2015 ᠣᠨ ᠤ 8 ᠳ᠋ᠤᠭᠠᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠠᠷᠤᠮᠠᠯᠯᠠᠨ | ᠲᠠᠷᠬᠠᠭᠠᠬᠰᠠᠨ ︽ᠲᠤᠮᠤ ᠳ᠋ᠠᠶᠢᠲ᠋ᠠ ᠶᠢᠨ ᠬᠦᠭᠵᠢᠯᠳᠡ ᠶᠢ ᠠᠬᠢᠭᠤᠯᠬᠤ ᠠᠵᠢᠯᠯᠠᠭ᠎ᠠ ᠶᠢᠨ ᠬᠦᠳᠦᠯᠪᠦᠷᠢ︾ ᠨᠢ ᠲᠤᠮᠤ | ᠳ᠋ᠠᠶᠢᠲ᠋ᠠ ᠶᠢ ᠤᠯᠤᠰ ᠤᠨ ᠴᠢᠬᠤᠯᠠ ᠪᠠᠶᠢᠯᠳᠤᠬᠤ ᠪᠤᠳᠤᠯᠭ᠎ᠠ ᠪᠤᠯᠭᠠᠨ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠦ᠂ | ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠢ ᠪᠦᠳᠦᠭᠡᠨ ᠪᠠᠶᠢᠭᠤᠯᠬᠤ | ᠠᠵᠢᠯᠯᠠᠭ᠎ᠠ ᠶᠢ ᠦᠷᠨᠢᠭᠦᠯᠬᠦ ᠶᠢᠨ ᠬᠠᠮᠳᠤ ᠵᠠᠰᠠᠬ ᠤᠨ ᠤᠷᠳᠤᠨ ᠤ ᠳ᠋ᠠᠶᠢᠲ᠋ᠠ ᠶᠢ ᠨᠡᠭᠡᠭᠡᠯᠳᠡ ᠲᠠᠢ ᠪᠤᠯᠭᠠᠨ ᠬᠠᠮᠳᠤᠪᠠᠷ | ᠡᠳ᠋ᠯᠡᠬᠦ᠂ ᠠᠵᠤ ᠦᠢᠯᠡᠰ ᠤᠨ ᠰᠢᠨ᠎ᠡ ᠶᠢ ᠡᠭᠦᠳᠦᠨ ᠬᠦᠭᠵᠢᠬᠦ ᠶᠢ ᠠᠬᠢᠭᠤᠯᠬᠤ᠂ ᠠᠮᠤᠷ ᠲᠦᠪᠰᠢᠨ ᠤ ᠪᠠᠳᠤᠯᠠᠭ᠎ᠠ ᠶᠢ | ᠴᠢᠩᠭᠠᠤᠨᠬᠠᠬᠤ ᠭᠤᠷᠪᠠᠨ ᠲᠤᠮᠤ ᠡᠭᠦᠷᠭᠡ ᠶᠢᠨ ᠲᠤᠭᠤᠷᠢᠨ ᠳᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ | ᠬᠦᠭᠵᠢᠯᠳᠡ ᠶᠢ ᠠᠬᠢᠭᠤᠯᠬᠤ ᠪᠠᠷ ᠲᠠᠮᠵᠢᠨ᠂ ᠳ᠋ᠠᠶᠢᠲ᠋ᠠ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢ | ᠲᠦᠷᠭᠡᠤᠨᠭᠡᠵᠦ᠂ ᠮᠡᠷᠭᠡᠵᠢᠯ ᠤᠨ ᠦᠷ᠎ᠡ ᠠᠰᠢᠬ᠂ ᠲᠦᠷᠢᠮ ᠤᠨ ᠦᠷ᠎ᠡ ᠠᠰᠢᠬ ᠪᠤᠯᠤᠨ ᠰᠢᠨ᠎ᠡ ᠶᠢ ᠡᠭᠦᠦᠨᠬᠦ ᠦᠷ᠎ᠡ | ᠠᠰᠢᠬ ᠢ ᠤᠯᠠᠨ᠎ᠠ ᠡᠳ᠋ᠯᠡᠭᠦᠯᠵᠦ᠂ ᠵᠠᠰᠠᠬ ᠤᠨ ᠤᠷᠳᠤᠨ ᠤ ᠵᠠᠰᠠᠯᠳᠠ ᠬᠢᠬᠦ ᠪᠤᠳᠤᠯᠭ᠎ᠠ ᠶᠢᠨ ᠴᠢᠳᠠᠪᠤᠷᠢ ᠶᠢ | ᠲᠡᠭᠡᠭᠰᠢᠯᠡᠭᠦᠯᠵᠦ᠂ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠭᠦᠯᠬᠦ ᠶᠢ | ᠠᠬᠢᠭᠤᠯᠤᠨ᠎ᠠ ᠭᠡᠵᠦ ᠲᠤᠷᠠᠳᠤᠨ ᠭᠠᠷᠭᠠᠵᠠᠢ᠃ | ᠡᠨᠡ ᠪᠤᠯ ᠦᠪᠦᠷ ᠮᠤᠩᠭᠤᠯ ᠠᠵᠠ ᠲᠤᠬᠢᠶᠠᠯ ᠢ ᠵᠠᠪᠳᠤᠨ ᠡᠵᠡᠮᠳᠡᠭᠰᠡᠨ ᠤ ᠴᠢᠷᠮᠠᠶᠢᠯᠭ᠎ᠠ ᠪᠤᠯᠤᠨ᠎ᠠ᠃ | ᠡᠨᠡᠬᠦ ᠠᠵᠠ ᠲᠤᠬᠢᠶᠠᠯ ᠤᠨ ᠲᠤᠤᠷ᠎ᠠ ᠡᠨᠡ ᠵᠢᠯ ᠤᠨ ᠵᠢᠯ ᠤᠨ ᠡᠬᠢᠨ ᠳᠤ᠂ ᠮᠠᠨ ᠤ ᠤᠷᠤᠨ ᠤᠯᠤᠰ ᠲᠤ | ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠳᠤ | ᠤᠷᠤᠬᠤ ᠪᠠᠷ ᠵᠢᠩᠬᠢᠨᠢ ᠪᠠᠷ ᠭᠤᠶᠤᠴᠢᠯᠠᠪᠠ᠃ 10 ᠳ᠋ᠤᠭᠠᠷ ᠰᠠᠷ᠎ᠠ ᠶᠢᠨ 8 ᠤ ᠡᠳᠦᠷ᠂ ᠤᠯᠤᠰ ᠤᠨ | ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠤᠷᠢ ᠮᠡᠳᠡᠭᠡ ᠵᠠᠩᠬᠢᠵᠢᠯᠳᠡ ᠶᠢᠨ ᠶᠠᠮᠤᠨ᠂ ᠲᠦᠪ | ᠤᠨ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠶᠢᠨ ᠤᠳᠤᠷᠢᠤᠨᠬᠤ ᠲᠤᠭᠤᠢᠢᠯᠠᠩ ᠤᠨ ᠠᠯᠪᠠᠨ | ᠭᠡᠷ ᠠᠴᠠ᠂ ᠦᠪᠦᠷ ᠮᠤᠩᠭᠤᠯ ᠢ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ | ᠪᠤᠯᠭᠠᠬᠤ ᠪᠠᠷ ᠵᠢᠩᠬᠢᠨᠢ ᠪᠠᠷ ᠵᠦᠪᠰᠢᠶᠡᠷᠡᠵᠦ᠂ ᠦᠪᠦᠷ ᠮᠤᠩᠭᠤᠯ ᠢ ᠤᠳᠤᠬᠠᠨ ᠳᠤ ᠪᠦᠬᠦ ᠤᠯᠤᠰ ᠲᠤ ᠴᠤᠷ ᠤᠨ | ᠭᠠᠭᠴᠠ ᠰᠠᠭᠤᠷᠢ ᠪᠡᠯᠡᠳᠬᠡᠮᠵᠢ ᠶᠢ ᠨᠢᠭᠡᠳᠦᠯᠳᠡᠢ ᠲᠦᠯᠦᠪᠵᠢᠭᠦᠯᠦᠨ ᠬᠦᠭᠵᠢᠭᠦᠯᠬᠦ ᠲᠦᠷᠦᠯ ᠤᠨ ᠤᠯᠤᠰ ᠤᠨ ᠲᠤᠮᠤ | ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠪᠤᠯᠭᠠᠪᠠ᠃ | ᠡᠨᠡ ᠪᠤᠯ ᠤᠯᠤᠰ ᠤᠨ ᠬᠦᠭᠵᠢᠯᠳᠡ ᠶᠢᠨ ᠬᠠᠨᠳᠤᠰᠢ ᠬᠦᠳᠦᠯᠦᠨ ᠲᠠᠭᠠᠭᠤᠯᠤᠬᠰᠠᠨ ᠠᠴᠠ ᠪᠤᠯᠤᠬᠰᠠᠨ ᠠᠵᠠ | ᠲᠤᠬᠢᠶᠠᠯ ᠪᠤᠯᠤᠨ᠎ᠠ᠃ | ᠠᠵᠠ ᠲᠤᠬᠢᠶᠠᠯ ᠢ ᠬᠡᠷᠬᠢᠨ ᠵᠠᠪᠳᠤᠨ ᠡᠵᠡᠮᠳᠡᠵᠦ᠂ ᠦᠪᠦᠷ ᠮᠤᠩᠭᠤᠯ ᠤᠨ ᠲᠤᠮᠤ ᠳ᠋ᠠᠶᠢᠲ᠋ᠠ ᠶᠢᠨ | ᠬᠦᠭᠵᠢᠯᠳᠡ ᠶᠢᠨ ᠭᠤᠶᠤ ᠰᠠᠶᠢᠬᠠᠨ ᠢᠷᠡᠭᠡᠳᠦᠢ ᠶᠢ ᠨᠡᠭᠡᠭᠡᠨ ᠡᠭᠦᠦᠨᠬᠦ ᠪᠤᠢ᠂ ᠤᠯᠤᠰ ᠤᠨ ᠬᠦᠭᠵᠢᠭᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠤᠷᠢ ᠮᠡᠳᠡᠭᠡ ᠵᠠᠩᠬᠢᠵᠢᠯᠳᠡ ᠶᠢᠨ ᠶᠠᠮᠤᠨ᠂ ᠲᠦᠪ ᠤᠨ | ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠶᠢᠨ ᠤᠳᠤᠷᠢᠤᠨᠬᠤ ᠲᠤᠭᠤᠢᠢᠯᠠᠩ ᠤᠨ ᠠᠯᠪᠠᠨ ᠭᠡᠷ | ᠤᠨ ᠬᠠᠮᠳᠤᠷᠠᠨ ᠨᠡᠶᠢᠳᠡᠯᠡᠭᠰᠡᠨ ︽ᠵᠠᠷᠢᠮ ᠬᠡᠰᠡᠭ ᠭᠠᠵᠠᠷ ᠤᠷᠤᠨ ᠳᠤ ᠤᠯᠤᠰ ᠤᠨ ᠲᠤᠮᠤ ᠳ᠋ᠠᠶᠢᠲ᠋ᠠ ᠶᠢᠨ | ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠢ ᠪᠦᠳᠦᠭᠡᠨ ᠪᠠᠶᠢᠭᠤᠯᠬᠤ ᠶᠢ ᠵᠦᠪᠰᠢᠶᠡᠷᠡᠬᠦ ᠲᠤᠬᠠᠢ ᠠᠯᠪᠠᠨ ᠪᠢᠴᠢᠭ︾ | ᠲᠤ ᠲᠤᠳᠤᠷᠬᠠᠢ ᠵᠢᠭᠠᠨ ᠭᠠᠷᠭᠠᠬᠤ ᠳᠠᠭᠠᠨ᠂ ᠦᠪᠦᠷ ᠮᠤᠩᠭᠤᠯ ᠤᠷᠤᠨ ᠪᠦᠰᠡ ᠶᠢᠨ ᠡᠨᠧᠷᠬᠢ᠂ ᠠᠭᠤᠷ ᠠᠮᠢᠰᠬᠤᠯ | ᠂ ᠭᠠᠵᠠᠷ ᠵᠦᠢ ᠶᠢᠨ ᠪᠦᠳᠦᠴᠡ ᠵᠡᠷᠭᠡ ᠨᠦᠬᠦᠴᠡᠯ ᠢᠶᠠᠨ ᠭᠦᠢᠴᠡᠤᠨ ᠪᠠᠳᠠᠷᠠᠭᠤᠯᠤᠬᠰᠠᠨ ᠰᠠᠭᠤᠷᠢᠨ ᠲᠡᠭᠡᠷ᠎ᠡ ᠡᠬᠢ | ᠪᠠᠶᠠᠯᠢᠬ ᠢᠶᠠᠨ ᠨᠡᠶᠢᠤᠨᠭᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ᠂ ᠴᠢᠳᠠᠪᠤᠷᠢᠳᠠᠨ᠂ ᠬᠡᠷᠡᠭᠯᠡᠭᠡᠨ ᠤ | ᠲᠠᠪᠠᠭᠤᠯᠢᠬ ᠲᠠᠢ ᠭᠠᠵᠠᠷ ᠤᠷᠤᠨ ᠲᠠᠢ ᠬᠠᠮᠳᠤᠷᠠᠯᠴᠠᠭ᠎ᠠ ᠪᠠᠨ ᠨᠢᠬᠳᠠᠷᠠᠭᠤᠯᠵᠤ᠂ ᠲᠠᠪᠠᠯᠳᠠ ᠲᠠᠢ ᠬᠦᠭᠵᠢᠯᠳᠡ ᠶᠢ | ᠪᠡᠶᠡᠯᠡᠭᠦᠯᠬᠦ ᠬᠡᠷᠡᠭᠳᠡᠢ ᠭᠡᠵᠡᠢ᠃ | ᠤᠯᠤᠰ ᠤᠨ ᠲᠦᠷᠦ ᠶᠢᠨ ᠪᠤᠳᠤᠯᠭ᠎ᠠ ᠶᠢᠨ ᠲᠡᠮᠵᠢᠯᠭᠡ᠂ ᠬᠦᠭᠵᠢᠯᠳᠡ ᠶᠢᠨ ᠬᠠᠨᠳᠤᠰᠢ ᠶᠢᠨ ᠬᠦᠳᠦᠯᠦᠨ | ᠲᠠᠭᠠᠭᠤᠯᠭ᠎ᠠ ᠨᠢ ᠦᠪᠦᠷ ᠮᠤᠩᠭᠤᠯ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠭᠵᠢᠯᠳᠡ ᠳᠤ ᠨᠢᠰᠦᠨ | ᠲᠡᠭᠦᠯᠢᠯᠳᠡ ᠶᠢᠨ ᠠᠭᠠᠷ ᠤᠨ ᠱᠤᠭᠤᠮ ᠢ ᠨᠡᠭᠡᠭᠡᠨ ᠦᠭᠴᠡᠢ᠃ ᠬᠤᠷᠠᠯ ᠲᠡᠭᠡᠷ᠎ᠡ ᠤᠯᠤᠰ ᠤᠨ ᠵᠠᠷᠢᠮ ᠶᠠᠮᠤᠨ ᠵᠦᠪᠯᠡᠯ | ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠠᠴᠠ ᠢᠳᠡᠪᠬᠢᠳᠡᠢ ᠪᠠᠷ ᠰᠠᠨᠠᠭᠤᠯᠭ᠎ᠠ ᠲᠡᠪᠰᠢᠭᠦᠯᠵᠦ᠂ ᠦᠪᠦᠷ | ᠮᠤᠩᠭᠤᠯ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠭᠰᠡᠨ ᠪᠠᠶᠢᠨ᠎ᠡ︕ | | ᠲᠤᠮᠤ ᠳ᠋ᠡᠶᠢᠲ᠋ᠠ ᠶᠢᠨ ᠠᠵᠤ ᠦᠢᠯᠡᠰ ᠢ ᠠᠵᠤ ᠠᠬᠤᠢ ᠶᠢᠨ ᠪᠦᠲᠦᠴᠡ ᠶᠢ ᠲᠤᠬᠢᠷᠠᠭᠤᠯᠬᠤ ᠴᠢᠬᠤᠯᠠ | ᠬᠦᠳᠡᠯᠭᠡᠭᠦᠷ ᠪᠤᠯᠭᠠᠶ᠎ᠡ | | ᠤᠯᠤᠰ ᠤᠨ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ ᠰᠢᠤᠢ ᠱᠤᠤ ᠱᠢ | ᠦᠪᠦᠷ ᠮᠤᠩᠭᠤᠯ ᠪᠤᠯ ᠬᠤᠪᠤᠷ ᠰᠢᠷᠤᠢ ᠶᠢᠨ ᠬᠠᠳᠠᠭᠠᠯᠠᠭᠳᠠᠴᠠ ᠪᠠᠷ ᠢᠶᠠᠨ ᠲᠡᠯᠡᠬᠡᠢ ᠳᠤ ᠲᠦᠷᠦᠭᠦᠯᠡᠳᠡᠭ᠂ | ᠨᠡᠭᠦᠷᠡᠰᠦᠨ ᠤ ᠬᠠᠳᠠᠭᠠᠯᠠᠬᠳᠠᠴᠠ ᠪᠠᠷ ᠢᠶᠠᠨ ᠪᠦᠬᠦ ᠤᠯᠤᠰ ᠲᠤ ᠨᠢᠭᠡᠳᠦᠭᠡᠷ ᠲᠤ ᠤᠷᠤᠳᠠᠭ ᠡᠬᠢ ᠪᠠᠶᠠᠯᠢᠭ ᠤᠨ ᠲᠤᠮᠤ | ᠤᠷᠤᠨ ᠪᠤᠯᠤᠨ᠎ᠠ᠃ ᠦᠡᠭᠭᠡᠷᠡᠭᠰᠡᠨ ᠵᠢᠯ ᠤᠨ ᠲᠤᠷᠰᠢ᠂ ᠦᠪᠦᠷ ᠮᠤᠩᠭᠤᠯ ᠤᠨ ᠠᠵᠤ ᠠᠬᠤᠢ ᠶᠢᠨ ᠬᠦᠭᠵᠢᠯᠲᠡ ᠨᠢ | ᠬᠠᠷᠢᠴᠠᠩᠭᠤᠢ ᠤᠯᠠᠮᠵᠢᠯᠠᠯᠲᠤ ᠡᠬᠢ ᠪᠠᠶᠠᠯᠢᠭ ᠲᠤ ᠲᠦᠰᠢᠭᠯᠡᠵᠤ᠂ ᠠᠵᠤ ᠠᠬᠤᠢ ᠶᠢᠨ ᠪᠦᠲᠦᠴᠡ ᠶᠢᠨ ᠲᠠᠯ᠎ᠠ ᠪᠠᠷ | ᠬᠦᠨᠲᠤ ᠬᠢᠮᠢ ᠶᠢᠨ ᠠᠵᠤ ᠦᠢᠯᠡᠳᠪᠦᠷᠢ ᠶᠢᠨ ᠡᠵᠡᠯᠡᠬᠦ ᠬᠠᠷᠢᠴᠠᠯ ᠶᠡᠷᠦᠨᠢ ᠥᠨᠳᠥᠷ ᠪᠠᠶᠢᠭᠰᠠᠭᠠᠷ ᠪᠠᠶᠢᠪᠠ᠃ | ᠤᠯᠤᠰ ᠤᠨ ᠲᠤᠮᠤ ᠳ᠋ᠡᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠲᠤᠭᠤᠷᠢᠭ ᠢ ᠤᠯᠠᠮ ᠰᠠᠶᠢᠲᠤᠷ | ᠪᠠᠶᠢᠭᠤᠯᠬᠤ ᠲᠤᠬᠠᠢ ᠳᠤ ᠪᠢ ᠲᠤᠤᠷᠠᠬᠢ ᠮᠡᠲᠤ ᠭᠤᠷᠪᠠᠨ ᠲᠠᠯ᠎ᠠ ᠶᠢᠨ ᠰᠠᠨᠠᠭᠤᠯᠭ᠎ᠠ ᠲᠤᠷᠠᠳᠤᠶ᠎ᠠ᠃ | ᠨᠢᠭᠡ ᠳᠤ᠂ ᠡᠬᠢ ᠪᠠᠶᠠᠯᠢᠭ ᠢ ᠨᠡᠶᠢᠳᠭᠡᠬᠦ ᠲᠦᠷᠦᠭᠦᠤ ᠪᠦᠯᠦᠭ ᠤᠷᠤᠨ ᠢ ᠪᠠᠶᠢᠭᠤᠯᠤᠶ᠎ᠠ᠃ ᠦᠪᠦᠷ ᠮᠤᠩᠭᠤᠯ | ᠦᠪᠡᠷ ᠤᠨ ᠲᠠᠪᠠᠭᠤᠯᠢᠭ ᠢᠶᠠᠨ ᠭᠦᠢᠴᠡᠳ ᠠᠰᠢᠬᠯᠠᠵᠤ᠂ ᠬᠠᠮᠢᠶ᠎ᠠ ᠪᠦᠬᠦᠢ ᠭᠠᠵᠠᠷ ᠤᠷᠤᠨ ᠪᠠ ᠠᠵᠤ ᠠᠬᠤᠢᠢᠯᠠᠯ | ᠯᠤᠭ᠎ᠠ ᠬᠦᠳᠡᠯᠦᠩᠭᠦᠢ ᠪᠠᠷ ᠢᠳᠡᠪᠬᠢᠲᠡᠢ ᠵᠦᠪᠳᠡᠯᠴᠡᠨ ᠬᠠᠮᠳᠤᠷᠠᠯᠴᠠᠵᠤ᠂ ᠲᠤᠭ᠎ᠠ ᠪᠠᠷᠢᠮᠳᠠ ᠶᠢᠨ ᠲᠦᠪ ᠢ ᠤᠯᠠᠮ | ᠨᠢᠭᠡ ᠠᠯᠬᠤᠮ ᠪᠦᠲᠦᠭᠡᠨ ᠪᠠᠶᠢᠭᠤᠯᠤᠨ ᠬᠡᠷᠡᠭᠯᠡᠵᠦ᠂ ᠪᠦᠬᠦ ᠤᠯᠤᠰ ᠤᠨ ᠨᠢᠭᠡ ᠴᠤᠭᠴᠠᠵᠢᠭᠰᠠᠨ ᠲᠤᠮᠤ ᠳ᠋ᠡᠶᠢᠲ᠋ᠠ | ᠶᠢᠨ ᠲᠦᠪ ᠤᠨ ᠪᠠᠶᠢᠭᠤᠯᠤᠯᠳᠠ ᠶᠢᠨ ᠶᠡᠭᠡ ᠪᠠᠶᠢᠳᠠᠯ ᠳᠤ ᠨᠡᠩ ᠶᠡᠭᠡ ᠦᠢᠯᠡᠳᠦᠯ ᠪᠠᠳᠠᠷᠠᠭᠤᠯᠬᠤ ᠶᠢ ᠬᠦᠰᠡᠵᠦ | ᠪᠠᠶᠢᠨ᠎ᠠ᠃ | ᠬᠤᠶᠠᠷ ᠲᠤ᠂ ᠲᠤᠭ᠎ᠠ ᠪᠠᠷᠢᠮᠳᠠ ᠶᠢ ᠴᠡᠭᠴᠡᠯᠡᠬᠦ ᠲᠤᠷᠰᠢᠯᠳᠠ ᠶᠢᠨ ᠤᠷᠤᠨ ᠢ ᠪᠦᠲᠦᠭᠡᠨ ᠪᠠᠶᠢᠭᠤᠯᠤᠨ᠎ᠠ᠃ | ᠦᠪᠦᠷ ᠮᠤᠩᠭᠤᠯ ᠤᠨ ᠲᠤᠮᠤ ᠳ᠋ᠡᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠪᠤᠯᠬᠤ | ᠠᠴᠢᠶᠠᠯᠠᠪᠤᠷᠢ ᠳᠠᠭᠠᠨ ᠲᠦᠰᠢᠭᠯᠡᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽ | ᠮᠡᠳᠡᠭᠡ ᠵᠠᠩᠭᠢ ᠪᠠᠷ ᠠᠷᠠᠳ ᠲᠤ ᠠᠰᠢᠬ ᠬᠦᠷᠳᠡᠭᠡᠬᠦ︾ ᠪᠠ ︽ᠰᠢᠨ᠎ᠠ ᠬᠡᠯᠪᠡᠷᠢ ᠶᠢᠨ ᠤᠶᠤᠨᠳᠦ ᠬᠤᠲᠠ ᠶᠢᠨ | ᠪᠠᠶᠢᠭᠤᠯᠤᠯᠳᠠ︾ ᠵᠡᠷᠭᠡ ᠠᠵᠢᠯ ᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠰᠠᠨᠠᠯ ᠪᠤᠯᠭᠠᠵᠤ | ᠪᠠᠶᠢᠨ᠎ᠠ᠃ | ᠭᠤᠷᠪᠠ ᠳᠤ᠂ ᠠᠵᠤ ᠦᠢᠯᠡᠰ ᠢ ᠲᠡᠰ ᠲᠡᠪᠰᠢᠭᠦᠯᠬᠦ ᠬᠤᠰᠢᠭᠤᠴᠢ ᠤᠷᠤᠨ ᠢ ᠪᠦᠲᠦᠭᠡᠨ ᠪᠠᠶᠢᠭᠤᠯᠤᠨ᠎ᠠ᠃ | ᠦᠪᠦᠷ ᠮᠤᠩᠭᠤᠯ ᠤᠨ ᠲᠤᠮᠤ ᠳ᠋ᠡᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠢ ᠪᠦᠲᠦᠭᠡᠨ ᠪᠠᠶᠢᠭᠤᠯᠬᠤ | ᠠᠵᠠ ᠲᠤᠬᠢᠶᠠᠯ ᠢᠶᠠᠨ ᠠᠰᠢᠬᠯᠠᠨ᠂ ᠲᠤᠭ᠎ᠠ ᠪᠠᠷᠢᠮᠳᠠ ᠶᠢᠨ ᠡᠯᠧᠮᠧᠨ᠋ᠲ ᠤᠨ ᠠᠵᠤ ᠠᠬᠤᠢ ᠶᠢᠨ ᠬᠦᠭᠵᠢᠯᠲᠡ ᠳᠤ | ᠦᠵᠡᠭᠦᠯᠬᠦ ᠬᠦᠲᠦᠯᠦᠨ ᠲᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠮᠤ ᠳ᠋ᠡᠶᠢᠲ᠋ᠠ ᠶᠢᠨ ᠠᠵᠤ ᠦᠢᠯᠡᠰ | ᠪᠤᠯᠤᠨ ᠤᠯᠠᠮᠵᠢᠯᠠᠯᠲᠤ ᠠᠵᠤ ᠦᠢᠯᠡᠰ ᠤᠨ ᠠᠭᠤᠰᠤᠯᠴᠠᠬᠤ ᠶᠢ ᠬᠦᠴᠦᠯᠡᠨ ᠠᠬᠢᠭᠤᠯᠵᠤ᠂ ᠰᠢᠨ᠎ᠠ ᠠᠵᠤ ᠦᠢᠯᠡᠰ᠂ | ᠰᠢᠨ᠎ᠠ ᠠᠵᠢᠯ ᠤᠨ ᠪᠠᠶᠢᠳᠠᠯ ᠢ ᠪᠤᠢ ᠪᠤᠯᠭᠠᠨ᠎ᠠ᠃ | ᠲᠤᠮᠤ ᠳ᠋ᠡᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠤ ᠪᠦᠲᠦᠭᠡᠨ ᠪᠠᠶᠢᠭᠤᠯᠤᠯᠳᠠ ᠪᠠᠨ | ᠲᠦᠷᠭᠡᠳᠭᠡᠨ ᠠᠬᠢᠭᠤᠯᠬᠤ ᠪᠤᠯ ᠤᠯᠤᠰ ᠤᠨ ᠲᠤᠮᠤ ᠳ᠋ᠡᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠨᠢᠭᠡᠨ ᠴᠢᠬᠤᠯᠠ ᠡᠭᠦᠷᠭᠡ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠤᠯᠤᠰ ᠤᠨ | ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠠᠢ ᠬᠠᠮᠳᠤᠷᠠᠨ᠂ | ᠴᠢᠬᠤᠯᠠ ᠶᠡᠭᠡ ᠲᠦᠷᠦ ᠶᠢᠨ ᠪᠤᠳᠤᠯᠭ᠎ᠠ᠂ ᠦᠭᠡᠷᠡᠴᠢᠯᠡᠯᠳᠡ ᠶᠢᠨ ᠡᠭᠦᠷᠭᠡ᠂ ᠢᠨᠵᠧᠨᠧᠷᠢᠩ ᠤᠨ ᠲᠤᠰᠬᠠᠢ ᠲᠦᠷᠦᠯ | ᠵᠦᠢᠯ ᠤᠨ ᠲᠤᠷᠰᠢᠯᠳᠠ ᠶᠢᠨ ᠤᠷᠤᠨ ᠳᠤ ᠨᠠᠶᠢᠳᠠᠪᠤᠷᠢᠵᠢᠭᠤᠯᠤᠭᠳᠠᠬᠤ ᠶᠢ ᠡᠩ ᠲᠡᠷᠢᠭᠦᠨ ᠳᠤ ᠠᠬᠢᠭᠤᠯᠵᠤ᠂ ᠲᠤᠮᠤ | ᠳ᠋ᠡᠶᠢᠲ᠋ᠠ ᠶᠢᠨ ᠰᠢᠯᠢᠳᠡᠭ ᠪᠦᠲᠦᠭᠡᠭᠳᠡᠬᠦᠨ᠂ ᠮᠡᠷᠭᠡᠵᠢᠯ ᠤᠨ ᠲᠤᠷᠰᠢᠯᠳᠠ ᠶᠢᠨ ᠤᠷᠤᠨ ᠳᠤ ᠬᠤᠷᠠᠨ ᠴᠤᠭᠯᠠᠷᠠᠬᠤ ᠶᠢ | ᠬᠦᠲᠦᠯᠦᠨ ᠵᠢᠯᠤᠭᠤᠳᠬᠤ ᠪᠤᠯᠤᠨ᠎ᠠ᠃ | | ᠲᠤᠮᠤ ᠳ᠋ᠠᠶᠢᠲᠨ᠂ ᠬᠦᠭᠵᠢᠯᠳᠡ ᠶᠢᠨ ᠠᠯᠤᠰ ᠢᠷᠡᠭᠡᠳᠤᠢ ᠭᠡᠭᠡᠨ ᠰᠠᠷᠠᠭᠤᠯ | | ᠤᠯᠤᠰ ᠤᠨ ᠠᠵᠤ ᠦᠢᠯᠡᠳᠪᠤᠷᠢ ᠮᠡᠳᠡᠭᠡ ᠵᠠᠩᠬᠢᠵᠢᠯᠳᠡ ᠶᠢᠨ ᠶᠠᠮᠤᠨ ᠤ ᠲᠡᠳ᠋ ᠰᠠᠶᠢᠳ ᠬᠤᠸᠡᠢ ᠶᠢᠨ ᠫᠸᠡᠭ | ᠡᠯᠧᠺᠲᠷᠤᠨ ᠮᠡᠳᠡᠭᠡ ᠵᠠᠩᠬᠢ ᠶᠢᠨ ᠠᠵᠤ ᠦᠢᠯᠡᠰ᠂ ᠢᠯᠠᠩᠭᠤᠶ᠎ᠡ ᠲᠤᠮᠤ ᠳ᠋ᠠᠶᠢᠲᠨ ᠶᠢᠨ ᠲᠤᠬᠠᠢ ᠭᠤᠷᠪᠡᠨ | ᠲᠠᠯ᠎ᠡ ᠶᠢᠨ ᠦᠵᠡᠯᠲᠡ ᠪᠠᠨ ᠶᠠᠷᠢᠶ᠎ᠡ᠄ | ᠨᠢᠭᠡᠳᠦᠭᠡᠷ ᠲᠤ᠂ ᠲᠤᠮᠤ ᠳ᠋ᠠᠶᠢᠲᠨ᠂ ᠲᠦᠢᠯ ᠤᠨ ᠶᠡᠭᠡ ᠠᠯᠤᠰ ᠢᠷᠡᠭᠡᠳᠤᠢ ᠲᠠᠢ᠃ ᠰᠦᠯᠵᠢᠶ᠎ᠡ ᠶᠢᠨ ᠮᠡᠳᠡᠭᠡ | ᠵᠠᠩᠬᠢ ᠶᠢᠨ ᠮᠡᠷᠭᠡᠵᠢᠯ ᠪᠤᠯ ᠪᠦᠬᠦ ᠪᠦᠮᠪᠤᠷᠴᠡᠭ ᠤᠨ ᠪᠡᠯᠨ ᠤᠷᠤᠭᠤᠯᠤᠯᠳᠡ ᠬᠠᠮᠤᠬ ᠤᠨ ᠲᠦᠪᠯᠡᠷᠡᠩᠬᠦᠢ᠂ ᠰᠢᠨ᠎ᠡ ᠶᠢ | ᠡᠬᠦᠳᠦᠭᠰᠡᠨ ᠢᠶᠠᠷ ᠬᠠᠮᠤᠬ ᠠᠮᠢᠳᠤᠯᠢᠬ᠂ ᠭᠡᠷᠡᠭᠯᠡᠭᠡᠨ ᠤ ᠲᠠᠯ᠎ᠡ ᠪᠠᠷ ᠬᠠᠮᠤᠬ ᠦᠷᠭᠡᠨ᠂ ᠲᠠᠶᠢᠴᠢᠯᠠᠨ ᠲᠠᠭᠠᠭᠤᠯᠬᠤ | ᠦᠢᠯᠡᠳᠤᠯ ᠢᠶᠠᠷ ᠬᠠᠮᠤᠬ ᠤᠨ ᠶᠡᠭᠡ ᠮᠡᠷᠭᠡᠵᠢᠯ ᠤᠨ ᠰᠢᠨ᠎ᠡ ᠶᠢ ᠡᠬᠦᠳᠦᠭᠰᠡᠨ ᠰᠤᠳᠤᠯᠭᠠᠨ ᠤ ᠬᠦᠷᠢᠶ᠎ᠡ ᠴᠠᠷ᠎ᠠ | ᠪᠤᠯᠤᠨ᠎ᠡ᠂ ᠤᠳᠤ ᠨᠢᠭᠡᠨᠳᠡ ᠰᠢᠨ᠎ᠡ ᠨᠢᠭᠡ ᠡᠭᠡᠯᠵᠢ ᠶᠢᠨ ᠰᠢᠠᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠭᠤᠤᠯ | ᠤᠳᠤᠷᠢᠳᠬᠤ ᠬᠦᠴᠤᠨ ᠪᠡ ᠡᠯ᠎ᠡ ᠤᠯᠤᠰ ᠤᠨ ᠮᠡᠷᠭᠡᠵᠢᠯ ᠤᠨ ᠰᠢᠨ᠎ᠡ ᠶᠢ ᠡᠬᠦᠳᠬᠦ ᠦᠷᠢᠰᠦᠯᠳᠦᠭᠡᠨ ᠤ ᠭᠤᠤᠯ | ᠲᠠᠯᠠᠪᠤᠷ ᠤᠨ ᠲᠠᠭᠠᠭᠤᠯᠤᠬᠴᠢ ᠪᠤᠯᠤᠬᠰᠠᠨ ᠪᠠᠶᠢᠨ᠎ᠡ᠃ | ᠬᠤᠶᠡᠳᠤᠭᠠᠷ ᠲᠤ᠂ ᠲᠤᠮᠤ ᠳ᠋ᠠᠶᠢᠲᠨ᠂ ᠶᠡᠭᠡ ᠪᠠᠶᠢᠳᠠᠯ ᠤᠨ ᠬᠠᠨᠳᠤᠰᠢ ᠲᠠᠢ᠃ ᠢᠷᠡᠭᠡᠳᠤᠢ ᠶᠢᠨ ᠲᠤᠮᠤ | ᠳ᠋ᠠᠶᠢᠲᠨ ᠶᠢᠨ ᠬᠦᠭᠵᠢᠯᠳᠡ ᠶᠢᠨ ᠬᠠᠮᠤᠬ ᠤᠨ ᠴᠢᠬᠤᠯᠨ ᠨᠢᠭᠡᠨ ᠤᠨᠴᠠᠯᠢᠭ ᠭᠡᠪᠡᠯ ᠲᠤᠭ᠎ᠠ ᠪᠠᠷᠢᠮᠳᠡ ᠶᠢᠨ | ᠭᠡᠮᠵᠢᠶ᠎ᠡ ᠳᠤ ᠲᠦᠰᠢᠭᠯᠡᠭᠰᠡᠨ ᠪᠠᠶᠢᠬᠤ ᠭᠡᠷᠡᠭᠳᠡᠢ᠃ ᠤᠳᠤᠬᠠᠨ ᠳᠤ ᠲᠤᠮᠳᠠᠳᠤ ᠤᠯᠤᠰ ᠤᠨ ᠰᠦᠯᠵᠢᠶ᠎ᠡ ᠶᠢᠨ | ᠢᠷᠭᠡᠳ ᠤᠨ ᠲᠤᠭ᠎ᠠ ᠨᠢᠭᠡᠨᠳᠡ 7.1 ᠳ᠋ᠦᠡᠭᠰᠢᠭᠤᠷ ᠢ ᠲᠡᠪᠡᠵᠤ᠂ ᠰᠢᠯᠵᠢᠭᠡ ᠬᠤᠯᠪᠤᠭ᠎ᠠ ᠶᠢᠨ ᠭᠠᠷ ᠤᠳᠠᠰᠤᠨ ᠤ | ᠭᠡᠷᠡᠭᠯᠡᠭᠴᠢᠳ 13.1 ᠳ᠋ᠦᠡᠭᠰᠢᠭᠤᠷ ᠲᠤ ᠬᠦᠷᠴᠡᠢ᠂ ᠡᠬᠦᠨ ᠳᠤ 4G ᠭᠡᠷᠡᠭᠯᠡᠭᠴᠢᠳ 6.85 ᠳ᠋ᠦᠡᠭᠰᠢᠭᠤᠷ | ᠪᠠᠶᠢᠵᠤ᠂ ᠪᠦᠬᠦ ᠪᠦᠮᠪᠤᠷᠴᠡᠭ ᠤᠨ ᠬᠠᠭᠠᠰ ᠠᠴᠠ ᠲᠡᠭᠡᠭᠰᠢᠬᠢ ᠶᠢ ᠡᠵᠡᠯᠡᠵᠤ ᠪᠤᠢ᠃ ᠡᠯ᠎ᠡ ᠲᠦᠷᠦᠯ ᠤᠨ ᠰᠢᠯᠵᠢᠭᠡ | ᠬᠤᠯᠪᠤᠭ᠎ᠠ ᠶᠢᠨ ᠰᠢᠯᠵᠢᠶ᠎ᠡ᠂ ᠦᠢᠯᠡᠴᠢᠯᠭᠡᠨ ᠤ ᠮᠠᠰᠢᠨ ᠤ ᠲᠤᠭ᠎ᠠ ᠭᠡᠮᠵᠢᠶ᠎ᠡ ᠨᠡᠶᠢᠳᠡᠮ ᠲᠡᠭᠡᠭᠰᠢᠯᠡᠵᠤ᠂ ᠮᠠᠨ ᠤ | ᠤᠯᠤᠰ ᠡᠨᠡᠬᠦ ᠬᠦᠷᠢᠶᠡᠨ ᠳᠤ ᠨᠢᠭᠡᠨᠳᠡ ᠳ᠋ᠡᠶᠢᠲᠨ ᠶᠢᠨ ᠲᠤᠮᠤ ᠤᠯᠤᠰ ᠪᠤᠯᠵᠤ᠂ ᠢᠯᠠᠩᠭᠤᠶ᠎ᠡ ᠡᠷᠡᠬᠦᠯ ᠮᠡᠨᠳᠤ᠂ ᠡᠮ | ᠡᠮᠨᠡᠯᠭᠡ᠂ ᠠᠵᠤ ᠦᠢᠯᠡᠳᠪᠤᠷᠢ ᠶᠢᠨ ᠲᠤᠮᠤ ᠳ᠋ᠡᠶᠢᠲᠨ ᠶᠢᠨ ᠬᠦᠭᠵᠢᠯᠳᠡ ᠲᠠᠢ ᠬᠤᠯᠪᠤᠬᠳᠠᠵᠤ᠂ ᠡᠯ᠎ᠡ ᠮᠤᠵᠢ ᠬᠤᠳᠡ | ᠲᠤᠮᠤ ᠳ᠋ᠠᠶᠢᠲ᠋ᠠ ᠶᠢᠨ ᠠᠳᠠᠯᠢ ᠪᠤᠰᠤ ᠠᠵᠤ ᠦᠢᠯᠡᠰ ᠤᠨ ᠲᠦᠷᠦᠯ ᠭᠡᠯᠪᠡᠷᠢ ᠪᠤᠯᠤᠨ ᠨᠡᠷᠢᠯᠢᠬ ᠬᠤᠪᠢᠶᠠᠷᠢᠯᠠᠬᠰᠠᠨ | ᠵᠠᠬ᠎ᠠ ᠲᠡᠯᠭᠡᠬᠦᠷ ᠲᠤᠮᠳᠡ᠂ ᠨᠢᠭᠡᠨᠳᠡ ᠴᠢᠬᠤᠯᠨ ᠠᠵᠨ ᠲᠤᠬᠢᠶᠠᠯ ᠪᠤᠯᠵᠤ ᠪᠦᠷᠢᠯᠳᠦᠪᠡ᠃ | ᠭᠤᠷᠪᠡᠳᠤᠭᠠᠷ ᠲᠤ᠂ ᠲᠤᠮᠤ ᠳ᠋ᠠᠶᠢᠲᠨ᠂ ᠠᠤᠭ᠎ᠠ ᠶᠡᠭᠡ ᠠᠯᠤᠰ ᠢᠷᠡᠭᠡᠳᠤᠢ ᠲᠠᠢ᠃ ᠦᠢᠷ᠎ᠡ ᠶᠢᠨ ᠵᠢᠯ ᠤᠨ | ᠲᠤᠷᠰᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠡᠬᠦᠯᠡᠨ ᠪᠤᠳᠤᠯᠳᠡ᠂ ᠲᠤᠮᠤ ᠳ᠋ᠠᠶᠢᠲ᠋ᠠ ᠶᠢᠨ | ᠲᠤᠭᠤᠷᠢᠨ ᠳᠤ ᠠᠯᠢ ᠤᠯᠡᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠮᠠᠲ᠋ᠧᠷᠢᠶᠡᠯ ᠭᠠᠷᠭᠠᠵᠤ᠂ ᠤᠷᠤᠨ ᠪᠠᠶᠢᠷᠢ ᠶᠢᠨ | ᠲᠠᠪᠠᠭᠤᠯᠢᠬ᠂ ᠪᠠᠶᠢᠭᠠᠯᠢ ᠶᠢᠨ ᠨᠦᠬᠦᠴᠡᠯ ᠵᠢᠴᠢ ᠴᠠᠬᠢᠯᠭᠠᠨ ᠬᠦᠴᠤ᠂ ᠡᠨᠧᠷᠬᠢ ᠵᠡᠷᠭᠡ ᠲᠠᠪᠠᠭᠤᠯᠢᠬ ᠢᠶᠠᠷ ᠢᠶᠠᠨ | ᠤᠯᠠᠨ ᠠᠷᠪᠢᠨ ᠠᠵᠤ ᠠᠬᠤᠢᠢᠯᠠᠯ ᠢ ᠪᠡᠯᠨ ᠤᠷᠤᠭᠤᠯᠬᠤ᠂ ᠰᠠᠭᠤᠷᠢᠰᠢᠭᠤᠯᠵᠤ᠂ ᠦᠪᠤᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠵᠤ ᠪᠠᠶᠢᠨ᠎ᠡ᠃ ᠭᠤᠤᠯ | ᠮᠡᠷᠭᠡᠵᠢᠯ ᠢ ᠴᠢᠩᠭᠠᠳᠬᠠᠵᠤ᠂ ᠠᠵᠤ ᠦᠢᠯᠡᠰ ᠤᠨ ᠦᠷᠬᠦᠯᠵᠢᠯᠡᠨ ᠬᠦᠭᠵᠢᠬᠦ ᠴᠢᠳᠡᠪᠤᠷᠢ ᠶᠢ ᠨᠡᠮᠡᠭᠳᠡᠬᠦᠯᠦᠨ᠎ᠡ︔ | ᠬᠠᠨᠭ᠍ᠭᠠᠯᠭ᠎ᠠ ᠶᠢᠨ ᠴᠢᠳᠡᠪᠤᠷᠢ ᠪᠠᠨ ᠨᠡᠮᠡᠭᠳᠡᠬᠦᠯᠵᠤ᠂ ᠰᠢᠭᠤᠳ ᠭᠡᠷᠡᠭᠯᠡᠭᠡ ᠶᠢ ᠠᠬᠢᠭᠤᠯᠵᠤ᠂ ᠲᠠᠯᠳᠡ ᠬᠦᠴᠤᠨ ᠤ | ᠰᠢᠨ᠎ᠡ ᠨᠡᠮᠡᠭᠳᠡᠯ ᠢ ᠪᠤᠶᠢᠵᠢᠭᠤᠯᠤᠨ ᠭᠦᠭᠵᠢᠭᠦᠯᠦᠨ᠎ᠡ︔ ᠠᠭᠤᠰᠤᠯᠴᠠᠭᠤᠯᠤᠨ ᠬᠦᠭᠵᠢᠬᠦᠯᠬᠦ ᠶᠢ ᠬᠦᠡᠵᠡᠭᠡᠶᠢᠷᠡᠬᠦᠯᠵᠤ᠂ | ᠦᠢᠯᠡᠳᠬᠦ ᠪᠠᠨ ᠴᠢᠩᠭᠠᠷᠠᠭᠤᠯᠵᠤ᠂ ᠤᠶᠤᠠᠴᠢ ᠪᠠᠷ ᠦᠢᠯᠡᠳᠬᠦ ᠪᠡ ︽ᠢᠨᠲ᠋ᠧᠷ ᠰᠦᠯᠵᠢᠶ᠎ᠡ +︾ ᠪᠠᠷ | ᠲᠤᠯᠭᠠᠭᠤᠷᠢᠯᠠᠭᠤᠯᠵᠤ᠂ ᠠᠵᠤ ᠦᠢᠯᠡᠳᠪᠤᠷᠢ ᠶᠢᠨ ᠲᠤᠮᠤ ᠳ᠋ᠠᠶᠢᠲ᠋ᠠ ᠶᠢ ᠠᠬᠢᠭᠤᠯᠵᠤ᠂ ᠭᠤᠤᠯᠳᠠᠯᠭ᠎ᠠ ᠲᠠᠢ | ᠬᠦᠷᠢᠶᠠᠨ ᠳᠠᠬᠢ ᠭᠡᠷᠡᠭᠯᠡᠭᠡᠨ ᠤ ᠵᠢᠱᠢᠶ᠎ᠡ ᠦᠵᠡᠬᠦᠯᠬᠦ ᠠᠵᠢᠯ ᠢ ᠭᠤᠤᠯᠳᠠᠯᠭ᠎ᠠ ᠲᠠᠢ ᠪᠠᠷ ᠦᠷᠨᠢᠭᠦᠯᠵᠤ᠂ | ᠠᠭᠤᠰᠤᠯᠴᠠᠭᠤᠯᠤᠨ ᠬᠦᠭᠵᠢᠬᠦᠯᠬᠦ ᠪᠦᠳᠦᠮᠵᠢᠳᠡᠢ ᠠᠷᠭ᠎ᠠ ᠵᠠᠮ ᠪᠡ ᠪᠤᠳᠠᠳᠠᠢ ᠠᠷᠭ᠎ᠠ ᠭᠡᠮᠵᠢᠶ᠎ᠡ ᠶᠢ ᠬᠠᠶᠢᠨ | ᠰᠦᠪᠡᠭᠴᠢᠯᠡᠨ᠎ᠡ︔ ᠰᠢᠰᠲ᠋ᠧᠮᠵᠢ ᠶᠢᠨ ᠰᠢᠨ᠎ᠡ ᠶᠢ ᠡᠬᠦᠳᠬᠦ ᠶᠢ ᠴᠢᠩᠭᠠᠷᠠᠭᠤᠯᠵᠤ᠂ ᠠᠵᠤ ᠦᠢᠯᠡᠰ ᠤᠨ ᠠᠮᠢ | ᠠᠬᠤᠢ ᠶᠢ ᠪᠤᠶᠢᠵᠢᠭᠤᠯᠬᠤ ᠪᠡ ᠲᠡᠬᠦᠯᠳᠡᠷᠵᠢᠬᠦᠯᠵᠤ᠂ ᠠᠮᠤᠷ ᠲᠦᠪᠰᠢᠨ᠂ ᠪᠠᠷᠢᠮᠵᠢᠶᠠᠵᠢᠬᠰᠡᠨ ᠪᠡ ᠴᠢᠯᠦᠭᠡᠳᠤ | ᠬᠠᠮᠳᠤᠷᠠᠯᠴᠠᠭ᠎ᠠ ᠶᠢ ᠠᠬᠢᠭᠤᠯᠤᠨ᠎ᠡ︔ ᠬᠦᠭᠵᠢᠯᠳᠡ ᠶᠢᠨ ᠤᠷᠴᠢᠨ ᠲᠤᠭᠤᠷᠢᠨ ᠢᠶᠠᠨ ᠲᠠᠰᠤᠷᠠᠯᠳᠡ ᠦᠭᠡᠢ | ᠲᠡᠬᠦᠯᠳᠡᠷᠵᠢᠬᠦᠯᠵᠤ᠂ ᠪᠦᠬᠦ ᠪᠦᠮᠪᠤᠷᠴᠡᠭ ᠤᠨ ᠲᠠᠭᠠᠭᠤᠯᠤᠬᠴᠢ ᠬᠡᠯᠪᠡᠷᠢ ᠶᠢᠨ ᠠᠵᠤ ᠠᠬᠤᠢᠢᠯᠠᠯ ᠢ ᠱᠤᠭᠤᠵᠤ᠂ | ᠲᠤᠮᠳᠠᠳᠤ ᠤᠯᠤᠰ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠪᠡ ᠡᠯᠧᠺᠲᠷᠤᠨ ᠮᠡᠳᠡᠭᠡ ᠵᠠᠩᠬᠢ ᠶᠢᠨ | ᠬᠦᠭᠵᠢᠯᠳᠡ ᠳᠤ ᠬᠤᠪᠢ ᠨᠡᠮᠡᠷᠢ ᠦᠵᠡᠭᠦᠯᠬᠦ ᠶᠢ ᠤᠯᠠᠮ ᠨᠢᠭᠡ ᠠᠯᠬᠤᠮ ᠪᠡᠶᠡᠯᠡᠬᠦᠯᠦᠨ᠎ᠡ᠃ | | ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠢ ᠰᠠᠶᠢᠳᠤᠷ ᠪᠠᠶᠢᠭᠤᠯᠵᠤ ᠲᠡᠷᠢᠭᠦᠨ ᠤ ᠲᠠᠭᠤᠷᠢᠶᠠᠯ ᠣᠷᠣᠨ ᠢ | ᠪᠤᠢ ᠪᠤᠯᠭᠠᠶ᠎ᠡ | | ᠲᠦᠪ ᠤᠨ ᠰᠦᠯᠵᠢᠶ᠎ᠡ ᠶᠢᠨ ᠠᠮᠤᠷ ᠲᠦᠪᠰᠢᠨ ᠪᠡ ᠮᠡᠳᠡᠭᠡ ᠵᠠᠩᠬᠢᠵᠢᠯᠳᠡ ᠶᠢᠨ ᠤᠳᠤᠷᠢᠳᠬᠤ ᠲᠤᠭᠤᠢᠢᠯᠠᠩ | ᠤᠨ ᠠᠯᠪᠠᠨ ᠭᠡᠷ ᠤᠨ ᠲᠡᠳ᠋ ᠡᠷᠬᠢᠯᠡᠭᠴᠢ ᠵᠤᠸᠠᠩ ᠷᠦᠩ ᠸᠧᠨ | ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠤᠷᠢ ᠮᠡᠳᠡᠭᠡ ᠵᠠᠩᠬᠢᠵᠢᠯᠳᠡ | ᠶᠢᠨ ᠶᠠᠮᠤᠨ᠂ ᠲᠦᠪ ᠤᠨ ᠰᠦᠯᠵᠢᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠪᠠ ᠮᠡᠳᠡᠭᠡ ᠵᠠᠩᠭᠢᠵᠢᠯᠳᠠ ᠶᠢᠨ | ᠤᠳᠤᠷᠢᠤᠨᠬᠤ ᠲᠤᠭᠤᠢᠢᠯᠠᠩ ᠤᠨ ᠠᠯᠪᠠᠨ ᠭᠡᠷ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠢ ᠲᠤᠮᠤ | ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢ ᠨᠢᠭᠡᠳᠦᠯᠳᠡᠢ ᠲᠦᠯᠦᠪᠵᠢᠭᠦᠯᠦᠨ ᠬᠦᠭᠵᠢᠭᠦᠯᠬᠦ ᠲᠦᠷᠦᠯ ᠤᠨ | ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠪᠤᠯᠭᠠᠬᠤ ᠶᠢ ᠵᠢᠩᠬᠢᠨᠢ ᠪᠠᠷ ᠵᠦᠪᠰᠢᠶᠡᠷᠡᠭᠰᠡᠨ ᠶᠠᠪᠤᠳᠠᠯ ᠨᠢ ᠦᠪᠦᠷ | ᠮᠤᠩᠭᠤᠯ ᠤᠨ ᠲᠤᠮᠤ ᠳ᠋ᠠᠶᠢᠲ᠋ᠠ ᠶᠢᠨ ᠬᠦᠭᠵᠢᠯᠳᠡ ᠳᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ | ᠲᠤᠬᠢᠶᠠᠯ ᠢ ᠤᠯᠭᠤᠵᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠰᠦᠯᠵᠢᠶ᠎ᠡ ᠶᠢᠨ ᠬᠦᠴᠦᠷᠬᠡᠭ | ᠤᠯᠤᠰ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠲᠠᠭᠠᠭᠤᠯᠭ᠎ᠠ ᠲᠤᠤᠷ᠎ᠠ᠂ ᠶᠡᠷᠦᠩᠬᠡᠶᠢᠯᠡᠭᠰᠡᠨ ᠲᠤᠷᠰᠢᠯᠳᠠ ᠶᠢᠨ | ᠤᠷᠤᠨ ᠢ ᠤᠷᠤᠨ ᠨᠤᠳᠤᠬ ᠤᠨ ᠤᠨᠴᠠᠯᠢᠬ ᠲᠠᠢ ᠮᠦᠷᠳᠡᠭᠡᠨ ᠪᠠᠰᠠ ᠲᠠᠭᠤᠷᠢᠶᠠᠯ ᠦᠵᠡᠭᠦᠯᠬᠦ ᠦᠢᠯᠡᠳᠦᠯ ᠲᠠᠢ | ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠪᠤᠯᠭᠠᠨ ᠪᠦᠳᠦᠭᠡᠨ ᠪᠠᠶᠢᠭᠤᠯᠬᠤ ᠶᠢ | ᠪᠢᠳᠠ ᠬᠦᠰᠡᠵᠦ ᠪᠠᠶᠢᠨ᠎ᠠ᠃ | ᠨᠢᠭᠡ ᠳᠤ᠂ ᠰᠢᠨ᠎ᠡ ᠬᠦᠭᠵᠢᠯᠳᠡ ᠶᠢᠨ ᠤᠨᠤᠯᠵᠢᠭᠤᠨ ᠢ ᠦᠢᠯᠡᠳᠦᠯᠭᠡᠵᠢᠭᠦᠯᠬᠦ ᠲᠠᠭᠤᠷᠢᠶᠠᠯ ᠤᠷᠤᠨ ᠢ | ᠪᠦᠳᠦᠭᠡᠨ ᠪᠠᠶᠢᠭᠤᠯᠬᠤ ᠬᠡᠷᠡᠭᠳᠡᠢ᠃ ᠤᠳᠤᠬᠠᠨ ᠳᠤ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠰᠢᠨ᠎ᠡ | ᠬᠡᠪ ᠪᠠᠶᠢᠳᠠᠯ ᠳᠤ ᠤᠷᠤᠵᠤ᠂ ᠰᠢᠨ᠎ᠡ ᠬᠡᠪ ᠪᠠᠶᠢᠳᠠᠯ ᠨᠢ ᠰᠢᠨ᠎ᠡ ᠬᠦᠳᠡᠯᠭᠡᠭᠦ ᠬᠦᠴᠦᠨ ᠲᠠᠢ ᠪᠠᠶᠢᠬᠤ ᠬᠡᠷᠡᠭᠳᠡᠢ᠃ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠮᠡᠳᠡᠭᠡ ᠵᠠᠩᠭᠢᠵᠢᠯᠳᠠ ᠶᠢᠨ ᠪᠦᠳᠦᠭᠡᠨ ᠪᠠᠶᠢᠭᠤᠯᠤᠯᠳᠠ ᠪᠠᠷ | ᠰᠢᠨ᠎ᠡ ᠬᠡᠯᠪᠡᠷᠢ ᠶᠢᠨ ᠠᠵᠤ ᠦᠢᠯᠡᠤᠨᠪᠦᠷᠢᠵᠢᠯᠳᠡ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ | ᠤᠳᠤᠬᠢᠴᠢᠯᠠᠯᠳᠠ᠂ ᠪᠤᠬᠢᠷᠳᠤᠯ ᠦᠭᠡᠢ ᠤᠷᠭᠠᠨᠢᠬ ᠬᠦᠭᠵᠢᠯᠳᠡ ᠶᠢ ᠬᠦᠳᠦᠯᠦᠨ ᠲᠠᠭᠠᠭᠤᠯᠬᠤ ᠶᠢ ᠲᠤᠷᠠᠳᠤᠨ | ᠭᠠᠷᠭᠠᠪᠠ᠃ | ᠬᠤᠶᠠᠷ ᠲᠤ᠂ ᠠᠷᠠᠤᠨ ᠤᠨ ᠠᠮᠢᠳᠤᠷᠠᠯ ᠢ ᠬᠠᠷᠠᠭᠠᠯᠵᠠᠬᠰᠠᠨ᠂ ᠤᠯᠠᠨ ᠲᠦᠮᠡᠨ ᠳᠤ ᠦᠢᠯᠡᠴᠢᠯᠡᠭᠰᠡᠨ | ᠲᠠᠭᠤᠷᠢᠶᠠᠯ ᠤᠷᠤᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ᠃ ᠲᠤᠮᠤ ᠳ᠋ᠠᠶᠢᠲ᠋ᠠ ᠶᠢᠨ ᠠᠵᠤ ᠦᠢᠯᠡᠰ ᠢ | ᠬᠦᠭᠵᠢᠭᠦᠯᠬᠦ ᠳᠤ ᠳ᠋ᠠᠶᠢᠲ᠋ᠠ ᠪᠤᠯ ᠰᠠᠭᠤᠷᠢ᠂ ᠬᠡᠷᠡᠭᠯᠡᠬᠦ ᠪᠤᠯ ᠵᠠᠩᠭᠢᠯᠠᠭ᠎ᠠ ᠨᠢ ᠪᠤᠯᠤᠨ᠎ᠠ᠃ ᠬᠦᠰᠡᠬᠦ ᠨᠢ᠂ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠷᠠᠤᠨ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ | ᠰᠠᠨᠠᠭ᠎ᠠ ᠶᠢ ᠦᠷᠬᠦᠯᠵᠢᠯᠡᠨ ᠲᠤᠤᠱᠯᠠᠭᠤᠯᠵᠤ᠂ ᠲᠤᠮᠤ ᠳ᠋ᠠᠶᠢᠲ᠋ᠠ ᠨᠢ ᠠᠵᠢᠯ ᠤᠯᠭᠤᠯᠳᠠ᠂ ᠡᠮ ᠡᠮᠨᠡᠯᠭᠡ᠂ ᠰᠤᠷᠭᠠᠨ | ᠬᠦᠮᠦᠵᠢᠯ᠂ ᠶᠠᠳᠠᠭᠤ ᠶᠢ ᠲᠡᠤᠨᠭᠦᠬᠦ ᠵᠡᠷᠭᠡ ᠬᠦᠷᠢᠶ᠎ᠡ ᠴᠠᠷ᠎ᠠ ᠳᠤ ᠢᠳᠡᠪᠬᠢᠳᠡᠢ ᠦᠢᠯᠡᠳᠦᠯ ᠦᠵᠡᠭᠦᠯᠬᠦ ᠶᠢ ᠭᠦᠢᠴᠡᠤᠨ | ᠪᠠᠳᠠᠷᠠᠭᠤᠯᠵᠤ᠂ ᠲᠤᠮᠤ ᠳ᠋ᠠᠶᠢᠲ᠋ᠠ ᠶᠢᠨ ᠬᠦᠭᠵᠢᠯᠳᠡ ᠶᠢᠨ ᠠᠪᠴᠢᠷᠠᠵᠤ ᠦᠭᠭᠦᠭᠰᠡᠨ ᠠᠰᠢᠬ ᠲᠤᠰᠠ ᠶᠢ ᠤᠯᠠᠨ | ᠲᠦᠮᠡᠨ ᠳᠤ ᠬᠠᠮᠳᠤᠪᠠᠷ ᠡᠳ᠋ᠯᠡᠭᠦᠯᠬᠦ ᠬᠡᠷᠡᠭᠳᠡᠢ︔ ᠲᠤᠮᠤ ᠳ᠋ᠠᠶᠢᠲ᠋ᠠ ᠶᠢ ᠤᠯᠤᠰ ᠢ ᠵᠠᠰᠠᠯᠳᠡ ᠶᠢᠨ ᠪᠤᠳᠤᠯᠭ᠎ᠠ ᠶᠢᠨ | ᠲᠤᠮᠳᠠᠬᠢ ᠴᠢᠬᠤᠯᠠ ᠦᠢᠯᠡᠳᠦᠯ ᠢ ᠭᠦᠢᠴᠡᠤᠨ ᠪᠠᠳᠠᠷᠠᠭᠤᠯᠵᠤ᠂ ᠵᠠᠰᠠᠬ ᠤᠨ ᠤᠷᠳᠤᠨ ᠤ ᠰᠢᠢᠤᠨᠪᠦᠷᠢᠳᠦ ᠪᠤᠳᠤᠯᠭ᠎ᠠ | ᠭᠠᠷᠭᠠᠬᠤ ᠳᠤ ᠰᠢᠨᠵᠢᠯᠡᠬᠦ ᠤᠬᠠᠭᠠᠨᠴᠢ ᠪᠠᠶᠢᠬᠤ᠂ ᠨᠡᠶᠢᠭᠡᠮ ᠢ ᠵᠠᠰᠠᠬᠤ ᠳᠤ ᠤᠨᠤᠪᠴᠢᠳᠡᠢ ᠪᠠᠶᠢᠬᠤ᠂ ᠨᠡᠶᠢᠳᠡ ᠶᠢᠨ | ᠦᠢᠯᠡᠴᠢᠯᠡᠭᠡ ᠦᠨᠳᠦᠷ ᠦᠷ᠎ᠡ ᠪᠦᠳᠦᠮᠵᠢᠳᠡᠢ ᠪᠠᠶᠢᠬᠤ ᠶᠢ ᠠᠬᠢᠭᠤᠯᠵᠤ᠂ ᠮᠡᠳᠡᠭᠡ ᠵᠠᠩᠭᠢ ᠶᠢᠨ ᠬᠦᠭᠵᠢᠯᠳᠡ ᠶᠢᠨ | ᠦᠷ᠎ᠡ ᠪᠦᠳᠦᠭᠡᠯ ᠢ ᠪᠦᠬᠦ ᠠᠷᠠᠤᠨ ᠲᠤ ᠡᠳ᠋ᠯᠡᠭᠦᠯᠬᠦ ᠬᠡᠷᠡᠭᠳᠡᠢ᠃ | ᠭᠤᠷᠪᠠ ᠳᠤ᠂ ᠰᠦᠯᠵᠢᠶ᠎ᠡ ᠶᠢᠨ ᠠᠮᠤᠷ ᠲᠦᠪᠰᠢᠨ ᠢ ᠪᠠᠳᠤᠯᠠᠬᠤ ᠲᠠᠭᠤᠷᠢᠶᠠᠯ ᠤᠷᠤᠨ ᠢ ᠪᠦᠳᠦᠭᠡᠨ | ᠪᠠᠶᠢᠭᠤᠯᠬᠤ ᠬᠡᠷᠡᠭᠳᠡᠢ᠃ ᠬᠦᠰᠡᠬᠦ ᠨᠢ᠂ ᠦᠪᠦᠷ ᠮᠤᠩᠭᠤᠯ ᠠᠮᠤᠷ ᠲᠦᠪᠰᠢᠨ ᠪᠤᠯᠤᠨ ᠬᠦᠭᠵᠢᠯᠳᠡ ᠶᠢ ᠬᠠᠮᠳᠤ ᠳ᠋ᠤᠢ | ᠴᠢᠬᠤᠯᠠᠴᠢᠯᠠᠬᠤ ᠶᠢ ᠪᠠᠷᠢᠮᠳᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠡᠬᠡ ᠤᠯᠤᠰ ᠤᠨ ᠤᠮᠠᠷᠠᠳᠤ | ᠬᠢᠯᠢ ᠶᠢᠨ ᠠᠮᠤᠷ ᠲᠤᠬᠳᠠᠭᠤᠨ ᠢ ᠬᠠᠮᠠᠭᠠᠯᠠᠬᠤ ᠬᠠᠯᠬᠠᠪᠴᠢ ᠶᠢ ᠪᠠᠳᠤ ᠪᠠᠬᠢ ᠪᠠᠶᠢᠭᠤᠯᠬᠤ ᠬᠡᠷᠡᠭᠳᠡᠢ︾ ᠭᠡᠰᠡᠨ | ᠱᠠᠭᠠᠷᠳᠠᠯᠭ᠎ᠠ ᠶᠤᠰᠤᠭᠠᠷ ᠲᠤᠮᠤ ᠳ᠋ᠠᠶᠢᠲ᠋ᠠ ᠶᠢᠨ ᠪᠠᠳᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ | ᠲᠤᠷᠰᠢᠯᠳᠠ ᠶᠢᠨ ᠤᠷᠤᠨ ᠢ ᠰᠦᠯᠵᠢᠶ᠎ᠡ ᠶᠢᠨ ᠠᠮᠤᠷ ᠲᠦᠪᠰᠢᠨ ᠢ ᠪᠠᠳᠤᠯᠠᠬᠤ ᠲᠠᠭᠤᠷᠢᠶᠠᠯ ᠤᠷᠤᠨ ᠪᠤᠯᠭᠠᠨ | ᠪᠦᠳᠦᠭᠡᠨ ᠪᠠᠶᠢᠭᠤᠯᠬᠤ ᠬᠡᠷᠡᠭᠳᠡᠢ᠃ | | ᠲᠤᠮᠤ ᠳ᠋ᠡᠶᠢᠲ᠋ᠠ ᠶᠢᠨ ᠬᠦᠭᠵᠢᠯᠳᠡ ᠬᠡᠷᠡᠭᠯᠡᠭᠡ ᠶᠢ ᠲᠦᠷᠭᠡᠳᠭᠡᠬᠦ ᠴᠢᠬᠤᠯᠠ ᠶᠡᠭᠡ ᠠᠵᠠ ᠲᠤᠬᠢᠶᠠᠯ ᠢ | ᠯᠠᠪᠳᠠᠭᠤᠨ ᠪᠠᠲᠤᠲᠠᠢ ᠡᠵᠡᠮᠳᠡᠶ᠎ᠡ | | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠲᠡᠳ᠋ ᠰᠠᠶᠢᠳ ᠯᠢ ᠮᠸᠡᠭ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠬᠠᠮᠢᠶ᠎ᠠ ᠪᠦᠬᠦᠢ ᠶᠠᠮᠤᠨ ᠵᠦᠪᠯᠡᠯ ᠯᠦᠭᠡ ᠬᠤᠯᠪᠤᠭᠠᠯᠠᠨ | ᠲᠤᠰ ᠤᠳᠠᠭᠠᠨ ᠤ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ ᠨᠢ᠂ ᠲᠠᠪᠤᠨ ᠶᠡᠭᠡ | ᠬᠦᠭᠵᠢᠯᠲᠡ ᠶᠢᠨ ᠤᠨᠤᠯᠵᠢᠬᠤᠨ ᠢ ᠦᠢᠯᠡᠳᠦᠯᠭᠡᠵᠢᠭᠦᠯᠵᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠳᠡ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠭᠦᠯᠤᠨ | ᠬᠦᠭᠵᠢᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠡᠶᠢᠨᠬᠦ ᠲᠤᠤᠷ᠎ᠠ ᠪᠢ ᠭᠤᠷᠪᠠᠨ ᠲᠠᠯ᠎ᠠ ᠶᠢᠨ | ᠲᠠᠨᠢᠯᠳᠠ ᠪᠠᠨ ᠲᠠ ᠪᠦᠬᠦᠨ ᠲᠠᠢ ᠬᠤᠪᠢᠶᠠᠯᠴᠠᠶ᠎ᠠ᠃ | ᠨᠢᠭᠡ ᠳᠤ᠂ ᠲᠤᠮᠤ ᠳ᠋ᠡᠶᠢᠲ᠋ᠠ ᠶᠢᠨ ᠬᠦᠭᠵᠢᠯᠲᠡ ᠶᠢᠨ ᠠᠵᠠ ᠲᠤᠬᠢᠶᠠᠯ ᠢ ᠭᠦᠢᠴᠡᠳ ᠠᠰᠢᠬᠯᠠᠬᠤ ᠬᠡᠷᠡᠭᠲᠡᠢ᠃ | ᠦᠨᠦᠳᠦᠷ ᠬᠦᠮᠦᠨ ᠲᠦᠷᠦᠯᠬᠢᠳᠡᠨ ᠶᠠᠭ ᠰᠠᠶ᠋ᠢᠬᠠᠨ ᠲᠤᠭ᠎ᠠ ᠪᠠᠷᠢᠮᠳᠠ ᠪᠠᠷ ᠬᠦᠳᠡᠯᠭᠡᠭᠴᠢ ᠬᠦᠴᠦᠨ ᠪᠤᠯᠭᠠᠭᠰᠠᠨ ᠴᠠᠭ | ᠦᠶ᠎ᠡ ᠳᠤ ᠤᠷᠤᠵᠤ ᠪᠤᠢ᠃ ᠲᠤᠮᠤ ᠳ᠋ᠡᠶᠢᠲ᠋ᠠ ᠨᠢ ᠤᠳᠤ ᠨᠢᠭᠡᠨᠲᠡ ᠤᠯᠤᠰ ᠤᠨ ᠰᠠᠭᠤᠷᠢ ᠪᠠᠶᠢᠯᠳᠤᠬᠤ | ᠪᠤᠳᠤᠯᠭ᠎ᠠ ᠶᠢᠨ ᠡᠬᠢ ᠪᠠᠶᠠᠯᠢᠭ ᠪᠠ ᠭᠤᠤᠯ ᠪᠤᠯᠬᠤ ᠰᠢᠨ᠎ᠡ ᠶᠢ ᠡᠭᠦᠳᠭᠦ ᠡᠯᠧᠮᠧᠨ᠋ᠲ ᠪᠤᠯᠤᠨ ᠭᠦᠭᠵᠢᠵᠤ᠂ ᠲᠤᠭ᠎ᠠ | ᠪᠠᠷᠢᠮᠳᠠ ᠪᠠᠷ ᠬᠦᠳᠡᠯᠭᠡᠭᠦ ᠬᠦᠴᠦ ᠪᠤᠯᠭᠠᠬᠤ ᠨᠢ ᠤᠳᠤᠬᠠᠨ ᠤ ᠪᠦᠬᠦ ᠪᠦᠮᠪᠦᠷᠴᠡᠭ ᠤᠨ ᠬᠠᠨᠳᠤᠰᠢ ᠬᠡᠯᠪᠡᠷᠢᠯ ᠪᠤᠯᠵᠠᠢ᠃ | ᠲᠤᠮᠤ ᠳ᠋ᠡᠶᠢᠲ᠋ᠠ ᠶᠢᠨ ᠬᠦᠭᠵᠢᠯᠲᠡ ᠪᠠ ᠬᠡᠷᠡᠭᠯᠡᠭᠡ ᠶᠢ ᠲᠦᠷᠭᠡᠳᠭᠡᠬᠦ ᠨᠢ ᠵᠦᠪᠬᠡᠨ ᠦᠢᠯᠡᠳᠪᠦᠷᠢᠯᠡᠯ ᠤᠨ ᠦᠷ᠎ᠡ | ᠠᠰᠢᠭ ᠢ ᠲᠡᠭᠡᠭᠰᠢᠯᠡᠭᠦᠯᠬᠦ᠂ ᠨᠡᠶᠢᠭᠡᠮ ᠤᠨ ᠢᠳᠡᠪᠬᠢᠵᠢᠯ ᠢ ᠬᠦᠭᠵᠢᠭᠡᠬᠦ᠂ ᠠᠵᠤ ᠠᠬᠤᠢ ᠶᠢᠨ ᠨᠡᠮᠡᠭᠳᠡᠯ ᠢ ᠠᠬᠢᠭᠤᠯᠬᠤ | ᠪᠠ ᠠᠵᠤ ᠦᠢᠯᠡᠰ ᠤᠨ ᠪᠦᠲᠦᠴᠡ ᠶᠢ ᠬᠤᠪᠢᠷᠠᠭᠤᠯᠬᠤ ᠳᠤ ᠠᠰᠢᠭᠲᠠᠢ ᠪᠠᠷ ᠦᠯᠦ ᠪᠠᠷᠠᠮ ᠪᠠᠶᠢᠭᠤᠯᠤᠮᠵᠢ | ᠲᠤᠭᠳᠠᠴᠠ ᠶᠢᠨ ᠬᠦᠯᠢᠶᠡᠰᠦᠯᠡᠯ ᠢ ᠡᠪᠳᠡᠬᠦ᠂ ᠵᠠᠰᠠᠭ ᠤᠨ ᠤᠷᠳᠤᠨ ᠤ ᠴᠢᠳᠠᠪᠬᠢ ᠶᠢᠨ ᠬᠤᠪᠢᠷᠠᠯᠳᠠ ᠶᠢ ᠠᠬᠢᠭᠤᠯᠬᠤ᠂ | ᠵᠠᠰᠠᠭ ᠤᠨ ᠤᠷᠳᠤᠨ ᠤ ᠵᠠᠰᠠᠭ ᠪᠠᠷᠢᠬᠤ ᠴᠢᠳᠠᠪᠤᠷᠢ ᠶᠢ ᠲᠡᠭᠡᠭᠰᠢᠯᠡᠬᠦᠯᠬᠦ ᠳᠤ ᠴᠤ ᠠᠰᠢᠭᠲᠠᠢ ᠶᠤᠮ᠃ | ᠬᠤᠶᠠᠷ ᠲᠤ᠂ ᠲᠤᠮᠤ ᠳ᠋ᠡᠶᠢᠲ᠋ᠠ ᠶᠢᠨ ᠬᠦᠭᠵᠢᠯᠲᠡ ᠶᠢᠨ ᠬᠡᠳᠦᠨ ᠴᠢᠬᠤᠯᠠ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠬᠦᠭᠵᠢᠬᠦᠯᠭᠦ ᠶᠢ ᠴᠢᠩᠭ᠎ᠠ ᠠᠳᠬᠤᠬᠤ | ᠬᠡᠷᠡᠭᠲᠡᠢ᠃ ᠲᠤᠷᠰᠢᠯᠳᠠ ᠶᠢᠨ ᠤᠷᠤᠨ ᠤ ᠮᠡᠷᠭᠡᠵᠢᠯ ᠤᠨ ᠰᠢᠨᠡᠴᠢᠯᠡᠯᠲᠡ ᠶᠢᠨ ᠡᠬᠢ ᠡᠭᠦᠰᠪᠦᠷᠢ ᠶᠢᠨ ᠦᠢᠯᠡᠳᠦᠯ ᠢᠶᠠᠨ | ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠶᠢ ᠡᠭᠦᠳᠬᠦ ᠰᠤᠳᠤᠯᠭᠠᠨ ᠤ ᠰᠢᠰᠲ᠋ᠧᠮᠵᠢ ᠶᠢ ᠪᠦᠷᠢᠨᠰᠢᠭᠦᠯᠵᠦ᠂ | ᠲᠤᠮᠤ ᠳ᠋ᠡᠶᠢᠲ᠋ᠠ ᠶᠢ ᠠᠭᠤᠳᠠᠯᠤᠨ ᠨᠡᠭᠡᠭᠡᠬᠦ᠂ ᠵᠠᠳᠠᠯᠤᠯᠳᠠ ᠬᠢᠬᠦ᠂ ᠬᠠᠳᠠᠭᠠᠯᠠᠬᠤ᠂ ᠰᠢᠢᠳᠪᠦᠷᠢᠯᠡᠬᠦ᠂ ᠭᠦᠢᠯᠭᠡᠭᠡᠨ ᠳᠤ | ᠠᠰᠢᠬᠯᠠᠬᠤ᠂ ᠠᠮᠤᠷ ᠲᠦᠪᠰᠢᠨ ᠵᠡᠷᠭᠡ ᠲᠠᠯ᠎ᠠ ᠶᠢ ᠮᠡᠷᠭᠡᠵᠢᠯ ᠪᠠ ᠪᠠᠷᠢᠮᠵᠢᠶᠠᠲᠤ ᠨᠡᠭᠡᠭᠡᠯᠲᠡ ᠬᠢᠬᠦ ᠶᠢ ᠲᠠᠰᠤᠷᠠᠯᠳᠠ | ᠦᠭᠡᠢ ᠴᠢᠩᠭᠠᠳᠬᠠᠵᠤ᠂ ᠮᠡᠷᠭᠡᠵᠢᠯ ᠤᠨ ᠰᠢᠨ᠎ᠠ ᠦᠨᠳᠦᠷᠴᠡ ᠪᠠ ᠠᠵᠤ ᠦᠢᠯᠡᠰ ᠤᠨ ᠬᠠᠮᠢᠶ᠎ᠠ ᠪᠦᠬᠦᠢ | ᠭᠤᠭᠴᠤᠭ᠎ᠠ ᠶᠢ ᠬᠦᠳᠡᠯᠦᠩᠭᠦᠢ ᠪᠠᠷ ᠡᠵᠡᠮᠳᠡᠬᠦ ᠬᠡᠷᠡᠭᠲᠡᠢ᠃ ᠲᠤᠮᠤ ᠳ᠋ᠡᠶᠢᠲ᠋ᠠ ᠶᠢᠨ ᠴᠢᠳᠠᠪᠤᠷᠢᠳᠠᠨ ᠤ ᠡᠩᠨᠡᠭᠡ ᠶᠢ | ᠬᠦᠮᠦᠵᠢᠭᠦᠯᠬᠦ ᠬᠡᠷᠡᠭᠲᠡᠢ᠃ ᠲᠡᠭᠡᠲᠤ ᠰᠤᠷᠭᠠᠭᠤᠯᠢ ᠪᠠ ᠰᠤᠳᠤᠯᠭᠠᠨ ᠤ ᠪᠠᠶᠢᠭᠤᠯᠤᠮᠵᠢ ᠳᠤ ᠨᠢᠭᠡ ᠪᠦᠯᠦᠭ ᠡᠯ᠎ᠠ ᠲᠡᠰ | ᠲᠠᠪᠬᠤᠷᠭ᠎ᠠ ᠳᠤ ᠲᠤᠬᠢᠷᠠᠯᠴᠠᠬᠤ ᠲᠤᠮᠤ ᠳ᠋ᠡᠶᠢᠲ᠋ᠠ ᠶᠢᠨ ᠴᠢᠳᠠᠪᠤᠷᠢᠳᠠᠨ ᠢ ᠬᠦᠮᠦᠵᠢᠭᠦᠯᠬᠦ ᠲᠦᠷᠦᠯ ᠵᠦᠢᠯ | ᠲᠤᠭᠳᠠᠭᠠᠬᠤ ᠶᠢ ᠠᠬᠢᠭᠤᠯᠵᠤ᠂ ᠬᠦᠴᠦᠷᠬᠡᠭ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠤᠯᠤᠨ ᠬᠡᠷᠡᠭᠯᠡᠭᠡᠨ ᠤ | ᠮᠡᠷᠭᠡᠵᠢᠯ ᠤᠨ ᠴᠢᠳᠠᠪᠤᠷᠢᠳᠠᠨ ᠤ ᠡᠩᠨᠡᠭᠡ ᠶᠢ ᠲᠦᠷᠭᠡᠳᠭᠡᠨ ᠪᠦᠷᠢᠯᠳᠦᠭᠦᠯᠬᠦ ᠬᠡᠷᠡᠭᠲᠡᠢ᠃ ᠲᠤᠭ᠎ᠠ ᠪᠠᠷᠢᠮᠳᠠ ᠶᠢᠨ ᠡᠬᠢ | ᠪᠠᠶᠠᠯᠢᠭ ᠤᠨ ᠬᠦᠮᠦᠷᠭᠡ ᠶᠢᠨ ᠪᠠᠶᠢᠭᠤᠯᠤᠯᠳᠠ ᠶᠢ ᠴᠢᠩᠭ᠎ᠠ ᠠᠳᠬᠤᠬᠤ ᠬᠡᠷᠡᠭᠲᠡᠢ᠃ | ᠭᠤᠷᠪᠠ ᠳᠤ᠂ ᠲᠤᠮᠤ ᠳ᠋ᠡᠶᠢᠲ᠋ᠠ ᠶᠢᠨ ᠭᠦᠨᠵᠡᠭᠡᠢ ᠬᠡᠷᠡᠭᠯᠡᠭᠡᠨ ᠢ ᠠᠬᠢᠭᠤᠯᠬᠤ ᠬᠡᠷᠡᠭᠲᠡᠢ᠃ ᠵᠠᠩᠭᠢᠯᠭ᠎ᠠ ᠶᠢᠨ | ᠵᠢᠱᠢᠶ᠎ᠠ ᠦᠵᠡᠭᠦᠯᠬᠦ ᠢᠨᠵᠧᠨᠧᠷᠢᠩ ᠢ ᠢᠳᠡᠪᠬᠢᠲᠡᠢ ᠦᠷᠨᠢᠭᠦᠯᠵᠦ᠂ ᠲᠤᠭ᠎ᠠ ᠪᠠᠷᠢᠮᠳᠠ ᠶᠢᠨ ᠬᠤᠷᠠᠮᠳᠤᠭᠤᠯᠭ᠎ᠠ ᠡᠯᠪᠡᠭ | ᠂ ᠲᠤᠬᠠᠢᠢᠯᠠᠭᠰᠠᠨ ᠴᠢᠨᠠᠷ ᠢᠶᠠᠷ ᠦᠨᠳᠦᠷ᠂ ᠬᠠᠮᠲᠤᠪᠡᠷ ᠠᠰᠢᠬᠯᠠᠬᠤ ᠳᠤ ᠬᠠᠷᠢᠴᠠᠩᠭᠤᠢ ᠲᠦᠬᠦᠮ ᠪᠠᠶᠢᠳᠠᠭ ᠴᠠᠬᠢᠯᠭᠠᠨ | ᠬᠦᠴᠦ᠂ ᠵᠠᠮ ᠬᠠᠷᠢᠯᠴᠠᠭ᠎ᠠ᠂ ᠮᠦᠡᠭᠭᠦᠨ ᠭᠦᠢᠯᠭᠡᠭᠡ᠂ ᠢᠨᠲ᠋ᠧᠷ ᠰᠦᠯᠵᠢᠶ᠎ᠡ᠂ ᠦᠢᠯᠡᠳᠭᠡᠯ ᠤᠨ ᠦᠢᠯᠡᠰ ᠵᠡᠷᠭᠡ | ᠬᠦᠷᠢᠶ᠎ᠡ ᠴᠡᠷ᠎ᠠ ᠳᠤ ᠤᠷᠢᠳᠠᠪᠡᠷ ᠵᠢᠱᠢᠶ᠎ᠠ ᠦᠵᠡᠭᠦᠯᠦᠨ ᠠᠰᠢᠬᠯᠠᠵᠤ᠂ ᠪᠦᠬᠦ ᠲᠠᠯ᠎ᠠ ᠪᠠᠷ ᠬᠦᠭᠵᠢᠭᠦᠯᠬᠦ ᠶᠢ ᠠᠬᠢᠭᠤᠯᠬᠤ | ᠬᠡᠷᠡᠭᠲᠡᠢ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠲᠤᠮᠤ ᠳ᠋ᠡᠶᠢᠲ᠋ᠠ ᠶᠢᠨ ᠠᠵᠤ ᠦᠢᠯᠡᠰ ᠢ | ᠬᠦᠮᠦᠵᠢᠭᠦᠯᠤᠨ ᠪᠤᠢ ᠪᠤᠯᠭᠠᠬᠤ ᠨᠢ ᠤᠯᠤᠰ ᠤᠨ ᠠᠮᠤᠷ ᠲᠦᠪᠰᠢᠨ ᠤ ᠪᠠᠶᠢᠭᠤᠯᠤᠯᠳᠠ ᠪᠠ ᠠᠮᠢ ᠠᠬᠤᠢ ᠶᠢᠨ | ᠬᠠᠯᠠᠬᠠᠪᠴᠢ ᠶᠢ ᠴᠤᠭᠴᠠᠯᠠᠬᠤ ᠳᠤ ᠬᠦᠨᠳᠤ ᠴᠢᠬᠤᠯᠠ ᠠᠴᠢ ᠬᠤᠯᠪᠤᠭᠳᠠᠯ ᠲᠠᠢ᠂ ᠰᠢᠨᠵᠢᠯᠡᠬᠦ ᠤᠬᠠᠭᠠᠨᠴᠢ | ᠬᠦᠭᠵᠢᠯᠲᠡ ᠶᠢᠨ ᠲᠦᠯᠦᠪᠵᠢᠭᠦᠯᠭᠡ ᠲᠤᠭᠳᠠᠭᠠᠵᠤ᠂ ᠲᠠᠪᠠᠭᠤᠯᠢᠭ ᠨᠦᠬᠦᠴᠡᠯ ᠢᠶᠠᠷ ᠡᠬᠢ ᠪᠠᠶᠠᠯᠢᠭ ᠢ | ᠬᠤᠷᠠᠮᠳᠤᠭᠤᠯᠵᠤ᠂ ᠬᠡᠷᠡᠭᠯᠡᠭᠡ ᠪᠠᠷ ᠬᠦᠭᠵᠢᠯᠳᠡ ᠶᠢ ᠲᠠᠶᠢᠴᠢᠯᠠᠬᠤ ᠬᠡᠷᠡᠭᠲᠡᠢ᠃ | |