ᠥᠪᠥᠷ ᠮᠣᠩᠭᠤᠯ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠯᠲᠠ ᠶᠢᠨ ︽ᠰᠢᠨ᠎ᠡ ᠦᠨᠡᠮᠯᠡᠯ ᠣᠯᠭᠤᠨ ᠬᠠᠭᠤᠴᠢᠨ ᠦᠨᠡᠮᠯᠡᠯ ᠢ ᠵᠣᠭᠰᠤᠭᠠᠬᠤ︾᠎ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/12/1
     11 ᠳ᠋ᠦ᠋ᠭᠡᠷ ᠰᠠᠷ᠎ᠠ ᠶᠢᠨ 30᠎ ᠤ ᠡᠳᠦᠷ ᠪᠣᠯᠬᠤ ᠳᠤ᠂ ᠮᠠᠨ ᠤ ᠤᠷᠤᠨ ᠤ 12 ᠠᠶᠢᠮᠠᠭ ᠬᠤᠳᠠ ᠶᠢᠨ ᠪᠣᠢ ᠪᠦᠬᠦᠢ ᠬᠤᠲᠠ᠂ ᠬᠤᠰᠢᠭᠤ ᠰᠢᠶᠠᠨ ︵ᠲᠣᠭᠤᠷᠢᠭ︶ ᠦᠯᠦ ᠬᠥᠳᠡᠯᠬᠦ ᠬᠦᠷᠦᠩᠭᠡ ᠶᠢ ᠨᠢᠭᠡᠳᠦᠯᠲᠡᠶ ᠳᠠᠩᠰᠠᠯᠠᠯᠲᠠ ᠶᠢᠨ ︽ᠰᠢᠨ᠎ᠡ ᠦᠨᠡᠮᠯᠡᠯ ᠣᠯᠭᠤᠨ ᠬᠠᠭᠤᠴᠢᠨ ᠦᠨᠡᠮᠯᠡᠯ ᠢ ᠵᠣᠭᠰᠤᠭᠠᠬᠤ︾᠎ ᠶᠢ ᠪᠡᠶᠡᠯᠡᠭᠦᠯᠵᠦ᠂ ᠤᠯᠤᠰ ᠠᠴᠠ ᠳᠤᠷᠠᠳᠤᠭᠰᠠᠨ ︽ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ ᠳᠦᠷᠢᠮ ᠢ ᠪᠠᠶᠢᠭᠤᠯᠤᠨ ᠬᠡᠷᠡᠭᠵᠢᠭᠦᠯᠬᠦ ᠶᠢ ᠦᠨᠳᠦᠰᠦᠨ ᠱᠠᠲᠤᠨ ᠳᠤ ᠪᠣᠳᠠᠲᠠᠶᠢᠵᠢᠭᠤᠯᠬᠤ︾᠎ ᠶᠢᠨ ᠬᠠᠷᠠᠯᠲᠠᠲᠤ ᠡᠭᠦᠷᠭᠡ ᠶᠢ ᠨᠢᠭᠡ ᠰᠠᠷ᠎ᠠ ᠤᠷᠢᠳᠴᠢᠯᠠᠨ ᠪᠡᠶᠡᠯᠡᠭᠦᠯᠪᠡ᠃ ᠣᠶᠢᠯᠠᠭᠠᠭᠰᠠᠨ ᠢᠶᠠᠷ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ ᠪᠣᠯ ᠨᠢᠭᠡᠨ ᠴᠢᠬᠤᠯᠠ ᠶᠡᠭᠡ ᠳᠦᠷᠢᠮ ᠤᠨ ᠰᠢᠨᠡᠴᠢᠯᠡᠯᠲᠡ ᠮᠦᠨ᠂ ᠳᠠᠩᠰᠠᠯᠠᠬᠤ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠂ ᠳᠠᠩᠰᠠᠯᠠᠭᠤᠯᠬᠤ ᠠᠵᠢᠯᠯᠠᠭ᠎ᠠ ᠶᠢ ᠵᠢᠷᠤᠮᠵᠢᠭᠤᠯᠬᠤ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠵᠢᠴᠢ ᠡᠷᠬᠡ ᠠᠰᠢᠭ ᠢ ᠬᠠᠮᠠᠭᠠᠯᠠᠬᠤ ᠪᠠᠷ ᠬᠠᠷᠠᠯᠲᠠ ᠪᠣᠯᠭᠠᠬᠤ ᠪᠣᠯ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠦᠷᠢᠨᠰᠢᠭᠦᠯᠦᠨ᠂ ᠣᠳᠣ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠬᠤ ᠶᠢᠨ ᠵᠠᠶᠢᠯᠠᠰᠢ ᠦᠭᠡᠶ ᠱᠠᠭᠠᠷᠳᠠᠯᠭ᠎ᠠ ᠮᠦᠨ᠂ ᠥᠯᠥ ᠬᠥᠳᠡᠯᠬᠦ ᠬᠥᠷᠥᠩᠭᠡ ᠶᠢᠨ ᠡᠷᠬᠡᠲᠦ ᠬᠥᠮᠦᠨ ᠤ ᠬᠠᠤᠯᠢ ᠶᠣᠰᠣᠨ ᠤ ᠡᠳ᠋ ᠬᠦᠷᠦᠩᠭᠡ ᠶᠢᠨ ᠡᠷᠬᠡ ᠶᠢ ᠨᠡᠩ ᠰᠠᠶᠢᠨ ᠬᠠᠮᠠᠭᠠᠯᠠᠨ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠣᠯᠤᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠦᠮᠡᠨ ᠳᠤ ᠳᠥᠭᠦᠮ ᠦᠵᠡᠭᠦᠯᠵᠦ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ᠠᠮᠤᠷ ᠲᠦᠪᠰᠢᠨ ᠢ ᠪᠠᠲᠤᠯᠬᠠᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号