2017 ᠣᠨ ᠤ ᠴᠠᠭᠠᠨ ᠰᠠᠷ᠎ᠠ ᠶᠢᠨ ᠵᠦᠭᠡᠭᠡᠪᠦᠷᠢ 1 ᠳ᠋ᠤᠭᠡᠷ ᠰᠠᠷ᠎ᠠ ᠶᠢᠨ 13 ᠤ ᠡᠳᠦᠷ ᠠᠴᠠ ᠡᠬᠢᠯᠡᠨ 2 | ᠳ᠋ᠤᠭᠠᠷ ᠰᠠᠷ᠎ᠠ ᠶᠢᠨ 21 ᠤ ᠡᠳᠦᠷ ᠪᠤᠯᠲᠠᠯ᠎ᠠ ᠨᠡᠶᠢᠲᠡ 40 ᠡᠳᠦᠷ ᠶᠠᠪᠤᠭᠳᠠᠨ᠎ᠠ᠃ ᠬᠥᠬᠡᠬᠤᠲᠠ ᠶᠢᠨ ᠲᠡᠮᠦᠷ | ᠵᠠᠮ ᠤᠨ ᠲᠤᠪᠴᠢᠶ᠎ᠠ ᠵᠢᠱᠢᠯᠲᠡ ᠪᠠᠷ 373 ᠲᠦᠮᠡᠨ ᠬᠥᠮᠦᠨ ᠤᠳᠠᠭ᠎ᠠ ᠶᠢ ᠵᠦᠭᠡᠭᠡᠪᠦᠷᠢᠯᠡᠵᠤ᠂ ᠠᠳᠠᠯᠢ | ᠬᠤᠭᠤᠴᠠᠭᠠᠨ ᠤ ᠬᠢ ᠠᠴᠠ 6% ᠪᠠᠷ ᠨᠡᠮᠡᠭᠳᠡᠨ᠎ᠡ᠃ ᠠᠶᠠᠨᠴᠢᠳ ᠤᠨ ᠠᠶᠠᠯᠠᠯ ᠳᠤ ᠨᠡᠩ ᠳᠥᠭᠦᠮ ᠦᠵᠡᠬᠦᠯᠬᠦ ᠶᠢᠨ | ᠲᠤᠯᠠᠳᠠ᠂ ᠴᠠᠭᠠᠨ ᠰᠠᠷ᠎ᠠ ᠶᠢᠨ ᠵᠦᠭᠡᠭᠡᠪᠦᠷᠢ ᠶᠢᠨ ᠬᠤᠭᠤᠴᠠᠭᠠᠨ ᠳᠤ᠂ ᠬᠥᠬᠡᠬᠤᠲᠠ ᠶᠢᠨ ᠳᠡᠮᠦᠷ ᠵᠠᠮ ᠤᠨ | ᠲᠣᠪᠴᠢᠶ᠎ᠠ ᠲᠦᠷ ᠴᠠᠭ ᠤᠨ ᠴᠤᠪᠤᠭ᠎ᠠ ᠲᠡᠷᠭᠡ ᠶᠢ 2 ᠬᠤᠤᠰ ᠨᠡᠮᠡᠵᠦ᠂ ᠬᠤᠶᠠᠷ ᠡᠭᠡᠯᠵᠢ ᠤᠳᠠᠭ᠎ᠠ ᠬᠦᠶᠦᠬᠦ | ᠴᠤᠪᠤᠭ᠎ᠠ ᠲᠡᠷᠭᠡ ᠶᠢ 1 ᠬᠤᠣᠰ ᠨᠡᠮᠡᠵᠤ᠂ ᠡᠮᠦᠨᠡᠲᠦ ᠣᠷᠣᠨ ᠢ 13 ᠴᠤᠪᠤᠭ᠎ᠠ ᠲᠡᠷᠭᠡ ᠪᠠᠷ ᠲᠤᠰᠠᠯᠠᠵᠤ᠂ ᠨᠡᠶᠢᠲᠡ | 242 ᠠᠶᠠᠨᠴᠢᠳ ᠤᠨ ᠲᠡᠷᠭᠡ ᠵᠤᠬᠢᠶᠠᠨ ᠪᠠᠶᠢᠭᠤᠯᠤᠨ᠎ᠠ᠃ | 2017 ᠣᠨ ᠪᠣᠯ ᠣᠶᠢᠷ᠎ᠠ ᠶᠢᠨ 5 ᠵᠢᠯ ᠤᠨ ᠲᠤᠷᠰᠢᠬᠢ ᠬᠠᠮᠤᠭ ᠡᠷᠲᠡ ᠰᠠᠭᠠᠲᠤᠬᠤ ᠴᠠᠭᠠᠨ ᠰᠠᠷ᠎ᠠ ᠶᠢᠨ | ᠵᠥᠭᠡᠭᠡᠪᠦᠷᠢ ᠪᠤᠯᠵᠤ᠂ ᠲᠦᠷᠦᠭᠦᠦ ᠵᠢᠯ ᠤᠨ ᠬᠢ ᠠᠴᠠ 11 ᠡᠳᠦᠷ ᠤᠷᠢᠳᠴᠢᠯᠠᠭᠰᠠᠨ ᠪᠠᠶᠢᠨ᠎ᠠ᠃ ᠲᠡᠮᠦᠷ ᠵᠠᠮ ᠤᠨ | ᠰᠠᠯᠠᠭ᠎ᠠ ᠮᠥᠴᠢᠷ ᠤᠨ ᠵᠢᠱᠢᠯᠲᠡ ᠪᠠᠷ ᠬᠠᠮᠢᠶᠠᠷᠤᠯᠲᠠ ᠶᠢᠨ ᠬᠠᠷᠢᠶ᠎ᠠ ᠳᠠᠬᠢ ᠣᠢᠢᠷ᠎ᠠ ᠵᠠᠮ ᠤᠨ ᠠᠶᠠᠨᠴᠢᠳ ᠤᠨ ᠲᠤᠭ᠎ᠠ | ᠲᠦᠷᠦᠭᠦᠦ ᠵᠢᠯ ᠤᠳ ᠤᠨ ᠬᠢ ᠠᠴᠠ ᠡᠳᠦᠢ ᠲᠡᠳᠦᠢ ᠨᠡᠮᠡᠭᠳᠡᠬᠦ ᠪᠤᠯᠤᠨ᠎ᠠ᠃ ᠵᠠᠯᠭᠠᠭᠠᠳ ᠬᠦᠬᠡᠬᠤᠲᠠ ᠶᠢᠨ ᠡᠯ᠎ᠡ ᠶᠡᠭᠡ | ᠳᠡᠭᠡᠳᠦ ᠰᠤᠷᠭᠠᠭᠤᠯᠢ ᠤᠷᠢᠳ ᠬᠤᠵᠢᠳ ᠰᠤᠷᠭᠠᠭᠤᠯᠢ ᠡᠬᠢᠯᠡᠬᠦ ᠶᠢ ᠳᠠᠭᠠᠯᠳᠤᠨ᠂ ᠣᠷᠣᠨ ᠤ ᠳᠤᠲᠤᠷᠠᠬᠢ ᠵᠡᠭᠦᠨ | ᠬᠡᠰᠡᠭ ᠤᠨ ᠭᠠᠵᠠᠷ ᠣᠷᠣᠨ ᠠᠴᠠ ᠬᠥᠬᠡᠬᠤᠲᠠ ᠬᠦᠷᠬᠦ ᠰᠤᠷᠤᠭᠴᠢᠳ ᠤᠨ ᠲᠤᠭ᠎ᠠ ᠲᠦᠷᠭᠡᠨ ᠨᠡᠮᠡᠭᠳᠡᠬᠦ ᠪᠤᠯᠤᠨ᠎ᠠ᠃ | ᠦᠡᠭᠭᠡᠷᠡᠭᠰᠡᠨ ᠤ ᠣᠨᠴᠠᠯᠢᠭ ᠪᠣᠯᠤᠨ ᠠᠶᠠᠨᠴᠢᠳ ᠤᠨ ᠲᠤᠭ᠎ᠠ ᠬᠡᠮᠵᠢᠶᠡᠨ ᠤ ᠵᠠᠳᠠᠯᠤᠯᠲᠠ ᠶᠢ ᠦᠨᠳᠦᠰᠯᠡᠪᠡᠯ᠂ | ᠪᠡᠭᠡᠵᠢᠩ ᠤᠨ ᠡᠷᠬᠢᠨ ᠲᠣᠭᠤᠷᠢᠨ ᠤ ᠭᠠᠵᠠᠷ ᠣᠷᠣᠨ ᠤ ᠪᠡᠭᠡᠵᠢᠩ ᠳᠤ ᠤᠴᠢᠵᠤ ᠡᠮᠨᠡᠬᠦᠯᠬᠦ᠂ ᠬᠤᠳᠠᠯᠳᠤᠭᠠᠯᠠᠬᠤ | ᠪᠤᠶᠤ ᠵᠠᠮ ᠳᠤᠮᠳᠠ ᠪᠠᠨ ᠲᠡᠷᠭᠡ ᠰᠤᠯᠢᠬᠤ ᠠᠶᠠᠨᠴᠢᠳ ᠤᠨ ᠲᠤᠭ᠎ᠠ ᠨᠡᠯᠢᠶᠡᠳ ᠤᠯᠠᠰᠢᠷᠡᠵᠤ᠂ ᠠᠶᠠᠨᠴᠢᠳ ᠤᠨ | ᠲᠤᠭ᠎ᠠ ᠬᠡᠮᠵᠢᠶᠡᠨ ᠤ ᠳᠠᠷᠤᠯᠲᠠ ᠨᠡᠯᠢᠶᠡᠳ ᠶᠡᠭᠡ ᠪᠤᠯᠤᠨ᠎ᠠ᠃ ᠡᠶᠢᠮᠦᠷᠬᠦ ᠠᠶᠠᠨᠴᠢᠳ ᠤᠨ ᠲᠤᠭ᠎ᠠ ᠬᠡᠮᠵᠢᠶᠡᠨ ᠤ | ᠳᠠᠷᠤᠯᠲᠠ ᠶᠢ ᠨᠠᠮᠳᠠᠭᠤᠯᠬᠤ ᠶᠢᠨ ᠲᠤᠯᠠᠳᠠ᠂ ᠪᠤᠭᠤᠲᠤ ᠦᠷᠲᠡᠭᠡ ᠠᠴᠠ ᠪᠡᠭᠡᠵᠢᠩ ᠦᠷᠲᠡᠭᠡ ᠬᠦᠷᠬᠦ K264 | ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠪᠡᠭᠡᠵᠢᠩ ᠥᠷᠲᠡᠭᠡ ᠬᠦᠷᠦᠭᠰᠡᠨ ᠤ ᠳᠠᠷᠠᠭ᠎ᠠ᠂ ᠲᠡᠮᠦᠷ ᠵᠠᠮ ᠤᠨ | ᠰᠠᠯᠠᠭ᠎ᠠ ᠮᠥᠴᠢᠷ ᠠᠴᠠ ᠲᠡᠭᠦᠨ ᠢ ᠦᠷᠭᠦᠯᠵᠢᠯᠡᠨ ᠪᠡᠭᠡᠵᠢᠩ ᠦᠷᠲᠡᠭᠡ ᠠᠴᠠ ᠴᠢᠭᠤᠯᠭᠠᠲᠤ ᠬᠠᠭᠠᠯᠭ᠎ᠠ ᠶᠢᠨ ᠡᠮᠦᠨ᠎ᠡ | ᠦᠷᠲᠡᠭᠡ ᠬᠦᠷᠬᠦ K5271 /2 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠪᠤᠯᠭᠠᠨ ᠲᠤᠬᠢᠷᠠᠭᠤᠯᠪᠠ᠃ | ᠴᠠᠭᠠᠨ ᠰᠠᠷ᠎ᠠ ᠶᠢᠨ ᠰᠢᠨ᠎ᠡ ᠶᠢᠨ ᠨᠢᠭᠡᠨ᠂ ᠰᠢᠨ᠎ᠡ ᠶᠢᠨ ᠬᠤᠶᠠᠷ ᠲᠤ ᠠᠶᠠᠯᠠᠬᠤ ᠠᠶᠠᠨᠴᠢᠳ ᠤᠨ ᠲᠤᠭ᠎ᠠ ᠬᠠᠷᠢᠴᠠᠩᠭᠤᠶ | ᠴᠥᠭᠡᠨ ᠪᠤᠯᠬᠤᠷ᠂ 1 ᠳ᠋ᠤᠭᠡᠷ ᠰᠠᠷ᠎ᠠ ᠶᠢᠨ 28 ᠤ ᠡᠳᠦᠷ ᠪᠤᠯᠤᠨ 29 ᠤ ᠡᠳᠦᠷ᠂ ᠲᠡᠮᠦᠷ ᠵᠠᠮ ᠤᠨ ᠰᠠᠯᠠᠭ᠎ᠠ | ᠮᠥᠴᠢᠷ ᠳ᠋ᠠᠲ᠋ᠦ᠋ᠩ ᠦᠷᠲᠡᠭᠡ ᠠᠴᠠ ᠬᠥᠬᠡᠬᠤᠲᠠ ᠦᠷᠲᠡᠭᠡ ᠬᠦᠷᠬᠦ K1089/90 ᠤᠳᠠᠭ᠎ᠠ ᠶᠢᠨ ᠠᠶᠠᠨᠴᠢᠳ ᠤᠨ | ᠴᠤᠪᠤᠭ᠎ᠠ ᠲᠡᠷᠭᠡ ᠶᠢ ᠵᠤᠭᠰᠤᠭᠠᠨ᠎ᠠ᠃ 1 ᠳ᠋ᠤᠭᠡᠷ ᠰᠠᠷ᠎ᠠ ᠶᠢᠨ 30 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ | ᠭᠤᠷᠪᠠᠨ︶ ᠬᠡᠪ ᠤᠨ ᠠᠶᠠᠯᠠᠯ ᠢᠶᠠᠨ ᠰᠡᠷᠭᠦᠭᠡᠨ᠎ᠡ᠃ | ᠵᠡᠭᠦᠨ ᠬᠤᠶᠢᠲᠤ ᠣᠷᠣᠨ ᠳᠤ ᠠᠵᠢᠯ ᠬᠢᠵᠤ ᠪᠠᠶᠢᠭ᠎ᠠ ᠬᠦᠮᠦᠰ ᠪᠤᠯᠤᠨ ᠰᠤᠷᠤᠭᠴᠢᠳ ᠤᠨ ᠨᠤᠲᠤᠭ ᠲᠠᠭᠠᠨ | ᠪᠤᠴᠠᠬᠤ ᠣᠷᠭᠢᠯ ᠢ ᠠᠷᠭᠠᠴᠠᠬᠤ ᠶᠢᠨ ᠲᠤᠯᠠᠳᠠ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠲᠡᠮᠦᠷ | ᠵᠠᠮ ᠤᠨ ᠰᠠᠯᠠᠭ᠎ᠠ ᠮᠥᠴᠢᠷ ᠪᠤᠭᠤᠲᠤ ᠦᠷᠲᠡᠭᠡ ᠠᠴᠠ ᠡᠷᠢᠶᠡᠨ ᠦᠷᠲᠡᠭᠡ ᠬᠦᠷᠬᠦ T4202/3᠂ T4204/1 | ᠤᠳᠠᠭ᠎ᠠ ᠶᠢᠨ ᠲᠦᠷ ᠴᠠᠭ ᠤᠨ 1 ᠬᠤᠣᠰ ᠴᠤᠪᠤᠭ᠎ᠠ ᠲᠤᠬᠢᠷᠠᠭᠤᠯᠵᠤ᠂ ᠴᠠᠭᠠᠨ ᠰᠠᠷ᠎ᠠ ᠠᠴᠠ ᠰᠡᠭᠦᠯᠡᠷ ᠤᠯᠠᠭᠠᠨᠬᠠᠳᠠ | ᠦᠷᠲᠡᠭᠡ ᠠᠴᠠ ᠬᠥᠬᠡᠬᠤᠲᠠ ᠵᠡᠭᠦᠨ ᠦᠷᠲᠡᠭᠡ ᠬᠦᠷᠬᠦ K4242/3᠂ K4244/1 ᠤᠳᠠᠭ᠎ᠠ ᠶᠢᠨ ᠲᠦᠷ | ᠴᠠᠭ ᠤᠨ 1 ᠬᠤᠣᠰ ᠴᠤᠪᠤᠭ᠎ᠠ ᠲᠤᠬᠢᠷᠠᠭᠤᠯᠤᠨ᠎ᠠ᠃ ᠡᠭᠦᠨ ᠤ ᠬᠠᠮᠲᠤ ᠠᠶᠠᠨᠴᠢᠳ ᠤᠨ ᠲᠤᠭ᠎ᠠ ᠬᠡᠮᠵᠢᠶᠡᠨ ᠤ | ᠬᠥᠳᠡᠯᠦᠩᠭᠦᠶ ᠪᠠᠶᠢᠳᠠᠯ ᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠴᠤᠪᠤᠭ᠎ᠠ ᠨᠡᠮᠡᠬᠦ᠂ ᠢᠯᠡᠬᠦᠦ ᠠᠶᠠᠯᠠᠬᠤ᠂ | ᠬᠡᠪᠲᠡᠭᠡ ᠤᠷᠤ ᠪᠠᠷ ᠰᠠᠭᠤᠳᠠᠯ ᠤᠷᠤ ᠶᠢ ᠤᠷᠤᠯᠠᠭᠤᠯᠬᠤ ᠵᠡᠷᠭᠡ ᠠᠷᠭ᠎ᠠ ᠪᠠᠷ ᠵᠦᠭᠡᠭᠡᠪᠦᠷᠢ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠪᠠᠰᠠ ᠬᠠᠮᠢᠶᠠᠷᠤᠯᠲᠠ ᠶᠢᠨ ᠬᠠᠷᠢᠶᠠᠨ ᠳᠠᠬᠢ ᠬᠦᠳᠡᠯᠭᠡᠭᠦᠷᠲᠦ | ᠬᠦᠴᠦᠨ ᠤ ᠴᠤᠪᠤᠭ᠎ᠠ ᠲᠡᠷᠭᠡ ᠶᠢ ᠬᠤᠯᠪᠤᠭᠠᠯᠠᠭᠤᠯᠤᠨ ᠠᠶᠠᠯᠠᠭᠤᠯᠵᠤ᠂ ᠵᠦᠭᠡᠭᠡᠪᠦᠷᠢ ᠶᠢᠨ ᠴᠢᠳᠠᠪᠤᠷᠢ ᠶᠢ 50% | ᠪᠠᠷ ᠳᠡᠭᠡᠭᠰᠢᠯᠡᠭᠦᠯᠵᠦ᠂ ᠬᠥᠬᠡᠬᠤᠲᠠ᠂ ᠪᠤᠭᠤᠲᠤ᠂ ᠤᠯᠠᠭᠠᠨᠴᠠᠪ᠂ ᠤᠷᠳᠤᠰ ᠵᠡᠷᠭᠡ ᠬᠤᠳᠠ ᠶᠢᠨ ᠬᠤᠭᠤᠷᠤᠨᠳᠤᠬᠢ | ᠠᠶᠠᠨᠴᠢᠳ ᠤᠨ ᠲᠤᠭ᠎ᠠ ᠬᠡᠮᠵᠢᠶᠡᠨ ᠤ ᠳᠠᠷᠤᠯᠲᠠ ᠶᠢ ᠪᠦᠲᠦᠮᠵᠢᠲᠡᠶ ᠰᠢᠢᠳᠪᠦᠷᠢᠯᠡᠨ᠎ᠡ᠃ | ᠡᠮᠦᠨᠡᠲᠦ ᠣᠷᠣᠨ ᠤ ᠠᠬ᠎ᠠ ᠳᠡᠭᠦᠦ ᠲᠣᠪᠴᠢᠶ᠎ᠠ ᠶᠢ ᠬᠠᠪᠰᠤᠷᠤᠨ ᠴᠠᠭᠠᠨ ᠰᠠᠷ᠎ᠠ ᠶᠢᠨ ᠠᠶᠠᠨᠴᠢᠳ ᠤᠨ | ᠵᠥᠭᠡᠭᠡᠪᠦᠷᠢ ᠶᠢᠨ ᠳᠠᠷᠤᠯᠲᠠ ᠶᠢ ᠨᠠᠮᠳᠠᠭᠤᠯᠬᠤ ᠶᠢᠨ ᠲᠤᠯᠠᠳᠠ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ 13 | ᠤᠳᠠᠭ᠎ᠠ ᠶᠢᠨ ᠨᠡᠶᠢᠲᠡ 242 ᠴᠤᠪᠤᠭ᠎ᠠ ᠲᠡᠷᠭᠡ ᠶᠢ ᠵᠣᠬᠢᠶᠠᠨ ᠪᠠᠶᠢᠭᠤᠯᠵᠤ ᠪᠠᠶᠢᠭᠠᠳ ᠡᠮᠦᠨᠡᠲᠦ ᠣᠷᠣᠨ ᠤ ᠴᠠᠭᠠᠨ | ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠠᠵᠢᠯ ᠳᠤ ᠲᠤᠰᠠᠯᠠᠬᠤ ᠪᠠᠷ ᠪᠠᠶᠢᠨ᠎ᠠ᠃ ᠴᠠᠭᠠᠨ ᠰᠠᠷ᠎ᠠ ᠠᠴᠠ ᠡᠮᠦᠨ᠎ᠡ | 6 ᠤᠳᠠᠭ᠎ᠠ ᠶᠢᠨ 112 ᠴᠤᠪᠤᠭ᠎ᠠ ᠲᠡᠷᠭᠡ ᠶᠢ ᠵᠤᠬᠢᠶᠠᠨ ᠪᠠᠶᠢᠭᠤᠯᠤᠨ ᠦᠬᠠᠨ ᠤ ᠲᠡᠮᠦᠷ ᠵᠠᠮ ᠤᠨ ᠲᠤᠪᠴᠢᠶ᠎ᠠ ᠶᠢ | ᠲᠤᠰᠠᠯᠠᠨ᠎ᠠ︔ ᠴᠠᠭᠠᠨ ᠰᠠᠷ᠎ᠠ ᠠᠴᠠ ᠰᠡᠭᠦᠯᠡᠷ 7 ᠤᠳᠠᠭ᠎ᠠ ᠶᠢᠨ 130 ᠴᠤᠪᠤᠭ᠎ᠠ ᠲᠡᠷᠭᠡ ᠶᠢ ᠵᠣᠬᠢᠶᠠᠨ ᠪᠠᠶᠢᠭᠤᠯᠵᠤ | ᠪᠠᠶᠢᠭᠠᠳ ᠦᠬᠠᠨ᠂ ᠴᠧᠩᠳᠦ᠋ ᠶᠢᠨ ᠲᠡᠮᠦᠷ ᠵᠠᠮ ᠤᠨ ᠲᠤᠪᠴᠢᠶ᠎ᠠ ᠶᠢ ᠲᠤᠰᠠᠯᠠᠨ᠎ᠠ᠃ |