠᠷ ᠰᠢᠨᠵᠢᠯᠡᠭᠡᠨ ᠤ ᠭᠠᠮᠰᠢᠭ ᠲᠤᠩ ᠴᠦᠭᠡᠨ ᠡᠭᠦᠰᠪᠡ᠂ ᠡᠨᠡ ᠨᠢ ᠲᠤᠮᠤ ᠬᠡᠯᠪᠡᠷᠢ ᠶᠢᠨ | ᠳ᠋ᠠᠶᠢᠲ᠋ᠠ ᠶᠢᠨ ᠲᠦᠪ ᠤᠨ ᠲᠤᠬᠳᠠᠭᠤᠨ ᠡᠷᠬᠢᠯᠳᠡ ᠶᠢ ᠪᠠᠳᠤᠯᠠᠵᠤ ᠴᠢᠳᠠᠨ᠎ᠠ᠃ ᠬᠦᠴᠦᠨ ᠪᠦᠬᠦᠢ ᠡᠨᠧᠷᠬᠢ ᠶᠢᠨ | ᠪᠠᠳᠤᠯᠠᠭ᠎ᠠ ᠲᠠᠢ᠃ ᠦᠪᠦᠷ ᠮᠤᠩᠭᠤᠯ ᠤᠨ ᠴᠠᠬᠢᠯᠭᠠᠨ ᠬᠦᠴᠦᠨ ᠤ ᠮᠠᠰᠢᠨ ᠴᠤᠬᠴᠠᠯᠠᠪᠤᠷᠢ ᠪᠦᠬᠦ ᠤᠯᠤᠰ ᠲᠤ | ᠲᠡᠷᠢᠭᠦᠯᠡᠵᠤ᠂ ᠦᠪᠦᠷ ᠮᠤᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠤᠤᠷ ᠨᠢ ᠪᠦᠬᠦ ᠤᠯᠤᠰ ᠤᠨ ᠠᠩᠬᠠᠳᠠᠬᠴᠢ | ᠮᠤᠵᠢ ᠶᠢᠨ ᠲᠡᠰ ᠤᠨ ᠴᠠᠬᠢᠯᠭᠠᠨ ᠲᠤᠤᠷ ᠤᠨ ᠪᠡᠶ᠎ᠡ ᠪᠠᠨ ᠳᠠᠭᠠᠭᠠᠵᠣ ᠲᠠᠮᠵᠢᠭᠤᠯᠤᠨ ᠬᠦᠷᠭᠡᠭᠦ ᠴᠠᠬᠢᠯᠭᠠᠨ ᠤ | ᠦᠨ᠎ᠡ ᠶᠢᠨ ᠰᠢᠰᠲ᠋ᠧᠮ ᠢ ᠪᠦᠷᠢᠯᠳᠦᠭᠦᠯᠵᠤ᠂ ᠲᠤᠮᠤ ᠳ᠋ᠠᠶᠢᠲ᠋ᠠ ᠶᠢᠨ ᠠᠵᠦ ᠦᠢᠯᠡᠰ ᠤᠨ ᠬᠦᠭᠵᠢᠯᠳᠡ ᠳᠤ | ᠲᠤᠬᠳᠠᠭᠤᠨ᠂ ᠬᠢᠮᠳᠠ ᠡᠨᠧᠷᠬᠢ ᠬᠠᠩᠭᠠᠬᠤ ᠪᠤᠯᠤᠨ᠎ᠠ᠃ | 2. ᠦᠢᠯᠡᠴᠢᠯᠡᠭᠡ ᠬᠦᠷᠭᠡᠯᠳᠡ ᠶᠢᠨ ᠲᠠᠪᠠᠭᠤᠯᠢᠭ | ᠦᠪᠦᠷ ᠮᠤᠩᠭᠤᠯ ᠣᠯᠣᠰ ᠤᠨ ᠲᠤᠳᠤᠭᠠᠳᠦ ᠳᠤ ᠪᠡᠭᠡᠵᠢᠩ ᠲᠢᠶᠠᠨᠵᠢᠨ ᠲᠠᠢ ᠤᠢᠢᠷᠠᠯᠴᠠᠭ᠎ᠠ ᠪᠦᠭᠡᠳ | ᠬᠠᠷᠠᠮᠦ᠋ᠷᠡᠨ᠂ ᠬᠢᠷᠢᠨ᠂ ᠯᠢᠶᠤᠤᠨᠢᠩ᠂ ᠱᠠᠨ ᠰᠢ᠂ ᠾᠧᠪᠸᠢ᠂ ᠱᠠᠨᠰᠢ᠂ ᠭᠠᠨᠰᠦ᠂ ᠨᠢᠩᠰᠢᠶᠠ ᠵᠡᠷᠭᠡ ᠨᠠᠢᠮᠠᠨ ᠮᠤᠵᠢ | ᠤᠷᠤᠨ ᠲᠠᠢ ᠬᠦᠷᠰᠢᠯᠡᠵᠤ᠂ ᠭᠠᠳᠠᠭᠰᠢ ᠪᠠᠨ ᠤᠷᠤᠰ ᠮᠤᠩᠭᠤᠯ ᠬᠤᠶᠠᠷ ᠣᠯᠣᠰ ᠲᠠᠢ ᠬᠢᠯᠢ ᠨᠡᠶᠢᠯᠡᠵᠤ᠂ ᠬᠤᠶᠠᠷ | ᠵᠤᠷᠪᠤᠰ ᠡᠸᠦ᠋ᠷᠦᠫᠡ ᠠᠽᠢᠶ᠎ᠠ ᠶᠢᠨ ᠡᠭᠡ ᠬᠠᠭᠤᠷᠠᠢ ᠶᠢᠨ ᠬᠦᠭᠦᠷᠭᠡ ᠲᠠᠢ᠂ ᠣᠯᠣᠰ ᠤᠨ ᠲᠤᠳᠤᠭᠠᠳᠤ ᠳᠤ ᠳ᠋ᠠᠶᠢᠲ᠋ᠠ᠂ | ᠮᠡᠳᠡᠭᠡ ᠵᠠᠩᠬᠢ ᠲᠠᠮᠵᠢᠭᠤᠯᠬᠤ ᠳᠤ ᠲᠦᠭᠦᠮ ᠮᠦᠷᠳᠡᠭᠡᠨ ᠤᠷᠤᠰ ᠮᠤᠩᠭᠤᠯ᠂ ᠡᠸᠦ᠋ᠷᠦᠫᠡ ᠲᠢᠪ ᠲᠤ ᠲᠤᠮᠤ | ᠳ᠋ᠠᠶᠢᠲ᠋ᠠ ᠶᠢᠨ ᠤᠯᠠᠨ ᠤᠯᠤᠰ ᠤᠨ ᠦᠢᠯᠡᠴᠢᠯᠡᠭᠡ ᠬᠠᠩᠭᠠᠬᠤ ᠳᠤ ᠴᠤ ᠠᠰᠢᠬ ᠲᠠᠢ᠃ | 3. ᠬᠦᠭᠵᠢᠯᠳᠡ ᠶᠢᠨ ᠤᠷᠴᠢᠨ ᠲᠤᠭᠤᠷᠢᠨ ᠤ ᠲᠠᠪᠠᠭᠤᠯᠢᠭ | ᠦᠪᠦᠷ ᠮᠤᠩᠭᠤᠯ ᠪᠤᠯ ᠮᠠᠨ ᠤ ᠤᠯᠤᠰ ᠤᠨ ᠴᠤᠷ ᠤᠨ ᠭᠠᠭᠴᠠ ᠤᠯᠤᠰ ᠤᠨ ᠦᠨᠳᠦᠰᠦᠳᠡᠨ ᠤ ᠤᠷᠤᠨ ᠤ | ᠦᠪᠡᠷᠳᠡᠭᠡᠨ ᠵᠠᠰᠠᠬᠤ ᠲᠦᠷᠦ ᠶᠢᠨ ᠪᠤᠳᠤᠯᠭ᠎ᠠ ᠶᠢ ᠡᠳ᠋ᠯᠡᠬᠦ ᠮᠦᠷᠳᠡᠭᠡᠨ ᠪᠠᠷᠠᠭᠤᠨ ᠤᠷᠤᠨ ᠢ ᠶᠡᠭᠡᠪᠡᠷ ᠨᠡᠭᠡᠭᠡᠨ | ᠬᠦᠭᠵᠢᠭᠦᠯᠬᠦ ᠪᠠ ᠵᠡᠭᠦᠨ ᠬᠤᠶᠢᠳᠦ ᠵᠡᠷᠭᠡ ᠬᠠᠭᠤᠴᠢᠨ ᠠᠵᠣ ᠦᠢᠯᠡᠳᠪᠦᠷᠢ ᠶᠢᠨ ᠰᠠᠭᠤᠷᠢᠨ ᠢ ᠮᠠᠨᠳᠣᠭᠤᠯᠬᠤ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠡᠳ᠋ᠯᠡᠵᠦ ᠪᠠᠶᠢᠭ᠎ᠠ ᠭᠠᠵᠠᠷ ᠤᠷᠤᠨ ᠪᠠᠶᠢᠵᠤ᠂ ᠭᠠᠶᠢᠯᠢ ᠳᠠᠳᠠᠪᠣᠷᠢ ᠶᠢᠨ | ᠬᠠᠷᠠᠭᠠᠯᠵᠠᠯ ᠲᠠᠢ᠂ ᠴᠢᠳᠠᠪᠤᠷᠢᠳᠠᠨ ᠤᠷᠤᠭᠤᠯᠣᠨ ᠠᠪᠴᠢᠷᠠᠬᠤ᠂ ᠰᠢᠨ᠎ᠡ ᠶᠢ ᠡᠭᠦᠳᠦᠨ ᠦᠢᠯᠡᠰ ᠪᠤᠰᠬᠠᠬᠤ ᠶᠢ | ᠳᠡᠳᠭᠦᠨ ᠲᠡᠮᠵᠢᠭᠦ᠂ ᠰᠢᠨᠵᠢᠯᠡᠭᠦ ᠤᠬᠠᠭᠠᠨ ᠤ ᠰᠤᠳᠤᠯᠭᠠᠨ ᠤ ᠲᠦᠷᠦᠯ ᠵᠦᠢᠯ ᠡᠷᠡᠮᠡᠯᠵᠡᠯᠡᠭᠦ᠂ ᠰᠢᠨᠵᠢᠯᠡᠭᠦ ᠤᠬᠠᠭᠠᠨ | ᠮᠡᠷᠭᠡᠵᠢᠯ ᠤᠨ ᠦᠷ᠎ᠡ ᠪᠦᠳᠦᠭᠡᠯ ᠢ ᠱᠠᠩᠨᠠᠨ ᠬᠦᠬᠢᠭᠦᠯᠭᠦ ᠵᠡᠷᠭᠡ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠠ ᠪᠦᠷᠢᠨ᠂ | ᠭᠠᠵᠠᠷ ᠰᠢᠷᠤᠢ ᠶᠢᠨ ᠬᠠᠩᠭᠠᠯᠭ᠎ᠠ ᠬᠦᠢᠴᠡᠳ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠪᠡᠷ ᠤᠨ ᠦᠷᠳᠡᠭ | ᠲᠤᠤᠷ᠎ᠠ ᠪᠠᠶᠢᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠲᠤ ᠰᠠᠶᠢᠨ ᠰᠠᠶᠢᠬᠠᠨ ᠬᠦᠭᠵᠢᠯᠳᠡ ᠶᠢᠨ ᠤᠷᠴᠢᠨ | ᠲᠤᠭᠤᠷᠢᠨ ᠢ ᠡᠭᠦᠳᠦᠨ ᠦᠭᠴᠦ ᠳᠡᠶᠢᠯᠦᠨ᠎ᠡ᠃ | | | | ᠬᠦᠬᠡᠬᠤᠲᠠ᠄ ᠪᠦᠬᠦ ᠶᠠᠪᠤᠴᠠ ᠶᠢᠨ ᠠᠵᠦ ᠦᠢᠯᠡᠰ ᠤᠨ ᠬᠡᠯᠬᠢᠶ᠎ᠡ ᠶᠢ ᠴᠤᠭᠴᠠᠯᠠᠨ᠎ᠠ | ᠬᠡᠳᠦᠨ ᠵᠢᠯ ᠤᠨ ᠬᠦᠭᠵᠢᠯᠳᠡ ᠪᠠᠷ ᠲᠠᠮᠵᠢᠭᠠᠳ᠂ ᠬᠦᠬᠡᠬᠤᠳᠠ ᠶᠢᠨ ᠡᠬᠦᠯᠡᠨ ᠪᠤᠳᠤᠯᠳᠠ ᠪᠤᠯᠤᠨ ᠲᠤᠮᠤ | ᠳ᠋ᠠᠶᠢᠲ᠋ᠠ ᠶᠢᠨ ᠠᠵᠤ ᠦᠢᠯᠡᠰ ᠤᠨ ᠰᠠᠭᠤᠷᠢ ᠴᠢᠨᠠᠭᠰᠢᠳᠠ ᠪᠠᠬᠢᠵᠢᠵᠦ᠂ ᠠᠵᠤ ᠦᠢᠯᠡᠰ ᠤᠨ ᠬᠡᠯᠬᠢᠶ᠎ᠡ ᠶᠢᠨ | ᠪᠠᠶᠢᠷᠢᠰᠢᠯ ᠢ ᠦᠨᠳᠦᠰᠦᠨ ᠳᠡᠭᠡᠨ ᠴᠤᠬᠴᠠᠯᠠᠵᠦ᠂ ︽ᠬᠤᠶᠠᠷ ᠳᠣᠮᠣ ᠠᠵᠤ ᠦᠢᠯᠡᠰ ᠤᠨ ᠬᠦᠷᠢᠶᠡᠯᠡᠩ ᠲᠤᠭᠤᠷᠢᠬ᠂ | ᠭᠤᠷᠪᠠᠨ ᠳᠣᠮᠣ ᠳ᠋ᠠᠶᠢᠲ᠋ᠠ ᠶᠢᠨ ᠲᠦᠪ᠂ ᠨᠢᠬᠡ ᠪᠦᠯᠦᠭ ᠬᠡᠷᠡᠭᠯᠡᠭᠡ ᠪᠤᠯᠤᠨ ᠦᠢᠯᠡᠴᠢᠯᠡᠭᠡ︾ ᠶᠢᠨ ᠬᠦᠭᠵᠢᠯᠳᠡ ᠶᠢᠨ | ᠲᠦᠯᠦᠪ ᠪᠠᠶᠢᠳᠠᠯ ᠢ ᠠᠩᠬ᠎ᠠ ᠠᠯᠬᠤᠮ ᠪᠦᠷᠢᠯᠳᠦᠭᠦᠯᠵᠡᠢ᠃ | ᠡᠬᠦᠯᠡᠨ ᠪᠤᠳᠤᠯᠳᠠ ᠶᠢᠨ ᠠᠵᠤ ᠦᠢᠯᠡᠰ ᠢ ᠬᠦᠭᠵᠢᠬᠦᠯᠬᠦ ᠳᠤ᠂ ᠬᠦᠷᠢᠶᠡᠯᠡᠩ ᠲᠤᠭᠤᠷᠢᠬ ᠤᠨ ᠪᠦᠳᠦᠬᠡᠨ | ᠪᠠᠶᠢᠭᠤᠯᠤᠯᠳᠠ ᠪᠤᠯ ᠰᠠᠭᠤᠷᠢ ᠠᠴᠢᠶᠠᠯᠠᠪᠤᠷᠢ ᠪᠤᠯᠤᠨ᠎ᠠ᠃ ᠬᠦᠬᠡᠬᠤᠳᠠ 2012 ᠤᠨ ᠠᠴᠠ ᠡᠬᠢᠯᠡᠨ᠂ 3 ᠵᠢᠯ ᠤᠨ | ᠴᠠᠬ ᠵᠠᠷᠤᠴᠠᠭᠤᠯᠤᠨ ᠬᠤᠷᠢᠨᠬᠡᠷ ᠰᠢᠶᠠᠨ ᠤ ᠱᠧᠩ ᠯᠧ ᠡᠬᠦᠯᠡᠨ ᠪᠤᠳᠤᠯᠳᠠ ᠶᠢᠨ ᠠᠵᠤ ᠦᠢᠯᠡᠰ ᠤᠨ ᠬᠦᠷᠢᠶᠡᠯᠡᠩ | ᠲᠤᠭᠤᠷᠢᠬ ᠪᠤᠯᠤᠨ ᠰᠢᠨ᠎ᠠ ᠬᠤᠳᠠ ᠲᠤᠭᠤᠷᠢᠬ ᠤᠨ ᠬᠤᠩ ᠱᠧᠩ ᠡᠬᠦᠯᠡᠨ ᠪᠤᠳᠤᠯᠳᠠ ᠶᠢᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠵᠠᠢ᠃ ᠤᠳᠤᠬᠠᠨ ᠳᠤ ᠨᠢᠬᠡᠨᠳᠡ ᠳ᠋ᠠᠶᠢᠲ᠋ᠠ ᠶᠢᠨ ᠲᠦᠪ ᠤᠨ ᠪᠦᠳᠦᠬᠡᠨ ᠪᠠᠶᠢᠭᠤᠯᠤᠯᠳᠠ | ᠪᠤᠯᠤᠨ ᠬᠠᠳᠠᠭᠤ ᠲᠤᠨᠤᠬ ᠤᠨ ᠦᠢᠯᠡᠳᠪᠦᠷᠢᠯᠡᠯ ᠤᠨ ᠲᠤᠭᠤᠷᠢᠨ ᠳᠤ ᠲᠡᠭᠡᠷ᠎ᠡ ᠲᠤᠤᠷᠠᠳᠣ ᠣᠷᠣᠰᠬᠠᠯ ᠤᠨ ᠠᠵᠤ | ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠤᠬᠰᠠᠨ ᠱᠧᠩ ᠯᠧ ᠶᠢᠨ ᠡᠬᠦᠯᠡᠨ ᠪᠤᠳᠤᠯᠳᠠ ᠶᠢᠨ ᠠᠵᠤ ᠦᠢᠯᠡᠰ ᠤᠨ | ᠬᠦᠷᠢᠶᠡᠯᠡᠩ ᠲᠤᠭᠤᠷᠢᠬ ᠲᠤ᠂ ᠨᠢᠭᠡᠨᠳᠡ ᠲᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠡᠬᠦᠯᠡᠨ | ᠪᠤᠳᠤᠯᠳᠠ ᠶᠢᠨ ᠦᠪᠦᠷ ᠮᠤᠩᠭᠤᠯ ᠤᠨ ᠮᠡᠳᠡᠭᠡ ᠵᠠᠩᠬᠢ ᠶᠢᠨ ᠬᠦᠷᠢᠶᠡᠯᠡᠩ᠂ ᠲᠤᠮᠳᠠᠳᠤ ᠤᠯᠤᠰ ᠤᠨ ᠰᠢᠯᠵᠢᠭᠡ | ᠬᠤᠯᠪᠤᠭ᠎ᠠ ︵ᠬᠦᠬᠡᠬᠤᠳᠠ︶ ᠶᠢᠨ ᠳ᠋ᠠᠶᠢᠲ᠋ᠠ ᠶᠢᠨ ᠲᠦᠪ ᠵᠡᠷᠬᠡ 28 ᠲᠦᠷᠦᠯ ᠵᠦᠢᠯ ᠤᠨ ᠬᠡᠷ᠎ᠡ ᠲᠤᠬᠳᠠᠵᠤ᠂ | ᠶᠡᠷᠦᠩᠬᠡᠢ ᠪᠡᠯᠡ ᠤᠷᠤᠭᠤᠯᠤᠯᠳᠠ ᠨᠢ 800 ᠭᠠᠷᠤᠢ ᠳ᠋ᠦᠩᠰᠢᠭᠤᠷ ᠲᠦᠬᠦᠷᠢᠭ ᠲᠤ ᠬᠦᠷᠴᠡᠢ᠃ ᠦᠪᠦᠷ | ᠮᠤᠩᠭᠤᠯ ᠤᠨ ᠮᠦᠸᠧ ᠵᠢᠩ ᠳ᠋ᠠᠶᠢᠲ᠋ᠠ ᠶᠢᠨ ᠰᠢᠨᠵᠢᠯᠡᠬᠦ ᠣᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ᠂ ᠦᠪᠦᠷ | ᠮᠤᠩᠭᠤᠯ ᠤᠨ ᠺᠧ ᠳ᠋ᠢᠶᠠᠨ ᠳ᠋ᠠᠶᠢᠲ᠋ᠠ ᠶᠢᠨ ᠦᠢᠯᠡᠴᠢᠯᠡᠬᠡᠨ ᠤ ᠬᠢᠵᠠᠭᠠᠷᠳᠤ ᠺᠤᠮᠫᠠᠨᠢ ᠵᠡᠷᠬᠡ 110 ᠡᠬᠦᠯᠡᠨ | ᠪᠤᠳᠤᠯᠳᠠ ᠶᠢᠨ ᠰᠢᠨᠵᠢᠯᠡᠬᠦ ᠣᠬᠠᠭᠠᠨ ᠮᠡᠷᠬᠡᠵᠢᠯ ᠤᠨ ᠠᠵᠤ ᠠᠬᠤᠢᠢᠯᠠᠯ ᠨᠢᠬᠡᠨᠳᠡ ᠬᠦᠷᠢᠶᠡᠯᠡᠩ ᠲᠤᠭᠤᠷᠢᠬ ᠲᠤ | ᠲᠠᠩᠰᠠᠯᠠᠭᠤᠯᠵᠠᠢ᠃ ᠬᠤᠩ ᠱᠧᠩ ᠡᠬᠦᠯᠡᠨ ᠪᠤᠳᠤᠯᠳᠠ ᠶᠢᠨ ᠠᠵᠤ ᠦᠢᠯᠡᠰ ᠤᠨ ᠬᠦᠷᠢᠶᠡᠯᠡᠩ ︽ᠢᠨᠲ᠋ᠧᠷ | ᠰᠦᠯᠵᠢᠶ᠎ᠡ +︾᠂ ᠶᠡᠭᠡ ᠳ᠋ᠠᠶᠢᠲ᠋ᠠ᠂ ᠵᠦᠬᠡᠯᠡᠨ ᠲᠤᠨᠤᠬ ᠨᠡᠬᠡᠬᠡᠨ ᠬᠦᠭᠵᠢᠭᠦᠯᠬᠦ᠂ ᠳᠣᠮᠣ ᠬᠡᠮᠵᠢᠶᠡᠨ ᠤ ᠲᠠᠸᠠᠷ | ᠪᠤᠯᠤᠨ ᠬᠢᠯᠢ ᠠᠯᠤᠰᠯᠠᠬᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ᠂ ᠮᠡᠳᠡᠭᠡ ᠵᠠᠩᠬᠢ ᠶᠢᠨ ᠦᠢᠯᠡᠴᠢᠯᠡᠭᠡ᠂ | ᠡᠬᠦᠯᠡᠨ ᠪᠤᠳᠤᠯᠳᠠ ᠶᠢᠨ ᠠᠵᠤ ᠦᠢᠯᠡᠰ ᠢ ᠰᠤᠳᠤᠯᠵᠣ ᠨᠡᠬᠡᠬᠡᠨ ᠬᠦᠭᠵᠢᠭᠦᠯᠵᠦ ᠪᠦᠳᠦᠬᠡᠨ ᠪᠠᠶᠢᠭᠤᠯᠬᠤ ᠶᠢᠨ | ᠲᠤᠭᠤᠷᠢᠨ ᠳᠤ ᠲᠡᠭᠡᠷ᠎ᠡ ᠲᠤᠤᠷᠠᠳᠣ ᠣᠷᠣᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠵᠡᠢ᠃ ᠲᠤᠰ | ᠬᠦᠷᠢᠶᠡᠯᠡᠩ ᠲᠤᠭᠤᠷᠢᠬ ᠨᠢ ᠲᠤᠮᠳᠠᠳᠤ ᠤᠯᠤᠰ ᠤᠨ ᠨᠢᠬᠡᠳᠦᠭᠰᠡᠨ ᠬᠤᠯᠪᠤᠭ᠎ᠠ ᠶᠢᠨ ᠪᠠᠷᠠᠭᠤᠨ ᠬᠤᠶᠢᠳᠤ ︵ | ᠬᠦᠬᠡᠬᠤᠳᠠ︶ ᠶᠢᠨ ᠡᠬᠦᠯᠡᠨ ᠪᠤᠳᠤᠯᠳᠠ ᠶᠢᠨ ᠰᠠᠭᠤᠷᠢᠨ ᠢᠶᠠᠷ ᠲᠦᠰᠢᠭ ᠪᠣᠯᠭᠠᠵᠣ᠂ ᠪᠦᠷᠢᠨ ᠪᠦᠳᠦᠨ ᠡᠬᠦᠯᠡᠨ | ᠪᠤᠳᠤᠯᠳᠠ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠴᠤᠬᠴᠠᠯᠠᠵᠤ᠂ ᠯᠠᠩ ᠴᠤᠤ ᠪᠦᠯᠦᠭᠯᠡᠯ᠂ | ᠵᠦᠩ ᠰᠢᠶᠦ᠋ᠨ ᠴᠢᠮᠡᠭᠡ ᠬᠤᠯᠪᠣᠭ᠎ᠠ᠂ ᡁᠢ ᠹᠦ᠋ ᠪᠤᠤ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠡᠬᠦᠯᠡᠨ ᠪᠤᠳᠤᠯᠳᠠ ᠶᠢᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠵᠡᠷᠬᠡ ᠠᠵᠤ ᠠᠬᠤᠢᠢᠯᠠᠯ | ᠪᠤᠯᠤᠨ ᠰᠤᠳᠤᠯᠭᠠᠨ ᠤ ᠪᠠᠶᠢᠭᠤᠯᠤᠮᠵᠢ ᠶᠢ ᠤᠷᠤᠭᠤᠯᠣᠨ ᠠᠪᠴᠢᠷᠠᠵᠤ ᠬᠦᠷᠢᠶᠡᠯᠡᠩ ᠲᠤᠭᠤᠷᠢᠬ ᠲᠠᠭᠠᠨ | ᠨᠤᠳᠤᠬᠰᠢᠭᠤᠯᠵᠤ᠂ ᠡᠬᠦᠯᠡᠨ ᠬᠡᠷᠡᠭᠯᠡᠭᠡ᠂ ᠢᠨᠲ᠋ᠧᠷ ᠰᠦᠯᠵᠢᠶ᠎ᠡ + ᠬᠡᠷᠡᠭᠯᠡᠭᠡ᠂ ᠡᠬᠦᠯᠡᠨ ᠪᠤᠳᠤᠯᠳᠠ ᠶᠢᠨ ᠠᠵᠤ | ᠦᠢᠯᠡᠰ ᠤᠨ ᠰᠤᠳᠤᠯᠭᠠᠨ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠵᠦᠬᠡᠯᠡᠨ ᠲᠤᠨᠤᠬ ᠤᠨ ᠮᠡᠳᠡᠭᠡ ᠵᠠᠩᠬᠢ | ᠵᠡᠷᠬᠡ 9 ᠲᠦᠷᠦᠯ ᠤᠨ ᠠᠵᠤ ᠦᠢᠯᠡᠰ ᠤᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠡᠢ᠃ | | | | ᠪᠤᠭᠤᠲᠤ᠄ ᠤᠶᠤᠨᠲᠤ ᠬᠤᠲᠠ ᠶᠢᠨ ᠰᠢᠨ᠎ᠡ ᠠᠮᠢᠳᠤᠷᠠᠯ ᠢ ᠡᠬᠢᠯᠡᠭᠦᠯᠦᠨ᠎ᠡ | ᠪᠤᠭᠤᠳᠤ ᠳᠤ᠂ ᠬᠦᠮᠦᠰ ᠶᠠᠪᠣᠬᠤ ᠳᠣᠳᠣᠮ ᠢᠶᠠᠨ ᠤᠶᠤᠨᠲᠤ ᠵᠠᠰᠠᠬ ᠤᠨ ᠶᠠᠪᠤᠳᠠᠯ᠂ ᠤᠶᠤᠨᠲᠤ ᠵᠠᠮ | ᠬᠠᠷᠢᠯᠴᠠᠭ᠎ᠠ᠂ ᠤᠶᠤᠨᠲᠤ ᠨᠡᠶᠢᠬᠡᠮ ᠲᠤᠭᠤᠷᠢᠬ᠂ ᠠᠮᠤᠷ ᠠᠮᠤᠭᠤᠯᠠᠩ ᠪᠤᠭᠤᠳᠤ᠂ ᠤᠶᠤᠨᠲᠤ ᠬᠤᠳᠠ ᠶᠢᠨ | ᠬᠠᠮᠢᠶᠠᠷᠤᠯᠳᠠ ᠪᠤᠯᠤᠨ ᠤᠶᠤᠨᠲᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠪᠴᠢᠷᠠᠬᠰᠠᠨ ᠲᠦᠬᠦᠮ ᠲᠦᠳᠡ ᠶᠢ | ᠲᠠᠨᠢᠨ ᠮᠡᠳᠡᠷᠡᠵᠦ ᠪᠠᠶᠢᠨ᠎ᠠ᠃ ᠨᠢᠬᠡᠳᠦᠯᠳᠡᠢ ᠲᠦᠯᠦᠪᠵᠢᠭᠦᠯᠦᠨ ᠠᠬᠢᠭᠤᠯᠬᠤ ᠪᠠᠷ ᠲᠠᠮᠵᠢᠭᠤᠯᠣᠨ᠂ ᠪᠤᠭᠤᠳᠤ | ᠬᠤᠳᠠ ᠶᠢᠨ ᠣᠶᠣᠨᠯᠢᠭ ᠬᠤᠳᠠ ᠶᠢᠨ ᠪᠦᠳᠦᠬᠡᠨ ᠪᠠᠶᠢᠭᠤᠯᠤᠯᠳᠠ ᠦᠪᠡᠷᠳᠡᠬᠡᠨ ᠵᠠᠰᠠᠬᠤ ᠤᠷᠤᠨ ᠲᠡᠷᠡᠴᠢᠯᠡᠨ ᠲᠤᠮᠳᠠ | ᠪᠠᠷᠠᠭᠤᠨ ᠬᠡᠰᠡᠭ ᠤᠨ ᠭᠠᠵᠠᠷ ᠤᠷᠤᠨ ᠤ ᠡᠮᠦᠨᠡᠬᠦᠷ ᠶᠠᠪᠤᠵᠤ᠂ ᠮᠡᠳᠡᠭᠡ ᠵᠠᠩᠬᠢᠵᠢᠯᠳᠠ ᠪᠤᠯᠤᠨ ᠠᠵᠤ | ᠦᠢᠯᠡᠳᠪᠦᠷᠢᠵᠢᠯᠳᠡ ᠶᠢ ᠠᠭᠤᠰᠤᠯᠴᠠᠭᠤᠯᠬᠤ᠂ ᠡᠯᠧᠺᠲᠷᠤᠨ ᠵᠠᠰᠠᠬ ᠤᠨ ᠶᠠᠪᠤᠳᠠᠯ᠂ ᠠᠮᠤᠷ ᠠᠮᠤᠭᠤᠯᠠᠩ ᠪᠤᠭᠤᠳᠤ᠂ | ᠤᠶᠤᠨᠲᠤ ᠤᠯᠤᠰ ᠤᠨ ᠭᠠᠵᠠᠷ ᠰᠢᠷᠤᠢ ᠵᠡᠷᠬᠡ ᠨᠢ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ᠵᠢᠱᠢᠶ᠎ᠡ | ᠦᠵᠡᠬᠦᠯᠬᠦ ᠲᠦᠷᠦᠯ ᠵᠦᠢᠯ ᠳᠤ ᠵᠢᠭᠰᠠᠭᠠᠭᠳᠠᠵᠣ᠂ ᠤᠷᠢᠳ ᠬᠤᠵᠢᠳ 3 ᠤᠳᠠᠭ᠎ᠠ ᠪᠦᠬᠦ ᠤᠯᠤᠰ ᠤᠨ ᠮᠡᠳᠡᠭᠡ | ᠵᠠᠩᠬᠢᠵᠢᠭᠰᠠᠨ ᠬᠤᠳᠠ ᠶᠢᠨ 50 ᠬᠦᠴᠦᠷᠭᠡᠭ ᠢᠶᠠᠷ ᠰᠣᠩᠭᠤᠭᠳᠠᠵᠠᠢ᠃ | ᠦᠨᠡᠨ ᠳᠡᠭᠡᠨ᠂ ᠵᠠᠰᠠᠭ ᠤᠨ ᠶᠠᠪᠤᠳᠠᠯ᠂ ᠵᠠᠮ ᠬᠠᠷᠢᠯᠴᠠᠭ᠎ᠠ᠂ ᠨᠡᠶᠢᠭᠡᠮ ᠲᠤᠭᠤᠷᠢᠭ᠂ ᠬᠤᠲᠠ ᠶᠢᠨ | ᠬᠠᠮᠢᠶᠠᠷᠤᠯᠲᠠ ᠵᠢᠴᠢ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠠᠢ ᠬᠤᠯᠪᠤᠬᠳᠠᠬᠰᠠᠨ ᠤᠶᠤᠨᠯᠢᠭ ᠬᠡᠷᠡᠭᠯᠡᠭᠡ ᠨᠢ | ᠨᠢᠬᠡᠨᠲᠡ ᠠᠩᠬ᠎ᠠ ᠠᠯᠬᠤᠮ ᠦᠷ᠎ᠡ ᠪᠦᠲᠦᠮᠵᠢ ᠤᠯᠵᠠᠢ᠃ ᠤᠶᠤᠨᠲᠤ ᠵᠠᠰᠠᠭ ᠤᠨ ᠶᠠᠪᠤᠳᠠᠯ ︵ᠵᠠᠰᠠᠭ ᠤᠨ | ᠶᠠᠪᠤᠳᠠᠯ ᠤᠨ ᠡᠬᠦᠯᠡᠨ ᠪᠤᠳᠤᠯᠲᠠ︶ ᠤᠨ ᠲᠠᠯ᠎ᠠ ᠪᠠᠷ᠂ ᠪᠤᠭᠤᠲᠦ ᠬᠤᠲᠠ ᠨᠢᠭᠡᠨᠳᠡ ᠬᠠᠥᠯᠢ ᠲᠦᠭᠡᠮᠡᠯᠵᠢᠬᠦᠯᠬᠦ | ᠡᠬᠦᠯᠡᠨ ᠪᠤᠳᠤᠯᠲᠠ ᠶᠢᠨ ᠲᠡᠪᠴᠡᠩ᠂ ᠳᠠᠩᠰᠠ ᠬᠠᠷ᠎ᠠ ᠶᠢᠨ ᠡᠬᠦᠯᠡᠨ ᠪᠤᠳᠤᠯᠲᠠ ᠶᠢᠨ ᠲᠡᠪᠴᠡᠩ ᠢ ᠨᠡᠪᠲᠡᠷᠡᠭᠦᠯᠵᠡᠢ︔ | ᠤᠶᠤᠨᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠵᠦ᠂ ᠦᠪᠡᠷᠲᠡᠭᠡᠨ ᠵᠠᠰᠠᠬᠤ ᠤᠷᠤᠨ ᠤ | ᠬᠠᠮᠤᠭ ᠤᠨ ᠲᠦᠷᠦᠬᠦᠨ ᠤ ᠪᠦᠬᠦ ᠤᠯᠤᠰ ᠲᠠᠢ ᠵᠠᠯᠭᠠᠯᠳᠤᠬᠰᠠᠨ ᠬᠤᠯᠪᠤᠯᠳᠣᠨ ᠨᠡᠪᠲᠡᠷᠡᠯᠴᠡᠭᠰᠡᠨ ᠲᠡᠪᠴᠡᠩ ᠪᠤᠯᠵᠠᠢ᠃ | ᠪᠦᠬᠦ ᠬᠤᠲᠠ ᠶᠢᠨ ᠤᠶᠤᠨᠲᠤ ᠨᠡᠶᠢᠭᠡᠮ ᠲᠤᠭᠤᠷᠢᠭ ᠤᠨ ᠮᠡᠳᠡᠭᠡ ᠵᠠᠩᠬᠢᠴᠢᠯᠠᠯᠲᠠ ᠶᠢᠨ ᠡᠭᠦᠯᠡᠨ ᠪᠤᠳᠤᠯᠲᠠ ᠶᠢᠨ | ᠲᠡᠪᠴᠡᠩ ᠤᠨ ᠡᠷᠬᠢᠯᠲᠡ ᠨᠢ ᠨᠡᠯᠢᠶᠡᠳ ᠰᠠᠶᠢᠨ ᠪᠠᠶᠢᠵᠦ᠂ 3 ᠬᠤᠰᠢᠭᠤ ᠰᠢᠶᠠᠨ ᠨᠢ ᠨᠢᠬᠡᠨᠲᠡ ᠤᠶᠤᠨᠲᠤ ᠨᠡᠶᠢᠬᠡᠮ | ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠬᠦᠯᠵᠡᠢ᠃ ᠠᠮᠤᠷ ᠠᠮᠣᠭᠤᠯᠠᠩ ᠪᠤᠭᠤᠲᠦ ᠶᠢᠨ | ᠲᠠᠯ᠎ᠠ ᠪᠠᠷ᠂ ᠪᠦᠬᠦ ᠤᠯᠤᠰ ᠤᠨ ᠴᠤᠷ ᠤᠨ ᠭᠠᠭᠴᠠ ᠡᠬᠦᠯᠡᠨ ᠪᠤᠳᠤᠯᠲᠠ ᠶᠢᠨ ᠦᠢᠯᠡᠴᠢᠯᠡᠭᠡ ᠶᠢᠨ ᠬᠡᠯᠪᠡᠷᠢ ᠶᠢ | ᠭᠡᠷᠡᠭᠯᠡᠵᠦ ᠳᠤᠲᠤᠭᠠᠳᠦ ᠶᠢ ᠬᠠᠮᠠᠭᠠᠯᠠᠬᠤ ᠲᠤᠪᠴᠢᠶ᠎ᠠ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ | ᠪᠡᠶᠡᠯᠡᠬᠦᠯᠦᠭᠰᠡᠨ ᠳᠣᠰᠬᠠᠢ ᠣᠷᠣᠨ ᠤ ᠳᠡᠰ ᠤᠨ ᠬᠤᠲᠠ ᠪᠤᠯᠵᠠᠢ᠃ ᠡᠬᠦᠨ ᠠᠴᠠ ᠭᠠᠳᠠᠨ᠎ᠠ᠂ ᠰᠢᠭᠤᠢᠢᠲᠦ | ᠲᠤᠭᠤᠷᠢᠭ ᠨᠢ 2013 ᠤᠨ ᠳᠤ ᠠᠮᠵᠢᠯᠲᠠ ᠲᠠᠢ ᠪᠠᠷ ᠤᠯᠤᠰ ᠤᠨ ᠬᠤᠶᠠᠳᠤᠭᠠᠷ ᠪᠦᠯᠦᠭ ᠤᠶᠤᠨᠲᠤ ᠬᠤᠲᠠ ᠶᠢᠨ | ᠲᠤᠷᠰᠢᠯᠲᠡ ᠶᠢᠨ ᠴᠢᠭ᠋ ᠲᠤ ᠵᠢᠬᠰᠠᠭᠠᠬᠳᠠᠵᠦ᠂ ︽ᠤᠶᠤᠨᠳᠤ ᠰᠢᠭᠤᠢᠢᠲᠦ︾ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠪᠠᠨ ᠡᠬᠢᠯᠡᠭᠦᠯᠵᠡᠢ᠃ | ᠤᠯᠤᠰ ᠤᠨ ᠲᠦᠷᠦᠭᠦᠦ ᠪᠦᠯᠦᠭ ᠤᠨ ᠮᠡᠳᠡᠭᠡ ᠵᠠᠩᠬᠢᠵᠢᠯᠳᠠ ᠪᠤᠯᠤᠨ ᠠᠵᠤ ᠦᠢᠯᠡᠳᠪᠦᠷᠢᠵᠢᠯᠳᠡ ᠶᠢ | ᠠᠭᠤᠰᠤᠯᠴᠠᠭᠤᠯᠣᠨ ᠰᠢᠨ᠎ᠡ ᠶᠢ ᠡᠭᠦᠳᠬᠦ ᠲᠤᠷᠰᠢᠯᠲᠡ ᠶᠢᠨ ᠬᠤᠲᠠ ᠪᠤᠯᠤᠬᠰᠠᠨ ᠤ ᠬᠤᠪᠢ ᠳᠤ᠂ ᠪᠤᠭᠤᠲᠦ ᠬᠤᠲᠠ | ᠪᠤᠯ ᠪᠦᠬᠦ ᠤᠯᠤᠰ ᠤᠨ ᠴᠤᠷ ᠤᠨ ᠭᠠᠭᠴᠠ ︽ᠠᠵᠦ ᠦᠢᠯᠡᠳᠪᠦᠷᠢ ᠶᠢᠨ ᠡᠬᠦᠯᠡᠨ ᠰᠢᠨ᠎ᠡ ᠶᠢ ᠡᠭᠦᠳᠬᠦ ᠦᠢᠯᠡᠴᠢᠯᠡᠭᠡ | ︾ ᠲᠤᠷᠰᠢᠯᠲᠡ ᠶᠢᠨ ᠴᠢᠬ ᠤᠨ ᠳᠣᠰᠬᠠᠢ ᠣᠷᠣᠨ ᠤ ᠳᠡᠰ ᠤᠨ ᠬᠤᠲᠠ ᠪᠤᠯᠤᠨ᠎ᠠ᠃ ᠤᠳᠤᠬᠠᠨ ᠳᠤ᠂ ᠨᠢᠬᠡᠨᠲᠡ | ᠦᠪᠡᠷᠲᠡᠭᠡᠨ ᠵᠠᠰᠠᠬᠤ ᠤᠷᠤᠨ ᠤ ᠮᠡᠳᠡᠭᠡ ᠵᠠᠩᠬᠢᠵᠢᠯᠳᠠ ᠪᠤᠯᠤᠨ ᠠᠵᠤ ᠦᠢᠯᠡᠳᠪᠦᠷᠢᠵᠢᠯᠳᠡ ᠶᠢ ᠠᠭᠤᠰᠤᠯᠴᠠᠭᠤᠯᠬᠤ | ᠲᠠᠷᠤᠢ ᠠᠵᠦ ᠦᠢᠯᠡᠳᠪᠦᠷᠢ ᠶᠢᠨ ᠡᠬᠦᠯᠡᠨ ᠰᠢᠨ᠎ᠡ ᠶᠢ ᠡᠬᠦᠳᠬᠦ ᠦᠢᠯᠡᠴᠢᠯᠡᠭᠡ ᠶᠢᠨ ᠲᠡᠪᠴᠡᠩ ᠢ ᠪᠠᠶᠢᠭᠤᠯᠵᠣ᠂ | ᠨᠢᠬᠡᠨᠲᠡ ᠰᠦᠯᠵᠢᠶ᠎ᠡ ᠳᠡᠭᠡᠷ᠎ᠡ ᠲᠠᠩᠰᠠᠯᠠᠭᠤᠯᠤᠬᠰᠠᠨ ᠬᠡᠷᠡᠭᠯᠡᠭᠴᠢ ᠨᠢ 3352 ᠪᠣᠯᠵᠣ᠂ ᠰᠦᠯᠵᠢᠶ᠎ᠡ ᠳᠡᠭᠡᠷᠡᠬᠢ | ᠢᠨᠵᠧᠨᠧᠷ ᠨᠢ 5 ᠲᠦᠮᠡ ᠭᠠᠷᠤᠢ ᠳᠤ ᠬᠦᠷᠴᠦ᠂ ᠨᠡᠪᠲᠡᠷᠡᠭᠦᠯᠦᠭᠰᠡᠨ ᠠᠵᠦ ᠠᠬᠤᠢᠢᠯᠠᠯ ᠤᠨ ᠪᠢᠴᠢᠯ ᠰᠦᠯᠵᠢᠶ᠎ᠡ ᠶᠢᠨ | ᠦᠷᠲᠡᠭᠡ ᠨᠢ 1100 ᠳᠤ ᠬᠦᠷᠴᠡᠢ᠃ | | | ᠤᠯᠠᠭᠠᠨᠴᠠᠪ᠄ ᠳ᠋ᠠᠶᠢᠲ᠋ᠠ ᠶᠢᠨ ᠠᠵᠦ ᠦᠢᠯᠡᠰ ᠲᠤ ᠲᠦᠰᠢᠭᠯᠡᠨ ᠠᠵᠦ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ | ᠤᠯᠠᠭᠠᠨᠴᠠᠪ ᠬᠤᠳᠠ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ︽ᠢᠨᠲ᠋ᠧᠷ ᠰᠦᠯᠵᠢᠶ᠎ᠠ +︾ ᠮᠡᠳᠡᠭᠡ | ᠵᠠᠩᠬᠢ ᠶᠢᠨ ᠪᠠᠶᠢᠭᠤᠯᠤᠯᠳᠠ ᠶᠢᠨ ᠠᠬᠢᠴᠠ ᠪᠠᠨ ᠲᠦᠷᠭᠡᠳᠭᠡᠵᠦ᠂ ᠡᠭᠦᠯᠡᠨ ᠪᠤᠳᠤᠯᠳᠠ ᠶᠢᠨ ᠠᠵᠤ ᠦᠢᠯᠡᠰ ᠤᠨ | ᠬᠦᠭᠵᠢᠯᠳᠡ ᠶᠢᠨ ᠰᠢᠨ᠎ᠡ ᠶᠢ ᠡᠭᠦᠳᠴᠤ᠂ ᠤᠶᠤᠨᠯᠢᠭ ᠬᠤᠳᠠ ᠶᠢᠨ ᠪᠦᠳᠦᠭᠡᠨ ᠪᠠᠶᠢᠭᠤᠯᠤᠯᠳᠠ ᠪᠠᠨ ᠠᠬᠢᠭᠤᠯᠣᠨ᠎ᠠ᠃ | ᠡᠭᠦᠯᠡᠨ ᠪᠤᠳᠤᠯᠳᠠ ᠶᠢᠨ ᠬᠠᠮᠢᠶ᠎ᠠ ᠪᠦᠬᠦᠢ ᠠᠵᠤ ᠠᠬᠤᠢᠢᠯᠠᠯ ᠢ ᠣᠷᠣᠭᠤᠯᠣᠨ ᠠᠪᠴᠢᠷᠠᠵᠤ | ᠨᠤᠳᠤᠬᠰᠢᠭᠤᠯᠬᠤ ᠶᠢᠨ ᠲᠦᠯᠦᠭᠡ᠂ ᠤᠯᠠᠭᠠᠨᠴᠠᠪ ᠬᠤᠳᠠ ᠮᠡᠳᠡᠭᠡ ᠵᠠᠩᠬᠢ ᠶᠢᠨ ᠠᠵᠤ ᠦᠢᠯᠡᠰ ᠤᠨ ᠬᠦᠷᠢᠶᠡᠯᠡᠩ | ᠲᠤᠭᠤᠷᠢᠭ ᠢ ᠬᠦᠴᠦᠯᠡᠨ ᠪᠠᠶᠢᠭᠤᠯᠪᠠ᠃ 13 ᠲᠦᠮᠡᠨ ᠲᠡᠭᠰᠢ ᠲᠦᠷᠪᠡᠯᠵᠢᠨ ᠺᠢᠯᠦᠮᠧᠲᠷ ᠭᠠᠵᠠᠷ ᠡᠵᠡᠯᠡᠭᠦᠯᠬᠦ ᠪᠠᠷ | ᠲᠦᠯᠦᠪᠵᠢᠭᠦᠯᠵᠤ᠂ ᠤᠢᠢᠷ᠎ᠠ ᠬᠠᠪᠢ ᠳᠤᠨᠢ ᠰᠤᠷᠭᠠᠭᠤᠯᠢ᠂ ᠬᠡᠤᠭᠡᠳ ᠤᠨ ᠴᠡᠴᠡᠷᠯᠢᠭ᠂ ᠴᠡᠴᠡᠷᠯᠢᠭ᠂ ᠡᠮᠨᠡᠯᠭᠡ ᠶᠢᠨ | ᠬᠤᠷᠢᠶ᠎ᠠ ᠵᠡᠷᠭᠡ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠬᠦᠷᠢᠶᠡᠯᠡᠩ ᠲᠤᠭᠤᠷᠢᠭ ᠤᠨ | ᠨᠡᠶᠢᠳᠡ ᠶᠢᠨ ᠰᠠᠭᠤᠴᠠ ᠪᠠᠶᠢᠭᠤᠯᠦᠨ᠂ ᠬᠦᠷᠢᠶᠡᠯᠡᠩ ᠲᠤᠭᠤᠷᠢᠭ ᠲᠤ ᠨᠤᠳᠤᠬᠰᠢᠬᠤ ᠠᠵᠤ ᠠᠬᠤᠢᠢᠯᠠᠯ ᠵᠢᠴᠢ | ᠠᠵᠢᠯᠳᠠᠨ ᠳᠤ ᠰᠠᠶᠢᠨ ᠰᠠᠶᠢᠬᠠᠨ ᠤᠷᠤᠰᠢᠨ ᠰᠠᠭᠤᠬᠤ ᠤᠷᠴᠢᠨ ᠲᠤᠭᠤᠷᠢᠨ ᠬᠠᠩᠭᠠᠪᠡ᠃ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠲᠤᠭᠳᠠᠭᠠᠨ᠂ ᠨᠤᠳᠤᠬᠰᠢᠬᠰᠠᠨ ᠠᠵᠤ ᠠᠬᠤᠢᠢᠯᠠᠯ ᠳᠤ ᠪᠡᠯᠡ ᠮᠦᠩᠭᠦ ᠶᠢᠨ ᠱᠠᠩᠨᠠᠯ | ᠨᠦᠬᠦᠪᠦᠷᠢ᠂ ᠡᠭᠦᠯᠡᠨ ᠪᠤᠳᠤᠯᠳᠠ ᠶᠢᠨ ᠡᠬᠢ ᠪᠠᠶᠠᠯᠢᠭ ᠢ ᠬᠡᠷᠡᠭᠯᠡᠭᠦ᠂ ᠠᠯᠪᠠᠯᠠᠬᠤ ᠭᠠᠵᠠᠷ ᠬᠤᠳᠠᠯᠳᠤᠨ ᠠᠪᠬᠤ ᠪᠤᠶᠤ | ᠲᠦᠷᠢᠶᠡᠰᠦᠯᠡᠭᠦ᠂ ᠴᠠᠬᠢᠯᠭᠠᠨ ᠬᠦᠴᠦᠨ ᠵᠢᠴᠢ ᠴᠢᠳᠠᠪᠤᠷᠢᠳᠠᠨ ᠤᠷᠤᠭᠤᠯᠣᠨ ᠠᠪᠴᠢᠷᠠᠬᠤ ᠵᠡᠷᠭᠡ ᠲᠠᠯ᠎ᠠ ᠳᠤ | ᠳᠡᠮᠵᠢᠯᠭᠡ ᠦᠵᠡᠭᠦᠯᠪᠡ᠃ ᠤᠳᠤᠬᠠᠨ ᠳᠤ᠂ ᠲᠤᠰ ᠬᠤᠳᠠ ᠶᠢᠨ ᠡᠭᠦᠯᠠᠨ ᠪᠤᠳᠤᠯᠳᠠ ᠶᠢᠨ ᠠᠵᠦ ᠦᠢᠯᠡᠰ | ᠲᠤᠬᠳᠠᠭᠤᠨ ᠬᠦᠭᠵᠢᠯᠳᠠ ᠲᠠᠢ ᠪᠤᠯᠵᠠᠢ᠃ ᠡᠭᠦᠯᠡᠨ ᠳ᠋ᠠᠶᠢᠲ᠋ᠠ ᠲᠦᠪ ᠤᠨ ᠲᠠᠯ᠎ᠠ ᠪᠠᠷ᠂ ᠬᠤᠸᠠ ᠸᠧᠢ ᠰᠤᠹᠲ ᠤᠨ | ᠮᠡᠷᠭᠡᠵᠢᠯ ᠤᠨ ᠬᠢᠵᠠᠭᠠᠷᠳᠤ ᠺᠤᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠵᠦᠪᠯᠡᠯᠴᠡᠭᠡᠷ ᠲᠤᠬᠳᠠᠵᠦ᠂ ᠤᠯᠠᠭᠠᠨᠴᠠᠪ ᠤᠨ | ᠬᠤᠸᠠ ᠸᠧᠢ ᠡᠭᠦᠯᠡᠨ ᠳ᠋ᠠᠶᠢᠲ᠋ᠠ ᠲᠦᠪ ᠢ ᠬᠠᠮᠳᠣᠷᠠᠨ ᠪᠠᠶᠢᠭᠤᠯᠵᠦ᠂ ᠡᠯᠧᠺᠲᠷᠤᠨ ᠬᠤᠳᠠᠯᠳᠤᠭᠠᠨ ᠤ ᠶᠠᠪᠣᠳᠠᠯ᠂ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠠ᠂ ᠡᠯᠧᠺᠲᠷᠤᠨ ᠵᠠᠰᠠᠬ ᠤᠨ ᠶᠠᠪᠤᠳᠠᠯ᠂ ᠬᠦᠮᠦᠵᠢᠯ ᠪᠤᠯᠪᠠᠰᠤᠷᠠᠯ ᠵᠡᠷᠭᠡ | ᠡᠭᠦᠯᠡᠨ ᠠᠵᠦ ᠦᠢᠯᠡᠰ ᠢ ᠬᠦᠴᠦᠯᠡᠨ ᠬᠦᠭᠵᠢᠭᠦᠯᠵᠦ ᠪᠠᠶᠢᠬᠤ ᠮᠦᠷᠳᠡᠭᠡᠨ ᠡᠨᠡ ᠡᠳᠦᠷ ᠤᠨ ᠳᠡᠷᠢᠭᠦᠨ ᠰᠡᠳᠦᠪ᠂ | ᠵᠦᠡᠭ ᠰᠢᠨ ᠭᠦᠸᠧ ᠠᠨ᠂ ᠹᠧᠨ ᠰᠢᠶᠠᠩ ᠴᠢᠮᠡᠭᠡ ᠬᠤᠯᠪᠤᠭ᠎ᠠ ᠵᠡᠷᠭᠡ ᠳ᠋ᠠᠶᠢᠲ᠋ᠠ ᠶᠢᠨ ᠲᠦᠪ ᠲᠠᠢ ᠬᠡᠯᠡᠯᠴᠡᠭᠡᠷ ᠬᠢᠵᠦ | ᠪᠤᠢ᠃ ᠠᠵᠦ ᠦᠢᠯᠡᠰ ᠤᠨ ᠬᠡᠯᠬᠢᠶ᠎ᠠ ᠶᠢᠨ ᠲᠠᠯ᠎ᠠ ᠪᠠᠷ᠂ ᠲᠤᠮᠳᠠᠳᠤ ᠤᠯᠤᠰ ᠤᠨ ᠴᠠᠬᠢᠯᠭᠠᠨ ᠬᠤᠯᠪᠤᠭ᠎ᠠ᠂ ᠬᠤᠸᠠ | ᠸᠧᠢ ᠷᠦᠡᠭ ᠶᠤᠤ᠂ ᠵᠠᠩ ᠾᠧ ᠲᠢᠶᠠᠨ ᠰᠢᠶᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠴᠢ ᠲᠤᠮᠤ | ᠳ᠋ᠠᠶᠢᠲ᠋ᠠ ᠶᠢᠨ ᠠᠵᠦ ᠦᠢᠯᠡᠰ ᠤᠨ ᠵᠢᠱᠢᠶ᠎ᠠ ᠦᠵᠡᠭᠦᠯᠭᠦ ᠰᠠᠭᠤᠷᠢᠨ ᠵᠡᠷᠭᠡ ᠨᠢᠭᠡ ᠪᠦᠯᠦᠭ ᠢᠨᠲ᠋ᠧᠷ ᠰᠦᠯᠵᠢᠶ᠎ᠠ ᠶᠢᠨ | ᠠᠵᠦ ᠠᠬᠤᠢᠢᠯᠠᠯ ᠪᠠ ᠢᠨᠲ᠋ᠧᠷ ᠰᠦᠯᠵᠢᠶ᠎ᠠ ᠶᠢᠨ ᠬᠡᠷᠡᠭᠯᠡᠭᠡ ᠲᠤ ᠰᠠᠭᠤᠷᠢᠯᠠᠬᠰᠠᠨ ᠠᠵᠦ ᠠᠬᠤᠢᠢᠯᠠᠯ ᠬᠢᠭᠡᠳ ᠲᠦᠷᠦᠯ | ᠵᠦᠢᠯ ᠢ ᠤᠷᠢᠳ ᠬᠤᠵᠢᠳ ᠤᠷᠤᠭᠤᠯᠣᠨ ᠠᠪᠴᠢᠷᠠᠵᠠᠢ᠃ ᠡᠭᠦᠨ ᠤ ᠬᠠᠮᠳᠤ᠂ ᠵᠢᠨᠢᠩ — ᠪᠡᠭᠡᠵᠢᠩ ᠤᠨ | ᠴᠢᠮᠡᠭᠡ ᠬᠤᠯᠪᠣᠭ᠎ᠠ ᠶᠢᠨ ᠭᠡᠷᠡᠯᠯᠢᠭ ᠤᠳᠠᠰᠤ ᠶᠢ ᠶᠠᠭ ᠪᠦᠲᠦᠭᠡᠨ ᠪᠠᠶᠢᠭᠤᠯᠵᠣ ᠪᠣᠢ᠂ ᠲᠦᠷᠦᠯ ᠵᠦᠢᠯ ᠢ ᠪᠠᠶᠢᠭᠤᠯᠵᠦ | ᠲᠠᠭᠤᠰᠬᠠᠬᠰᠠᠨ ᠤ ᠲᠠᠷᠠᠭ᠎ᠠ ᠰᠢᠭᠤᠳ ᠨᠡᠪᠳᠡᠷᠡᠭᠦ ᠭᠡᠷᠡᠯᠯᠢᠭ ᠤᠳᠠᠰᠤ ᠪᠠᠷ ᠲᠠᠮᠵᠢᠨ ᠪᠡᠭᠡᠵᠢᠩ ᠬᠤᠳᠠ ᠶᠢᠨ | ᠬᠤᠳᠠ ᠶᠢᠨ ᠬᠡᠪᠴᠢᠶᠡᠨ ᠤ ᠰᠦᠯᠵᠢᠶᠠᠨ ᠤ ᠵᠤᠯᠭᠠᠯᠴᠠᠭ᠎ᠠ ᠶᠢᠨ ᠴᠡᠭ ᠲᠠᠢ ᠰᠢᠭᠤᠳ ᠨᠡᠪᠳᠡᠷᠡᠵᠦ᠂ ᠪᠡᠭᠡᠵᠢᠩ | ᠲᠢᠶᠠᠨᠵᠢᠨ ᠤᠷᠤᠨ ᠤ ᠶᠠᠮᠤᠨ ᠵᠦᠪᠯᠡᠯ᠂ ᠮᠦᠡᠭᠭᠦᠨ ᠭᠦᠢᠯᠭᠡᠭᠡ᠂ ᠪᠦᠯᠦᠭᠯᠡᠯ ᠤᠨ ᠶᠠᠷᠦᠩᠭᠡᠢ ᠬᠡᠯᠳᠡᠰ ᠵᠡᠷᠭᠡ ᠲᠤᠮᠤ | ᠬᠡᠷᠡᠭᠯᠡᠭᠴᠢᠳ ᠤᠨ ᠬᠡᠷᠡᠭᠯᠡᠭᠡᠨ ᠤ ᠬᠡᠷᠡᠭᠴᠡᠭᠡ ᠶᠢ ᠬᠠᠨᠭ᠍ᠭᠠᠵᠦ᠂ ᠪᠡᠭᠡᠵᠢᠩ ᠲᠢᠶᠠᠨᠵᠢᠨ ᠾᠧᠪᠸᠢ ᠪᠠᠷ ᠲᠦᠪ | ᠪᠤᠯᠭᠠᠬᠰᠠᠨ ᠣᠮᠠᠷᠠᠳᠣ ᠤᠷᠤᠨ ᠳᠤ ᠨᠡᠩ ᠰᠠᠶᠢᠨ ᠦᠢᠯᠡᠴᠢᠯᠡᠬᠦ ᠪᠤᠯᠤᠨ᠎ᠠ᠃ | | | | ᠤᠷᠳᠤᠰ᠄ ᠡᠭᠦᠯᠡᠨ ᠰᠠᠭᠤᠷᠢᠨ ᠢᠶᠠᠷ ᠲᠦᠰᠢᠭ ᠪᠤᠯᠭᠠᠵᠤ ᠠᠵᠢᠯ ᠲᠦᠷᠦᠯ ᠤᠨ ᠳᠠᠭᠠᠭᠤᠯᠤᠭᠴᠢ ᠪᠤᠯᠬᠤ ᠪᠠᠷ | ᠴᠢᠷᠮᠠᠶᠢᠨ᠎ᠠ | ᠤᠷᠳᠤᠰ ᠬᠤᠳᠠ ᠶᠢᠨ ᠡᠬᠦᠯᠡᠨ ᠰᠠᠭᠤᠷᠢᠨ ᠪᠤᠯ ᠤᠯᠤᠰ ᠤᠨ ᠲᠤᠮᠤ ᠳ᠋ᠠᠶᠢᠲ᠋ᠠ ︵ᠦᠪᠦᠷ ᠮᠤᠩᠭᠤᠯ︶ ᠶᠢᠨ | ᠶᠡᠷᠦᠩᠭᠡᠶᠢᠯᠡᠭᠰᠡᠨ ᠲᠤᠷᠰᠢᠯᠳᠠ ᠶᠢᠨ ᠤᠷᠤᠨ ᠤ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠂ 2011 ᠤᠨ ᠳᠤ ︽ | ᠨᠢᠭᠡ ᠰᠠᠭᠤᠷᠢᠨ ᠬᠤᠶᠠᠷ ᠲᠦᠪ︾ ᠢᠶᠠᠷ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠪᠤᠯᠭᠠᠨ᠂ ᠬᠠᠷᠢᠯᠴᠠᠨ | ᠪᠡᠯᠡᠳᠭᠡᠨ ᠬᠠᠳᠠᠭᠠᠯᠠᠵᠣ᠂ ᠶᠡᠷᠦᠩᠭᠡᠢ ᠲᠦᠯᠦᠪᠵᠢᠬᠦᠯᠦᠭᠰᠡᠨ ᠲᠠᠯᠠᠪᠠᠢ ᠨᠢ 10 ᠲᠡᠭᠰᠢ ᠲᠦᠷᠪᠡᠯᠵᠢᠨ ᠺᠢᠯᠤᠮᠧᠲᠷ᠂ | ᠬᠤᠶᠢᠰᠢᠳᠠ ᠶᠢᠨ ᠡᠵᠡᠮᠰᠢᠬᠦ ᠲᠠᠯᠠᠪᠠᠢ ᠨᠢ 35 ᠲᠡᠭᠰᠢ ᠲᠦᠷᠪᠡᠯᠵᠢᠨ ᠺᠢᠯᠤᠮᠧᠲᠷ ᠬᠦᠷᠬᠦ ᠪᠤᠯᠤᠨ᠎ᠠ᠃ | ᠰᠠᠭᠤᠷᠢᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠨᠢ ︽1111︾ ᠪᠣᠯᠣᠨ᠎ᠠ᠂ ᠲᠠᠷᠤᠢ | ᠨᠢᠭᠡ ᠪᠠᠷᠠᠭᠤᠨ ᠬᠤᠶᠢᠳᠦ ᠠᠽᠢᠶ᠎ᠠ ᠳᠤ ᠬᠠᠨᠳᠤᠭᠤᠯᠤᠭᠰᠠᠨ ᠤᠯᠠᠨ ᠤᠯᠤᠰ ᠤᠨ ᠳ᠋ᠠᠶᠢᠲ᠋ᠠ ᠶᠢᠨ ᠬᠦᠢᠰᠦ ︵ᠤᠯᠠᠨ | ᠤᠯᠤᠰ ᠤᠨ ᠲᠡᠰ︶᠂ ᠨᠢᠭᠡ ᠪᠦᠬᠦ ᠤᠯᠤᠰ ᠤᠨ ᠪᠤᠬᠢᠷᠳᠣᠯ ᠦᠭᠡᠢ ᠳ᠋ᠠᠶᠢᠲ᠋ᠠ ᠶᠢᠨ ᠲᠦᠪ ᠤᠨ ᠵᠢᠱᠢᠶ᠎ᠡ ᠦᠵᠡᠬᠦᠯᠬᠦ | ᠲᠠᠭᠤᠷᠢᠶᠠᠯ ︵ᠤᠯᠤᠰ ᠤᠨ ᠲᠡᠰ︶᠂ ᠨᠢᠭᠡ ᠤᠮᠠᠷᠠᠳᠤ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠲᠡᠰ | ᠲᠡᠪᠰᠢᠬᠦ ᠰᠢᠨ᠎ᠠ ᠬᠦᠳᠡᠯᠭᠡᠭᠦᠷ ︵ᠤᠷᠤᠨ ᠪᠦᠰᠡ ᠶᠢᠨ ᠲᠡᠰ︶᠂ ᠨᠢᠭᠡ ᠦᠪᠦᠷ ᠮᠤᠩᠭᠤᠯ ᠤᠨ ᠡᠬᠦᠯᠡᠨ | ᠦᠢᠯᠡᠴᠢᠯᠡᠭᠡ ᠶᠢᠨ ᠰᠢᠨ᠎ᠠ ᠶᠢ ᠡᠭᠦᠳᠬᠦ ᠲᠤᠷᠰᠢᠯᠳᠠ ᠶᠢᠨ ᠵᠢᠱᠢᠶ᠎ᠡ ᠦᠵᠡᠬᠦᠯᠬᠦ ᠤᠷᠤᠨ ︵ᠮᠤᠵᠢ ᠶᠢᠨ ᠲᠡᠰ︶ ᠢ | ᠪᠠᠶᠢᠭᠤᠯᠣᠨ᠎ᠠ᠃ ᠰᠠᠭᠤᠷᠢᠨ ᠨᠢ ᠪᠠᠷᠤᠭ 25 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠨᠢᠭᠡᠳᠦᠭᠡᠷ | ᠬᠤᠭᠤᠴᠠᠭᠠᠨ ᠳᠤ 4 ᠲᠡᠭᠰᠢ ᠲᠦᠷᠪᠡᠯᠵᠢᠨ ᠺᠢᠯᠤᠮᠧᠲᠷ ᠤᠨ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠵᠢᠴᠢ | ᠰᠦᠯᠵᠢᠶ᠎ᠠ ᠶᠢᠨ ᠢᠵᠢ ᠪᠦᠷᠢᠳᠦᠭᠰᠡᠨ ᠪᠡᠯᠡᠳᠬᠡᠮᠵᠢ ᠶᠢ ᠪᠠᠶᠢᠭᠤᠯᠣᠨ ᠲᠠᠭᠤᠰᠬᠠᠵᠠᠢ᠃ 15 ᠰᠠᠭᠤᠷᠢ | ᠪᠠᠷᠢᠮᠵᠢᠶᠠᠵᠢᠬᠰᠠᠨ ᠳ᠋ᠠᠶᠢᠲ᠋ᠠ ᠶᠢᠨ ᠮᠠᠰᠢᠨ ᠤ ᠭᠡᠷ ᠪᠠᠶᠢᠭᠤᠯᠬᠤ ᠪᠠᠷ ᠲᠦᠯᠦᠪᠯᠡᠵᠦ᠂ ᠶᠡᠷᠦᠩᠭᠡᠢ ᠲᠠᠯᠠᠪᠠᠢ ᠨᠢ 26.7 | ᠲᠦᠮᠡᠨ ᠲᠡᠭᠰᠢ ᠲᠦᠷᠪᠡᠯᠵᠢᠨ ᠮᠧᠲᠷ᠂ 60 ᠲᠦᠮᠡᠨ ᠪᠠᠷᠢᠮᠵᠢᠶᠠᠵᠢᠬᠰᠠᠨ ᠦᠢᠯᠡᠴᠢᠯᠡᠬᠦᠷ ᠢ ᠪᠠᠭᠳᠠᠭᠠᠬᠤ ᠪᠣᠯᠣᠨ᠎ᠠ᠂ | ᠤᠳᠤ 4 ᠶᠢ ᠨᠢ ᠨᠢᠭᠡᠨᠳᠡ ᠪᠠᠶᠢᠭᠤᠯᠤᠨ ᠳᠠᠭᠤᠰᠬᠠᠵᠣ ᠠᠰᠢᠬᠯᠠᠬᠳᠠ ᠳᠤ ᠣᠷᠣᠭᠤᠯᠵᠤ᠂ ᠠᠵᠢᠯᠯᠠᠵᠣ ᠪᠠᠶᠢᠭ᠎ᠠ | ᠮᠠᠰᠢᠨ ᠨᠢ 4788 ᠬᠦᠷᠴᠦ᠂ 7.5 ᠲᠦᠮᠡᠨ ᠦᠢᠯᠡᠴᠢᠯᠡᠭᠦᠷ ᠤᠨ ᠡᠷᠬᠢᠯᠳᠠ ᠶᠢᠨ ᠴᠢᠳᠠᠪᠤᠷᠢ ᠲᠠᠢ ᠪᠣᠯᠵᠠᠢ᠂ | ᠪᠤᠰᠤᠳ 9 ᠨᠢ ᠶᠠᠬ ᠪᠤᠯᠤᠳ ᠪᠦᠳᠦᠴᠡ ᠪᠠ ᠰᠢᠷᠤᠢ ᠮᠤᠳᠤᠨ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠱᠠᠳᠣᠨ ᠳᠤ | ᠪᠠᠶᠢᠨ᠎ᠠ᠃ 2 ᠰᠠᠭᠤᠷᠢ 220KV ᠤᠨ ᠴᠠᠬᠢᠯᠭᠠᠨ ᠬᠤᠪᠢᠰᠬᠠᠬᠤ ᠦᠷᠳᠡᠭᠡ ᠶᠢᠨ ᠬᠤᠤᠰ ᠴᠠᠬᠢᠯᠭᠠᠨ | ᠡᠭᠦᠰᠭᠡᠭᠴᠢ ᠶᠢᠨ ᠴᠢᠭ᠋ ᠪᠠᠶᠢᠭᠤᠯᠬᠤ ᠪᠠᠷ ᠲᠦᠯᠦᠪᠵᠢᠭᠦᠯᠵᠦ᠂ ᠨᠢᠭᠡᠨᠳᠡ 1 ᠶᠢ ᠨᠢ ᠪᠠᠶᠢᠭᠤᠯᠤᠨ ᠲᠠᠭᠤᠰᠬᠠᠵᠤ᠂ 1 | ᠰᠠᠭᠤᠷᠢ 110KV ᠤᠨ ᠴᠠᠬᠢᠯᠭᠠᠨ ᠬᠤᠪᠢᠰᠬᠠᠬᠤ ᠦᠷᠳᠡᠭᠡ ᠶᠢ ᠶᠠᠭ ᠪᠠᠶᠢᠭᠤᠯᠵᠤ ᠪᠣᠢ᠂ ᠬᠠᠷᠢᠶ᠎ᠠ ᠤᠷᠤᠨ ᠳᠤᠨᠢ | ᠰᠢᠭᠤᠳ ᠴᠠᠬᠢᠯᠭᠠᠨ ᠬᠠᠨᠭ᠍ᠭᠠᠬᠤ ᠴᠠᠬᠢᠯᠭᠠᠨ ᠤ ᠦᠢᠯᠡᠳᠪᠦᠷᠢ 1 ᠪᠤᠢ᠃ ᠭᠤᠷᠪᠠᠨ ᠳᠣᠮᠣ ᠴᠠᠬᠢᠯᠭᠠᠨ ᠴᠢᠮᠡᠭᠡ | ᠬᠤᠯᠪᠣᠭ᠎ᠠ ᠶᠢᠨ ᠺᠣᠮᠫᠠᠨᠢ ᠰᠢᠭᠤᠳ ᠭᠤᠤᠯ ᠰᠦᠯᠵᠢᠶ᠎ᠠ ᠳᠤ ᠬᠦᠷᠬᠦ ᠲᠠᠮᠵᠢᠭᠤᠯᠬᠤ ᠦᠢᠯᠡᠴᠢᠯᠡᠭᠡ ᠬᠠᠨᠭ᠍ᠭᠠᠵᠤ᠂ | 400G ᠶᠢᠨ ᠭᠠᠳᠠᠬᠰᠢᠯᠠᠭᠤᠯᠬᠤ ᠪᠦᠰᠡ ᠲᠠᠢ ᠪᠠᠶᠢᠬᠤ ᠶᠢᠨ ᠬᠠᠮᠳᠤ ᠠᠵᠤ ᠠᠬᠤᠢᠢᠯᠠᠯ ᠤᠨ ᠬᠡᠷᠡᠭᠴᠡᠭᠡ ᠶᠢ | ᠦᠨᠳᠦᠰᠦᠯᠡᠵᠦ ᠴᠠᠭ ᠲᠤᠬᠠᠢ ᠳᠤᠨᠢ ᠦᠷᠭᠡᠳᠬᠡᠬᠦ ᠪᠤᠯᠤᠨ᠎ᠠ᠃ | | | | ᠤᠯᠠᠭᠠᠨᠬᠠᠳᠠ᠄ ᠲᠤᠮᠤ ᠳ᠋ᠠᠶᠢᠲ᠋ᠠ ᠪᠠᠷ ᠤᠶᠤᠨᠯᠢᠭ ᠬᠤᠲᠠ ᠶᠢᠨ ︽ᠭᠤᠤᠯ ᠲᠠᠷᠢᠬᠢ︾ ᠶᠢ ᠴᠤᠭᠴᠠᠯᠠᠨ᠎ᠠ | ᠤᠢᠢᠷ᠎ᠠ ᠶᠢᠨ ᠵᠢᠯ ᠳᠤ᠂ ︽ᠨᠡᠪᠴᠢᠭᠦᠯᠦᠭᠦᠷ᠂ ᠨᠡᠪᠴᠢᠭᠦᠯᠬᠦ ᠬᠦᠷᠢᠶᠠᠯᠠᠩ᠂ ᠠᠵᠦ ᠦᠢᠯᠡᠰ ᠤᠨ ᠬᠦᠷᠢᠶᠠᠯᠠᠩ | ︾ ᠭᠤᠷᠪᠠᠨ ᠠᠯᠬᠤᠮ ᠤᠨ ᠪᠠᠶᠢᠯᠳᠤᠬᠤ ᠪᠤᠳᠤᠯᠭ᠎ᠠ ᠶᠣᠰᠣᠭᠠᠷ᠂ ᠤᠯᠠᠭᠠᠨᠬᠠᠳᠠ ᠬᠤᠳᠠ ᠦᠪᠦᠷ ᠮᠣᠩᠭᠤᠯ ᠤᠨ | ᠵᠡᠭᠦᠨ ᠬᠡᠰᠡᠭ ᠤᠨ ᠡᠭᠦᠯᠡᠨ ᠪᠤᠳᠤᠯᠳᠠ ᠪᠠ ᠲᠤᠮᠤ ᠳ᠋ᠠᠶᠢᠲ᠋ᠠ ᠶᠢᠨ ᠬᠦᠷᠢᠶᠠᠯᠠᠩ ᠲᠤᠭᠤᠷᠢᠭ ᠲᠤ ᠨᠡᠶᠢᠳᠡ 16 | ᠳ᠋ᠦᠩᠰᠢᠭᠤᠷ ᠲᠦᠭᠦᠷᠢᠭ ᠪᠡᠯᠡ ᠤᠷᠤᠭᠤᠯᠵᠦ᠂ 15 ᠲᠦᠮᠡᠨ ᠲᠡᠭᠰᠢ ᠲᠦᠷᠪᠡᠯᠵᠢᠨ ᠮᠧᠲᠷ ᠳᠠᠯᠠᠪᠠᠢ ᠪᠦᠬᠦᠢ | ᠨᠡᠪᠴᠢᠭᠦᠯᠦᠭᠴᠢ᠂ ᠨᠡᠪᠴᠢᠭᠦᠯᠬᠦ ᠬᠦᠷᠢᠶᠡᠯᠠᠩ ᠵᠡᠷᠭᠡ ᠡᠯ᠎ᠠ ᠵᠦᠢᠯ ᠤᠨ ᠰᠠᠭᠤᠷᠢ ᠪᠡᠯᠡᠳᠬᠡᠮᠵᠢ ᠶᠢ ᠪᠦᠳᠦᠭᠡᠨ | ᠪᠠᠶᠢᠭᠤᠯᠪᠠ᠃ ᠬᠤᠸᠠ ᠸᠧᠢ᠂ ᠵᠦᠡᠭ ᠰᠢᠩ᠂ ᠪᠡᠭᠡᠵᠢᠩ ᠤᠨ ᠡᠸ᠋ᠨ ᠶᠤᠸᠠᠨ᠂ ᠱᠧᠨ᠋ᠵᠧᠨ ᠤ ᠵᠸᠡᠭ ᠶᠦᠨ ᠵᠡᠷᠭᠡ | ᠠᠵᠦ ᠠᠬᠤᠢᠢᠯᠠᠯ ᠢ ᠤᠷᠤᠭᠤᠯᠣᠨ ᠠᠪᠴᠢᠷᠠᠵᠦ᠂ ᠡᠯᠧᠺᠲᠷᠤᠨ ᠵᠠᠰᠠᠬ ᠤᠨ ᠶᠠᠪᠤᠳᠠᠯ ᠤᠨ ᠡᠭᠦᠯᠡ᠂ ᠮᠤᠩᠭᠤᠯ | ᠦᠰᠦᠭ ᠪᠢᠴᠢᠭ ᠤᠨ ᠡᠭᠢ ᠪᠠᠶᠠᠯᠢᠭ ᠤᠨ ᠡᠭᠦᠯᠡ᠂ ᠡᠯᠧᠺᠲᠷᠤᠨ ᠬᠤᠳᠠᠯᠳᠤᠭᠠᠨ ᠤ ᠶᠠᠪᠣᠳᠠᠯ ᠤᠨ ᠡᠭᠦᠯᠡ ᠵᠡᠷᠭᠡ | 21 ᠡᠭᠦᠯᠡᠨ ᠪᠤᠳᠤᠯᠳᠠ ᠶᠢᠨ ᠬᠡᠷᠡᠭᠯᠡᠭᠡᠨ ᠤ ᠲᠠᠪᠴᠠᠩ ᠪᠠᠶᠢᠭᠤᠯᠪᠠ᠃ | ᠦᠪᠤᠷ ᠮᠤᠩᠭᠤᠯ ᠤ ᠯᠠᠩ ᠺᠦᠨ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠪᠤᠯ | ᠬᠦᠷᠢᠶᠠᠯᠠᠩ ᠲᠤᠭᠤᠷᠢᠭ ᠤᠨ ᠡᠨᠡ ᠵᠢᠯ ᠤᠷᠤᠭᠤᠯᠤᠨ ᠠᠪᠴᠢᠷᠠᠬᠰᠠᠨ ᠭᠤᠤᠯᠳᠠᠯᠭ᠎ᠠ ᠲᠠᠢ ᠠᠵᠦ ᠠᠬᠤᠢᠢᠯᠠᠯ ᠪᠣᠯᠣᠨ᠎ᠠ | ᠃ ᠲᠤᠰ ᠠᠵᠦ ᠠᠬᠤᠢᠢᠯᠠᠯ ᠢ ᠨᠠᠨᠵᠢᠩ ᠤᠨ ᠯᠠᠩ ᠺᠦᠨ ᠤᠶᠤᠨᠯᠢᠭ ᠰᠢᠨᠵᠢᠯᠡᠭᠦ ᠤᠬᠠᠭᠠᠨ ᠮᠡᠷᠭᠡᠵᠢᠯ ᠤᠨ | ᠬᠤᠪᠢᠴᠠᠭᠠᠳᠤ ᠬᠢᠵᠭᠠᠷᠳᠤ ᠺᠤᠮᠫᠠᠨᠢ ᠪᠠ ᠵᠠᠰᠠᠬ ᠤᠨ ᠤᠷᠳᠤᠨ ᠪᠡᠯᠡ ᠬᠠᠮᠳᠤᠷᠠᠨ ᠪᠠᠶᠢᠭᠤᠯᠵᠦ᠂ ᠦᠪᠦᠷ | ᠮᠣᠩᠭᠤᠯ ᠤᠨ ᠵᠡᠭᠦᠨ ᠬᠡᠰᠡᠭ ᠤᠨ ᠤᠶᠤᠨᠯᠢᠭ ᠬᠤᠳᠠ ᠶᠢᠨ ᠪᠦᠲᠦᠭᠡᠨ ᠪᠠᠶᠢᠭᠤᠯᠤᠯᠳᠠ ᠶᠢᠨ ᠪᠡᠯᠡ ᠤᠷᠤᠭᠤᠯᠬᠤ | ᠬᠠᠮᠳᠤᠷᠠᠭᠰᠠᠨ ᠴᠤᠬᠴᠠ ᠶᠢ ᠲᠤᠯᠤᠭᠠᠢᠢᠯᠠᠨ ᠪᠠᠶᠢᠭᠤᠯᠵᠦ᠂ ᠣᠷᠢᠳ ᠬᠤᠵᠢᠳ 10 ᠳ᠋ᠦᠩᠰᠢᠭᠤᠷ ᠲᠦᠭᠦᠷᠢᠭ ᠪᠡᠯᠡ | ᠤᠷᠤᠭᠤᠯᠵᠦ ᠬᠤᠨᠭ᠍ᠱᠠᠨ ᠲᠤᠭᠤᠷᠢᠭ ᠤᠨ ᠤᠶᠤᠨᠯᠢᠭ ᠬᠤᠳᠠ ᠶᠢᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠪᠠᠷ | ᠲᠦᠯᠦᠪᠯᠡᠵᠦ ᠪᠠᠶᠢᠨ᠎ᠠ᠃ ︽ᠮᠠᠨ ᠤ ᠬᠤᠨᠭ᠍ᠱᠠᠨ ᠲᠤᠭᠤᠷᠢᠭ ᠲᠠᠬᠢ ᠲᠦᠯᠦᠪᠵᠢᠭᠦᠯᠭᠡ ᠪᠤᠯ ᠨᠢᠭᠡ ᠰᠦᠯᠵᠢᠶ᠎ᠠ᠂ | ᠬᠤᠶᠠᠷ ᠲᠦᠪ᠂ ᠭᠤᠷᠪᠠᠨ ᠳᠣᠮᠣ ᠰᠢᠰᠲ᠋ᠧᠮ ᠪᠠ N ᠤᠯᠠᠨ ᠬᠡᠷᠡᠭᠯᠡᠭᠡ ᠶᠢ ᠪᠦᠲᠦᠭᠡᠨ ᠪᠠᠶᠢᠭᠤᠯᠬᠤ ᠪᠤᠯᠤᠨ᠎ᠠ︾ | ᠭᠡᠵᠦ ᠦᠪᠤᠷ ᠮᠤᠩᠭᠤᠯ ᠤᠨ ᠯᠠᠩ ᠺᠦᠨ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠣ ᠺᠣᠮᠫᠠᠨᠢ ᠶᠢᠨ ᠶᠡᠷᠦᠩᠭᠡᠢ | ᠲᠠᠭᠠᠭᠠᠮᠠᠯ ᠭᠦᠸᠧ ᡁᠢ ᠴᠸᠡᠭ ᠲᠠᠨᠢᠯᠴᠠᠭᠤᠯᠤᠨ᠎ᠠ᠃ ᠤᠯᠠᠭᠠᠨᠬᠠᠳᠠ ᠶᠢᠨ ᠤᠶᠤᠨᠯᠢᠭ ᠬᠤᠳᠠ ᠶᠢᠨ ᠪᠦᠲᠦᠭᠡᠨ | ᠪᠠᠶᠢᠭᠤᠯᠤᠯᠳᠠ ᠬᠤᠨᠭ᠍ᠱᠠᠨ ᠲᠤᠭᠤᠷᠢᠭ ᠢᠶᠠᠷ ᠦᠯᠢᠭᠡᠷ ᠶᠠᠩᠵᠦ ᠪᠤᠯᠭᠠᠵᠦ᠂ ᠳᠠᠷᠠᠭ᠎ᠠ ᠳᠤᠨᠢ ᠦᠷᠭᠡᠨ ᠢᠶᠠᠷ | ᠲᠡᠯᠭᠡᠷᠡᠭᠦᠯᠬᠦ ᠪᠤᠯᠤᠨ᠎ᠠ᠃ ᠬᠤᠨᠭ᠍ᠱᠠᠨ ᠲᠤᠭᠤᠷᠢᠭ ᠤᠨ ᠤᠶᠤᠨᠯᠢᠭ ᠬᠤᠳᠠ ᠶᠢᠨ ᠪᠦᠲᠦᠭᠡᠨ ᠪᠠᠶᠢᠭᠤᠯᠤᠯᠳᠠ ᠡᠭᠦᠯᠡᠨ | ᠪᠤᠳᠤᠯᠳᠠ ᠪᠠᠷ ︽ᠲᠠᠷᠢᠭᠢ︾ ᠪᠤᠯᠭᠠᠵᠦ᠂ 308 ᠺᠢᠯᠤᠮᠧᠲᠷ ᠤᠷᠳᠤ ᠲᠤᠰᠬᠠᠢ ᠬᠡᠷᠡᠭᠯᠡᠭᠡᠨ ᠤ ᠬᠡᠷᠡᠯᠯᠢᠭ ᠣᠳᠠᠰᠣ | ᠲᠠᠪᠢᠰᠴᠤ᠂ ᠲᠤᠮᠤ ᠳ᠋ᠠᠶᠢᠲ᠋ᠠ ᠶᠢᠨ ᠲᠦᠪ ᠤᠨ ᠮᠠᠰᠢᠨ ᠤ ᠦᠷᠦᠭᠡ ᠪᠠ ᠤᠶᠤᠨᠯᠢᠭ ᠬᠤᠳᠠ ᠶᠢᠨ ᠶᠡᠷᠦᠩᠭᠡᠶᠢᠯᠡᠭᠰᠡᠨ | ᠵᠢᠯᠤᠭᠤᠳᠬᠤ ᠲᠦᠪ ᠪᠠᠶᠢᠭᠤᠯᠵᠦ᠂ ᠤᠶᠤᠨᠯᠢᠭ ᠵᠠᠰᠠᠭ ᠤᠨ ᠶᠠᠪᠤᠳᠠᠯ᠂ ᠤᠶᠤᠨᠯᠢᠭ ᠠᠷᠠᠳ ᠤᠨ ᠠᠮᠢᠳᠤᠷᠠᠯ᠂ | ᠤᠶᠤᠨᠯᠢᠭ ᠠᠵᠦ ᠦᠢᠯᠡᠰ ᠵᠡᠷᠭᠡ ᠭᠤᠷᠪᠠᠨ ᠳᠣᠮᠣ ᠰᠢᠰᠲ᠋ᠧᠮ ᠢ ᠴᠤᠬᠴᠠᠯᠠᠵᠦ᠂ N ᠤᠯᠠᠨ ᠤᠶᠤᠨᠯᠢᠭ ᠬᠤᠳᠠ ᠶᠢᠨ | ᠬᠡᠷᠡᠭᠯᠡᠭᠡ ᠪᠠ ᠠᠵᠦ ᠦᠢᠯᠡᠰ ᠤᠨ ᠲᠤᠮᠤ ᠳ᠋ᠠᠶᠢᠲ᠋ᠠ ᠶᠢᠨ ᠬᠡᠷᠡᠭᠯᠡᠭᠡ ᠶᠢ ᠪᠦᠷᠢᠯᠳᠦᠭᠦᠯᠭᠦ ᠪᠤᠯᠤᠨ᠎ᠠ᠃ |