ᠤᠯᠠᠭᠠᠨᠬᠠᠳᠠ 60 ᠳ᠋ᠦᠩᠰᠢᠭᠤᠷ ᠲᠥᠭᠦᠷᠢᠭ ᠤᠨ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ᠲᠦᠷᠥᠯ ᠵᠦᠢᠯ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2016/12/13
     12 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠪᠣᠯᠣᠨ ᠱᠧᠨᠵᠧᠨ ᠤ ᠵᠤᠥ ᠴᠢ ᠪᠦᠯᠦᠭᠯᠡᠯ ᠤᠯᠠᠭᠠᠨᠬᠠᠳᠠ ᠶᠢᠨ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ ᠲᠦᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠡᠷᠬᠢᠯᠡᠵᠦ᠂ ︽ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ ᠲᠦᠷᠥᠯ ᠵᠦᠢᠯ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ︾᠎ ᠲᠤ ᠭᠠᠷ ᠤᠨ ᠦᠰᠦᠭ ᠵᠢᠷᠤᠪᠠ᠃ ᠡᠨᠡ ᠪᠣᠯ ᠤᠯᠠᠭᠠᠨᠬᠠᠳᠠ ᠬᠤᠲᠠ ᠨᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠬᠤ ᠪᠡᠯᠡ ᠤᠷᠤᠭᠤᠯᠬᠤ ᠪᠠ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ︽ᠡᠪᠦᠯ ᠤᠨ ᠤᠯᠠᠷᠢᠯ ᠤᠨ ᠰᠢᠪᠲᠤᠯᠤᠯᠲᠠ ᠶᠢᠨ ᠠᠵᠢᠯᠯᠠᠭ᠎ᠠ︾᠎ ᠶᠢ ᠬᠡᠷᠡᠭᠵᠢᠭᠦᠯᠦᠭᠰᠡᠨ ᠤ ᠴᠢᠬᠤᠯᠠ ᠦᠷ᠎ᠡ ᠪᠦᠲᠦᠭᠡᠯ ᠮᠥᠨ᠃      ᠤᠯᠠᠭᠠᠨᠬᠠᠳᠠ ᠬᠤᠲᠠ ᠶᠢᠨ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ 60 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠤᠷᠤᠭᠤᠯᠤᠭᠰᠠᠨ ᠲᠦᠷᠦᠯ ᠵᠦᠢᠯ ᠤᠨ ᠠᠭᠤᠯᠭ᠎ᠠ ᠳᠤ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠦᠢᠯᠡᠳᠪᠦᠷᠢ᠂ ᠠᠭᠠᠷ ᠤᠨ ᠠᠶᠠᠯᠠᠯ ᠤᠨ ᠨᠢᠰᠦᠯᠲᠡ ᠶᠢᠨ ᠰᠤᠷᠭᠠᠭᠤᠯᠢ᠂ ᠠᠭᠠᠷ ᠠᠶᠠᠯᠠᠯ ᠤᠨ ᠰᠤᠳᠤᠯᠤᠯ ᠤᠨ ᠬᠦᠷᠢᠶᠡᠯᠡᠩ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ᠂ ᠠᠭᠠᠷ ᠤᠨ ᠠᠶᠠᠯᠠᠯ ᠤᠨ ᠺᠣᠮᠫᠠᠨᠢ ᠵᠡᠷᠭᠡ ᠠᠯᠢ ᠤᠯᠠᠨ ᠲᠦᠷᠦᠯ ᠵᠦᠢᠯ ᠪᠠᠭᠲᠠᠨ᠎ᠠ᠃ ᠲᠦᠷᠦᠯ ᠵᠦᠢᠯ ᠤᠨ ᠪᠠᠭᠤᠷᠢ ᠶᠢ ᠤᠯᠠᠭᠠᠨᠬᠠᠳᠠ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠤᠯᠠᠭᠠᠨᠬᠠᠳᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠎ ᠤᠨ ᠬᠦᠷᠢᠶᠡᠯᠡᠩ ᠲᠣᠭᠤᠷᠢᠭ ᠲᠤ ᠰᠤᠩᠭᠤᠵᠤ᠂ ᠡᠵᠡᠯᠡᠬᠦ ᠲᠠᠯᠠᠪᠠᠢ ᠨᠢ 4500 ᠮᠥ ᠪᠦᠭᠡᠳ 2017 ᠣᠨ ᠤ 4 ᠳ᠋ᠦ᠋ᠭᠡᠷ ᠰᠠᠷ᠎ᠠ ᠠᠴᠠ ᠠᠵᠢᠯ ᠡᠬᠢᠯᠡᠭᠦᠯᠬᠦ ᠪᠠᠷ ᠵᠢᠱᠢᠵᠦ ᠪᠠᠶᠢᠨ᠎ᠠ᠃ ᠣᠳᠣᠬᠠᠨ ᠳᠤ᠂ ᠤᠯᠤᠰ ᠠᠴᠠ ᠨᠢᠭᠡᠨᠲᠡ ᠮᠠᠨ ᠤ ᠤᠷᠤᠨ ᠢ ᠳᠣᠣᠷ᠎ᠠ ᠨᠢᠰᠦᠯᠲᠡ ᠶᠢᠨ ᠤᠷᠤᠨ ᠪᠦᠰᠡ ᠶᠢ ᠴᠢᠯᠦᠭᠡᠲᠡᠢ ᠲᠠᠯᠪᠢᠬᠤ ᠲᠤᠷᠰᠢᠯᠲᠠ ᠤᠷᠤᠨ ᠢᠶᠠᠷ ᠲᠣᠭᠲᠠᠭᠠᠵᠤ᠂ ᠤᠯᠠᠭᠠᠨᠬᠠᠳᠠ ᠬᠤᠳᠠ ᠶᠢᠨ ᠣᠷᠤᠭᠤᠯᠤᠨ ᠠᠪᠴᠢᠷᠠᠭᠰᠠᠨ ᠡᠨᠡ ᠬᠦ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠲᠦᠷᠤᠯ ᠵᠦᠢᠯ ᠨᠢ ᠮᠠᠨ ᠤ ᠣᠷᠣᠨ ᠤ ᠪᠦᠬᠦ ᠬᠡᠪᠴᠢᠶᠡᠨ ᠤ ᠳᠣᠣᠷ᠎ᠠ ᠨᠢᠰᠦᠯᠲᠡ ᠶᠢᠨ ᠤᠷᠤᠨ ᠪᠦᠰᠡ ᠶᠢ ᠴᠢᠯᠦᠭᠡᠲᠡᠢ ᠲᠠᠯᠪᠢᠭᠰᠠᠨ ᠤ ᠳᠠᠷᠠᠭᠠᠬᠢ ᠠᠭᠠᠷ ᠤᠨ ᠠᠶᠠᠯᠠᠯ ᠤᠨ ᠲᠣᠨᠣᠭᠯᠠᠯ ᠤᠨ ᠬᠡᠷᠡᠭᠴᠡᠭᠡ ᠶᠢ ᠬᠠᠩᠭᠠᠬᠤ ᠪᠠᠷ ᠵᠣᠷᠢᠯᠭ᠎ᠠ ᠪᠠᠨ ᠪᠣᠯᠭᠠᠪᠠ᠃ ᠲᠤᠰ ᠲᠦᠷᠦᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠯᠠᠭᠠᠨᠬᠠᠳᠠ ᠬᠤᠲᠠ ᠶᠢᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠠᠵᠤ ᠦᠢᠯᠡᠰ ᠢ ᠬᠦᠭᠵᠢᠭᠦᠯᠬᠦ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠬᠤ᠂ ᠤᠳᠤ ᠦᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠬᠤ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号