ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ | ᠲᠣᠭᠲᠠᠭᠠᠭᠰᠠᠨ ︽ᠰᠤᠷᠭᠠᠭᠤᠯᠢ ᠶᠢᠨ ᠪᠡᠶ᠎ᠡ ᠶᠢᠨ ᠲᠠᠮᠢᠷ ᠢ ᠴᠢᠩᠭᠠᠳᠬᠠᠨ ᠰᠤᠷᠤᠭᠴᠢᠳ ᠤᠨ ᠪᠡᠶ᠎ᠡ ᠰᠡᠳᠬᠢᠯ ᠤᠨ | ᠡᠷᠡᠭᠦᠯ ᠮᠡᠨᠳᠦ ᠶᠢᠨ ᠪᠦᠬᠦ ᠲᠠᠯ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ︵ | ᠳᠣᠷᠣᠭᠰᠢ ︽ᠬᠡᠷᠡᠭᠵᠢᠬᠦᠯᠬᠦ ᠲᠥᠰᠦᠯ︾ ᠭᠡᠵᠦ ᠲᠣᠪᠴᠢᠯᠠᠨ᠎ᠠ︶ ᠢ ᠣᠷᠴᠢᠮᠬᠠᠨ ᠠᠯᠪᠠᠨ ᠶᠣᠰᠣᠭᠠᠷ ᠨᠡᠶᠢᠲᠡᠯᠡᠪᠡ᠃ | ᠲᠤᠰ ︽ᠬᠡᠷᠡᠭᠵᠢᠬᠦᠯᠬᠦ ᠲᠥᠰᠦᠯ︾ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠰᠤᠷᠤᠭᠴᠢᠳ ᠡᠳᠦᠷ | ᠪᠦᠷᠢ ᠰᠤᠷᠭᠠᠭᠤᠯᠢ ᠶᠢᠨ ᠬᠦᠷᠢᠶᠡᠨ ᠳᠡᠭᠡᠨ ᠨᠢᠭᠡ ᠴᠠᠭ ᠤᠨ ᠪᠡᠶ᠎ᠡ ᠶᠢᠨ ᠲᠠᠮᠢᠷ ᠤᠨ ᠬᠦᠳᠡᠯᠬᠡᠬᠡᠨ ᠳᠤ ᠤᠷᠤᠯᠴᠠᠬᠤ | ᠬᠡᠷᠡᠭᠲᠠᠢ︾ ᠭᠡᠰᠡᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠯᠠᠳᠠ᠂ 2016 ᠣᠨ ᠤ ᠨᠠᠮᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ | ᠰᠤᠷᠭᠠᠭᠤᠯᠢ ᠳᠤ ᠡᠳᠦᠷ ᠪᠦᠷᠢ ᠨᠢᠭᠡ ︽ᠪᠡᠶ᠎ᠡ ᠶᠢᠨ ᠲᠠᠮᠢᠷ ᠤᠨ ᠬᠢᠴᠢᠶᠡᠯ︾ ᠤᠷᠤᠬᠤ ᠠᠵᠢᠯ ᠢ ᠠᠯᠬᠤᠮ | ᠠᠯᠬᠤᠮ ᠢᠶᠠᠷ ᠲᠦᠯᠬᠢᠨ ᠠᠬᠢᠭᠤᠯᠬᠤ ᠬᠡᠷᠡᠭᠲᠠᠢ︔ 2017 ᠣᠨ ᠳᠤ᠂ ᠡᠯ᠎ᠡ ᠰᠤᠷᠤᠯᠭ᠎ᠠ ᠶᠢᠨ ᠱᠠᠲᠤᠨ ᠳᠤ | ᠨᠠᠭᠠᠳᠤ ᠵᠠᠬ᠎ᠠ ᠳᠠᠭᠠᠨ ᠨᠢᠭᠡ ᠪᠡᠶ᠎ᠡ ᠶᠢᠨ ᠲᠠᠮᠢᠷ ᠤᠨ ᠬᠢᠴᠢᠶᠡᠯ ᠢ ᠨᠡᠮᠡᠵᠦ ᠲᠤᠬᠢᠷᠠᠭᠤᠯᠬᠤ ᠬᠡᠷᠡᠭᠲᠠᠢ︔ 2020 ᠣᠨ | ᠪᠣᠯᠬᠤ ᠳᠤ᠂ ᠡᠯ᠎ᠡ ᠰᠤᠷᠤᠯᠭ᠎ᠠ ᠶᠢᠨ ᠱᠠᠲᠤᠨ ᠳᠤ ᠭᠠᠷᠠᠭ ᠪᠦᠷᠢ ᠲᠠᠪᠤᠨ ᠪᠡᠶ᠎ᠡ ᠶᠢᠨ ᠲᠠᠮᠢᠷ ᠤᠨ ᠬᠢᠴᠢᠶᠡᠯ | ᠤᠷᠤᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠠᠢ ᠬᠡᠵᠤ ᠲᠤᠲᠤᠷᠬᠠᠶᠢᠯᠠᠪᠠ᠃ ︽ᠬᠡᠷᠡᠭᠵᠢᠬᠦᠯᠬᠦ ᠲᠥᠰᠦᠯ︾ ᠳᠤ | ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠤ ᠡᠯ᠎ᠡ ᠰᠤᠷᠭᠠᠭᠤᠯᠢ ᠨᠤᠭᠤᠳ ᠪᠠᠭ᠎ᠠ ᠰᠤᠷᠭᠠᠭᠤᠯᠢ ᠶᠢᠨ | ᠰᠤᠷᠤᠯᠭ᠎ᠠ ᠶᠢᠨ ᠱᠠᠲᠤᠨ ᠠᠴᠠ ᠡᠬᠢᠯᠡᠨ ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠤᠨ ᠲᠤᠭ᠎ᠠ ᠶᠢ ᠠᠯᠬᠤᠮ | ᠠᠯᠬᠤᠮ ᠢᠶᠠᠷ ᠨᠡᠮᠡᠭᠳᠡᠭᠦᠯᠬᠦ ᠬᠡᠷᠡᠭᠲᠡᠶ᠃ ᠲᠤᠬᠠᠶᠢᠯᠠᠪᠠᠯ 1 — 2 ᠳ᠋ᠤᠭᠠᠷ ᠣᠨ ᠳᠤ ᠭᠠᠷᠠᠭ ᠪᠦᠷᠢ 4 ᠬᠢᠴᠢᠶᠡᠯ | ᠪᠠᠶᠢᠭᠰᠠᠨ ᠠᠴᠠ ᠨᠢ 5 ᠬᠢᠴᠢᠶᠡᠯ ᠪᠤᠯᠭᠠᠨ ᠨᠡᠮᠡᠭᠳᠡᠭᠦᠯᠵᠤ᠂ 3 —9 ᠳ᠋ᠤᠭᠡᠷ ᠤᠨ ᠳᠤ ᠭᠠᠷᠠᠭ ᠪᠦᠷᠢ 3 | ᠬᠢᠴᠢᠶᠡᠯ ᠪᠠᠶᠢᠭᠰᠠᠨ ᠠᠴᠠ ᠨᠢ 5 ᠬᠢᠴᠢᠶᠡᠯ ᠪᠤᠯᠭᠠᠨ ᠨᠡᠮᠡᠭᠳᠡᠭᠦᠯᠵᠤ᠂ 10 — 12 ᠳ᠋ᠤᠭᠠᠷ ᠣᠨ ᠳᠤ ᠭᠠᠷᠠᠭ | ᠪᠦᠷᠢ 2 ᠬᠢᠴᠢᠶᠡᠯ ᠪᠠᠶᠢᠭᠰᠠᠨ ᠠᠴᠠ ᠨᠢ 5 ᠬᠢᠴᠢᠶᠡᠯ ᠪᠤᠯᠭᠠᠨ ᠨᠡᠮᠡᠭᠳᠡᠭᠦᠯᠬᠦ ᠬᠡᠷᠡᠭᠲᠠᠢ᠃ ᠶᠡᠭᠡ ᠳᠡᠭᠡᠳᠦ | ᠰᠤᠷᠭᠠᠭᠤᠯᠢ ᠨᠢ ᠬᠢᠴᠢᠶᠡᠯ ᠬᠥᠮᠦᠵᠢᠯ ᠤᠨ ᠵᠢᠭᠠᠨ ᠰᠤᠷᠭᠠᠯᠲᠠ ᠪᠠᠷ ᠭᠤᠤᠯᠯᠠᠭᠤᠯᠵᠤ᠂ ᠤᠯᠠᠨ ᠵᠦᠢᠯ ᠤᠨ | ᠬᠡᠯᠪᠡᠷᠢ ᠪᠠᠷ ᠰᠤᠷᠤᠭᠴᠢᠳ ᠢ ᠵᠣᠬᠢᠶᠠᠨ ᠪᠠᠶᠢᠭᠤᠯᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠶ | ᠤᠷᠤᠯᠴᠠᠭᠤᠯᠬᠤ ᠶᠢᠨ ᠬᠠᠮᠲᠤ ᠪᠤᠯᠪᠠᠰᠤᠷᠠᠬᠤ ᠴᠠᠭ᠂ ᠶᠠᠰᠤ ᠴᠢᠨᠠᠷ ᠢ ᠰᠤᠷᠤᠯᠭ᠎ᠠ ᠶᠢᠨ ᠬᠤᠪᠢ ᠲᠠᠢ ᠨᠢ | ᠬᠤᠯᠪᠤᠭᠳᠠᠭᠤᠯᠵᠤ᠂ ᠡᠳᠦᠷ ᠪᠦᠷᠢ ᠨᠢᠭᠡ ᠴᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠪᠤᠶᠤ ᠰᠣᠶᠣᠯ ᠲᠠᠮᠢᠷ ᠤᠨ | ᠬᠢᠴᠢᠶᠡᠯ ︵ᠬᠦᠳᠡᠯᠭᠡᠭᠡᠨ︶ ᠳᠤ ᠤᠷᠤᠯᠴᠠᠬᠤ ᠶᠢ ᠨᠢ ᠦᠨᠡᠨ ᠬᠦ ᠪᠠᠲᠤᠯᠠᠬᠤ ᠬᠡᠷᠡᠭᠲᠡᠶ ᠬᠡᠪᠡ᠃ |