ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠲᠥᠷᠢᠮ ᠤᠨ ᠥᠭᠡᠷᠡᠴᠢᠯᠡᠯᠲᠡ ᠥᠪᠥᠷ ᠮᠣᠩᠭᠤᠯ ᠳᠤ ᠤᠷᠤᠭᠰᠢᠲᠠᠶ ᠠᠬᠢᠵᠤ ᠪᠤᠢ
ᠨᠡᠶᠢᠲᠡᠯᠡᠭᠰᠡᠨ ᠴᠠᠭ᠄
2016/11/9
      8 ᠵᠢᠯ ᠲᠤᠷᠰᠢᠲᠠ ᠡᠷᠳᠡᠨᠢ ᠰᠢᠰᠢ ᠶᠢ ᠲᠦᠷ ᠴᠠᠭ ᠨᠥᠭᠡᠴᠡᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠡᠳ᠂ ᠪᠦᠷᠢᠮᠦᠰᠦᠨ ᠵᠠᠬ᠎ᠠ ᠳᠡᠯᠭᠡᠭᠦᠷᠴᠢᠯᠡᠯᠲᠡ ᠳᠤ ᠣᠷᠣᠭᠰᠠᠨ ᠢ ᠳᠠᠭᠠᠯᠳᠤᠨ᠂ ᠡᠨᠡ ᠵᠢᠯ ᠥᠪᠥᠷ ᠮᠣᠩᠭᠤᠯ ᠤᠨ ᠡᠷᠳᠡᠨᠢ ᠰᠢᠰᠢ ᠬᠤᠳᠠᠯᠳᠤᠨ ᠠᠪᠬᠤ ᠦᠨ᠎ᠡ ᠬᠠᠩᠰᠢ ᠨᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠳᠠᠭᠠᠵᠤ᠂ ᠦᠨ᠎ᠡ ᠬᠠᠩᠰᠢ ᠶᠢᠨ ᠥᠰᠥᠯᠲᠡ ᠪᠠᠭᠤᠷᠠᠯᠲᠠ ᠨᠢ ᠵᠠᠬ᠎ᠠ ᠳᠡᠯᠭᠡᠭᠦᠷ ᠤᠨ ᠬᠡᠪ ᠤᠨ ᠪᠠᠶᠢᠳᠠᠯ ᠪᠣᠯᠪᠠ᠃ ᠥᠩᠭᠡᠷᠡᠭᠰᠡᠨ ᠵᠢᠯ ᠤᠳ ᠲᠤ ᠤᠯᠤᠰ ᠠᠴᠠ ᠲᠦᠷ ᠴᠠᠭ ᠬᠤᠳᠠᠯᠳᠤᠨ ᠠᠪᠴᠤ ᠨᠥᠭᠡᠴᠡᠯᠡᠬᠦ ᠪᠠᠷ ᠡᠷᠳᠡᠨᠢ ᠰᠢᠰᠢ ᠶᠢᠨ ᠲᠠᠷᠢᠭᠴᠢᠳ ᠤᠨ ᠠᠰᠢᠭ ᠲᠤᠰᠠ ᠶᠢ ᠬᠠᠮᠠᠭᠠᠯᠠᠵᠤ ᠪᠠᠶᠢᠭᠰᠠᠨ ᠢᠶᠠᠨ᠂ ᠡᠨᠡ ᠵᠢᠯ ᠲᠥᠪ ᠤᠨ ᠡᠳ᠋ ᠤᠨ ᠵᠠᠰᠠᠭ ᠠᠴᠠ ᠡᠷᠳᠡᠨᠢ ᠰᠢᠰᠢ ᠶᠢᠨ ᠲᠠᠷᠢᠭᠴᠢᠳ ᠲᠤ ᠰᠢᠭᠤᠳ ᠨᠥᠬᠦᠪᠥᠷᠢ ᠥᠭᠬᠦ ᠪᠣᠯᠪᠠ᠃ ᠡᠭᠦᠨ ᠠᠴᠠ ᠭᠠᠳᠠᠨ᠎ᠠ᠂ ᠡᠨᠡ ᠵᠢᠯ ᠤᠨ ᠡᠷᠳᠡᠨᠢ ᠰᠢᠰᠢ ᠬᠤᠳᠠᠯᠳᠤᠨ ᠠᠪᠬᠤ ᠠᠵᠢᠯ ᠨᠢ ᠥᠩᠭᠡᠷᠡᠭᠰᠡᠨ ᠤ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠶᠢᠨ ᠶᠡᠷᠦᠩᠬᠡᠢ ᠺᠤᠮᠫᠠᠨᠢ ᠠᠴᠠ ᠤᠯᠤᠰ ᠢ ᠲᠥᠯᠥᠭᠡᠯᠡᠨ ᠲᠦᠷ ᠴᠠᠭ ᠬᠤᠳᠠᠯᠳᠤᠨ ᠠᠪᠴᠤ ᠨᠥᠭᠡᠴᠡᠯᠡᠬᠦ ᠪᠠᠷ ᠭᠤᠣᠯ ᠪᠣᠯᠭᠠᠵᠤ ᠪᠠᠶᠢᠭᠰᠠᠨ ᠢ ᠤᠯᠡᠨ ᠡᠰᠢᠵᠢᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠪᠡᠶ᠎ᠡ ᠪᠠᠨ ᠳᠠᠭᠠᠭᠠᠵᠤ ᠵᠠᠬ᠎ᠠ ᠳᠡᠯᠭᠡᠭᠦᠷ ᠲᠤ ᠣᠷᠣᠨ ᠬᠤᠳᠠᠯᠳᠤᠨ ᠠᠪᠬᠤ ᠪᠣᠯᠵᠤ᠂ ᠤᠯᠤᠰ ᠠᠴᠠ ᠲᠦᠷ ᠬᠤᠳᠠᠯᠳᠤᠨ ᠠᠪᠴᠤ ᠴᠠᠭ ᠨᠥᠭᠡᠴᠡᠯᠡᠬᠦ ᠪᠠᠨ ᠪᠣᠯᠢᠪᠠ᠃      ᠡᠷᠳᠡᠨᠢ ᠰᠢᠰᠢ ᠲᠠᠷᠢᠭᠴᠢᠳ ᠲᠤ ᠨᠥᠬᠦᠪᠥᠷᠢ ᠣᠯᠭᠤᠬᠤ ᠲᠦᠷᠦ ᠶᠢᠨ ᠪᠤᠳᠤᠯᠭ᠎ᠠ ᠨᠢ ︽ᠵᠠᠬ᠎ᠠ ᠳᠡᠯᠭᠡᠭᠦᠷ ᠢᠶᠠᠷ ᠦᠨ᠎ᠡ ᠲᠣᠭᠲᠠᠭᠠᠯᠭᠠᠬᠤ᠂ ᠦᠨ᠎ᠡ ᠨᠥᠬᠦᠪᠥᠷᠢ ᠶᠢ ᠰᠠᠯᠭᠠᠬᠤ᠂ ᠲᠣᠭᠲᠠᠭᠰᠠᠨ ᠨᠤᠷᠮ᠎ᠠ ᠪᠠᠷ ᠨᠥᠬᠦᠪᠥᠷᠢᠯᠡᠬᠦ᠂ ᠪᠦᠲᠦᠴᠡ ᠶᠢ ᠲᠣᠬᠢᠷᠠᠭᠤᠯᠬᠤ᠂ ᠢᠯᠡ ᠲᠣᠳᠣ ᠪᠠᠶᠢᠯᠭᠠᠬᠤ᠂ ᠬᠢᠨᠠᠯᠲᠠ ᠲᠠᠯᠪᠢᠬᠤ ᠶᠢ ᠴᠢᠩᠭᠠᠳᠬᠠᠬᠤ︾ ᠦᠨᠳᠦᠰᠦᠨ ᠵᠠᠷᠴᠢᠮ ᠢᠶᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠳᠠ ᠳᠤ ᠨᠥᠬᠦᠪᠥᠷᠢ ᠣᠯᠭᠤᠬᠤ ᠲᠤᠭ᠎ᠠ ᠶᠢ ᠲᠤᠬᠠᠶ ᠶᠢᠨ ᠵᠢᠯ ᠤᠨ ᠤᠯᠤᠰ ᠠᠴᠠ ᠥᠪᠡᠷᠲᠡᠭᠡᠨ ᠵᠠᠰᠠᠬᠤ ᠣᠷᠣᠨ ᠳᠤ ᠣᠯᠭᠤᠭᠰᠠᠨ ᠨᠥᠬᠦᠪᠥᠷᠢ ᠶᠢᠨ ᠶᠡᠷᠦᠩᠬᠡᠶ ᠲᠤᠭ᠎ᠠ᠂ ᠡᠷᠳᠡᠨᠢ ᠰᠢᠰᠢ ᠲᠠᠷᠢᠭᠰᠠᠨ ᠲᠡᠯᠡᠪᠡᠢ ᠪᠣᠯᠤᠨ ᠭᠠᠷᠤᠯᠲᠠ ᠶᠢᠨ ᠬᠦᠴᠦᠨ ᠵᠦᠢᠯ ᠢ ᠦᠨᠳᠦᠰᠦᠯᠡᠨ ᠪᠣᠳᠣᠨ ᠲᠣᠭᠲᠠᠭᠠᠵᠤ᠂ ᠡᠷᠳᠡᠨᠢ ᠰᠢᠰᠢ ᠲᠡᠷᠢᠬᠤ ᠲᠡᠯᠡᠪᠡᠢ ᠪᠣᠯᠤᠨ ᠭᠠᠷᠤᠯᠲᠠ ᠶᠢᠨ ᠬᠤᠪᠢᠶᠠᠷᠢᠯᠠᠯᠲᠠ ᠳᠤ ᠡᠵᠡᠯᠡᠬᠦ ᠬᠠᠷᠢᠴᠠᠯ ᠢ ᠲᠤᠰ ᠲᠤᠰ 50%᠂ 50% ᠪᠤᠯᠭᠠᠵᠤ᠂ ᠡᠷᠳᠡᠨᠢ ᠰᠢᠰᠢ ᠲᠡᠷᠢᠬᠤ ᠲᠡᠯᠡᠪᠡᠢ ᠪᠣᠯᠤᠨ ᠭᠠᠷᠤᠯᠲᠠ ᠶᠢᠨ ᠰᠠᠭᠤᠷᠢ ᠬᠤᠭᠤᠴᠠᠭ᠎ᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠨᠡᠮᠰᠢᠨ ᠲᠣᠭᠲᠠᠭᠠᠭᠰᠠᠨ 2014 ᠣᠨ ᠤ ᠲᠤᠭ᠎ᠠ ᠪᠠᠷᠢᠮᠲᠠ ᠪᠠᠷ ᠲᠣᠭᠲᠠᠭᠠᠵᠤ ᠂ ᠭᠤᠷᠪᠠᠨ ᠵᠢᠯ ᠬᠤᠪᠢᠷᠠᠭᠤᠯᠬᠤ ᠤᠢᠭᠡᠢ ᠪᠠᠶᠢᠯᠭᠠᠨ᠎ᠠ᠃ ᠨᠥᠬᠦᠪᠥᠷᠢ ᠶᠢᠨ ᠪᠠᠷᠢᠮᠵᠢᠶ᠎ᠠ ᠶᠢ ᠤᠯᠤᠰ ᠤᠨ ᠪᠠᠷᠢᠮᠵᠢᠶ᠎ᠠ ᠪᠠ ᠪᠡᠯᠡ ᠮᠥᠩᠭᠦ ᠪᠠᠭᠤᠯᠭᠠᠭᠰᠠᠨ ᠪᠠᠶᠢᠳᠠᠯ ᠢ ᠳᠠᠭᠠᠵᠤ ᠵᠢᠯ ᠳᠤ ᠨᠢᠭᠡ ᠤᠳᠠᠭ᠎ᠠ ᠲᠣᠭᠲᠠᠭᠠᠨ᠎ᠠ᠃ ᠠᠶᠢᠮᠠᠭ ᠬᠤᠳᠠ ᠪᠣᠳᠠᠲᠠᠶ ᠨᠥᠬᠦᠪᠥᠷᠢ ᠣᠯᠭᠤᠬᠤ ᠶᠢᠨ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ ᠠᠶᠢᠮᠠᠭ ᠬᠤᠳᠠ ᠨᠥᠬᠦᠪᠦᠷᠢ ᠣᠯᠭᠤᠬᠤ ᠬᠤᠰᠢᠭᠤ ᠰᠢᠶᠠᠨ ᠪᠣᠯᠣᠨ ᠣᠷᠣᠨ ᠪᠦᠰᠡ ᠶᠢ ᠡᠵᠡᠨ ᠮᠡᠳᠡᠨ ᠲᠣᠭᠲᠠᠭᠠᠵᠤ ᠪᠣᠯᠬᠤ ᠪᠥᠭᠡᠳ ᠪᠠᠰᠠ ᠨᠥᠬᠦᠪᠥᠷᠢ ᠥᠯᠥ ᠬᠦᠷᠲᠡᠭᠡᠬᠦ ᠳᠠᠪᠠᠭᠤᠯᠢᠭ ᠪᠤᠰᠤ ᠣᠷᠣᠨ ᠪᠦᠰᠡ ᠶᠢ ᠲᠣᠭᠲᠠᠭᠠᠵᠤ ᠪᠣᠯᠤᠨ᠎ᠠ︔ ᠲᠤᠰ ᠭᠠᠵᠠᠷ ᠣᠷᠣᠨ ᠤ ᠨᠥᠬᠦᠪᠥᠷᠢ ᠶᠢᠨ ᠪᠠᠷᠢᠮᠵᠢᠶ᠎ᠠ᠂ ᠨᠥᠬᠦᠪᠥᠷᠢ ᠣᠯᠭᠤᠬᠤ ᠦᠨᠳᠦᠰᠦ ᠪᠠᠷᠢᠮᠲᠠ ᠶᠢ ᠲᠣᠭᠲᠠᠭᠠᠬᠤ ᠳᠠᠭᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠬᠢᠷᠢ ᠬᠡᠮᠵᠢᠶ᠎ᠡ ᠲᠠᠢ ᠵᠥᠷᠢᠶ᠎ᠡ ᠲᠠᠢ ᠪᠠᠶᠢᠯᠭᠠᠬᠤ ᠶᠢ ᠵᠥᠪᠰᠢᠶᠡᠷᠡᠵᠦ᠂ ᠣᠷᠣᠨ ᠨᠤᠲᠤᠭ ᠢ ᠵᠣᠷᠢᠭᠵᠢᠭᠤᠯᠤᠨ ᠨᠥᠬᠦᠪᠥᠷᠢ ᠣᠯᠭᠤᠬᠤ ᠪᠡᠯᠡ ᠮᠥᠩᠭᠦ ᠶᠢ ᠳᠠᠪᠠᠭᠤᠯᠢᠭ ᠭᠠᠷᠤᠯᠲᠠ ᠶᠢᠨ ᠣᠷᠣᠨ ᠳᠤ ᠲᠥᠪᠯᠡᠷᠡᠭᠦᠯᠵᠤ᠂ ᠳᠠᠪᠠᠭᠤᠯᠢᠭ ᠭᠠᠷᠤᠯᠲᠠ ᠶᠢᠨ ᠣᠷᠣᠨ ᠤ ᠡᠷᠳᠡᠨᠢ ᠰᠢᠰᠢ ᠲᠠᠷᠢᠬᠤ ᠠᠰᠢᠭ ᠣᠯᠵᠠᠪᠤᠷᠢ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ︔ ᠣᠷᠣᠨ ᠨᠤᠲᠤᠭ ᠢ ᠵᠣᠷᠢᠭᠵᠢᠭᠤᠯᠤᠨ ᠳᠠᠷᠢᠬᠤ ᠪᠦᠲᠦᠴᠡ ᠶᠢ ᠢᠳᠡᠪᠬᠢᠲᠡᠢ ᠪᠠᠷ ᠲᠣᠬᠢᠷᠠᠭᠤᠯᠤᠨ᠎ᠠ᠃      ᠡᠨᠡ ᠵᠢᠯ ᠥᠪᠥᠷ ᠮᠣᠩᠭᠤᠯ ᠤᠨ ᠬᠠᠷᠢᠶ᠎ᠠ ᠣᠷᠣᠨ ᠤ ᠣᠳᠣᠬᠠᠨ ᠤ ᠬᠥᠮᠥᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠬᠦ᠂ ᠰᠠᠩ ᠬᠥᠮᠥᠷᠭᠡ ᠶᠢᠨ ᠪᠠᠭᠲᠠᠭᠠᠮᠵᠢ᠂ ᠬᠠᠳᠠᠭᠠᠯᠠᠮᠵᠢ ᠶᠢᠨ ᠴᠢᠳᠠᠪᠤᠷᠢ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠠᠮᠤᠷ ᠤᠨ ᠠᠮᠤ ᠪᠤᠳᠠᠭ᠎ᠠ ᠶᠢᠨ ᠡᠷᠳᠡᠨᠢ ᠰᠢᠰᠢ ᠶᠢ 271 ᠲᠦᠮᠡ ᠲᠣᠨ ᠬᠤᠳᠠᠯᠳᠤᠨ ᠠᠪᠬᠤ ᠪᠠᠷ ᠲᠥᠯᠥᠪᠯᠡᠨ ᠲᠣᠬᠢᠷᠠᠭᠤᠯᠪᠠ᠂ ᠡᠭᠦᠨ ᠳᠤ ᠵᠡᠭᠦᠨ ᠲᠦᠷᠪᠡᠨ ᠠᠶᠢᠮᠠᠭ ᠪᠠᠷᠤᠭ 207 ᠲᠦᠮᠡᠨ ᠲᠣᠨ ᠬᠤᠳᠠᠯᠳᠤᠨ ᠠᠪᠴᠤ᠂ ᠶᠡᠷᠦᠩᠬᠡᠢ ᠬᠤᠳᠠᠯᠳᠤᠨ ᠠᠪᠬᠤ ᠲᠥᠯᠥᠪᠯᠡᠭᠡ ᠶᠢᠨ 76%᠎ ᠶᠢ ᠡᠵᠡᠯᠡᠭᠦᠯᠦᠨ᠎ᠡ᠃ ᠨᠢᠭᠡᠳᠦᠭᠡᠷ ᠪᠦᠯᠦᠭ ᠲᠤ ᠪᠡᠯᠡᠳᠬᠡᠯ ᠡᠷᠳᠡᠨᠢ ᠰᠢᠰᠢ ᠬᠤᠳᠠᠯᠳᠤᠨ ᠠᠪᠬᠤ ᠲᠥᠯᠥᠪᠯᠡᠭᠡ ᠶᠢ ᠪᠠᠭᠤᠯᠭᠠᠭᠰᠠᠨ ᠤ ᠲᠠᠷᠠᠭ᠎ᠠ᠂ ᠪᠦᠬᠦ ᠬᠠᠷᠢᠶ᠎ᠠ ᠣᠷᠣᠨ ᠳᠤ ᠡᠷᠳᠡᠨᠢ ᠰᠢᠰᠢ ᠬᠤᠳᠠᠯᠳᠤᠨ ᠠᠪᠬᠤ ᠬᠥᠮᠥᠷᠭᠡ ᠴᠢᠭ᠋ ᠢ 76 ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃      ᠵᠡᠭᠦᠨ ᠬᠤᠶᠢᠲᠤ ᠣᠷᠣᠨ ᠤ ᠡᠷᠳᠡᠨᠢ ᠰᠢᠰᠢ ᠶᠢᠨ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠳᠤ ᠬᠤᠭᠤᠰᠣᠨ ᠵᠠᠢ ᠦᠯᠡᠳᠡᠭᠡᠬᠦ ᠦᠭᠡᠢ ᠶᠢᠨ ᠲᠤᠰᠠᠳᠠ᠂ ᠲᠠᠷᠢᠶᠠᠯᠠᠩ ᠤᠨ ᠬᠥᠭᠵᠢᠯᠲᠡ ᠶᠢᠨ ᠪᠠᠩᠬᠢ ᠠᠴᠠ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠦ ᠶᠢ 160 ᠳ᠋ᠦᠩᠰᠢᠭᠤᠷ ᠲᠥᠭᠦᠷᠢᠭ ᠪᠡᠯᠡᠳᠬᠡᠪᠡ᠂ ᠡᠭᠦᠨ ᠳᠤ ᠵᠢᠯ ᠤᠨ ᠡᠴᠦᠰ ᠠᠴᠠ ᠡᠮᠦᠨ᠎ᠡ ᠪᠡᠯᠡᠳᠬᠡᠯ ᠡᠷᠳᠡᠨᠢ ᠰᠢᠰᠢ ᠬᠤᠳᠠᠯᠳᠤᠨ ᠠᠪᠬᠤ 100 ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠪᠠᠭᠲᠠᠭᠠᠪᠠ᠃      ᠲᠠᠨᠢᠯᠴᠠᠭᠤᠯᠤᠭᠰᠠᠨ ᠢᠶᠠᠷ᠂ ᠬᠤᠳᠠᠯᠳᠤᠨ ᠠᠪᠴᠤ ᠨᠥᠭᠡᠴᠡᠯᠡᠬᠦ ᠲᠦᠷᠢᠮ ᠤᠨ ᠥᠭᠡᠷᠡᠴᠢᠯᠡᠯᠲᠡ ᠳᠤ ᠡᠷᠳᠡᠨᠢ ᠰᠢᠰᠢ ᠶᠢᠨ ᠦᠢᠯᠡᠳᠪᠦᠷᠢᠯᠡᠯ ᠤᠨ ᠦᠢᠯᠡᠳᠪᠦᠷᠢᠯᠡᠬᠦ ᠴᠢᠳᠠᠪᠤᠷᠢ ᠶᠢ ᠬᠠᠷᠢᠴᠠᠩᠭᠤᠶ ᠪᠠᠷ ᠲᠣᠭᠲᠠᠭᠤᠨ ᠪᠠᠶᠢᠯᠭᠠᠬᠤ᠂ ᠣᠷᠣᠨ ᠪᠦᠰᠡ ᠶᠢ ᠤᠯᠠᠮ ᠨᠢᠭᠡ  ᠠᠯᠬᠤᠮ ᠰᠢᠯᠢᠳᠡᠭᠵᠢᠭᠦᠯᠬᠦ᠂ ᠡᠷᠳᠡᠨᠢ ᠰᠢᠰᠢ ᠶᠢᠨ ᠠᠵᠤ ᠦᠢᠯᠡᠰ ᠵᠠᠬ᠎ᠠ ᠳᠡᠯᠭᠡᠭᠦᠷ ᠲᠤ ᠲᠡᠭᠠᠷᠢᠯᠳᠠ ᠪᠣᠯᠬᠤ ᠠᠴᠠ ᠵᠠᠶᠢᠯᠠᠰᠬᠢᠬᠤ ᠶᠢ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠡᠷᠳᠡᠨᠢ ᠰᠢᠰᠢ ᠲᠠᠷᠢᠬᠤ ᠣᠷᠣᠨ ᠪᠦᠰᠡ ᠶᠢᠨ ᠪᠠᠶᠢᠷᠢᠰᠢᠯ ᠢ ᠵᠦᠢ ᠵᠣᠬᠢᠰᠲᠠᠶ ᠲᠥᠯᠥᠪᠵᠢᠭᠦᠯᠵᠦ᠂ ᠡᠷᠳᠡᠨᠢ ᠰᠢᠰᠢ ᠶᠢᠨ ᠵᠠᠬ᠎ᠠ ᠳᠡᠯᠭᠡᠭᠦᠷ ᠤᠨ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠭᠤᠣᠯ ᠭᠠᠷᠤᠯᠲᠠ ᠶᠢᠨ ᠣᠷᠣᠨ ᠤ ᠲᠠᠷᠢᠶᠠᠴᠢᠳ ᠤᠨ ᠦᠢᠯᠡᠳᠪᠦᠷᠢᠯᠡᠯ ᠤᠨ ᠢᠳᠡᠪᠬᠢᠵᠢᠯ ᠢ ᠲᠣᠭᠲᠠᠪᠤᠷᠢᠵᠢᠭᠤᠯᠪᠠ᠃ ᠡᠨᠡ ᠵᠢᠯ ᠪᠦᠬᠦ ᠣᠷᠣᠨ ᠮᠥᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ ᠨᠡᠶᠢᠲᠡ 933 ᠲᠦᠮᠡᠨ ᠮᠦ ᠲᠣᠬᠢᠷᠠᠭᠤᠯᠤᠨ ᠪᠠᠭᠠᠰᠬᠠᠪᠠ᠂ ᠡᠭᠦᠨ ᠳᠤ 612 ᠲᠦᠮᠡᠨ ᠮᠦ ᠶᠢ ᠬᠠᠰᠤᠵᠤ᠂ 321 ᠲᠦᠮᠡᠨ ᠮᠦ ᠶᠢ ᠨᠣᠭᠤᠭᠠᠨ ᠳᠠᠷᠤᠰᠢ ᠶᠢᠨ ᠡᠷᠳᠡᠨᠢ ᠰᠢᠰᠢ ᠪᠣᠯᠭᠠᠨ ᠬᠤᠪᠢᠷᠠᠭᠤᠯᠵᠤ᠂ ᠡᠷᠳᠡᠨᠢ ᠰᠢᠰᠢ ᠶᠢᠨ ᠳᠠᠷᠢᠬᠤ ᠪᠦᠲᠦᠴᠡ ᠶᠢ ᠲᠣᠬᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ 2020 ᠣᠨ ᠪᠣᠯᠲᠠᠯ᠎ᠠ ᠲᠣᠬᠢᠷᠠᠭᠤᠯᠤᠨ ᠬᠠᠰᠤᠬᠤ ᠬᠠᠷᠠᠯᠲᠠ ᠶᠢᠨ 93%᠎ ᠶᠢ ᠨᠢ ᠨᠢᠭᠡᠨᠲᠡ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号