ᠬᠠᠬᠢᠷ ᠬᠦᠢᠲᠡᠨ ᠢ ᠰᠦᠷᠦᠨ ᠴᠠᠬᠢᠯᠭᠠᠨ ᠬᠦᠴᠦᠳᠡᠯ ᠥᠭᠡᠷᠡᠴᠢᠯᠡᠬᠦ ᠲᠥᠷᠥᠯ ᠵᠦᠢᠯ ᠢ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2016/12/13
     ᠲᠡᠭᠷᠢ ᠬᠦᠢᠲᠡᠷᠡᠬᠦ ᠲᠠᠢ ᠵᠡᠷᠭᠡᠴᠡᠨ᠂ ᠪᠠᠶᠠᠨᠨᠠᠭᠤᠷ ᠬᠤᠳᠠ ᠶᠢᠨ ᠳ᠋ᠧᠩᠺᠸᠤ ᠶᠢᠨ 500 ᠺᠢᠯᠤᠸᠣᠯᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠴᠠᠬᠢᠯᠭᠠᠨ ᠤ ᠨᠢᠭᠡᠳᠡᠬᠢ ᠤᠳᠠᠭ᠎ᠠ ᠶᠢᠨ ᠲᠥᠬᠦᠭᠡᠷᠦᠮᠵᠢ ᠤᠭᠰᠠᠷᠠᠭᠤᠯᠬᠤ ᠱᠠᠲᠤᠨ ᠳᠤ ᠤᠷᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠺᠣᠮᠫᠠᠨᠢ ᠶᠢᠨ ᠳᠠᠭᠠᠭᠠᠴᠢᠯᠠᠨ ᠪᠠᠶᠢᠭᠤᠯᠵᠤ ᠪᠠᠶᠢᠭ᠎ᠠ ᠳ᠋ᠧᠩᠺᠸᠤ ᠶᠢᠨ 500 ᠺᠢᠯᠤᠸᠣᠯᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠦᠷᠲᠡᠭᠡ ᠪᠣᠯ ᠮᠧᠩ ᠰᠢ ᠴᠠᠬᠢᠯᠭᠠᠨ ᠲᠣᠣᠷ ᠤᠨ ᠴᠢᠬᠤᠯᠠ ᠪᠦᠬᠦᠢ ᠢᠨᠵᠧᠨᠧᠷᠢᠩ ᠪᠣᠯᠤᠨ᠎ᠠ᠃ ᠲᠤᠰ ᠢᠨᠵᠧᠨᠧᠷᠢᠩ ᠎ ᠨᠢ ᠤᠯᠠᠭᠠᠨᠪᠤᠬ᠎ᠠ ᠡᠯᠡᠰᠦᠨ ᠴᠦᠯ ᠤᠨ ᠬᠡᠪᠡᠯᠢ ᠳᠤ ᠪᠠᠶᠢᠷᠢᠰᠢᠵᠦ᠂ 130 ᠲᠦᠮᠡᠨ ᠮᠦ ᠭᠠᠵᠠᠷ ᠲᠠᠯᠠᠪᠠᠢ ᠡᠵᠡᠯᠡᠵᠦ ᠪᠤᠢ᠃ ᠤᠷᠲᠤ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠳᠤ 4 ᠳᠣᠭᠤᠶᠢᠯᠠᠩ 1200 ᠰᠠᠶ᠎ᠠ ᠸᠣᠯᠲ ᠠᠮᠫᠧᠷ ᠭᠤᠣᠯ ᠬᠦᠴᠦᠳᠡᠯ ᠥᠭᠡᠷᠡᠴᠢᠯᠡᠭᠴᠢ᠂ 500 ᠺᠢᠯᠤᠸᠣᠯᠲ ᠬᠦᠴᠦᠳᠡᠯᠳᠦ ᠴᠠᠬᠢᠯᠭᠠᠨ ᠤᠲᠠᠰᠤ ᠶᠢ ᠥᠭᠡᠳᠡ ᠤᠷᠣᠭᠤ 10 ᠤᠳᠠᠭ᠎ᠠ ᠲᠠᠲᠠᠵᠤ᠂ 220 ᠺᠢᠯᠤᠸᠣᠯᠲ ᠬᠦᠴᠦᠳᠡᠯᠳᠦ ᠴᠠᠬᠢᠯᠭᠠᠨ ᠤᠲᠠᠰᠤ ᠶᠢ ᠥᠭᠡᠳᠡ ᠤᠷᠣᠭᠤ 16 ᠤᠳᠠᠭ᠎ᠠ ᠲᠠᠲᠠᠬᠤ ᠪᠠᠷ ᠲᠥᠯᠥᠪᠵᠢᠭᠦᠯᠵᠦ᠂ 2017 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠪᠠᠷᠢᠵᠤ ᠳᠠᠭᠤᠰᠬᠠᠬᠤ ᠪᠠᠷ ᠲᠥᠯᠥᠪᠯᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号