ᠡᠪᠦᠯ ᠤᠨ ᠤᠯᠠᠷᠢᠯ ᠤᠨ ᠣᠨᠴᠠ ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠶᠢᠨ | ᠲᠤᠰᠠᠳᠠ᠂ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠲᠥᠪᠯᠡᠷᠡᠭᠦᠯᠦᠨ | ᠵᠠᠰᠠᠬᠤ ᠶᠢ ᠪᠠᠶᠢᠷᠢᠯᠠᠭᠤᠯᠤᠨ ᠥᠷᠨᠢᠭᠦᠯᠬᠦ ᠰᠠᠭᠤᠷᠢᠨ ᠳᠡᠭᠡᠷ᠎ᠡ᠂ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ | ᠤᠨ ᠶᠡᠭᠡ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠣᠭᠲᠠᠭᠠᠯ ᠭᠠᠷᠭᠠᠵᠤ᠂ | ᠣᠳᠣ ᠠᠴᠠ ᠡᠬᠢᠯᠡᠨ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠳᠤ | ᠭᠤᠣᠯᠳᠠᠯᠭ᠎ᠠ ᠲᠠᠢ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠲᠥᠪᠯᠡᠷᠡᠭᠦᠯᠦᠨ ᠵᠠᠰᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶᠠᠷᠤᠨ ᠡᠵᠡᠮᠳᠡᠬᠦ ᠶᠢ ᠪᠦᠬᠦ ᠬᠦᠴᠦᠨ ᠢᠶᠠᠷ ᠢᠶᠠᠨ | ᠴᠢᠩᠭᠠᠳᠬᠠᠵᠤ᠂ ᠳᠠᠯᠳᠠ ᠭᠡᠮ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠣᠨᠴᠠ ᠶᠡᠭᠡ ᠵᠠᠮ ᠬᠠᠷᠢᠯᠴᠠᠭᠠᠨ ᠤ | ᠠᠳᠡᠯ ᠭᠠᠷᠬᠤ ᠶᠢ ᠡᠷᠡᠰ ᠰᠡᠷᠭᠡᠶᠢᠯᠡᠬᠦ ᠪᠠᠷ ᠪᠣᠯᠪᠠ᠃ 111 | ᠡᠨᠡ ᠤᠳᠠᠭ᠎ᠠ ᠶᠢᠨ ᠲᠥᠪᠯᠡᠷᠡᠭᠦᠯᠦᠨ ᠵᠠᠰᠠᠬᠤ ᠠᠵᠢᠯ ᠨᠢ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ | ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ᠂ ᠠᠶᠤᠯ ᠲᠠᠢ ᠬᠢᠮᠢ ᠶᠢᠨ ᠪᠤᠳᠠᠰ ᠤᠨ ᠲᠡᠭᠡᠭᠡᠪᠦᠷᠢ ᠶᠢᠨ ᠲᠡᠷᠭᠡ᠂ | ᠰᠤᠷᠭᠠᠭᠤᠯᠢ ᠶᠢᠨ ᠲᠡᠷᠭᠡ᠂ ︽ᠡᠵᠡᠩᠨᠡᠯᠲᠡ ᠠᠴᠠ ᠡᠵᠡᠩᠨᠡᠯᠲᠡ ᠶᠢᠨ ᠪᠤᠰᠤ ᠪᠣᠯᠭᠠᠭᠰᠠᠨ︾ ᠠᠶᠠᠨᠴᠢᠳ ᠤᠨ ᠲᠤᠮᠦ | ᠮᠠᠰᠢᠨ ᠲᠡᠷᠭᠡ᠂ ᠮᠠᠯᠵᠢᠬᠤ ᠲᠠᠷᠢᠶᠠᠯᠠᠬᠤ ᠣᠷᠣᠨ ᠤ ᠳᠤᠮᠳᠠ ᠵᠡᠷᠭᠡ ᠶᠢᠨ ᠰᠠᠭᠤᠳᠠᠯ ᠤᠨ ᠮᠠᠰᠢᠨ ᠲᠡᠷᠭᠡ᠂ 7 | ᠰᠠᠭᠤᠳᠠᠯ ᠠᠴᠠ ᠳᠡᠭᠡᠭᠰᠢᠬᠢ ᠠᠶᠠᠨᠴᠢᠨ ᠤ ᠲᠡᠷᠭᠡ ᠵᠡᠷᠭᠡ ᠲᠡᠷᠭᠡ ᠬᠥᠰᠬᠡ ᠪᠠᠷ ᠵᠠᠰᠠᠬᠤ ᠭᠤᠣᠯᠳᠠᠯᠭ᠎ᠠ ᠪᠤᠯᠭᠠᠵᠤ᠂ | ᠳᠡᠭᠡᠷ᠎ᠡ ᠳᠤᠷᠠᠳᠤᠭᠰᠠᠨ ᠭᠤᠣᠯᠳᠠᠯᠭ᠎ᠠ ᠲᠠᠢ ᠲᠡᠷᠭᠡ ᠬᠥᠰᠬᠡ ᠳᠤ ᠪᠦᠬᠦ ᠲᠠᠯ᠎ᠠ ᠪᠠᠷ ᠵᠠᠮ ᠬᠠᠷᠢᠯᠴᠠᠭᠠᠨ ᠤ ᠠᠮᠤᠷ | ᠲᠦᠪᠰᠢᠨ ᠤ ᠪᠠᠶᠢᠴᠠᠭᠠᠯᠲᠠ ᠬᠢᠨ᠎ᠡ᠃ ᠡᠭᠦᠨ ᠳᠤ᠂ ᠲᠦᠷᠭᠡᠨ ᠬᠤᠷᠳᠤ ᠶᠢᠨ ᠵᠠᠰᠠᠮᠠᠯ ᠵᠠᠮ᠂ ᠤᠯᠤᠰ ᠪᠠ ᠮᠤᠵᠢ ᠶᠢᠨ | ᠵᠠᠰᠠᠮᠠᠯ ᠵᠠᠮ᠂ ᠮᠠᠯᠵᠢᠬᠤ ᠲᠠᠷᠢᠶᠠᠯᠠᠬᠤ ᠣᠷᠣᠨ ᠤ ᠵᠡᠮ ᠢᠶᠠᠷ ᠭᠤᠣᠯᠳᠠᠯᠭ᠎ᠠ ᠲᠠᠢ ᠵᠠᠰᠠᠬᠤ ᠵᠡᠮ ᠱᠤᠭᠤᠮ ᠪᠣᠯᠭᠠᠵᠤ᠂ | ᠦᠢᠯᠡᠴᠢᠯᠡᠭᠡᠨ ᠢᠶᠠᠨ ᠮᠠᠯᠵᠢᠬᠤ ᠲᠠᠷᠢᠶᠠᠯᠠᠬᠤ ᠣᠷᠣᠨ ᠲᠡᠰᠢ ᠦᠷᠭᠦᠯᠵᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠶᠢ ᠦᠨᠡᠨ ᠬᠦ ᠳᠡᠭᠡᠭᠰᠢᠯᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠣᠯᠠᠰᠢᠷᠠᠬᠤ ᠶᠢ | ᠡᠷᠡᠰ ᠬᠤᠷᠢᠭᠯᠠᠨ᠎ᠠ᠃ | ᠲᠥᠪᠯᠡᠷᠡᠭᠦᠯᠦᠨ ᠵᠠᠰᠠᠬᠤ ᠠᠵᠢᠯᠯᠠᠭ᠎ᠠ ᠳᠤ᠂ ᠨᠢᠭᠡ ᠳᠤ ᠭᠤᠣᠯᠳᠠᠯᠭ᠎ᠠ ᠲᠠᠢ ᠲᠡᠷᠭᠡ ᠬᠥᠰᠬᠡ ᠬᠡᠲᠦᠷᠡᠲᠡᠯ᠎ᠡ | ᠬᠥᠮᠥᠨ ᠰᠠᠭᠤᠯᠭᠠᠭᠰᠠᠨ᠂ ᠬᠤᠷᠳᠤᠴᠠ ᠬᠡᠲᠦᠷᠡᠭᠦᠯᠦᠨ ᠵᠢᠯᠣᠭᠤᠳᠤᠭᠰᠠᠨ᠂ ᠦᠨᠡᠮᠯᠡᠯ ᠦᠭᠡᠢ ᠪᠠᠷ ᠲᠡᠷᠭᠡ | ᠵᠢᠯᠣᠭᠤᠳᠤᠭᠰᠠᠨ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ᠂ ᠫᠠᠶᠢᠰᠠ ᠭᠡᠷᠡᠴᠢ ᠳᠤ | ᠬᠤᠯᠪᠣᠭᠳᠠᠭᠰᠠᠨ ᠵᠢᠴᠢ ᠲᠠᠷᠢᠶᠠᠯᠠᠩ ᠳᠤ ᠬᠡᠷᠡᠭᠯᠡᠬᠦ ᠮᠠᠰᠢᠨ ᠲᠡᠷᠭᠡ ᠳᠤ ᠬᠥᠮᠥᠨ ᠰᠠᠭᠤᠯᠭᠠᠭᠰᠠᠨ ᠵᠡᠷᠭᠡ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ︔ ᠬᠤᠶᠠᠷ ᠲᠤ ᠵᠠᠰᠠᠮᠠᠯ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠢᠭᠤᠯᠴᠢᠯᠠᠯ ᠤᠨ ᠳᠠᠭᠠᠭᠠᠴᠢᠯᠠᠭᠰᠠᠨ ᠲᠡᠷᠭᠡ ᠶᠢᠨ ᠳᠠᠭᠠᠭᠤᠯᠢ ᠤᠳᠤᠨ ᠤ | ᠣᠷᠣᠨ ᠪᠠᠶᠢᠷᠢ ᠲᠣᠭᠲᠠᠭᠠᠭᠰᠠᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ᠂ ᠪᠦᠷᠢᠨ ᠪᠦᠲᠦᠨ ᠪᠠᠶᠢᠳᠠᠯ ᠢ ᠲᠡᠷᠭᠡ | ᠳᠠᠷᠠᠭᠠᠯᠠᠨ ᠪᠠᠶᠢᠴᠠᠭᠠᠵᠤ᠂ ᠠᠶᠠᠨᠴᠢᠳ ᠢ ᠬᠡᠲᠦᠷᠡᠲᠡᠯ᠎ᠡ ᠰᠠᠭᠤᠯᠭᠠᠭᠰᠠᠨ ᠂ ᠬᠤᠷᠳᠤᠴᠠ ᠬᠡᠲᠦᠷᠡᠭᠦᠯᠦᠭᠰᠡᠨ᠂ | ᠶᠠᠳᠠᠷᠠᠲᠠᠯ᠎ᠠ ᠪᠠᠨ ᠲᠡᠷᠭᠡ ᠵᠢᠯᠣᠭᠤᠳᠤᠭᠰᠠᠨ᠂ ᠲᠣᠭᠲᠠᠭᠠᠭᠰᠠᠨ ᠴᠠᠭ ᠵᠠᠮ ᠱᠤᠭᠤᠮ ᠢᠶᠠᠷ ᠦᠯᠦ ᠠᠶᠠᠯᠠᠭᠰᠠᠨ ᠵᠡᠷᠭᠡ | ᠵᠠᠮ ᠬᠠᠷᠢᠯᠴᠠᠭᠠᠨ ᠤ ᠲᠠᠯ᠎ᠠ ᠪᠠᠷ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ᠎ᠠ︔ ᠭᠤᠷᠪᠠ ᠳᠤ᠂ ᠠᠶᠤᠯ ᠲᠠᠢ ᠬᠢᠮᠢ ᠶᠢᠨ ᠪᠤᠳᠠᠰ ᠤᠨ ᠲᠡᠭᠡᠭᠡᠪᠦᠷᠢ ᠶᠢᠨ ᠲᠡᠷᠭᠡ ᠶᠢᠨ ᠪᠠᠴᠢᠮ ᠨᠡᠭᠡᠯᠡᠬᠡᠶ | ᠪᠠ ᠳᠠᠭᠠᠭᠤᠯᠢ ᠤᠳᠤᠨ ᠤ ᠣᠷᠣᠨ ᠪᠠᠶᠢᠷᠢ ᠲᠣᠭᠲᠠᠭᠠᠭᠰᠠᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ᠂ ᠪᠦᠷᠢᠨ | ᠪᠦᠲᠦᠨ ᠪᠠᠶᠢᠳᠠᠯ ᠢ ᠲᠡᠷᠭᠡ ᠳᠠᠷᠠᠭᠠᠯᠠᠨ ᠪᠠᠶᠢᠴᠠᠭᠠᠨ᠎ᠠ︔ ᠲᠦᠷᠪᠡ ᠳᠤ ᠡᠯ᠎ᠡ ᠭᠠᠵᠠᠷ ᠤᠨ A᠂ B ᠲᠥᠷᠥᠯ ᠤᠨ | ᠵᠢᠯᠣᠭᠤᠴᠢ ᠶᠢᠨ ᠦᠨᠡᠮᠯᠡᠯ ᠤᠨ ᠬᠤᠪᠢ ᠬᠡᠲᠦᠷᠡᠭᠰᠡᠨ ᠪᠠᠶᠢᠳᠠᠯ ᠢ ᠢᠯᠭᠠᠷᠠᠭᠤᠯᠵᠤ᠂ ᠵᠢᠯᠣᠭᠤᠴᠢ ᠶᠢ ᠰᠢᠪᠠᠳᠠᠵᠤ | ᠪᠠᠶᠢᠭᠠᠳ ᠰᠤᠷᠤᠯᠴᠠᠭᠤᠯᠵᠤ᠂ ᠰᠢᠯᠭᠠᠵᠤ᠂ ᠬᠤᠪᠢ ᠶᠢ ᠨᠢ ᠲᠣᠳᠣᠯᠠᠨ᠎ᠠ︔ ᠲᠠᠪᠤ ᠳᠤ ᠡᠯ᠎ᠡ ᠭᠠᠵᠠᠷ ᠤᠨ 7 | ᠰᠠᠭᠤᠳᠠᠯ ᠠᠴᠠ ᠳᠡᠭᠡᠭᠰᠢᠬᠢ ᠠᠶᠠᠨᠴᠢᠨ ᠤ ᠲᠡᠷᠭᠡ ᠶᠢᠨ ᠵᠠᠮ ᠬᠠᠷᠢᠯᠴᠠᠭᠠᠨ ᠤ ᠲᠠᠯ᠎ᠠ ᠪᠠᠷ ᠬᠠᠤᠯᠢ ᠠᠴᠠ ᠵᠥᠷᠢᠴᠡᠭᠰᠡᠨ | ᠪᠠᠶᠢᠳᠠᠯ ᠢ ᠢᠯᠭᠠᠷᠠᠭᠤᠯᠵᠤ᠂ ᠲᠡᠷᠭᠡ ᠬᠥᠰᠬᠡ ᠶᠢᠨ ᠥᠮᠴᠢᠯᠡᠭᠴᠢ᠂ ᠬᠠᠮᠢᠶᠠᠷᠤᠭᠴᠢ ᠶᠢ ᠰᠢᠪᠠᠳᠠᠨ ᠱᠠᠭᠠᠷᠳᠠᠵᠤ | ᠪᠠᠶᠢᠭᠠᠳ ᠵᠠᠮ ᠬᠠᠷᠢᠯᠴᠠᠭᠠᠨ ᠤ ᠲᠠᠯ᠎ᠠ ᠪᠠᠷ ᠬᠠᠤᠯᠢ ᠠᠴᠠ ᠵᠥᠷᠢᠴᠡᠭᠰᠡᠨ ᠶᠠᠪᠤᠳᠠᠯ ᠢ ᠲᠦᠷᠭᠡᠨ ᠰᠢᠢᠳᠪᠦᠷᠢᠯᠡᠭᠦᠯᠦᠨ᠎ᠡ︔ | ᠵᠢᠷᠭᠤᠭ᠎ᠠ ᠳᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠠᠵᠤ ᠠᠬᠤᠶᠢᠯᠠᠯ ᠤᠨ ᠠᠶᠤᠯ ᠥᠭᠡᠢ ᠶᠢᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ ᠶᠢ ᠨᠢ ᠭᠡᠨᠡᠳᠡᠭᠦᠯᠦᠨ ᠪᠠᠶᠢᠴᠠᠭᠠᠨ᠎ᠠ᠃ | ᠵᠠᠰᠠᠬᠤ ᠡᠷᠴᠢᠮ ᠢᠶᠠᠨ ᠴᠢᠩᠭᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ 200 ᠴᠠᠭᠳᠠᠭ᠎ᠠ ᠶᠢᠨ ᠬᠦᠴᠦᠨ | ᠪᠦᠬᠦᠢ ᠬᠠᠤᠯᠢ ᠬᠡᠷᠡᠭᠵᠢᠭᠦᠯᠦᠯᠲᠡ ᠶᠢ ᠰᠣᠯᠪᠢᠴᠠᠭᠤᠯᠤᠨ ᠰᠢᠮᠳᠠᠭᠤᠯᠤᠨ ᠪᠠᠶᠢᠴᠠᠭᠠᠬᠤ 5 ᠳᠤᠭᠤᠶᠢᠯᠠᠩ ᠢ | ᠪᠠᠶᠢᠭᠤᠯᠵᠤ᠂ ᠣᠨᠳᠣᠣ ᠭᠠᠵᠠᠷ ᠤᠨ ᠴᠠᠭᠳᠠᠭ᠎ᠠ ᠶᠢ ᠬᠡᠷᠡᠭᠯᠡᠬᠦ ᠪᠠ ᠬᠠᠤᠯᠢ ᠬᠡᠷᠡᠭᠵᠢᠭᠦᠯᠦᠯᠲᠡ ᠶᠢ ᠰᠣᠯᠪᠢᠴᠠᠭᠤᠯᠤᠨ | ᠰᠢᠮᠳᠠᠭᠤᠯᠤᠨ ᠪᠠᠶᠢᠴᠠᠭᠠᠬᠤ ᠬᠡᠯᠪᠡᠷᠢ ᠶᠢ ᠠᠪᠴᠤ᠂ ᠡᠯ᠎ᠡ ᠭᠠᠵᠠᠷ ᠣᠷᠣᠨ ᠳᠤ ᠬᠦᠷᠴᠦ ᠬᠠᠤᠯᠢ | ᠬᠡᠷᠡᠭᠵᠢᠭᠦᠯᠦᠯᠲᠡ ᠶᠢ ᠰᠣᠯᠪᠢᠴᠠᠭᠤᠯᠤᠨ ᠰᠢᠮᠳᠠᠭᠤᠯᠤᠠ ᠪᠠᠶᠢᠴᠠᠭᠠᠬᠤ ᠶᠢ ᠥᠷᠨᠢᠭᠦᠯᠣᠨ᠎ᠠ᠃ |