ᠮᠠᠨ ᠤ ᠣᠷᠣᠨ ᠤ 7 ᠲᠤᠭᠤᠷᠢᠭ 2016 ᠣᠨ ᠤ ᠳᠤᠮᠳᠠᠳᠤ ᠤᠯᠤᠰ ᠤᠨ ᠳᠤᠮᠳᠠ ᠵᠢᠵᠢᠭ ᠬᠤᠳᠠ ᠶᠢᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ︵ᠬᠤᠣᠰ ᠡᠭᠦᠳᠦᠯᠲᠡ︶ ᠵᠠᠭᠤᠨ ᠬᠦᠴᠦᠷᠬᠡᠭ ᠲᠤᠭᠤᠷᠢᠭ ᠲᠤ ᠰᠤᠩᠭᠤᠭᠳᠠᠪᠠ
ᠨᠡᠶᠢᠲᠡᠯᠡᠭᠰᠡᠨ ᠴᠠᠭ᠄
2016/12/1
      ᠣᠶᠢᠷ᠎ᠠ ᠳᠤ᠂ ︽ᠠᠷᠠᠳ ᠤᠨ ᠡᠳᠦᠷ ᠤᠨ ᠰᠣᠨᠢᠨ︾ ᠪᠤᠯᠤᠨ ︽2016 ᠣᠨ ᠤ ᠳᠤᠮᠳᠠᠳᠤ ᠤᠯᠤᠰ ᠤᠨ ᠳᠤᠮᠳᠠ ᠵᠢᠵᠢᠭ ᠬᠤᠳᠠ ᠶᠢᠨ ᠬᠥᠭᠵᠢᠯᠲᠡ ᠶᠢᠨ ᠮᠡᠳᠡᠭᠦᠯᠦᠯᠲᠡ — — ᠨᠣᠭᠤᠭᠠᠨ ᠭᠠᠳᠠᠷᠳᠤ ᠪᠢᠴᠢᠭ︾ ᠬᠠᠮᠲᠤᠷᠠᠨ ᠳᠤᠮᠳᠠᠳᠤ ᠤᠯᠤᠰ ᠤᠨ ᠳᠤᠮᠳᠠ ᠵᠢᠵᠢᠭ ᠬᠤᠳᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠬᠦᠢᠴᠡᠳᠭᠡᠯ ᠲᠤᠭᠠᠨ ᠤ ᠰᠤᠳᠤᠯᠭᠠᠨ ᠤ ᠦᠷ᠎ᠡ ᠪᠦᠲᠦᠭᠡᠯ ᠵᠢᠴᠢ ︽2016 ᠣᠨ ᠤ ᠳᠤᠮᠳᠠᠳᠤ ᠤᠯᠤᠰ ᠤᠨ ᠳᠤᠮᠳᠠ ᠵᠢᠵᠢᠭ ᠬᠤᠳᠠ ᠶᠢᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ︵ᠬᠤᠣᠰ ᠡᠭᠦᠳᠦᠯᠲᠡ︶ ᠵᠠᠭᠤᠨ ᠬᠦᠴᠦᠷᠬᠡᠭ ᠲᠤᠭᠤᠷᠢᠭ︾᠂ ︽2016 ᠣᠨ ᠤ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠲᠠᠢ ᠵᠠᠭᠤᠨ ᠬᠦᠴᠦᠷᠬᠡᠭ ᠲᠤᠭᠤᠷᠢᠭ ︵ᠪᠦᠬᠦ ᠤᠯᠤᠰ ᠤᠨ ᠰᠢᠨᠵᠢᠯᠡᠬᠦ ᠤᠬᠠᠭᠠᠨ ᠤ ᠬᠦᠭᠵᠢᠯᠲᠡ ᠶᠢᠨ ᠵᠠᠭᠤᠨ ᠬᠦᠴᠦᠷᠬᠡᠭ ᠲᠤᠭᠤᠷᠢᠭ︶︾᠎ ᠤᠨ ᠨᠡᠷᠡᠰ ᠢ ᠨᠡᠶᠢᠲᠡᠯᠡᠪᠡ᠃ ᠮᠠᠨ ᠤ ᠣᠷᠣᠨ ᠤ 7 ᠬᠤᠲᠠ ᠲᠣᠭᠤᠷᠢᠭ ︽2016 ᠣᠨ ᠤ ᠳᠤᠮᠳᠠᠳᠤ ᠤᠯᠤᠰ ᠤᠨ ᠳᠤᠮᠳᠠ ᠵᠢᠵᠢᠭ ᠬᠤᠳᠠ ᠶᠢᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ︵ᠬᠤᠣᠰ ᠡᠭᠦᠳᠦᠯᠲᠡ︶ ᠵᠠᠭᠤᠨ ᠬᠦᠴᠦᠷᠬᠡᠭ ᠲᠤᠭᠤᠷᠢᠭ︾᠎ ᠲᠤ ᠰᠤᠩᠭᠤᠭᠳᠠᠵᠠᠢ᠂ ᠡᠳᠡᠭᠡᠷ ᠨᠢ ᠲᠤᠰ ᠲᠤᠰ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠰᠠᠶᠢᠬᠠᠨ ᠲᠣᠭᠤᠷᠢᠭ ᠪᠤᠯᠤᠨ ᠤᠷᠳᠤᠰ ᠬᠤᠳᠠ ᠶᠢᠨ ᠳ᠋ᠦᠡᠭᠱᠸᠡᠭ ᠲᠣᠭᠤᠷᠢᠭ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠳ᠋ᠦᠩ ᠾᠧ ᠲᠣᠭᠤᠷᠢᠭ᠂ ᠴᠢᠩᠱᠠᠨ ᠲᠣᠭᠤᠷᠢᠭ ᠪᠤᠯᠤᠨ᠎ᠠ᠃      ᠤᠢᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤ ᠡᠯ᠎ᠡ ᠭᠠᠵᠠᠷ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮᠵᠢ ᠪᠠᠨ ᠲᠠᠰᠤᠷᠠᠯᠲᠠ ᠦᠭᠡᠢ ᠪᠦᠷᠢᠨᠰᠢᠬᠦᠯᠵᠤ᠂ ᠤᠷᠢᠳ ᠬᠤᠵᠢᠳ ᠠᠯᠢ ᠤᠯᠠᠨ ᠲᠦᠷᠦ ᠶᠢᠨ ᠪᠤᠳᠤᠯᠭ᠎ᠠ ᠪᠤᠯᠤᠨ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠨᠡᠶᠢᠲᠡᠯᠡᠨ ᠬᠡᠷᠡᠭᠵᠢᠭᠦᠯᠵᠦ᠂ ︽ᠬᠤᠣᠰ ᠡᠭᠦᠳᠦᠯᠲᠡ︾᠎ ᠶᠢᠨ ᠲᠦᠷᠭᠡᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠪᠣᠯᠲᠠᠯ᠎ᠠ᠂ ᠬᠥᠬᠡᠬᠤᠲᠠ ᠠᠳᠠᠯ ᠦᠢᠯᠡᠰ ᠴᠣᠭᠴᠠᠯᠠᠬᠤ 28 ᠬᠦᠷᠢᠶᠡᠯᠡᠩ ᠲᠣᠭᠤᠷᠢᠭ ᠪᠣᠯᠤᠨ ᠨᠡᠪᠴᠢᠭᠦᠯᠤᠤᠷ ᠤᠨ ᠰᠠᠭᠤᠷᠢᠨ ᠭᠠᠵᠠᠷ ᠪᠠᠶᠢᠭᠤᠯᠵᠤ᠂ ᠨᠡᠶᠢᠲᠡ 3855 ᠪᠣᠳᠠᠲᠤ ᠴᠣᠭᠴᠠ ᠶᠢ ᠤᠷᠤᠭᠤᠯᠤᠨ ᠰᠠᠭᠤᠯᠭᠠᠵᠤ᠂ 26792 ᠬᠥᠮᠦᠨ ᠳᠤ ᠠᠵᠢᠯ ᠤᠯᠭᠤᠪᠠ︔ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠨᠡᠪᠴᠢᠭᠦᠯᠤᠤᠷ ᠤᠨ ᠰᠠᠭᠤᠷᠢᠨ ᠭᠠᠵᠠᠷ ᠤᠨ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠲᠦᠷᠦᠯ ᠵᠦᠢᠯ ᠤᠨ ᠪᠡᠯᠡ ᠮᠥᠩᠭᠦ ᠶᠢ ᠨᠡᠶᠢᠲᠡ 2400 ᠲᠦᠮᠡᠨ ᠲᠥᠭᠦᠷᠢᠭ ᠤᠯᠪᠠ᠂ ᠡᠭᠦᠨ ᠠᠴᠠ ᠭᠠᠳᠠᠨ᠎ᠠ ᠪᠠᠰᠠ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠤᠯᠤᠨ ᠠᠷᠭ᠎ᠠ ᠪᠠᠷ ᠯᠠᠪᠯᠠᠯᠲᠠ ᠪᠣᠯᠭᠠᠵᠤ᠂ ᠰᠢᠨ᠎ᠡ ᠮᠠᠶ᠋ᠢᠭ ᠤᠨ ᠨᠡᠪᠴᠢᠭᠦᠯᠬᠦ ᠵᠠᠭᠪᠤᠷᠰᠢᠯ ᠢ ᠤᠷᠤᠭᠤᠯᠵᠤ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠤᠭᠴᠠᠯᠠᠬᠤ᠂ ︽ᠡᠪᠡᠰᠦᠨ ᠦᠨᠳᠦᠰᠦ︾ ᠠᠳᠠᠯ ᠦᠢᠯᠡᠰ ᠴᠤᠭᠴᠠᠯᠠᠬᠤ ᠶᠢ ᠬᠠᠮᠲᠤ ᠳᠤᠨᠢ ᠬᠦᠭᠵᠢᠬᠦᠯᠬᠦ ᠶᠢ ᠠᠬᠢᠭᠤᠯᠵᠤ᠂ ᠡᠭᠦᠳᠦᠭᠴᠢᠳ ᠤᠨ 8 ᠣᠷᠣᠨ ᠵᠠᠶ ᠶᠢ ᠨᠠᠷᠢᠨ ᠨᠢᠮᠪᠠᠶ ᠴᠤᠭᠴᠠᠯᠠᠵᠤ᠂ ᠠᠳᠠᠯ ᠦᠢᠯᠡᠰ ᠴᠤᠭᠴᠠᠯᠠᠭᠴᠢᠳ ᠲᠤ ︽ᠡᠯᠧᠮᠧᠨ᠋ᠲ ᠪᠦᠷᠢᠨ᠂ ᠥᠪᠡᠷ ᠤᠨ ᠥᠷᠳᠡᠭ ᠳᠤᠤᠷ᠎ᠠ᠂ ᠴᠢᠯᠦᠭᠡᠲᠠᠢ ᠪᠦᠭᠡᠳ ᠳᠦᠬᠦᠮᠴᠢᠯᠡᠭᠰᠡᠨ︾ ᠠᠳᠠᠯ ᠦᠢᠯᠡᠰ ᠴᠤᠭᠴᠠᠯᠠᠬᠤ ᠲᠠᠪᠴᠠᠩ ᠪᠠᠶᠢᠭᠤᠯᠤᠨ ᠦᠭᠴᠦ᠂ 256 ᠡᠷᠦᠬᠡ ᠪᠣᠳᠠᠲᠤ ᠴᠣᠭᠴᠠ ᠶᠢ ᠤᠷᠤᠭᠤᠯᠤᠨ ᠰᠠᠭᠤᠯᠭᠠᠵᠤ᠂ ᠡᠷᠭᠢᠨ ᠲᠣᠭᠤᠷᠢᠨ ᠤ 4039 ᠬᠥᠮᠦᠨ ᠳᠤ ᠠᠵᠢᠯ ᠤᠯᠭᠤᠪᠠ᠃ ᠣᠳᠣᠬᠠᠨ ᠳᠤ᠂ ᠳ᠋ᠦᠩᠱᠧᠩ ᠲᠣᠭᠤᠷᠢᠭ ᠤᠶᠤᠲᠠᠳ ᠤᠨ ᠠᠳᠠᠯ ᠦᠢᠯᠡᠰ ᠴᠤᠭᠴᠠᠯᠠᠬᠤ 9 ᠲᠠᠪᠴᠠᠩ ᠢ ᠪᠠᠶᠢᠭᠤᠯᠵᠤ᠂ 744 ᠠᠵᠤ ᠠᠬᠤᠶᠢᠯᠠᠯ ᠤᠷᠤᠵᠤ ᠰᠠᠭᠤᠵᠤ᠂ ᠠᠳᠠᠯ ᠦᠢᠯᠡᠰ ᠴᠤᠭᠴᠠᠯᠠᠬᠤ 3000 ᠭᠠᠷᠤᠶ ᠤᠶᠤᠲᠠᠳ ᠢ ᠰᠢᠩᠭᠡᠭᠡᠨ ᠤᠷᠤᠭᠤᠯᠵᠤ᠂ 1.2 ᠲᠦᠮᠡ ᠭᠠᠷᠤᠶ ᠬᠥᠮᠦᠨ ᠳᠤ ᠠᠵᠢᠯ ᠤᠯᠭᠤᠵᠤ᠂ ᠵᠢᠯ ᠤᠨ ᠡᠵᠡᠩᠨᠡᠯᠲᠡ ᠶᠢᠨ ᠤᠷᠤᠯᠭ᠎ᠠ ᠨᠢ 3 ᠳ᠋ᠦᠩᠰᠢᠭᠤᠷ ᠲᠥᠭᠦᠷᠢᠭ ᠲᠤ ᠬᠦᠷᠪᠡ᠃ ᠳ᠋ᠦᠩᠱᠧᠩ ᠲᠣᠭᠤᠷᠢᠭ ᠤᠨ ᠤᠶᠤᠲᠠᠳ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠨᠢ ︽ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ︾ ︽ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠰᠠᠭᠤᠷᠢᠨ ᠭᠠᠵᠠᠷ︾᠂ ︽ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠦᠦᠷ︾ ᠵᠡᠷᠭᠡ ᠴᠣᠯᠠ ᠶᠢ ᠬᠦᠷᠲᠡᠵᠤ᠂ ᠳ᠋ᠦᠡᠭ ᠰᠢᠩ ᠤᠶᠤᠲᠠᠳ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠨᠢ ︽ᠥᠪᠡᠷᠲᠡᠭᠡᠨ ᠵᠠᠰᠠᠬᠤ ᠣᠷᠣᠨ ᠤ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠬᠡᠰᠡᠨ ᠴᠣᠯᠠ ᠶᠢ ᠬᠦᠷᠲᠡᠵᠠᠢ᠃ ᠣᠶᠢᠯᠠᠭᠠᠭᠰᠠᠨ ᠢᠶᠠᠷ᠂ ᠳ᠋ᠦᠩᠱᠧᠩ ᠲᠣᠭᠤᠷᠢᠭ ᠪᠠᠰᠠ ᠬᠤᠶᠠᠷ ︽ᠬᠤᠣᠰ ᠡᠭᠦᠳᠦᠯᠲᠡ ᠶᠢᠨ ᠬᠦᠷᠢᠶᠡᠯᠡᠩ︾᠎ ᠢ ᠰᠢᠨ᠎ᠡ ᠪᠠᠷ ᠪᠠᠶᠢᠭᠤᠯᠵᠤ᠂ ᠤᠷᠤᠭᠤᠯᠵᠤ ᠰᠠᠭᠤᠯᠭᠠᠬᠤ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠢ 1000 ᠡᠷᠦᠭᠡ ᠠᠴᠠ ᠳᠠᠪᠠᠭᠤᠯᠵᠤ᠂ ᠰᠢᠨ᠎ᠡ ᠪᠠᠷ 2200 ᠬᠥᠮᠦᠨ ᠳᠤ ᠠᠵᠢᠯ ᠤᠯᠭᠤᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号