ᠦᠪᠦᠷ ᠮᠤᠩᠭᠤᠯ ᠤᠨ ᠳᠤᠮᠤ ᠳ᠋ᠠᠶᠢᠲ᠋ᠠ ᠶᠢᠨ ᠦᠢᠯᠡᠰ ᠶᠠᠭ ᠰᠠᠶᠢᠬᠠᠨ ︽ᠡᠭᠦᠯᠠ︾ ᠭᠦᠯᠦᠭᠯᠡᠨ ᠠᠶᠢᠰᠤᠢ︕ | ᠤᠢᠢᠷ᠎ᠠ ᠶᠢᠨ ᠵᠢᠯ ᠳᠤ᠂ ᠦᠪᠦᠷ ᠮᠤᠩᠭᠤᠯ ᠳᠤᠮᠤ ᠳ᠋ᠠᠶᠢᠲ᠋ᠠ ᠶᠢ ᠭᠦᠭᠵᠢᠭᠦᠯᠭᠦ ᠬᠠᠷᠢᠴᠠᠩᠭᠤᠯᠤᠭᠰᠠᠨ ᠳᠠᠪᠠᠭᠤᠯᠢᠭ | ᠪᠤᠯᠤᠨ ᠦᠢᠯᠡᠳᠦᠯᠭᠡ ᠶᠢᠨ ᠰᠠᠭᠤᠷᠢ ᠳᠠᠭᠠᠨ ᠳᠦᠰᠢᠭᠯᠡᠨ᠂ ᠳᠤᠮᠤ ᠳ᠋ᠠᠶᠢᠲ᠋ᠠ ᠶᠢ ᠠᠵᠤ ᠠᠬᠤᠢ ᠨᠡᠶᠢᠭᠡᠮ ᠤᠨ | ᠭᠦᠭᠵᠢᠯᠳᠠ ᠶᠢᠨ ᠰᠢᠨ᠎ᠠ ᠭᠦᠳᠡᠯᠭᠡᠭᠴᠢ ᠭᠦᠴᠦᠨ ᠪᠤᠯᠭᠠᠵᠤ ᠪᠤᠢ᠃ ᠤᠷᠢᠳ ᠬᠤᠵᠢᠳ ᠠ ᠯᠢ ᠪᠠ ᠪᠠ᠂ ᠲᠸᠡᠭ | ᠰᠢᠶᠦ᠋ᠨ᠂ ᠪᠠᠢ ᠳ᠋ᠦ᠋᠂ ᠯᠠᠩ ᠴᠤᠤ᠂ ᠵᠢᠩ ᠳ᠋ᠦᠡᠭ᠂ ᠱᠦ ᠭᠤᠸᠠᠩ᠂ ᠰᠸᠦ ᠭᠸᠦ᠂ ᠳᠤᠮᠳᠠᠳᠤ ᠤᠯᠤᠰ ᠤᠨ ᠬᠤᠸᠠ | ᠯᠦ᠂ IBM ᠵᠡᠷᠭᠡ ᠨᠢᠭᠡ ᠪᠦᠯᠦᠭ ᠰᠤᠷᠠᠭ ᠵᠠᠩᠭᠢ ᠶᠢᠨ ᠦᠢᠯᠡᠴᠢᠯᠡᠭᠡᠨ ᠤ ᠠᠷᠠᠯᠵᠢᠶᠠᠴᠢᠨ ᠢ ᠤᠷᠢᠨ ᠠᠪᠴᠢᠷᠠᠵᠠᠢ᠃ | ᠤᠳᠤᠬᠠᠨ ᠳᠤ᠂ ᠦᠪᠦᠷ ᠮᠤᠩᠭᠤᠯ ᠨᠢᠭᠡᠨᠳᠠ ᠪᠦᠭᠦ ᠤᠯᠤᠰ ᠤᠨ ᠬᠠᠮᠤᠭ ᠤᠨ ᠳᠤᠮᠤ ᠭᠡᠪᠴᠢᠶ᠎ᠠ ᠪᠦᠭᠦᠢ ᠡᠭᠦᠯᠠᠨ | ᠪᠤᠳᠤᠯᠳᠠ ᠪᠠ ᠳᠤᠮᠤ ᠳ᠋ᠠᠶᠢᠲ᠋ᠠ ᠶᠢᠨ ᠰᠠᠭᠤᠷᠢᠨ ᠪᠤᠯᠵᠠᠢ᠃ ᠳᠤᠮᠳᠠᠳᠤ ᠤᠯᠤᠰ ᠤᠨ ᠴᠠᠭᠢᠯᠭᠠᠨ ᠬᠤᠯᠪᠤᠭ᠎ᠠ᠂ | ᠳᠤᠮᠳᠠᠳᠤ ᠤᠯᠤᠰ ᠤᠨ ᠨᠡᠭᠦᠳᠠᠯ ᠬᠤᠯᠪᠤᠭ᠎ᠠ᠂ ᠳᠤᠮᠳᠠᠳᠤ ᠤᠯᠤᠰ ᠤᠨ ᠨᠢᠭᠡᠳᠦᠭᠰᠡᠨ ᠬᠤᠯᠪᠤᠭ᠎ᠠ᠂ ᠬᠤᠸᠠ ᠸᠧᠢ᠂ | ᠵᠦᠡᠭ ᠰᠢᠩ ᠴᠢᠮᠡᠭᠡ ᠬᠤᠯᠪᠤᠭ᠎ᠠ ᠵᠡᠷᠭᠡ ᠨᠢ ᠭᠦᠭᠡᠬᠤᠳᠠ᠂ ᠪᠤᠭᠤᠳᠦ᠂ ᠤᠷᠳᠤᠰ᠂ ᠤᠯᠠᠭᠠᠨᠴᠠᠪ᠂ ᠤᠯᠠᠭᠠᠨᠬᠠᠳᠠ | ᠵᠡᠷᠭᠡ ᠭᠠᠵᠠᠷ ᠲᠤ ᠵᠠᠯᠭᠠᠪᠠᠷ ᠳᠤᠮᠤ ᠭᠡᠯᠪᠡᠷᠢ ᠶᠢᠨ ᠡᠭᠦᠯᠠᠨ ᠪᠤᠳᠤᠯᠲᠠ ᠶᠢᠨ ᠳᠦᠪ ᠢ ᠪᠠᠶᠢᠭᠤᠯᠵᠤ᠂ ᠦᠢᠯᠡᠴᠢᠯᠡᠭᠦᠷ | ᠮᠠᠰᠢᠨ ᠤ ᠴᠤᠭᠴᠠᠯᠠᠪᠤᠷᠢ ᠶᠢᠨ ᠴᠢᠳᠠᠪᠤᠷᠢ ᠨᠢ 70 ᠳᠦᠮᠠᠨ ᠰᠠᠤᠷᠢ ᠳᠤ ᠭᠦᠷᠴᠦ᠂ ᠪᠦᠭᠦ ᠤᠯᠤᠰ ᠤᠨ ᠲᠡᠷᠢᠬᠦᠨ ᠳᠤ | ᠪᠠᠶᠢᠷᠢᠯᠠᠵᠠᠢ᠃ | ᠤᠯᠤᠰ ᠤᠨ ᠳᠤᠮᠤ ᠳ᠋ᠠᠶᠢᠲ᠋ᠠ ᠶᠢᠨ ᠰᠠᠭᠤᠷᠢ ᠳᠦᠭᠦᠭᠡᠷᠦᠮᠵᠢ ᠶᠢᠨ ᠨᠢᠭᠡᠳᠦᠯᠳᠠᠢ ᠳᠦᠯᠦᠪᠵᠢᠭᠦᠯᠦᠨ | ᠭᠦᠭᠵᠢᠭᠦᠯᠬᠦ ᠳᠦᠷᠦᠯ ᠤᠨ ᠶᠡᠷᠦᠩᠭᠡᠶᠢᠯᠡᠭᠰᠡᠨ ᠳᠤᠷᠰᠢᠯᠳᠠ ᠶᠢᠨ ᠤᠷᠤᠨ ᠪᠤᠯᠤᠭᠰᠠᠨ ᠤ ᠬᠤᠪᠢ ᠳᠤ᠂ ᠦᠪᠦᠷ | ᠮᠤᠩᠭᠤᠯ ᠨᠢ ᠨᠡᠩ ᠦᠷᠭᠡᠨ᠂ ᠨᠡᠩ ᠭᠦᠨᠵᠡᠭᠡᠢ ᠭᠦᠷᠢᠶ᠎ᠠ ᠴᠠᠷᠠᠭᠠᠨ ᠳᠤ ᠠᠵᠤ ᠠᠬᠤᠢᠢᠯᠠᠯ ᠯᠤᠭ᠎ᠠ ᠶᠢᠨ | ᠬᠠᠮᠳᠤᠷᠠᠯᠴᠠᠭ᠎ᠠ ᠶᠢ ᠴᠢᠩᠭᠠᠳᠬᠠᠵᠤ᠂ ᠳᠠᠪᠠᠯᠳᠠ ᠶᠢᠨ ᠴᠢᠨᠠᠷᠳᠠᠢ ᠭᠦᠭᠵᠢᠯᠳᠠ ᠶᠢ ᠪᠡᠶᠡᠯᠡᠭᠦᠯᠬᠦ ᠪᠤᠯᠤᠨ᠎ᠠ᠃ | 11 ᠳ᠋ᠤᠭᠡᠷ ᠰᠠᠷ᠎ᠠ ᠶᠢᠨ 7 ᠤ ᠡᠳᠦᠷ᠂ ᠪᠡᠭᠡᠵᠢᠩ ᠳᠠᠬᠢ ᠤᠯᠤᠰ ᠤᠨ ᠬᠤᠷᠠᠯ ᠤᠨ ᠳᠦᠪ ᠲᠤ | ᠶᠠᠪᠤᠭᠳᠠᠭᠰᠠᠨ ︽2016 ᠦᠪᠦᠷ ᠮᠤᠩᠭᠤᠯ ᠤᠨ ᠳᠤᠮᠤ ᠳ᠋ᠠᠶᠢᠲ᠋ᠠ ᠶᠢᠨ ᠠᠵᠤ ᠦᠢᠯᠡᠰ ᠤᠨ ᠳᠠᠨᠢᠯᠴᠠᠭᠤᠯᠭ᠎ᠠ ᠶᠢᠨ | ᠬᠤᠷᠠᠯ︾ ᠳᠡᠭᠡᠷ᠎ᠠ᠂ ᠮᠠᠨ ᠤ ᠤᠷᠤᠨ ᠤᠯᠤᠰ ᠤᠨ ᠬᠠᠮᠢᠶ᠎ᠠ ᠪᠦᠭᠦᠢ ᠶᠠᠮᠤᠨ ᠵᠦᠪᠯᠡᠯ ᠵᠢᠴᠢ ᠠᠵᠤ ᠠᠬᠤᠢᠢᠯᠠᠯ ᠯᠤᠭ᠎ᠠ | 6 ᠳᠦᠷᠦᠯ ᠤᠨ | ᠬᠡᠯᠡᠯᠴᠡᠭᠡᠷ᠂ 93 ᠳᠦᠷᠦᠯ ᠵᠦᠢᠯ ᠳᠤᠬᠢᠷᠠᠯᠴᠠᠵᠤ᠂ ᠶᠡᠷᠦᠩᠭᠡᠢ ᠪᠡᠯᠡ ᠤᠷᠤᠭᠤᠯᠤᠯᠳᠠ ᠨᠢ 508 ᠳ᠋ᠦᠡᠭᠰᠢᠭᠤᠷ | ᠳᠦᠭᠦᠷᠢᠭ ᠲᠤ ᠭᠦᠷᠦᠭᠰᠡᠨ ᠪᠠᠶᠢᠨ᠎ᠠ᠃ ᠳᠤᠮᠤ ᠳᠦᠷᠦᠯ ᠵᠦᠢᠯ ᠪᠦᠯᠦᠭᠯᠡᠨ ᠨᠠᠰᠢᠯᠠᠵᠤ ᠪᠠᠶᠢᠭ᠎ᠠ ᠨᠢ ᠦᠪᠦᠷ | ᠮᠤᠩᠭᠤᠯ ᠳᠤ ᠭᠦᠴᠦᠷᠭᠡᠭ ᠶᠡᠭᠡ ᠡᠩᠨᠡᠭᠡ ᠪᠦᠭᠦᠢ ᠳᠤᠮᠤ ᠳ᠋ᠠᠶᠢᠲ᠋ᠠ ᠶᠢᠨ ᠠᠵᠤ ᠦᠢᠯᠡᠰ ᠢ ᠭᠦᠭᠵᠢᠭᠦᠯᠭᠦ ᠳᠤ | ᠠᠰᠢᠬᠳᠠᠢ ᠪᠠᠶᠢᠵᠤ᠂ ᠦᠪᠦᠷ ᠮᠤᠩᠭᠤᠯ ᠤᠨ ︽13·5︾ ᠶᠢᠨ ᠳᠦᠯᠦᠪᠵᠢᠭᠦᠯᠭᠡ ᠶᠢᠨ ᠳᠤᠭᠳᠠᠭᠰᠠᠨ | ᠬᠠᠷᠠᠯᠳᠠ ᠪᠠᠨ ᠪᠡᠶᠡᠯᠡᠭᠦᠯᠭᠦ ᠳᠤ ᠭᠦᠴᠦᠨ ᠨᠡᠮᠡᠬᠦ ᠪᠤᠯᠤᠨ᠎ᠠ — — 2020 ᠤᠨ ᠪᠤᠯᠬᠤ ᠳᠤ᠂ | ᠦᠢᠯᠡᠴᠢᠯᠡᠭᠦᠷ ᠮᠠᠰᠢᠨ ᠤ ᠴᠤᠭᠴᠠᠯᠠᠪᠤᠷᠢ ᠶᠢᠨ ᠴᠢᠳᠠᠪᠤᠷᠢ ᠶᠢ 300 ᠳᠦᠮᠠᠨ ᠰᠠᠤᠷᠢ ᠳᠤ ᠭᠦᠷᠭᠡᠵᠦ᠂ ᠳᠤᠮᠳᠠᠳᠦ | ᠤᠯᠤᠰ ᠤᠨ ᠤᠮᠠᠷᠠᠳᠦ ᠤᠷᠤᠨ ᠤ ᠳ᠋ᠠᠶᠢᠲ᠋ᠠ ᠶᠢᠨ ᠳᠦᠪ᠂ ᠳᠤᠷᠭᠠᠨ ᠵᠠᠮ ᠤᠨ ᠳ᠋ᠠᠶᠢᠲ᠋ᠠ ᠶᠢᠨ ᠭᠠᠷᠠᠮ᠂ ᠡᠭᠢ | ᠪᠠᠶᠠᠯᠢᠭ ᠢ ᠨᠡᠶᠢᠳᠭᠡᠭᠰᠡᠨ ᠬᠤᠰᠢᠭᠤᠴᠢ ᠤᠷᠤᠨ᠂ ᠳ᠋ᠠᠶᠢᠲ᠋ᠠ ᠶᠢᠨ ᠵᠠᠰᠠᠭ ᠤᠨ ᠤᠷᠳᠤᠨ ᠤ ᠳᠤᠷᠰᠢᠯᠳᠠ ᠶᠢᠨ ᠤᠷᠤᠨ᠂ | ᠠᠵᠦ ᠦᠢᠯᠡᠰ ᠤᠨ ᠠᠭᠤᠰᠤᠯᠴᠨᠨ ᠬᠦᠭᠵᠢᠭᠰᠡᠨ ᠤᠳᠤᠷᠢᠳᠤᠮᠵᠢ ᠶᠢᠨ ᠤᠷᠤᠨ᠂ ᠤᠯᠠᠨ ᠦᠨᠳᠦᠰᠦᠳᠠᠨ ᠬᠠᠮᠲᠤᠪᠠᠷ | ᠡᠳ᠋ᠯᠡᠨ ᠭᠦᠭᠵᠢᠭᠰᠡᠨ ᠵᠢᠱᠢᠶ᠎ᠠ ᠦᠵᠡᠭᠦᠯᠭᠦ ᠤᠷᠤᠨ ᠢ ᠪᠦᠲᠦᠭᠡᠨ ᠪᠠᠶᠢᠭᠤᠯᠵᠤ ᠪᠤᠢ ᠪᠤᠯᠭᠠᠬᠤ ᠪᠤᠯᠤᠨ᠎ᠠ᠃ | ᠳᠠᠨᠢᠯᠴᠠᠭᠤᠯᠬᠤ ᠬᠤᠷᠠᠯ ᠤᠨ ᠠᠬᠤᠢ ᠳᠠᠯᠠᠪᠠᠢ ᠳᠤ᠂ ᠠ ᠯᠢ ᠪᠠ ᠪᠠ ᠪᠦᠯᠦᠭᠯᠡᠯ ᠤᠨ ᠶᠡᠷᠦᠩᠭᠡᠢ | ᠵᠠᠭᠢᠷᠤᠯ ᠶᠢᠨ ᠵᠢᠶᠠᠨ ᠬᠠᠨᠭ᠌᠂ ᠯᠠᠩ ᠴᠤᠤ ᠪᠦᠯᠦᠭᠯᠡᠯ ᠤᠨ ᠭᠡᠷᠡᠭ ᠮᠡᠳᠡᠭᠴᠢ ᠶᠢᠨ ᠳᠠᠷᠤᠭ᠎ᠠ ᠰᠦᠨ ᠫᠢ ᠱᠦ᠂ ᠲᠸᠡᠭ | ᠰᠢᠶᠦ᠋ᠨ ᠺᠤᠮᠫᠠᠨᠢ ᠶᠢᠨ ᠳᠡᠳ᠋ ᠵᠠᠭᠢᠷᠤᠯ ᠮᠠ ᠪᠢᠨ᠂ ᠵᠦᠡᠭ ᠰᠢᠩ ᠴᠢᠮᠡᠭᠡ ᠬᠤᠯᠪᠤᠭ᠎ᠠ ᠶᠢᠨ ᠬᠤᠪᠢ ᠤᠷᠤᠭᠤᠯᠤᠭᠰᠠᠨ | ᠬᠢᠵᠠᠭᠠᠷᠳᠦ ᠺᠤᠮᠫᠠᠨᠢ ᠶᠢᠨ ᠳᠡᠳ᠋ ᠵᠠᠭᠢᠷᠤᠯ ᠭᠦᠡᠭ ᠶᠤᠸᠠᠢ ᠵᠦᠡᠭ ᠵᠡᠷᠭᠡ ᠭᠦᠮᠦᠰ ᠶᠡᠷᠢᠶ᠎ᠠ ᠳᠠᠯᠪᠢᠵᠤ᠂ ᠢᠨᠲ᠋ᠧᠷ | ᠰᠦᠯᠵᠢᠶᠡᠨ ᠤ ᠬᠡᠷᠡᠭᠯᠡᠭᠡ ᠵᠢᠴᠢ ᠠᠵᠤ ᠠᠬᠤᠢᠢᠯᠠᠯ ᠤᠨ ᠤᠳᠤᠬᠠᠨ ᠤ ᠦᠪᠦᠷ ᠮᠤᠩᠭᠤᠯ ᠳᠠᠬᠢ ᠪᠡᠯᠡ | ᠤᠷᠤᠭᠤᠯᠤᠯᠳᠠ ᠶᠢᠨ ᠪᠠᠶᠢᠳᠠᠯ ᠢ ᠳᠠᠨᠢᠯᠴᠠᠭᠤᠯᠤᠭᠰᠠᠨ ᠪᠦᠭᠡᠳ ᠦᠪᠦᠷ ᠮᠤᠩᠭᠤᠯ ᠤᠨ ᠳᠠᠷᠠᠭᠠᠴᠢ ᠶᠢᠨ ᠠᠯᠬᠤᠮ ᠳᠤ | ᠳᠤᠮᠤ ᠳ᠋ᠠᠶᠢᠲ᠋ᠠ ᠶᠢᠨ ᠠᠵᠤ ᠦᠢᠯᠡᠰ ᠤᠨ ᠪᠦᠳᠦᠭᠡᠨ ᠪᠠᠶᠢᠭᠤᠯᠤᠯᠳᠠ ᠶᠢ ᠭᠡᠷᠭᠢᠨ ᠴᠢᠩᠭᠠᠳᠬᠠᠬᠤ ᠳᠤᠬᠠᠢ ᠳᠤ | ᠦᠨᠡᠳᠦ ᠰᠠᠨᠠᠯ ᠢᠶᠠᠨ ᠳᠡᠪᠰᠢᠭᠦᠯᠦᠭᠰᠨᠨ ᠪᠠᠶᠢᠨ᠎ᠠ᠃ | | ᠲᠤᠮᠤ ᠳ᠋ᠠᠶᠢᠲ᠋ᠠ ᠶᠢᠨ ᠰᠡᠳᠬᠢᠭᠦᠢ ᠶᠢ ᠪᠤᠢ ᠪᠤᠯᠭᠠᠨ ᠬᠦᠭᠵᠢᠯᠳᠡ ᠶᠢᠨ ᠰᠢᠨ᠎ᠠ ᠵᠠᠮ ᠢ ᠡᠷᠢᠯᠬᠢᠯᠡᠨ᠎ᠠ | | | | ᠠ ᠯᠢ ᠪᠠ ᠪᠠ ᠪᠦᠯᠦᠭᠯᠡᠯ ᠤᠨ ᠵᠠᠬᠢᠷᠤᠯ ᠶᠢᠨ ᠵᠢᠶᠠᠨ ᠬᠠᠨᠭ᠌ | ᠢᠨᠲ᠋ᠧᠷ ᠰᠦᠯᠵᠢᠶ᠎ᠠ ᠶᠢᠨ ᠲᠤᠮᠤ ᠳ᠋ᠠᠶᠢᠲ᠋ᠠ ᠶᠢᠨ ᠠᠪᠴᠢᠷᠠᠭᠰᠠᠨ ᠰᠢᠨ᠎ᠠ ᠤᠢᠢᠯᠠᠭᠠᠭᠳᠠᠬᠤᠨ᠂ ᠰᠢᠨ᠎ᠠ ᠠᠵᠤ | ᠦᠢᠯᠡᠰ ᠨᠢ ᠯᠠᠪᠲᠠᠢ ᠦᠪᠦᠷ ᠮᠤᠩᠭᠤᠯ ᠤᠨ ᠲᠤᠮᠤ ᠳ᠋ᠠᠶᠢᠲ᠋ᠠ ᠶᠢᠨ ᠠᠵᠤ ᠦᠢᠯᠡᠰ ᠲᠤ ᠰᠢᠨ᠎ᠠ ᠠᠵᠠ ᠲᠤᠬᠢᠶᠠᠯ | ᠠᠪᠴᠢᠷᠠᠵᠤ ᠦᠭᠬᠦ ᠶᠤᠮ᠃ ᠦᠪᠦᠷ ᠮᠤᠩᠭᠤᠯ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠳᠤᠬᠠᠢ ᠲᠦᠷᠦ ᠶᠢᠨ | ᠪᠤᠳᠤᠯᠭ᠎ᠠ ᠨᠢ ᠦᠨᠡᠨᠴᠢ᠂ ᠡᠷᠴᠢᠮ ᠲᠠᠢ ᠪᠠᠶᠢᠬᠤ ᠨᠢ ᠠᠵᠢᠯ ᠲᠦᠷᠦᠯ ᠤᠨ ᠬᠢᠨ ᠢ ᠤᠷᠮᠠᠰᠢᠭᠤᠯᠵᠤ ᠪᠠᠶᠢᠨ᠎ᠠ᠃ | ᠦᠢᠷ᠎ᠠ ᠳᠤ᠂ ᠠ ᠯᠢ ᠪᠠ ᠪᠠ ᠶᠢᠨ ᠬᠡᠷᠡᠭ ᠮᠡᠳᠡᠭᠴᠢᠳ ᠤᠨ ᠳᠤᠪᠴᠢᠶᠠᠨ ᠳᠠᠷᠤᠭ᠎ᠠ ᠮᠠ ᠶᠦᠨ 5 | ᠰᠢᠨ᠎ᠠ ᠶᠢ ᠲᠤᠷᠠᠳᠴᠤ᠂ ᠲᠠᠷᠤᠢ ᠢᠷᠡᠭᠡᠳᠦᠢ ᠶᠢᠨ ᠰᠢᠨ᠎ᠠ ᠠᠵᠤ ᠠᠬᠤᠢ ᠨᠢ ᠰᠢᠨ᠎ᠠ ᠰᠤᠯᠠ ᠪᠠᠷ ᠪᠤᠷᠤᠯᠠᠭᠤᠯᠬᠤ᠂ | ᠰᠢᠨ᠎ᠠ ᠦᠢᠯᠡᠳᠬᠦ᠂ ᠰᠢᠨ᠎ᠠ ᠮᠦᠡᠭᠭᠦᠨ ᠬᠦᠢᠯᠭᠡᠭᠡ᠂ ᠰᠢᠨ᠎ᠠ ᠮᠡᠷᠭᠡᠵᠢᠯ᠂ ᠰᠢᠨ᠎ᠠ ᠡᠬᠢ ᠪᠠᠶᠠᠯᠢᠭ ᠪᠤᠯᠤᠨ᠎ᠠ᠃ | ᠡᠨᠡ ᠲᠠᠪᠤᠨ ᠰᠢᠨ᠎ᠠ ᠠᠵᠤ ᠠᠬᠤᠢ ᠶᠢᠨ ᠢᠯᠡᠷᠡᠭᠰᠡᠨ ᠨᠢ᠂ ᠡᠴᠦᠰ ᠤᠨ ᠡᠴᠦᠰ ᠲᠡᠭᠡᠨ ᠪᠢᠳᠡᠨ ᠤ ᠨᠢᠭᠡᠨ | ᠲᠤᠮᠤ ᠳ᠋ᠡᠶᠢᠲ᠋ᠠ ᠶᠢᠨ ᠴᠠᠭ ᠦᠶ᠎ᠡ ᠳᠤ ᠲᠦᠷᠭᠡᠪᠴᠢᠯᠡᠨ ᠤᠷᠤᠵᠦ ᠪᠠᠶᠢᠬᠤ ᠠᠴᠠ ᠪᠤᠯᠤᠭᠰᠠᠨ ᠶᠤᠮ᠃ | ᠨᠢᠭᠡ ᠳᠤ᠂ ᠲᠤᠮᠤ ᠳ᠋ᠡᠶᠢᠲ᠋ᠠ ᠨᠢ ᠨᠢᠭᠡᠨᠲᠡ ᠨᠡᠶᠢᠬᠡᠮ ᠤᠨ ᠠᠵᠢᠬᠯᠠᠬᠤ ᠳᠠᠶᠢᠰᠠ ᠪᠤᠯᠵᠤ᠂ ᠮᠤᠨᠲᠠᠬ ᠤᠯᠠᠨ | ᠦᠨᠡᠨ ᠪᠤᠲᠠᠲᠤ ᠲᠤᠭ᠎ᠠ ᠪᠠᠷᠢᠮᠲᠠ ᠨᠢ ᠵᠠᠰᠠᠭ ᠤᠨ ᠤᠷᠳᠤᠨ ᠤ ᠠᠵᠦ ᠦᠢᠯᠡᠰ ᠤᠨ ᠲᠦᠷᠦ ᠶᠢᠨ ᠪᠤᠳᠤᠯᠭ᠎ᠠ | ᠳᠤᠭᠳᠠᠭᠠᠬᠤ ᠳᠤ ᠠᠩᠬᠠᠨ ᠤ ᠮᠠᠲ᠋ᠧᠷᠢᠶᠠᠯ ᠬᠠᠩᠭᠠᠵᠦ ᠪᠤᠢ᠃ ᠶᠠᠭ ᠪᠢᠳᠡᠡ ᠤ ᠬᠠᠩᠵᠸᠤ ᠶᠢᠨ ᠶᠦᠨ ᠰᠢ ᠶᠢᠨ | ᠬᠤᠷᠠᠯ ᠳᠡᠭᠡᠷ᠎ᠠ ᠨᠡᠶᠢᠲᠡᠯᠡᠭᠰᠡᠨ ᠰᠢᠭ ᠢᠶᠠᠷ᠂ ᠬᠤᠲᠠ ᠶᠢᠨ ᠭᠤᠤᠯ ᠰᠢᠰᠲ᠋ᠧᠮ ᠨᠢ ᠨᠢᠭᠡᠨᠲᠡ ᠵᠠᠮ ᠬᠠᠷᠢᠯᠴᠠᠭ᠎ᠠ ᠶᠢ | ᠰᠢᠨᠵᠢᠯᠡᠬᠦ ᠪᠠ ᠲᠦᠭᠵᠢᠷᠡᠯ ᠢ ᠵᠠᠰᠠᠬᠤ ᠲᠦᠰᠦᠪ ᠲᠠᠢ ᠪᠤᠯᠤᠭᠰᠠᠨ ᠪᠠᠶᠢᠨ᠎ᠠ᠃ | ᠬᠤᠶᠠᠷ ᠲᠤ᠂ ᠲᠤᠮᠤ ᠳ᠋ᠡᠶᠢᠲ᠋ᠡ ᠨᠢ ᠳᠠᠶᠠᠭᠠᠷ ᠤᠯᠠᠨ ᠤ ᠰᠢᠨ᠎ᠡ ᠶᠢ ᠡᠭᠦᠳᠬᠦ ᠰᠢᠨ᠎ᠡ ᠬᠦᠳᠡᠯᠭᠡᠭᠦᠷ ᠪᠤᠯᠵᠤ᠂ | ᠲᠤᠮᠤ ᠳ᠋ᠡᠶᠢᠲ᠋ᠡ᠂ ᠡᠭᠦᠯᠡᠨ ᠪᠤᠲᠤᠯᠲᠠ ᠶᠢ ᠳᠦᠰᠢᠭᠯᠡᠨ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠳᠡ᠂ ᠬᠤᠲᠠ | ᠪᠠᠯᠭᠠᠰᠤᠵᠢᠯᠲᠠ᠂ ᠲᠠᠷᠢᠶᠠᠯᠠᠩ ᠤᠨ ᠤᠳᠤᠬᠢᠴᠢᠯᠠᠯᠲᠠ ᠶᠢ ᠠᠬᠢᠭᠤᠯᠵᠤ᠂ ᠪᠢᠳᠡ ᠶᠠᠭ ᠬᠦᠭᠡᠬᠤᠲᠠ ᠲᠠᠢ ᠬᠠᠮᠳᠤ ᠪᠠᠷ | ᠲᠡᠷᠢᠶᠠᠯᠠᠩ ᠢ ᠠᠬᠢᠭᠤᠯᠬᠤ ᠡᠯᠧᠺᠲᠷᠤᠨ ᠬᠤᠳᠠᠯᠳᠤᠭᠠᠨ ᠤ ᠲᠤᠮᠤ ᠳ᠋ᠡᠶᠢᠲ᠋ᠡ ᠶᠢ ᠠᠬᠢᠭᠤᠯᠵᠤ ᠪᠤᠢ᠃ | ᠭᠤᠷᠪᠠ ᠳᠤ᠂ ᠲᠤᠮᠤ ᠳ᠋ᠡᠶᠢᠲ᠋ᠡ ᠨᠢ ᠡᠶ᠎ᠡ ᠵᠤᠭᠢᠴᠠᠩᠭᠤᠢ ᠨᠡᠶᠢᠬᠡᠮ ᠤᠨ ᠳᠤᠭᠳᠠᠪᠤᠷᠢᠵᠢᠭᠤᠯᠬᠤ ᠪᠠᠭᠠᠵᠢ ᠪᠤᠯᠵᠤ | ᠪᠤᠢ᠃ ᠠ ᠯᠢ ᠪᠠ ᠪᠠ ᠶᠢᠨ ᠤᠶᠤᠨᠴᠢ ᠬᠤᠰᠢᠭᠤ ᠰᠢᠶᠠᠨ ᠨᠢ ᠳᠠᠷᠤᠢ ᠬᠤᠰᠢᠭᠤ ᠰᠢᠶᠠᠨ ᠤ ᠲᠤᠮᠤ ᠳ᠋ᠡᠶᠢᠲ᠋ᠡ ᠶᠢᠨ | ᠪᠦᠲᠦᠭᠡᠨ ᠪᠠᠶᠢᠭᠤᠯᠤᠯᠲᠠ ᠳᠤ ᠰᠠᠭᠤᠷᠢᠯᠠᠭᠰᠠᠨ ᠶᠤᠮ᠃ ᠲᠡᠷᠡ ᠨᠢ ᠬᠦᠳᠡᠭᠡ ᠳᠤᠰᠬᠤᠨ ᠤ ᠲᠤᠤ ᠪᠤᠤ ᠲᠠᠢ | ᠤᠶᠠᠯᠳᠤᠭᠤᠯᠤᠨ᠂ ᡁᠢ ᠹᠦ᠋ ᠪᠤᠤ ᠪᠠᠷ ᠳᠠᠮᠵᠢᠨ ︽ᠢᠨᠲ᠋ᠧᠷ ᠰᠦᠯᠵᠢᠶ᠎ᠡ + ᠬᠤᠲᠠ ᠶᠢᠨ ᠦᠢᠯᠡᠴᠢᠯᠡᠭᠡ︾ ᠶᠢᠨ | ᠵᠠᠭᠪᠤᠷᠰᠢᠯ ᠢ ᠳᠤᠷᠤᠭᠰᠢ ᠬᠤᠰᠢᠭᠤ ᠰᠢᠶᠠᠨ ᠳᠤ ᠪᠠᠭᠤᠯᠭᠠᠵᠤ᠂ ᠨᠡᠩ ᠤᠯᠠᠨ ᠬᠤᠰᠢᠭᠤ ᠰᠢᠶᠠᠨ ᠤ ᠠᠷᠠᠳ | ᠤᠯᠠᠨ ᠳᠤ ᠬᠤᠲᠠ ᠶᠢᠨ ᠬᠦᠮᠦᠰ ᠲᠠᠢ ᠠᠳᠠᠯᠢᠬᠠᠨ ᠳᠦᠭᠦᠮ ᠲᠦᠳᠡ ᠤᠯᠠᠨ ᠨᠡᠶᠢᠲᠡ ᠶᠢᠨ ᠦᠢᠯᠡᠴᠢᠯᠡᠭᠡ ᠶᠢ | ᠡᠳ᠋ᠯᠡᠭᠦᠯᠦᠭᠰᠡᠨ ᠪᠠᠶᠢᠨ᠎ᠠ᠃ | ᠡᠨᠡ ᠤᠳᠠᠭ᠎ᠠ᠂ ᠦᠪᠦᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠲᠤᠮᠤ ᠳ᠋ᠡᠶᠢᠲ᠋ᠡ ᠶᠢᠨ ᠠᠵᠦ | ᠦᠢᠯᠡᠰ ᠢ ᠨᠢᠭᠡᠨ ᠰᠢᠨ᠎ᠡ ᠳᠡᠭᠳᠡᠷ ᠲᠤ ᠳᠡᠭᠡᠭᠰᠢᠯᠡᠭᠦᠯᠵᠦ᠂ ᠡᠨᠡ ᠨᠢ ᠳᠤᠬᠠᠢ ᠶᠢᠨ ᠭᠠᠵᠠᠷ ᠤᠨ ᠲᠤᠮᠤ ᠳ᠋ᠡᠶᠢᠲ᠋ᠡ ᠶᠢᠨ | ᠰᠡᠳᠬᠢᠬᠦᠢ ᠵᠢᠴᠢ ᠬᠦᠭᠵᠢᠯᠲᠡ ᠶᠢᠨ ᠰᠢᠨ᠎ᠠ ᠠᠷᠭ᠎ᠠ ᠵᠠᠮ ᠢ ᠡᠷᠢᠯᠬᠢᠯᠡᠬᠦ ᠵᠤᠷᠢᠭ ᠪᠠ ᠤᠶᠤᠨ ᠪᠢᠯᠢᠭ ᠢ ᠭᠦᠢᠴᠡᠳ | ᠬᠠᠷᠠᠭᠤᠯᠵᠠᠢ᠃ | | ᠠᠵᠠ ᠲᠤᠬᠢᠶᠠᠯ ᠢ ᠡᠵᠡᠮᠲᠡᠨ ᠬᠠᠮᠲᠤᠪᠠᠷ ᠥᠰᠥᠨ ᠪᠤᠶᠢᠵᠢᠶ᠎ᠠ | | | | ᠯᠠᠩ ᠴᠤᠤ ᠪᠦᠯᠦᠭᠯᠡᠯ ᠤᠨ ᠬᠡᠷᠡᠭ ᠮᠡᠳᠡᠭᠴᠢ ᠶᠢᠨ ᠳᠠᠷᠤᠭ᠎ᠠ ᠰᠦᠨ ᠫᠢ ᠱᠦ | ᠤᠢᠢᠷ᠎ᠠ ᠶᠢᠨ ᠵᠢᠯ ᠠᠴᠠ ᠨᠠᠰᠢ᠂ ᠦᠪᠦᠷ ᠮᠤᠩᠭᠤᠯ ᠡᠭᠦᠯᠡᠨ ᠪᠤᠳᠤᠯᠲᠠ᠂ ᠲᠤᠮᠤ ᠳ᠋ᠡᠶᠢᠲ᠋ᠠ ᠶᠢᠨ ᠠᠵᠦ | ᠦᠢᠯᠡᠰ ᠢ ᠬᠦᠭᠵᠢᠭᠦᠯᠬᠦ ᠶᠢ ᠳᠡᠭᠡᠳᠦ ᠬᠡᠮᠵᠢᠶ᠎ᠡ ᠪᠠᠷ ᠬᠦᠨᠳᠦᠳᠭᠡᠵᠦ ᠪᠤᠢ᠃ ᠲᠦᠷᠦᠭᠦᠤ ᠬᠡᠳᠦᠨ ᠡᠳᠦᠷ ᠪᠢ ᠦᠪᠦᠷ | ᠮᠤᠩᠭᠤᠯ ᠳᠤ ᠤᠴᠢᠵᠤ ᠯᠢ ᠵᠢᠢ ᠾᠧᠩ ᠱᠦᠵᠢ ᠲᠠᠢ ᠬᠠᠮᠳᠤᠷᠠᠯᠴᠠᠭᠠᠨ ᠤ ᠳᠤᠬᠠᠢ ᠶᠠᠷᠢᠯᠴᠠᠬᠤ ᠦᠶᠡᠰ᠂ ᠯᠢ | ᠱᠦᠵᠢ ᠰᠡᠳᠬᠢᠯ ᠳᠤᠭᠳᠤᠯᠤᠩᠭᠤᠢ ᠪᠠᠷ᠄ ︽ᠡᠭᠦᠯᠡᠨ ᠪᠤᠳᠤᠯᠲᠠ᠂ ᠲᠤᠮᠤ ᠳ᠋ᠡᠶᠢᠲ᠋ᠠ ᠶᠢᠨ ᠠᠵᠦ ᠦᠢᠯᠡᠰ ᠢ | ᠬᠦᠭᠵᠢᠭᠦᠯᠬᠦ ᠭᠠᠵᠠᠷ ᠢ ᠮᠤᠬᠤᠲᠠᠯᠠ ᠡᠷᠢᠭᠡᠳ ᠡᠴᠦᠰ ᠲᠡᠭᠡᠨ ᠬᠠᠮᠤᠭ ᠰᠠᠶᠢᠨ ᠰᠤᠩᠭᠤᠯᠲᠠ ᠨᠢ ᠦᠪᠦᠷ ᠮᠤᠩᠭᠤᠯ | ᠪᠤᠯᠵᠠᠢ︾ ᠭᠡᠵᠦ ᠪᠠᠶᠢᠪᠠ᠃ ᠡᠭᠦᠨ ᠠᠴᠠ ᠦᠪᠤᠷ ᠮᠤᠩᠭᠤᠯ ᠤᠨ ᠡᠭᠦᠯᠡᠨ ᠪᠤᠳᠤᠯᠲᠠ᠂ ᠲᠤᠮᠤ ᠳ᠋ᠡᠶᠢᠲ᠋ᠠ ᠶᠢ | ᠬᠦᠭᠵᠢᠭᠦᠯᠬᠦ ᠡᠷᠡᠰ ᠵᠤᠷᠢᠭ ᠢ ᠭᠦᠢᠴᠡᠳ ᠤᠯᠵᠤ ᠬᠠᠷᠠᠨ᠎ᠠ᠂ ᠡᠨᠡ ᠪᠤᠯ ᠮᠦᠨᠴᠦ ᠯᠠᠩ ᠴᠤᠤ ᠮᠡᠲᠦ ᠶᠢᠨ ᠠᠯᠢ | ᠤᠯᠠᠨ ᠠᠵᠦ ᠠᠬᠤᠢᠢᠯᠠᠯ ᠤᠨ ᠦᠪᠦᠷ ᠮᠤᠩᠭᠤᠯ ᠳᠤ ᠳᠤᠭᠳᠠᠬᠤ ᠢᠳᠡᠭᠡᠯ ᠪᠤᠯᠬᠤ ᠶᠤᠮ᠃ | ᠦᠪᠦᠷ ᠮᠤᠩᠭᠤᠯ ᠤᠨ ᠴᠠᠬᠢᠯᠭᠠᠨ ᠬᠦᠴᠦ ᠬᠠᠩᠭᠠᠮᠵᠢᠲᠠᠢ᠂ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ | ᠪᠦᠬᠦ ᠪᠦᠮᠪᠤᠷᠴᠡᠭ ᠲᠠᠬᠢ ᠡᠭᠦᠯᠡᠨ ᠪᠤᠳᠤᠯᠲᠠ ᠶᠢᠨ ᠲᠦᠪ ᠢ ᠪᠠᠶᠢᠭᠤᠯᠬᠤ ᠤᠯᠳᠠᠰᠢ ᠦᠭᠡᠢ ᠳᠤᠬᠢᠷᠠᠮᠵᠢᠲᠠᠢ ᠭᠠᠵᠠᠷ | ᠤᠷᠤᠨ ᠪᠤᠯᠬᠤ ᠶᠤᠮ᠃ ᠦᠪᠦᠷ ᠮᠤᠩᠭᠤᠯ ᠡᠨᠧᠷᠭᠢ ᠶᠢᠨ ᠳᠠᠪᠠᠭᠤᠯᠢᠭ ᠪᠠ ᠭᠠᠵᠠᠷ ᠵᠦᠢ ᠶᠢᠨ ᠳᠠᠪᠠᠭᠤᠯᠢᠭ ᠢᠶᠠᠨ | ᠡᠭᠦᠯᠡᠨ ᠪᠤᠳᠤᠯᠲᠠ ᠶᠢᠨ ᠲᠦᠪ ᠲᠤ ᠵᠠᠯᠭᠠᠭᠤᠯᠵᠤ᠂ ᠡᠭᠦᠯᠡᠨ ᠪᠤᠳᠤᠯᠲᠠ᠂ ᠲᠤᠮᠤ ᠳ᠋ᠡᠶᠢᠲ᠋ᠠ ᠶᠢᠨ ᠠᠵᠦ ᠦᠢᠯᠡᠰ ᠤᠨ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠦᠪᠡᠷᠮᠢᠴᠡ ᠳᠠᠪᠠᠭᠤᠯᠢᠭ ᠢ ᠪᠦᠷᠢᠯᠳᠦᠭᠦᠯᠦᠨ᠂ | ᠰᠢᠨ᠎ᠡ ᠡᠬᠢ ᠪᠠᠶᠠᠯᠢᠭ ᠢ ᠪᠤᠢ ᠪᠤᠯᠭᠠᠵᠠᠢ᠃ | ᠯᠠᠩ ᠴᠤᠤ ᠶᠠᠷᠦᠳᠡᠭᠡᠨ ᠦᠪᠦᠷ ᠮᠤᠩᠭᠤᠯ ᠤᠨ ᠡᠭᠦᠯᠡᠨ ᠪᠤᠳᠤᠯᠲᠠ᠂ ᠲᠤᠮᠤ ᠳ᠋ᠡᠶᠢᠲ᠋ᠠ ᠶᠢᠨ ᠰᠠᠭᠤᠷᠢᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠳᠤ ᠤᠷᠤᠯᠴᠠᠭᠰᠠᠭᠠᠷ ᠢᠷᠡᠵᠦ᠂ ᠦᠪᠦᠷ ᠮᠤᠩᠭᠤᠯ ᠳᠤ ᠨᠢᠭᠡᠨᠲᠡ | ᠪᠠᠶᠢᠭᠤᠯᠤᠭᠰᠠᠨ ᠡᠭᠦᠯᠡᠨ ᠪᠤᠳᠤᠯᠲᠠ ᠶᠢᠨ ᠲᠦᠪ ᠲᠤ ᠬᠡᠷᠡᠭᠯᠡᠬᠦ 30 ᠲᠦᠮᠡᠨ ᠦᠢᠯᠡᠴᠢᠯᠡᠬᠦᠷ ᠮᠠᠰᠢᠨ ᠤ ᠳᠤᠲᠤᠷ᠎ᠠ᠂ | ᠬᠠᠭᠠᠰ ᠠᠴᠠ ᠳᠡᠭᠡᠭᠰᠢᠬᠢ ᠶᠢ ᠨᠢ ᠯᠠᠩ ᠴᠤᠤ ᠬᠠᠩᠭᠠᠵᠠᠢ᠃ ᠨᠢᠭᠡᠨᠲᠡ ᠬᠦᠬᠡᠬᠤᠲᠠ᠂ ᠦᠬᠠᠢ᠂ ᠮᠠᠨᠵᠤᠤᠷ ᠵᠡᠷᠭᠡ 3 | ᠵᠠᠰᠠᠭ ᠤᠨ ᠶᠠᠪᠤᠳᠠᠯ ᠤᠨ ᠡᠭᠦᠯᠡᠨ ᠪᠤᠳᠤᠯᠲᠠ ᠶᠢᠨ ᠲᠦᠪ ᠲᠠᠢ ᠪᠤᠯᠵᠤ᠂ ᠲᠡᠷᠡᠴᠢᠯᠡᠨ ᠦᠪᠡᠷᠳᠡᠭᠡᠨ ᠵᠠᠰᠠᠬᠤ | ᠤᠷᠤᠨ ᠤ ᠵᠠᠰᠠᠭ ᠤᠨ ᠶᠠᠪᠤᠳᠠᠯ ᠤᠨ ᠡᠭᠦᠯᠡᠨ ᠭᠠᠮᠰᠢᠭ ᠢ ᠰᠡᠷᠬᠡᠶᠢᠯᠡᠬᠦ ᠲᠦᠪ ᠨᠢ ᠳᠤᠬᠠᠢ ᠶᠢᠨ ᠭᠠᠵᠠᠷ ᠲᠤ ᠰᠢᠯᠢᠳᠡᠭ | ᠂ ᠦᠨᠳᠦᠷ ᠪᠦᠲᠦᠮᠵᠢᠲᠦ ᠵᠠᠰᠠᠭ ᠤᠨ ᠶᠠᠪᠤᠳᠠᠯ ᠤᠨ ᠡᠬᠦᠯᠡᠨ ᠦᠢᠯᠡᠴᠢᠯᠡᠭᠡ ᠬᠠᠩᠭᠠᠵᠤ ᠪᠤᠢ᠃ | ᠤᠳᠤᠬᠠᠨ ᠳᠤ ᠦᠪᠦᠷ ᠮᠤᠩᠭᠤᠯ ᠨᠢ ᠪᠠᠰᠠ ᠰᠢᠨ᠎ᠡ ᠬᠦᠭᠵᠢᠯᠲᠡ ᠶᠢᠨ ᠠᠵᠠ ᠳᠤᠬᠢᠶᠠᠯᠲᠤ ᠦᠶ᠎ᠡ ᠪᠠᠨ | ᠤᠭᠲᠤᠵᠤ᠂ ᠪᠢᠳᠡ ᠦᠪᠦᠷ ᠮᠤᠩᠭᠤᠯ ᠤᠨ ᠡᠯ᠎ᠠ ᠵᠦᠢᠯ ᠤᠨ ᠨᠦᠬᠦᠴᠡᠯ ᠳᠤ ᠳᠦᠰᠢᠭᠯᠡᠨ᠂ ᠦᠪᠦᠷ ᠮᠤᠩᠭᠤᠯ ᠳᠤ | ᠶᠡᠬᠡᠪᠡᠷ ᠪᠡᠯᠡ ᠤᠷᠤᠭᠤᠯᠬᠤ ᠪᠤᠯᠤᠨ᠎ᠠ᠂ ᠭᠤᠤᠯᠳᠠᠭᠤ ᠳᠤᠤᠷᠠᠬᠢ ᠬᠡᠳᠦᠨ ᠶᠠᠪᠤᠳᠠᠯ ᠢ ᠪᠦᠲᠦᠭᠡᠨ᠎ᠡ᠄ ᠨᠢᠭᠡ ᠲᠤ᠂ | ᠲᠤᠮᠤ ᠳ᠋ᠡᠶᠢᠲ᠋ᠠ ᠶᠢᠨ ᠠᠵᠦ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠦᠪᠦᠷ ᠮᠤᠩᠭᠤᠯ ᠤᠨ ᠲᠤᠮᠤ ᠳ᠋ᠡᠶᠢᠲ᠋ᠠ ᠶᠢᠨ | ᠬᠠᠮᠢᠶ᠎ᠠ ᠪᠦᠬᠦᠢ ᠠᠵᠦ ᠠᠬᠤᠢᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠤᠯᠪᠤᠭ᠎ᠠ ᠪᠤᠯᠤᠨ ᠪᠦᠷᠢᠯᠳᠦᠵᠦ᠂ ᠬᠠᠮᠲᠦᠪᠠᠷ | ᠦᠰᠦᠨ ᠪᠤᠶᠢᠵᠢᠵᠤ᠂ ᠯᠠᠩ ᠴᠤᠤ ᠶᠢᠨ ᠲᠤᠮᠤ ᠳ᠋ᠡᠶᠢᠲ᠋ᠠ ᠶᠢᠨ ᠳᠡᠭᠡᠳᠦ᠂ ᠳᠤᠤᠷᠠᠳᠤ ᠤᠷᠤᠰᠬᠠᠯ ᠤᠨ ᠬᠤᠯᠪᠤᠭᠠᠨ ᠤ | ᠦᠢᠯᠡᠳᠪᠦᠷᠢ ᠠᠷᠠᠯᠵᠢᠶᠠᠴᠢᠳ᠂ ᠡᠭᠦᠯᠡᠨ ᠤᠶᠤᠨᠴᠢ ᠬᠤᠯᠪᠤᠭ᠎ᠠ ᠶᠢᠨ ᠬᠠᠮᠲᠤᠷᠠᠯᠴᠠᠭᠠᠨ ᠤ ᠬᠠᠨᠢᠲᠠᠨ ᠢ ᠬᠦᠲᠦᠯᠦᠨ | ᠳᠠᠭᠠᠭᠤᠯᠵᠤ ᠦᠪᠦᠷ ᠮᠤᠩᠭᠤᠯ ᠳᠤ ᠢᠷᠡᠭᠦᠯᠦᠨ ᠪᠡᠯᠡ ᠤᠷᠤᠭᠤᠯᠬᠤ ᠪᠠ ᠬᠦᠭᠵᠢᠭᠦᠯᠵᠦ᠂ ᠪᠦᠷᠢᠨ ᠪᠦᠲᠦᠨ ᠲᠤᠮᠤ | ᠳ᠋ᠡᠶᠢᠲ᠋ᠠ ᠶᠢᠨ ᠠᠵᠦ ᠦᠢᠯᠡᠰ ᠤᠨ ᠬᠡᠯᠬᠢᠶᠡᠵᠢᠯ ᠢ ᠴᠤᠭᠴᠠᠯᠠᠨ᠎ᠠ︔ ᠬᠤᠶᠠᠷ ᠲᠤ᠂ ᠡᠭᠦᠯᠡᠨ ᠪᠤᠳᠤᠯᠲᠠ ᠶᠢᠨ ᠲᠦᠪ | ᠪᠠᠶᠢᠭᠤᠯᠵᠤ᠂ ᠵᠠᠰᠠᠭ ᠤᠨ ᠤᠷᠳᠤᠨ᠂ ᠠᠵᠤ ᠠᠬᠤᠢᠢᠯᠠᠯ ᠳᠤ ᠡᠭᠦᠯᠡᠨ ᠦᠢᠯᠡᠴᠢᠯᠡᠭᠡ ᠬᠠᠩᠭᠠᠨ᠂ ᠵᠠᠰᠠᠭ ᠤᠨ | ᠤᠷᠳᠤᠨ ᠤ ᠳ᠋ᠡᠶᠢᠲ᠋ᠠ ᠶᠢᠨ ᠨᠡᠭᠡᠭᠡᠯᠲᠡᠲᠦ ᠲᠠᠪᠴᠠᠩ ᠢ ᠪᠠᠶᠢᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ | ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠳ᠋ᠡᠶᠢᠲ᠋ᠠ ᠶᠢᠨ ᠠᠭᠤᠰᠤᠯᠴᠠᠨ ᠬᠠᠮᠲᠤᠪᠠᠷ ᠡᠳ᠋ᠯᠡᠬᠦ ᠶᠢ ᠠᠬᠢᠭᠤᠯᠵᠤ᠂ | ᠳ᠋ᠡᠶᠢᠲ᠋ᠠ ᠶᠢᠨ ᠠᠷᠠᠳ ᠲᠤ ᠳᠦᠭᠦᠮ ᠦᠵᠡᠭᠦᠯᠬᠦ ᠶᠢ ᠪᠡᠶᠡᠯᠡᠭᠦᠯᠦᠨ᠎ᠡ︔ ᠭᠤᠷᠪᠠ ᠲᠤ᠂ ᠯᠠᠩ ᠴᠤᠤ ᠶᠢᠨ ᠦᠪᠠᠷ ᠤᠨ | ᠡᠵᠡᠮᠰᠢᠵᠦ ᠪᠠᠶᠢᠬᠤ 40PB ᠶᠢᠨ ᠳ᠋ᠡᠶᠢᠲ᠋ᠠ ᠪᠠᠨ ᠦᠪᠦᠷ ᠮᠤᠩᠭᠤᠯ ᠳᠤ ᠠᠪᠴᠢᠷᠠᠨ᠂ ᠲᠤᠮᠤ ᠳ᠋ᠡᠶᠢᠲ᠋ᠠ ᠶᠢᠨ | ᠬᠡᠷᠡᠭᠯᠡᠭᠡᠨ ᠤ ᠨᠡᠭᠡᠭᠡᠯᠲᠡ ᠬᠢᠵᠦ᠂ ᠦᠪᠦᠷ ᠮᠤᠩᠭᠤᠯ ᠤᠨ ᠲᠤᠮᠤ ᠳ᠋ᠡᠶᠢᠲ᠋ᠡ ᠶᠢᠨ ᠬᠡᠷᠡᠭᠯᠡᠭᠡᠨ ᠤ ᠠᠵᠦ ᠦᠢᠯᠡᠰ ᠤᠨ | ᠬᠦᠭᠵᠢᠯᠲᠡ ᠶᠢ ᠬᠦᠲᠦᠯᠦᠨ ᠳᠠᠭᠠᠭᠤᠯᠤᠨ᠎ᠠ︔ ᠳᠦᠷᠪᠡ ᠳᠤ᠂ ᠦᠪᠦᠷ ᠮᠤᠩᠭᠤᠯ ᠳᠤ 5 — 6 ᠲᠤᠮᠤ | ᠳ᠋ᠡᠶᠢᠲ᠋ᠡ ᠶᠢᠨ ᠰᠢᠨ᠎ᠡ ᠶᠢ ᠡᠭᠦᠳᠦᠭᠴᠢᠳ ᠤᠨ ᠲᠦᠪ ᠪᠠᠶᠢᠭᠤᠯᠵᠤ᠂ ᠨᠢᠭᠡ ᠲᠠᠯ᠎ᠠ ᠪᠠᠷ ᠰᠢᠨ᠎ᠡ ᠶᠢ ᠡᠭᠦᠳᠦᠭᠴᠢᠳ ᠲᠤ | ᠠᠳᠠᠯ ᠦᠢᠯᠡᠰ ᠴᠤᠭᠴᠠᠯᠠᠬᠤ ᠳᠤ ᠭᠡᠷᠡᠭᠰᠡᠬᠦ ᠳ᠋ᠡᠶᠢᠲ᠋ᠡ ᠶᠢᠨ ᠡᠬᠢ ᠪᠠᠶᠠᠯᠢᠭ ᠢ ᠬᠠᠩᠭᠠᠨ᠎ᠠ︔ ᠨᠦᠭᠦᠭᠡ ᠲᠠᠯ᠎ᠠ ᠪᠠᠷ᠂ | ᠰᠢᠨ᠎ᠡ ᠶᠢ ᠡᠭᠦᠳᠦᠭᠴᠢᠳ ᠲᠤ ᠲᠤᠮᠤ ᠳ᠋ᠡᠶᠢᠲ᠋ᠡ ᠶᠢ ᠴᠤᠭᠯᠠᠭᠤᠯᠬᠤ᠂ ᠰᠢᠢᠳᠪᠦᠷᠢᠯᠡᠬᠦ᠂ ᠵᠠᠳᠠᠯᠬᠤ ᠪᠠᠭᠠᠵᠢ ᠬᠠᠩᠭᠠᠵᠤ᠂ | ᠳᠤᠬᠠᠢ ᠶᠢᠨ ᠭᠠᠵᠠᠷ ᠤᠨ ᠰᠢᠨ᠎ᠡ ᠶᠢ ᠡᠭᠦᠳᠦᠭᠴᠢᠳ ᠤᠨ ᠬᠦᠭᠵᠢᠯᠲᠡ ᠶᠢ ᠳᠡᠳᠬᠦᠵᠦ᠂ ᠲᠤᠮᠤ ᠳ᠋ᠡᠶᠢᠲ᠋ᠡ ᠶᠢ | ᠠᠰᠢᠭᠯᠠᠨ ᠠᠳᠠᠯ ᠦᠢᠯᠡᠰ ᠴᠤᠭᠴᠠᠯᠠᠬᠤ ᠪᠠ ᠰᠢᠨ᠎ᠡ ᠶᠢ ᠡᠭᠦᠳᠬᠦ ᠠᠵᠢᠯ ᠢ ᠠᠬᠢᠭᠤᠯᠤᠨ᠎ᠠ᠃ | | ᠨᠡᠭᠡᠭᠡᠯᠳᠠ ᠲᠠᠢ ᠬᠠᠮᠳᠤᠪᠡᠷ ᠡᠳ᠋ᠯᠡᠭᠦ ᠵᠤᠭᠢᠴᠠᠩᠭᠤᠢ ᠰᠢᠨ᠎ᠠ ᠶᠢ ᠡᠭᠦᠳᠭᠦ ᠠᠮᠢ ᠠᠬᠤᠢ ᠶᠢᠨ ᠰᠢᠰᠲ᠋ᠧᠮ ᠢ | ᠪᠠᠶᠢᠭᠤᠯᠤᠶ᠎ᠠ | | | | ᠲᠸᠡᠭ ᠰᠢᠶᠦ᠋ᠨ ᠺᠤᠮᠫᠠᠨᠢ ᠶᠢᠨ ᠳᠡᠳ᠋ ᠵᠠᠭᠢᠷᠤᠯ ᠮᠠ ᠪᠢᠨ | ᠰᠤᠷᠠᠭ ᠵᠠᠩᠭᠢ ᠰᠦᠯᠵᠢᠶ᠎ᠡ ᠶᠢᠨ ᠴᠠᠭ ᠦᠶ᠎ᠠ ᠶᠢᠨ ᠭᠤᠷᠪᠠᠨ ᠭᠡᠮᠵᠢᠶᠡᠰᠦᠳᠦ ᠶᠢᠷᠳᠢᠨᠴᠤ ᠪᠤᠯ ᠰᠤᠷᠠᠭ | ᠵᠠᠩᠭᠢ ᠶᠢᠨ ᠶᠢᠷᠳᠢᠨᠴᠦ᠂ ᠹᠢᠽᠢᠺ ᠤᠨ ᠶᠢᠷᠳᠢᠨᠴᠦ ᠪᠠ ᠭᠦᠮᠦᠨ ᠳᠦᠷᠦᠯᠭᠢᠳᠠᠨ ᠤ ᠨᠡᠶᠢᠭᠡᠮ ᠠᠴᠠ ᠪᠦᠷᠢᠯᠳᠦᠭᠰᠡᠨ | ᠶᠤᠮ᠃ ᠨᠡᠶᠢᠭᠡᠮ ᠨᠢ ᠶᠠᠭ ᠰᠠᠶᠢᠬᠠᠨ ᠢᠨᠲ᠋ᠧᠷ ᠰᠦᠯᠵᠢᠶ᠎ᠡ᠂ ᠨᠡᠭᠦᠳᠠᠯ ᠢᠨᠲ᠋ᠧᠷ ᠰᠦᠯᠵᠢᠶ᠎ᠡ ᠠᠴᠠ ᠠᠵᠤ ᠦᠢᠯᠡᠰ ᠤᠨ | ᠢᠨᠲ᠋ᠧᠷ ᠰᠦᠯᠵᠢᠶ᠎ᠡ ᠶᠢᠨ ᠭᠡᠷᠡᠭᠯᠡᠭᠡ ᠶᠢᠨ ᠭᠦᠭᠵᠢᠯᠳᠠ ᠵᠦᠭ ᠰᠢᠯᠵᠢᠵᠤ ᠪᠤᠢ᠃ | ᠳ᠋ᠠᠶᠢᠲ᠋ᠠ ᠨᠢ ᠨᠢᠭᠡᠨᠳᠠ ᠨᠢᠭᠡ ᠠᠵᠤ ᠠᠬᠤᠢᠢᠯᠠᠯ ᠤᠨ ᠬᠠᠮᠤᠭ ᠤᠨ ᠴᠢᠬᠤᠯᠠ ᠭᠦᠷᠦᠩᠭᠡ ᠪᠤᠯᠵᠤ ᠪᠠᠶᠢᠭ᠎ᠠ ᠨᠢ | ᠡᠷᠡᠭᠡᠯᠵᠡᠭᠡ ᠦᠭᠡᠢ᠂ ᠬᠠᠷᠢᠨ ᠳ᠋ᠠᠶᠢᠲ᠋ᠠ ᠶᠢ ᠬᠡᠷᠡᠭᠯᠡᠬᠦ ᠴᠢᠳᠠᠪᠤᠷᠢ ᠨᠢ ᠨᠢᠭᠡ ᠠᠵᠤ ᠠᠬᠤᠢᠢᠯᠠᠯ ᠤᠨ ᠭᠤᠤᠯᠯᠠᠬᠤ | ᠦᠷᠢᠰᠦᠯᠳᠦᠭᠦ ᠭᠦᠴᠦᠨ ᠪᠤᠯᠬᠤ ᠪᠤᠯᠤᠨ᠎ᠠ᠃ ᠳᠤᠭ᠎ᠠ ᠪᠦᠷᠢᠳᠭᠡᠯ ᠳᠤ ᠬᠠᠷᠠᠭᠤᠯᠤᠭᠰᠠᠨ ᠢᠶᠠᠷ᠂ ᠵᠢᠯ ᠪᠦᠷᠢ ᠢᠨᠲ᠋ᠧᠷ | ᠰᠦᠯᠵᠢᠶ᠎ᠠ ᠳᠡᠭᠡᠷ᠎ᠠ ᠪᠤᠢ ᠪᠤᠯᠵᠤ ᠪᠠᠶᠢᠭ᠎ᠠ ᠲᠤᠭ᠎ᠠ ᠪᠠᠷᠢᠮᠲᠠ ᠨᠢᠭᠡᠨᠳᠠ 8 ZB ︵10 ᠲᠦᠮᠡᠨ ᠳ᠋ᠦᠡᠭᠰᠢᠭᠤᠷ | ᠦᠰᠦᠭ︶ ᠪᠤᠯᠵᠤ ᠪᠠᠶᠢᠨ᠎ᠠ᠃ ᠦᠭᠡᠷ᠎ᠠ ᠪᠠᠷ ᠭᠡᠯᠡᠪᠡᠯ᠂ 8 ZB ᠨᠢ 776 ᠳᠦᠮᠠᠨ ᠳᠤᠮᠳᠠᠳᠤ ᠤᠯᠤᠰ ᠤᠨ | ᠤᠯᠤᠰ ᠤᠨ ᠨᠤᠮ ᠤᠨ ᠰᠠᠩ ᠲᠠᠢ ᠳᠡᠩᠴᠡᠨ᠎ᠠ᠃ 2020 ᠤᠨ ᠪᠤᠯᠬᠤ ᠳᠤ᠂ ᠡᠨᠡᠭᠦ ᠳᠤᠭ᠎ᠠ ᠪᠠᠷᠢᠮᠳᠠ ᠨᠢ 40 | ZB ᠳᠤ ᠭᠦᠷᠭᠦ ᠪᠤᠯᠤᠨ᠎ᠠ᠃ | ︽ᠲᠦᠭ ᠲᠦᠮᠡᠨ ᠢᠶᠠᠷ ᠢᠶᠠᠨ ᠠᠳᠠᠯ ᠦᠢᠯᠡᠰ ᠴᠤᠭᠴᠠᠯᠠᠵᠤ᠂ ᠦᠢ ᠤᠯᠠᠨ ᠢᠶᠠᠷ ᠢᠶᠠᠨ ᠰᠢᠨ᠎ᠠ ᠶᠢ ᠡᠭᠦᠳᠭᠦ︾ | ᠴᠠᠭ ᠦᠶ᠎ᠠ ᠳᠤ᠂ ᠲᠸᠡᠭ ᠰᠢᠶᠦ᠋ᠨ ᠪᠠᠰᠠ ᠳᠤᠮᠳᠠ ᠪᠠᠭ᠎ᠠ ᠠᠳᠠᠯ ᠦᠢᠯᠡᠰ ᠴᠤᠭᠴᠠᠯᠠᠬᠤ ᠪᠦᠯᠬᠦᠮ ᠨᠡᠶᠢᠳᠠ ᠶᠢᠨ | ᠠᠳᠠᠯ ᠦᠢᠯᠡᠰ ᠴᠤᠭᠴᠠᠯᠠᠬᠤ ᠶᠠᠪᠤᠴᠠ ᠳᠤᠮᠳᠠ ᠳᠤᠯᠭᠠᠷᠠᠵᠤ ᠪᠠᠶᠢᠭ᠎ᠠ ᠠᠯᠪᠠᠯᠠᠬᠤ ᠭᠠᠵᠠᠷ ᠤᠨ ᠳᠦᠷᠢᠶᠡᠰᠦ᠂ | ᠵᠢᠭᠡᠯᠡᠯᠭᠡ ᠶᠢᠨ ᠳᠠᠷᠤᠭᠠᠰᠤ᠂ ᠵᠠᠳᠠᠷᠠᠭᠤᠯᠤᠭᠰᠠᠨ ᠡᠬᠢ ᠪᠠᠶᠠᠯᠢᠭ ᠤᠨ ᠳᠤᠳᠠᠭᠤᠳᠠᠯ᠂ ᠭᠡᠷᠡᠭᠯᠡᠭᠴᠢᠳ ᠢ ᠳᠠᠳᠠᠬᠤ ᠳᠤ | ᠭᠦᠴᠢᠷᠳᠠᠵᠤ ᠪᠠᠶᠢᠭ᠎ᠠ ᠵᠡᠷᠭᠡ ᠠᠰᠠᠭᠤᠳᠠᠯ ᠢ ᠠᠩᠬᠠᠷᠤᠯ ᠳᠠᠭᠠᠨ ᠠᠪᠤᠭᠰᠠᠨ ᠶᠤᠮ᠃ | ᠶᠠᠭ ᠡᠶᠢᠮᠦᠷᠭᠦ ᠠᠬᠤᠢ ᠪᠠᠶᠢᠳᠠᠯ ᠳᠤᠤᠷ᠎ᠠ᠂ ᠲᠸᠡᠭ ᠰᠢᠶᠦ᠋ᠨ ᠦᠪᠡᠷᠰᠡᠳ ᠤᠨ ᠲᠸᠡᠭ ᠰᠢᠶᠦ᠋ᠨ ᠤ ᠪᠦᠷᠢᠨ | ᠳᠠᠪᠴᠠᠩ ᠤᠨ ᠡᠭᠢ ᠪᠠᠶᠠᠯᠢᠭ ᠪᠤᠯᠤᠨ ᠵᠠᠰᠠᠭ ᠤᠨ ᠤᠷᠳᠤᠨ ᠵᠢᠴᠢ ᠨᠡᠶᠢᠭᠡᠮ ᠤᠨ ᠴᠢᠨᠠᠷᠯᠢᠭ ᠡᠭᠢ ᠪᠠᠶᠠᠯᠢᠭ ᠢ | ᠨᠡᠶᠢᠳᠭᠡᠨ ᠬᠠᠮᠳᠤᠪᠡᠷ ᠲᠸᠡᠭ ᠰᠢᠶᠦ᠋ᠨ ᠠᠳᠠᠯ ᠦᠢᠯᠡᠰ ᠴᠤᠭᠴᠠᠯᠠᠬᠤ ᠰᠠᠭᠤᠷᠢᠨ ᠢ ᠪᠠᠶᠢᠭᠤᠯᠵᠤ᠂ ᠲᠸᠡᠭ | ᠰᠢᠶᠦ᠋ᠨ ᠤ ᠨᠡᠭᠡᠭᠡᠯᠳᠠ ᠭᠢᠭᠴᠢᠳ ᠲᠤ ᠦᠵᠡᠬᠦᠯᠵᠤ ᠪᠠᠶᠢᠭ᠎ᠠ ᠳᠠᠮᠵᠢᠯᠭᠡ ᠪᠠᠨ ᠰᠦᠯᠵᠢᠶᠡᠨ ᠳᠡᠭᠡᠷ᠎ᠡ ᠠᠴᠠ ᠪᠤᠳᠠᠳᠤ | ᠠᠬᠤᠢ ᠳᠤ ᠦᠷᠬᠦᠯᠵᠢᠯᠡᠭᠦᠯᠦᠭᠰᠡᠨ ᠶᠤᠮ᠃ | ᠲᠸᠡᠭ ᠰᠢᠶᠦ᠋ᠨ ᠠᠳᠠᠯ ᠦᠢᠯᠡᠰ ᠴᠤᠭᠴᠠᠯᠠᠬᠤ ᠰᠠᠭᠤᠷᠢᠨ ᠳᠤ᠂ ᠨᠡᠭᠡᠭᠡᠯᠳᠠ ᠭᠢᠭᠴᠢᠳ ᠤᠨ ᠬᠠᠮᠤᠭ ᠠᠴᠠ | ᠰᠠᠨᠠᠭ᠎ᠠ ᠵᠤᠪᠠᠳᠠᠭ ᠲᠠᠯᠠᠪᠤᠷ᠂ ᠭᠠᠶᠢᠯᠢ᠂ ᠴᠢᠳᠠᠪᠤᠷᠢᠳᠠᠨ ᠵᠡᠷᠭᠡ ᠠᠰᠠᠭᠤᠳᠠᠯ ᠨᠢ ᠵᠦᠢ ᠵᠤᠭᠢᠰᠳᠠᠢ ᠰᠢᠢᠳᠪᠤᠷᠢᠯᠡᠭᠳᠡᠵᠤ | ᠂ ᠨᠡᠭᠡᠭᠡᠯᠳᠠ ᠭᠢᠭᠴᠢᠳ ᠢ ᠬᠠᠪᠰᠤᠷᠤᠨ ᠠᠳᠠᠯ ᠦᠢᠯᠡᠰ ᠴᠤᠭᠴᠠᠯᠠᠬᠤ ᠰᠠᠭᠠᠳ ᠢ ᠪᠠᠭᠠᠰᠬᠠᠬᠤ ᠪᠤᠯᠤᠨ᠎ᠠ᠃ | ᠤᠳᠤᠬᠠᠨ ᠪᠤᠯᠳᠠᠯ᠎ᠠ᠂ ᠮᠠᠰᠢ ᠤᠯᠠᠨ ᠠᠩᠬ᠎ᠠ ᠪᠠᠶᠢᠭᠤᠯᠤᠭᠳᠠᠭᠰᠠᠨ ᠭᠡᠯᠪᠡᠷᠢ ᠶᠢᠨ ᠠᠵᠤ ᠠᠬᠤᠢᠢᠯᠠᠯ ᠲᠸᠡᠭ ᠰᠢᠶᠦ᠋ᠨ | ᠠᠳᠠᠯ ᠦᠢᠯᠡᠰ ᠴᠤᠭᠴᠠᠯᠠᠬᠤ ᠰᠠᠭᠤᠷᠢᠨ ᠤ ᠳᠠᠮᠵᠢᠯᠭᠡ ᠳᠤᠤᠷ᠎ᠠ ᠲᠦᠷᠭᠡᠨ ᠦᠰᠦᠨ ᠪᠤᠵᠠᠭᠠᠢᠢᠷᠠᠵᠤ ᠪᠠᠶᠢᠨ᠎ᠠ᠃ | ᠲᠸᠡᠭ ᠰᠢᠶᠦ᠋ᠨ ᠤ ᠤᠷᠤᠨ ᠪᠠᠶᠢᠷᠢ ᠶᠢᠨ ᠲᠤᠮᠤ ᠳ᠋ᠠᠶᠢᠲ᠋ᠠ ᠨᠢ ᠲᠸᠡᠭ ᠰᠢᠶᠦ᠋ᠨ ᠪᠠᠶᠢᠷᠢ ᠲᠤᠭᠳᠠᠭᠠᠯᠳᠠ ᠶᠢᠨ | ᠲᠡᠪᠴᠡᠩ ᠳᠤ ᠲᠤᠮᠳᠠᠴᠢ ᠪᠠᠷ ᠡᠳᠦᠷ ᠪᠦᠷᠢ 450 ᠳ᠋ᠦᠡᠭᠰᠢᠭᠤᠷ ᠤᠳᠠᠭ᠎ᠠ ᠶᠢᠨ ᠪᠠᠶᠢᠷᠢ ᠲᠤᠭᠳᠠᠭᠠᠯᠳᠠ ᠶᠢᠨ | ᠲᠤᠭ᠎ᠠ ᠪᠠᠷᠢᠮᠳᠠ ᠶᠢ ᠠᠭᠤᠳᠠᠯᠤᠨ ᠵᠠᠳᠠᠯᠵᠤ᠂ ᠰᠢᠷᠢᠰ ᠳ᠋ᠠᠶᠢᠲ᠋ᠠ ᠶᠢᠨ ᠬᠡᠷᠡᠭᠯᠡᠭᠡᠨ ᠤ ᠦᠢᠯᠡᠴᠢᠯᠡᠭᠡ ᠬᠠᠨᠭ᠍ᠭᠠᠵᠤ᠂ | ᠬᠤᠳᠠ ᠶᠢᠨ ᠵᠠᠰᠠᠭ ᠤᠨ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ᠂ ᠤᠶᠤᠨᠴᠢ ᠦᠵᠡᠮᠵᠢ ᠶᠢᠨ ᠤᠷᠤᠨ᠂ | ᠬᠤᠳᠠᠯᠳᠤᠭᠠᠨ ᠤ ᠭᠠᠵᠠᠷ ᠢ ᠰᠤᠩᠭᠤᠬᠤ ᠵᠡᠷᠭᠡ ᠤᠯᠠᠨ ᠪᠠᠶᠢᠳᠠᠯ ᠳᠤ ᠬᠡᠷᠡᠭᠯᠡᠵᠤ ᠪᠤᠯᠤᠨ᠎ᠠ᠃ ᠦᠵᠡᠮᠵᠢ ᠶᠢᠨ | ᠤᠷᠤᠨ ᠳᠤ ᠪᠢᠳᠡ ᠮᠢᠨᠦ᠋ᠲ ᠰᠧᠺᠦ᠋ᠨ᠋ᠳ᠋ ᠢᠶᠠᠷ ᠠᠶᠠᠨᠴᠢᠳ ᠤᠨ ᠲᠤᠭ᠎ᠠ ᠬᠡᠮᠵᠢᠶ᠎ᠠ ᠶᠢ ᠬᠢᠨᠠᠨ ᠡᠵᠡᠮᠰᠢᠵᠤ᠂ ᠬᠦᠮᠦᠨ ᠤ | ᠲᠤᠭ᠎ᠠ ᠠᠷᠪᠢᠨ ᠪᠤᠯᠬᠤ ᠦᠶ᠎ᠠ ᠳᠤ ᠰᠡᠷᠡᠮᠵᠢᠯᠡᠭᠦᠯᠵᠤ᠂ ᠦᠵᠡᠮᠵᠢ ᠶᠢᠨ ᠤᠷᠤᠨ ᠤ ᠵᠢᠭᠤᠯᠴᠢᠯᠠᠭᠴᠢᠳ ᠢ ᠳᠠᠷᠬᠠᠭᠠᠬᠤ | ᠂ ᠤᠯᠠᠨ ᠨᠡᠶᠢᠳᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠵᠡᠷᠭᠡ ᠳᠤ ᠬᠡᠷᠡᠭᠯᠡᠨ᠎ᠠ᠃ | ᠳᠡᠯᠡᠭᠡᠢ ᠳᠡᠭᠡᠷᠡᠬᠢ ᠭᠤᠷᠪᠠᠨ ᠤ ᠨᠢᠭᠡ ᠶᠢᠨ ᠪᠤᠳᠠᠰ ᠤᠨ ᠲᠦᠷᠦᠯ ᠨᠢ ᠠᠮᠠᠽᠤᠨᠠᠰ ᠮᠦᠷᠡᠨ ᠤ | ᠤᠷᠤᠰᠬᠠᠯ ᠢ ᠲᠠᠭᠠᠨ ᠠᠮᠢᠳᠤᠷᠠᠳᠠᠭ᠃ ᠲᠸᠡᠭ ᠰᠢᠶᠦ᠋ᠨ ᠺᠤᠮᠫᠠᠨᠢ ᠨᠢ ᠢᠨᠲ᠋ᠧᠷ ᠰᠦᠯᠵᠢᠶ᠎ᠠ ᠶᠢᠨ ᠬᠦᠷᠢᠶᠡᠨ ᠳᠠᠬᠢ | ᠠᠮᠠᠽᠤᠨᠠᠰ ᠮᠦᠷᠡᠨ ᠪᠤᠯᠬᠤ ᠶᠢ ᠬᠦᠰᠡᠵᠤ᠂ ᠢᠨᠲ᠋ᠧᠷ ᠰᠦᠯᠵᠢᠶ᠎ᠠ + ᠴᠠᠭ ᠦᠶ᠎ᠠ ᠶᠢ ᠪᠠᠶᠢᠭᠤᠯᠬᠤ ᠳᠤ | ᠨᠡᠭᠡᠭᠡᠯᠳᠡ ᠲᠠᠢ ᠬᠠᠮᠳᠤᠪᠠᠷ ᠡᠳ᠋ᠯᠡᠬᠦ᠂ ᠵᠤᠭᠢᠴᠠᠩᠭᠤᠢ ᠰᠢᠨ᠎ᠠ ᠶᠢ ᠡᠭᠦᠳᠬᠦ ᠠᠮᠢ ᠠᠬᠤᠢ ᠶᠢᠨ ᠰᠢᠰᠲ᠋ᠧᠮ ᠢ | ᠪᠠᠶᠢᠭᠤᠯᠬᠤ ᠪᠠᠷ ᠴᠢᠷᠮᠠᠶᠢᠵᠤ ᠪᠤᠢ᠃ | | ᠤᠷᠢᠲᠠᠪᠠᠷ ᠬᠢᠵᠤ ᠤᠷᠢᠲᠠᠪᠠᠷ ᠲᠤᠷᠰᠢᠨ ᠬᠥᠭᠵᠢᠯᠲᠡ ᠶᠢ ᠬᠥᠲᠥᠯᠥᠨ ᠲᠠᠭᠠᠭᠤᠯᠤᠨ᠎ᠠ | | | | ᠵᠦᠡᠭ ᠰᠢᠩ ᠴᠢᠮᠡᠭᠡ ᠬᠤᠯᠪᠤᠭᠠᠨ ᠤ ᠬᠤᠪᠢ ᠤᠷᠤᠭᠤᠯᠤᠭᠰᠠᠨ ᠬᠢᠵᠠᠭᠠᠷᠳᠦ ᠺᠤᠮᠫᠠᠨᠢ ᠶᠢᠨ ᠳᠡᠳ᠋ | ᠵᠠᠬᠢᠷᠤᠯ ᠭᠦᠡᠭ ᠶᠤᠸᠠᠢ ᠵᠦᠡᠭ | ᠦᠪᠦᠷ ᠮᠤᠩᠭᠤᠯ ᠲᠤᠮᠤ ᠳ᠋ᠠᠶᠢᠲ᠋ᠠ᠂ ᠡᠭᠦᠯᠡᠨ ᠪᠤᠳᠤᠯᠳᠠ ᠶᠢᠨ ᠠᠵᠤ ᠦᠢᠯᠡᠰ ᠤᠨ ᠪᠦᠲᠦᠴᠡ ᠶᠢᠨ | ᠲᠤᠬᠢᠷᠠᠭᠤᠯᠤᠯᠲᠠ ᠶᠢ ᠠᠬᠢᠭᠤᠯᠬᠤ᠂ ᠬᠡᠯᠪᠡᠷᠢ ᠪᠠᠨ ᠬᠤᠪᠢᠷᠠᠭᠤᠯᠵᠤ ᠳᠡᠰ ᠲᠡᠪᠰᠢᠬᠦ ᠶᠢ ᠪᠡᠶᠡᠯᠡᠭᠦᠯᠬᠦ ᠴᠢᠬᠤᠯᠠ | ᠭᠠᠷᠳᠠᠴᠠ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤᠷᠢᠳ ᠬᠤᠵᠢᠳ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠭᠦᠯᠡᠨ ᠪᠤᠳᠤᠯᠳᠠ ᠶᠢᠨ ᠠᠵᠤ ᠦᠢᠯᠡᠰ ᠤᠨ ᠬᠦᠭᠵᠢᠯᠳᠡ ᠶᠢᠨ | ᠲᠦᠯᠦᠪᠵᠢᠭᠦᠯᠭᠡ ︵2011 — 2020 ᠤᠨ︶︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ︿ᠢᠨᠲ᠋ᠧᠷ ᠰᠦᠯᠵᠢᠶ᠎ᠠ +﹀ ᠶᠢ ᠲᠦᠷᠭᠡᠳᠭᠡᠨ ᠠᠬᠢᠭᠤᠯᠬᠤ | ᠠᠵᠢᠯ ᠤᠨ ᠲᠤᠬᠠᠢ ᠵᠢᠯᠤᠭᠤᠳᠬᠤ ᠰᠠᠨᠠᠯ︾ ᠵᠡᠷᠭᠡ ᠰᠢᠷᠢᠰ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠨᠢ ᠲᠤᠮᠤ | ᠳ᠋ᠡᠶᠢᠲ᠋ᠠ ᠶᠢᠨ ᠠᠵᠤ ᠦᠢᠯᠡᠰ ᠤᠨ ᠬᠦᠭᠵᠢᠯᠳᠡ ᠶᠢᠨ ᠭᠡᠷᠡᠭᠯᠡᠭᠡᠨ ᠤ ᠡᠯ᠎ᠡ ᠭᠤᠭᠴᠤᠭᠠᠨ ᠳᠤ ᠪᠦᠭᠦ ᠲᠠᠯ᠎ᠠ ᠶᠢᠨ | ᠳᠡᠮᠵᠢᠯᠭᠡ ᠬᠠᠨᠭ᠍ᠭᠠᠪᠠ᠃ | ᠪᠦᠬᠦ ᠪᠦᠮᠪᠦᠷᠴᠡᠭ ᠤᠨ ᠲᠡᠷᠢᠭᠦᠨ ᠤ ICT ᠶᠡᠷᠦᠩᠬᠡᠶᠢᠯᠡᠭᠰᠡᠨ ᠰᠢᠢᠳᠪᠦᠷᠢᠯᠡᠬᠦ ᠲᠦᠰᠦᠯ ᠤᠨ | ᠬᠠᠨᠭ᠍ᠭᠠᠯᠭ᠎ᠠ ᠶᠢᠨ ᠠᠷᠠᠯᠵᠢᠶᠠᠴᠢᠨ ᠪᠤᠯᠤᠭᠰᠠᠨ ᠤ ᠬᠤᠪᠢ ᠳᠤ᠂ ᠵᠦᠡᠭ ᠰᠢᠩ ᠴᠢᠮᠡᠭᠡ ᠬᠤᠯᠪᠤᠭ᠎ᠠ ᠶᠡᠷᠦ ᠨᠢ ᠦᠪᠦᠷ | ᠮᠤᠩᠭᠤᠯ ᠤᠨ ᠲᠤᠮᠤ ᠳ᠋ᠠᠶᠢᠲ᠋ᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠳᠠ ᠳᠤ ᠢᠳᠡᠪᠬᠢᠲᠠᠢ | ᠤᠷᠤᠯᠴᠠᠭᠰᠠᠭᠠᠷ ᠪᠠᠶᠢᠨ᠎ᠠ᠃ ᠵᠦᠡᠭ ᠰᠢᠩ ᠴᠢᠮᠡᠭᠡ ᠬᠤᠯᠪᠤᠭ᠎ᠠ ᠶᠢᠨ ᠲᠤᠤᠷᠠᠭᠢ ᠶᠦᠨ ᠲᠠᠢ ᠢᠨᠲ᠋ᠧᠷ | ᠰᠦᠯᠵᠢᠶ᠎ᠠ ᠶᠢᠨ ᠺᠤᠮᠫᠠᠨᠢ 2011 ᠤᠨ ᠳᠤ ᠤᠷᠳᠤᠰ ᠬᠤᠳᠠ ᠳᠤ 10 ᠳ᠋ᠦᠡᠭᠰᠢᠭᠤᠷ ᠲᠦᠭᠦᠷᠢᠭ ᠤᠨ ᠪᠡᠯᠡ | ᠤᠷᠤᠭᠤᠯᠵᠤ᠂ 3 ᠲᠦᠮᠡᠨ ᠰᠠᠤᠷᠢ ᠦᠢᠯᠡᠴᠢᠯᠡᠭᠦᠷ ᠮᠠᠰᠢᠨ ᠬᠠᠩᠭᠠᠬᠤ ᠬᠡᠪᠴᠢᠶ᠎ᠠ ᠲᠠᠢ ᠪᠤᠬᠢᠷᠳᠤᠯ ᠦᠭᠡᠢ ᠡᠭᠦᠯᠡᠨ | ᠪᠤᠳᠤᠯᠳᠠ ᠶᠢᠨ ᠲᠦᠪ ᠢ ᠪᠠᠶᠢᠭᠤᠯᠤᠭᠰᠠᠨ ᠮᠦᠷᠳᠡᠭᠡᠨ ᠡᠵᠡᠩᠨᠡᠯᠳᠡ ᠳᠤ ᠤᠷᠤᠭᠤᠯᠪᠠ᠃ ᠡᠭᠦᠨ ᠤ ᠬᠠᠮᠳᠤ 2014 | ᠤᠨ ᠤ 9 ᠳ᠋ᠤᠭᠡᠷ ᠰᠠᠷ᠎ᠠ ᠳᠤ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠳᠤᠷᠠᠨ | 4 ᠵᠢᠯ ᠤᠨ ᠲᠦᠷᠢᠮᠲᠦ ︽ᠡᠭᠦᠯᠡᠨ ᠪᠤᠳᠤᠯᠳᠠ ᠶᠢᠨ ᠲᠤᠰᠬᠠᠢ ᠮᠡᠷᠭᠡᠵᠢᠯ︾ ᠤᠨ ᠵᠢᠩᠬᠢᠨᠢ ᠠᠩᠬᠢ ᠶᠢ ᠨᠡᠭᠡᠭᠡᠪᠠ᠃ | ᠡᠨᠡ ᠨᠢ ᠮᠦᠨᠴᠦ ᠤᠯᠤᠰ ᠤᠨ ᠲᠤᠳᠤᠭᠠᠳᠦ ᠶᠢᠨ ᠠᠩᠬᠠᠳᠠᠭᠴᠢ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ | ᠶᠠᠮᠤᠨ ᠤ ᠴᠢᠳᠠᠪᠤᠷᠢᠲᠠᠨ ᠤ ᠰᠤᠯᠢᠯᠴᠠᠭᠠᠨ ᠤ ᠲᠦᠪ ᠤᠨ ᠮᠡᠳᠡᠷᠡᠭᠰᠡᠨ IDC ᠬᠦᠷᠢᠶ᠎ᠡ ᠬᠡᠪᠴᠢᠶ᠎ᠠ ᠶᠢᠨ ᠲᠤᠰᠬᠠᠢ | ᠲᠦᠷᠦᠯ ᠤᠨ ᠴᠢᠳᠠᠪᠤᠷᠢᠲᠠᠨ ᠢ ᠪᠤᠯᠪᠠᠰᠤᠷᠠᠭᠤᠯᠬᠤ ᠲᠦᠷᠦᠯ ᠵᠦᠢᠯ ᠪᠤᠯᠤᠨ᠎ᠠ᠃ ᠦᠪᠦᠷ ᠮᠤᠩᠭᠤᠯ ᠲᠤᠰ ᠪᠡᠶ᠎ᠠ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠳᠡᠰ ᠤᠨ ᠳ᠋ᠠᠶᠢᠲ᠋ᠠ ᠶᠢᠨ ᠭᠠᠢ ᠭᠠᠮᠰᠢᠭ ᠢ ᠰᠡᠷᠭᠡᠶᠢᠯᠡᠬᠦ ᠲᠦᠪ ᠢ | ᠪᠠᠶᠢᠭᠤᠯᠵᠤ᠂ ᠤᠯᠠᠮ ᠨᠢᠭᠡ ᠠᠯᠬᠤᠮ ᠦᠪᠡᠷᠳᠡᠭᠡᠨ ᠵᠠᠰᠠᠬᠤ ᠤᠷᠤᠨ ᠤ ᠲᠤᠮᠤ ᠳ᠋ᠠᠶᠢᠲ᠋ᠠ ᠶᠢᠨ ᠬᠡᠷᠡᠭᠯᠡᠭᠡ ᠪᠠ ᠠᠵᠤ | ᠦᠢᠯᠡᠰ ᠢ ᠵᠤᠬᠢᠴᠠᠩᠭᠤᠢ ᠪᠠᠷ ᠬᠦᠭᠵᠢᠭᠦᠯᠬᠦ ᠪᠠᠨ ᠠᠬᠢᠭᠤᠯᠬᠤ ᠶᠢ ᠬᠦᠰᠡᠵᠤ ᠪᠠᠶᠢᠨ᠎ᠠ᠃ | ᠵᠦᠡᠭ ᠰᠢᠩ ᠴᠢᠮᠡᠭᠡ ᠬᠤᠯᠪᠤᠭ᠎ᠠ ᠨᠢ ᠭᠤᠤᠯᠳᠠᠭᠤ ᠲᠤᠮᠤ ᠳ᠋ᠠᠶᠢᠲᠨ ᠶᠢᠨ ᠴᠢᠳᠠᠪᠤᠷᠢᠲᠠᠨ ᠢ ᠪᠤᠯᠪᠠᠰᠤᠷᠠᠭᠤᠯᠬᠤ | ᠂ ᠤᠶᠤᠨᠴᠢ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ᠂ ᠲᠤᠮᠤ ᠳ᠋ᠠᠶᠢᠲ᠋ᠠ ᠶᠢ | ᠠᠭᠤᠳᠠᠯᠬᠤ ᠵᠢᠴᠢ ᠬᠡᠷᠡᠭᠯᠡᠭᠡᠨ ᠵᠡᠷᠭᠡ ᠬᠦᠷᠢᠶ᠎ᠠ ᠬᠡᠪᠴᠢᠶᠡᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠯᠤᠭ᠎ᠠ ᠪᠦᠬᠦ ᠲᠠᠯ᠎ᠠ ᠶᠢᠨ ᠬᠠᠮᠳᠤᠷᠠᠯᠴᠠᠭ᠎ᠠ ᠦᠷᠨᠢᠭᠦᠯᠦᠨ᠎ᠠ᠃ ᠡᠶᠢᠮᠦ ᠠᠴᠠ ᠦᠪᠡᠷᠳᠡᠭᠡᠨ ᠵᠠᠰᠠᠬᠤ ᠤᠷᠤᠨ ᠤ | ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠠᠯ᠎ᠠ ᠳᠤ ᠪᠢᠳᠡ ᠭᠤᠷᠪᠠᠨ ᠲᠠᠯ᠎ᠠ ᠶᠢᠨ ᠰᠠᠨᠠᠭᠤᠯᠭ᠎ᠠ ᠳᠤᠷᠠᠳᠤᠶ᠎ᠠ᠄ ᠨᠢᠭᠡ ᠳᠤ᠂ ᠳ᠋ᠠᠶᠢᠲ᠋ᠠ ᠶᠢ ᠵᠠᠰᠠᠭ ᠤᠨ ᠤᠷᠳᠤᠨ ᠤ | ᠬᠠᠮᠤᠭ ᠤᠨ ᠴᠢᠬᠤᠯᠠ ᠭᠤᠤᠯᠯᠠᠭᠴᠢ ᠡᠳ᠋ ᠬᠦᠷᠦᠩᠭᠡ ᠪᠤᠯᠭᠠᠵᠦ᠂ ᠵᠠᠰᠠᠭ ᠤᠨ ᠤᠷᠳᠤᠨ ᠤᠷᠢᠳᠠᠪᠠᠷ ᠬᠢᠵᠦ | ᠤᠷᠢᠳᠠᠪᠠᠷ ᠳᠤᠷᠰᠢᠨ᠂ ᠤᠳᠤᠷᠢᠳᠤᠮᠵᠢ ᠶᠢ ᠰᠠᠶᠢᠲᠤᠷ ᠬᠢᠬᠦ ᠬᠡᠷᠡᠭᠲᠡᠢ︔ ᠬᠤᠶᠠᠷ ᠲᠤ᠂ ᠲᠤᠮᠤ ᠳ᠋ᠠᠶᠢᠲ᠋ᠠ ᠶᠢᠨ | ᠪᠦᠲᠦᠭᠡᠨ ᠪᠠᠶᠢᠭᠤᠯᠤᠯᠳᠠ ᠳᠡᠭᠡᠷ᠎ᠠ᠂ ᠰᠠᠭᠤᠷᠢ ᠲᠦᠬᠦᠭᠡᠷᠦᠮᠵᠢ ᠪᠠ ᠬᠡᠷᠡᠭᠯᠡᠭᠡ᠂ ᠪᠠᠶᠢᠭᠤᠯᠤᠮᠵᠢ ᠲᠤᠭᠳᠠᠴᠠ ᠶᠢᠨ | ᠵᠤᠭᠢᠴᠠᠩᠭᠤᠢ ᠪᠦᠲᠦᠭᠡᠨ ᠪᠠᠶᠢᠭᠤᠯᠤᠯᠲᠠ ᠶᠢ ᠪᠤᠳᠤᠯᠬᠢᠯᠠᠵᠤ᠂ ᠦᠷ᠎ᠠ ᠪᠦᠲᠦᠮᠵᠢ ᠭᠠᠷᠭᠠᠬᠤ ᠶᠢ ᠪᠠᠳᠤᠯᠠᠨ᠎ᠠ︔ | ᠭᠤᠷᠪᠠ ᠳᠤ᠂ ᠪᠤᠳᠠᠳᠦ ᠬᠦᠴᠦᠨ ᠲᠠᠢ ᠠᠵᠤ ᠠᠬᠤᠢᠢᠯᠠᠯ ᠢ ᠤᠷᠤᠭᠤᠯᠵᠤ ᠨᠡᠭᠡᠭᠡᠯᠳᠡᠲᠦ ᠲᠡᠪᠴᠡᠩ ᠢ ᠪᠠᠶᠢᠭᠤᠯᠵᠤ᠂ | ᠳ᠋ᠠᠶᠢᠲ᠋ᠠ ᠶᠢᠨ ᠨᠡᠭᠡᠭᠡᠯᠳᠡ ᠪᠠ ᠰᠤᠯᠢᠯᠴᠠᠭ᠎ᠠ ᠶᠢ ᠵᠢᠯᠤᠭᠤᠳᠴᠤ᠂ ᠲᠤᠰ ᠭᠠᠵᠠᠷ ᠤᠷᠤᠨ ᠤ ᠰᠢᠨᠵᠢᠲᠡᠢ ᠠᠮᠢ | ᠠᠬᠤᠢ ᠶᠢᠨ ᠰᠢᠰᠲ᠋ᠧᠮ ᠢ ᠪᠠᠶᠢᠭᠤᠯᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠭᠵᠢᠯᠲᠡ ᠶᠢ ᠬᠥᠲᠥᠯᠥᠨ | ᠳᠠᠭᠠᠭᠤᠯᠤᠨ᠎ᠠ᠃ |