ᠥᠪᠥᠷ ᠵᠠᠰᠠᠭ ᠲᠠᠷᠬᠠᠭᠠᠭᠰᠠᠨ ﹇2016﹈ 59 ᠳ᠋ᠤᠭᠡᠷ ᠲᠤᠭᠠᠳᠤ | 5 ᠳ᠋ᠤᠭᠠᠷ ᠰᠠᠷ᠎ᠠ ᠶᠢᠨ 24 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠪᠣᠯᠣᠨ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ | ᠣᠯᠠᠨ ᠠᠷᠠᠳ ᠲᠦᠮᠡᠨ ᠤ ᠡᠮ ᠤᠤᠭᠤᠵᠤ ᠡᠮᠴᠢᠯᠡᠭᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠳᠤ ᠠᠮᠦᠷ ᠲᠥᠪᠰᠢᠨ | ᠪᠦᠭᠡᠳ ᠪᠦᠲᠦᠮᠵᠢᠲᠡᠢ ᠪᠠᠶᠢᠬᠤ ᠶᠢ ᠦᠨᠡᠨᠬᠦ ᠪᠠᠲᠤᠯᠠᠨ᠂ ᠪᠦᠬᠦ ᠣᠷᠣᠨ ᠤ ᠡᠮ ᠡᠮᠨᠡᠯᠭᠡ ᠶᠢᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠴᠢᠷᠮᠠᠶᠢᠨ ᠠᠬᠢᠭᠤᠯᠬᠤ ᠶᠢᠨ | ᠲᠤᠰᠠᠳᠠ᠂ ︽ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ | ᠳᠦᠷᠢᠮ ᠳᠤ ᠦᠭᠡᠷᠡᠴᠢᠯᠡᠯᠲᠡ ᠬᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ | ᠲᠠᠷᠬᠠᠭᠠᠭᠰᠠᠨ ﹇2015﹈ 44 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠦᠪᠡᠷᠲᠡᠭᠡᠨ | ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠮᠠᠨ ᠤ ᠣᠷᠣᠨ ᠤ ᠡᠮ ᠤᠨ ᠵᠦᠢᠯ ᠡᠮᠴᠢᠯᠡᠭᠡ ᠶᠢᠨ | ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠳᠤ ᠦᠭᠡᠷᠡᠴᠢᠯᠡᠯᠲᠡ ᠬᠢᠬᠦ ᠬᠤᠯᠪᠣᠭᠳᠠᠯ ᠪᠦᠬᠦᠢ | ᠵᠦᠢᠯᠡᠰ ᠤᠨ ᠲᠣᠬᠠᠢ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠭᠤᠣᠯ ᠬᠠᠷᠠᠯᠲᠠ | ︵ᠨᠢᠭᠡ︶ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠪᠠ | ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ | ᠵᠥᠪᠰᠢᠶᠡᠷᠡᠬᠦ ᠡᠭᠦᠷᠭᠡ ᠴᠢᠳᠠᠪᠤᠷᠢ ᠠᠵᠢᠯ ᠭᠡᠷᠡᠭ ᠬᠠᠮᠢᠶᠠᠷᠠᠬᠤ ᠡᠷᠬᠡ ᠶᠢᠨ ᠬᠤᠪᠢᠶᠠᠷᠢᠯᠠᠯ ᠶᠤᠰᠤᠭᠠᠷ᠂ ᠮᠠᠨ ᠤ | ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ ᠦᠷ᠎ᠡ | ᠪᠦᠲᠦᠮᠵᠢᠲᠦ ᠴᠢᠨᠠᠷ᠂ ᠠᠮᠦᠷ ᠲᠥᠪᠰᠢᠨ ᠴᠢᠨᠠᠷ ᠪᠠ ᠶᠠᠰᠤ ᠴᠢᠨᠠᠷ ᠢ ᠡᠵᠡᠮᠳᠡᠵᠦ ᠪᠣᠯᠬᠤᠶᠢᠴᠠ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ | ᠵᠥᠪᠰᠢᠶᠡᠷᠡᠬᠦ ᠠᠵᠢᠯᠯᠠᠭᠠᠨ ᠤ ᠨᠡᠩ ᠰᠢᠨᠵᠢᠯᠡᠬᠦ ᠤᠬᠠᠭᠠᠨᠴᠢ ᠨᠡᠩ ᠦᠨᠳᠦᠷ ᠪᠦᠲᠦᠮᠵᠢᠲᠡᠢ ᠰᠢᠰᠲ᠋ᠧᠮᠵᠢ ᠶᠢ | ᠪᠠᠶᠢᠭᠤᠯᠤᠨ᠎ᠠ᠃ | ︵ᠬᠤᠶᠠᠷ︶ ᠳᠠᠭᠤᠷᠢᠶᠠᠮᠠᠯ ᠡᠮ ᠤᠨ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠠᠭᠤᠷᠢᠶᠠᠮᠠᠯ | ᠡᠮ ᠳᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠭᠤᠣᠯ ᠴᠤᠭᠴᠠ᠂ ᠪᠠᠷᠢᠮᠵᠢᠶ᠎ᠠ᠂ ᠠᠷᠭ᠎ᠠ ᠠᠪᠴᠠᠯ᠂ ᠠᠯᠬᠤᠮ | ᠳᠠᠷᠠᠭ᠎ᠠ᠂ ᠲᠥᠷᠥ ᠶᠢᠨ ᠪᠣᠳᠣᠯᠭ᠎ᠠ ᠵᠡᠷᠭᠡ ᠱᠠᠭᠠᠷᠳᠠᠯᠭ᠎ᠠ ᠶᠤᠰᠤᠭᠠᠷ᠂ ᠳᠠᠭᠤᠷᠢᠶᠠᠮᠠᠯ ᠡᠮ ᠤᠨ ᠵᠦᠢᠯ ᠤᠨ ᠶᠠᠰᠤ | ᠴᠢᠨᠠᠷ ᠲᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠠᠵᠢᠯ ᠢ ᠴᠢᠩᠭᠠᠳᠬᠠᠵᠤ᠂ ᠤᠯᠤᠰ ᠤᠨ ᠱᠠᠭᠠᠷᠳᠠᠯᠭ᠎ᠠ | ᠶᠤᠰᠤᠭᠠᠷ ᠳᠠᠭᠤᠷᠢᠶᠠᠮᠠᠯ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ ᠦᠭᠡᠷᠡᠴᠢᠯᠡᠯᠲᠡ ᠶᠢᠨ ᠠᠵᠢᠯ ᠢ | ᠰᠠᠶᠢᠲᠤᠷ ᠬᠢᠵᠦ᠂ ᠦᠪᠡᠷᠲᠡᠭᠡᠨ ᠵᠠᠰᠠᠬᠤ ᠣᠷᠣᠨ ᠤ ᠳᠠᠭᠤᠷᠢᠶᠠᠮᠠᠯ ᠡᠮ ᠳᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ | ᠠᠵᠢᠯ ᠢ ᠢᠳᠡᠪᠬᠢᠲᠡᠢ ᠠᠬᠢᠭᠤᠯᠤᠨ᠂ 2018 ᠣᠨ ᠤ ᠵᠢᠯ ᠤᠨ ᠰᠡᠭᠦᠯᠴᠢ ᠠᠴᠠ ᠡᠮᠦᠨ᠎ᠡ ᠤᠯᠤᠰ ᠤᠨ ᠦᠨᠳᠦᠰᠦᠨ | ᠡᠮ ᠤᠨ ᠤᠤᠭᠤᠬᠤ ᠨᠠᠶᠢᠷᠠᠯᠲᠠ ᠬᠢᠭᠡᠳ ᠬᠠᠷᠢᠴᠠᠭᠤᠯᠬᠤ ᠨᠠᠶᠢᠷᠠᠯᠲᠠ ᠶᠢᠨ ᠶᠠᠰᠤ ᠴᠢᠨᠠᠷ ᠲᠤ ᠨᠢᠭᠡᠲᠦᠯᠲᠦ ᠴᠢᠨᠠᠷᠲᠠᠢ | ᠦᠨᠡᠯᠡᠯᠲᠡ ᠬᠢᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ | ︵ᠭᠤᠷᠪᠠ︶ ᠰᠤᠳᠤᠯᠤᠨ ᠬᠥᠭᠵᠢᠭᠦᠯᠵᠦ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠳᠡᠮᠵᠢᠨ᠎ᠡ᠃ ᠡᠮ ᠤᠨ | ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠰᠣᠳᠤᠯᠤᠨ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠳᠡᠮᠵᠢᠬᠦ ᠤᠯᠤᠰ | ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠮᠤᠩᠭᠤᠯ ᠡᠮ᠂ ᠠᠮᠢᠳᠤ ᠪᠤᠳᠠᠰ ᠤᠨ ᠡᠮ ᠪᠠ ᠡᠮᠴᠢᠯᠡᠭᠡ ᠶᠢᠨ ᠪᠠᠭᠠᠵᠢ | ᠬᠡᠷᠡᠭᠰᠡᠯ ᠢ ᠰᠤᠳᠤᠯᠤᠨ ᠬᠥᠭᠵᠢᠭᠦᠯᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ | ᠮᠣᠩᠭᠤᠯ ᠡᠮ ᠤᠨ ᠲᠦᠷᠦᠯ᠂ ᠮᠡᠷᠭᠡᠵᠢᠯ᠂ ᠠᠵᠤ ᠦᠢᠯᠡᠰᠵᠢᠭᠦᠯᠬᠦ ᠬᠥᠭᠵᠢᠯᠲᠡ ᠶᠢ ᠳᠡᠮᠵᠢᠬᠦ ᠪᠠ ᠠᠬᠢᠭᠤᠯᠵᠤ᠂ | ᠮᠣᠩᠭᠤᠯ ᠡᠮ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠪᠦᠬᠦ ᠣᠷᠣᠨ ᠤ ᠮᠣᠩᠭᠤᠯ ᠡᠮ ᠡᠮᠨᠡᠯᠭᠡ ᠶᠢᠨ | ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠵᠤ᠂ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠦᠨ᠎ᠡ᠃ | ︵ᠳᠥᠷᠪᠡ︶ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠤᠯᠤᠰ ᠤᠨ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠡᠮ ᠤᠨ ᠵᠦᠢᠯ | ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠠᠨ ᠠᠪᠴᠤ ᠪᠡᠯᠡᠳᠭᠡᠬᠦ | ᠠᠵᠢᠯ ᠢ ᠢᠳᠡᠪᠬᠢᠲᠡᠢ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠡᠮᠬᠢ ᠵᠢᠷᠤᠮ ᠲᠠᠢ ᠵᠤᠯᠭᠠᠭᠤᠯᠲᠠ ᠶᠢ | ᠪᠡᠶᠡᠯᠡᠭᠦᠯᠦᠨ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠣᠯᠣᠨ ᠶᠠᠰᠤ ᠴᠢᠨᠠᠷ ᠢ ᠳᠡᠭᠡᠭᠰᠢᠯᠡᠭᠦᠯᠵᠦ᠂ | ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠤᠯᠭᠠᠨ᠂ | ᠭᠤᠶᠤᠴᠢᠯᠠᠭᠴᠢ ᠶᠢ ᠬᠦᠲᠦᠯᠦᠨ ᠵᠢᠯᠣᠭᠤᠳᠴᠤ ᠪᠠᠶᠢᠭᠠᠳ ᠰᠤᠳᠤᠯᠤᠨ ᠬᠥᠭᠵᠢᠭᠦᠯᠬᠦ ᠶᠢ ᠡᠮᠬᠢ ᠵᠢᠷᠤᠮ ᠲᠠᠢ | ᠦᠷᠨᠢᠭᠦᠯᠬᠦ ᠪᠠ ᠭᠤᠶᠤᠴᠢᠯᠠᠯ ᠭᠠᠷᠭᠠᠯᠭᠠᠨ᠎ᠠ᠃ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠪᠠᠷᠢᠮᠵᠢᠶ᠎ᠠ ᠶᠢ | ᠳᠡᠭᠡᠭᠰᠢᠯᠡᠭᠦᠯᠬᠦ ᠪᠠᠷ ᠳᠠᠮᠵᠢᠨ᠂ ᠬᠢᠷᠢ ᠬᠡᠮᠵᠢᠶ᠎ᠡ ᠪᠠᠷᠤᠭᠲᠠᠢ ᠭᠤᠶᠤᠴᠢᠯᠠᠯ ᠢ ᠡᠵᠡᠮᠳᠡᠨ᠎ᠡ᠃ | ᠬᠤᠶᠠᠷ᠂ ᠭᠤᠣᠯ ᠡᠭᠦᠷᠭᠡ | ︵ᠲᠠᠪᠤ︶ ᠳᠠᠭᠤᠷᠢᠶᠠᠮᠠᠯ ᠡᠮ ᠤᠨ ᠶᠠᠰᠤ ᠴᠢᠨᠠᠷ ᠲᠤ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠶᠢ | ᠠᠬᠢᠭᠤᠯᠤᠨ᠎ᠠ᠃ ᠳᠠᠭᠤᠷᠢᠶᠠᠮᠠᠯ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠪᠠᠷᠢᠮᠵᠢᠶ᠎ᠠ ᠪᠣᠯᠣᠨ ᠡᠮ ᠤᠨ | ᠵᠦᠢᠯ ᠤᠨ ᠳᠠᠩᠰᠠᠯᠠᠯ ᠢ ᠲᠦᠷᠦᠯ ᠬᠤᠪᠢᠶᠠᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ | ᠳᠠᠭᠤᠷᠢᠶᠠᠮᠠᠯ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠤ ᠣᠣᠯ ᠤᠨ ᠨᠠᠶᠢᠷᠠᠭᠰᠠᠨ ᠡᠮ ᠤᠨ ᠵᠦᠢᠯ ᠢᠶᠠᠷ | ᠬᠠᠷᠢᠴᠠᠭᠤᠯᠬᠤ ᠨᠠᠶᠢᠷᠠᠯᠲᠠ ᠪᠣᠯᠭᠠᠬᠤ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠪᠠᠷ | ᠵᠥᠪᠰᠢᠶᠡᠷᠡᠭᠰᠡᠨ ᠳᠠᠭᠤᠷᠢᠶᠠᠮᠠᠯ ᠡᠮ ᠤᠨ ᠶᠠᠰᠤ ᠴᠢᠨᠠᠷ ᠪᠣᠯᠣᠨ ᠡᠮᠴᠢᠯᠡᠭᠡᠨ ᠤ ᠠᠴᠢ ᠲᠤᠰᠠ ᠶᠢ ᠣᠣᠯ ᠤᠨ | ᠨᠠᠶᠢᠷᠠᠭᠰᠠᠨ ᠡᠮ ᠤᠨ ᠵᠦᠢᠯ ᠯᠦᠭᠡ ᠨᠢᠭᠡᠲᠦᠯᠲᠡᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠢᠮᠢ ᠶᠢᠨ ᠡᠮ ᠢ | ᠰᠢᠨ᠎ᠡ ᠪᠠᠷ ᠳᠠᠩᠰᠠᠯᠠᠬᠤ ᠶᠢ ᠲᠦᠷᠦᠯ ᠬᠤᠪᠢᠶᠠᠨ ᠬᠡᠷᠡᠭᠵᠢᠭᠦᠯᠬᠦ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠭᠠᠬᠤ ᠶᠢ | ᠵᠥᠪᠰᠢᠶᠡᠭᠰᠡᠨ ᠳᠠᠭᠤᠷᠢᠶᠠᠮᠠᠯ ᠡᠮ ᠨᠢ ᠣᠣᠯ ᠤᠨ ᠨᠠᠶᠢᠷᠠᠭᠰᠠᠨ ᠡᠮ ᠤᠨ ᠵᠦᠢᠯ ᠤᠨ ᠶᠠᠰᠤ ᠴᠢᠨᠠᠷ ᠪᠣᠯᠣᠨ | ᠡᠮᠴᠢᠯᠡᠭᠡᠨ ᠤ ᠠᠴᠢ ᠲᠤᠰᠠ ᠯᠤᠭ᠎ᠠ ᠨᠢᠭᠡᠲᠦᠯᠲᠡᠢ ᠪᠠᠶᠢᠯᠭᠠᠬᠤ ᠵᠠᠷᠴᠢᠮ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠢ | ᠪᠠᠶᠢᠪᠠᠯ ᠴᠦᠮ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠬᠡᠷᠡᠭᠲᠡᠢ᠃ ᠤᠯᠤᠰ ᠤᠨ ᠦᠨᠳᠦᠰᠦᠨ ᠡᠮ ᠤᠨ ᠭᠠᠷᠴᠠᠭ | ︵2012 ᠣᠨ ᠤ ᠬᠡᠪᠯᠡᠯ︶ ᠲᠤ 2007 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠵᠠᠬ᠎ᠠ | ᠳᠡᠯᠭᠡᠭᠦᠷ ᠲᠤ ᠭᠠᠷᠭᠠᠬᠤ ᠪᠠᠷ ᠵᠥᠪᠰᠢᠶᠡᠷᠡᠭᠰᠡᠨ ᠬᠢᠮᠢ ᠶᠢᠨ ᠡᠮ ᠤᠨ ᠳᠠᠭᠤᠷᠢᠶᠠᠮᠠᠯ ᠡᠮ ᠤᠨ ᠤᠤᠭᠤᠬᠤ ᠬᠠᠲᠠᠭᠤ | ᠪᠡᠶᠡᠲᠦ ᠨᠠᠶᠢᠷᠠᠯᠲᠠ ᠳᠤ 2018 ᠣᠨ ᠤ ᠵᠢᠯ ᠤᠨ ᠰᠡᠭᠦᠯᠴᠢ ᠠᠴᠠ ᠡᠮᠦᠨ᠎ᠡ ᠨᠢᠭᠡᠲᠦᠯᠲᠦ ᠴᠢᠨᠠᠷᠲᠠᠢ ᠦᠨᠡᠯᠡᠯᠲᠡ ᠶᠢ | ᠪᠡᠶᠡᠯᠡᠭᠦᠯᠵᠦ᠂ ᠡᠭᠦᠨ ᠳᠤ ᠡᠮᠴᠢᠯᠡᠭᠡᠨ ᠤ ᠪᠦᠲᠦᠮᠵᠢᠲᠦ ᠴᠢᠨᠠᠷᠲᠠᠢ ᠲᠣᠷᠰᠢᠯᠲᠠ ᠬᠢᠬᠦ ᠴᠢᠬᠤᠯᠠᠲᠠᠢ ᠪᠠ ᠣᠨᠴᠤᠭᠤᠢ | ᠪᠠᠶᠢᠳᠠᠯ ᠲᠠᠢ ᠲᠦᠷᠦᠯ ᠳᠤ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠨᠢᠭᠡᠲᠦᠯᠲᠦ ᠴᠢᠨᠠᠷᠲᠠᠢ | ᠦᠨᠡᠯᠡᠯᠲᠡ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠣᠷᠣᠨ ᠤ ᠳᠣᠲᠤᠷᠠᠬᠢ ᠡᠮ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠬᠦᠲᠦᠯᠦᠨ ᠵᠢᠯᠤᠭᠤᠳᠬᠤ ᠪᠠ | ᠰᠢᠮᠳᠠᠭᠤᠯᠵᠤ ᠪᠠᠶᠢᠭᠠᠳ ᠨᠢᠭᠡᠨᠲᠡ ᠵᠠᠬ᠎ᠠ ᠳᠡᠯᠭᠡᠭᠦᠷ ᠲᠤ ᠵᠦᠪᠰᠢᠶᠡᠷᠡᠨ ᠭᠠᠷᠭᠠᠭᠰᠠᠨ ᠳᠠᠭᠤᠷᠢᠶᠠᠮᠠᠯ ᠡᠮ ᠢ ᠣᠣᠯ ᠤᠨ | ᠨᠠᠶᠢᠷᠠᠭᠰᠠᠨ ᠡᠮ ᠤᠨ ᠵᠦᠢᠯ ᠤᠨ ᠶᠠᠰᠤ ᠴᠢᠨᠠᠷ ᠪᠣᠯᠣᠨ ᠡᠮᠴᠢᠯᠡᠭᠡᠨ ᠤ ᠠᠴᠢ ᠲᠤᠰᠠ ᠯᠤᠭ᠎ᠠ ᠨᠢᠭᠡᠲᠦᠯᠲᠡᠢ | ᠪᠠᠶᠢᠯᠭᠠᠬᠤ ᠵᠠᠷᠴᠢᠮ ᠶᠤᠰᠤᠭᠠᠷ᠂ ᠶᠠᠰᠤ ᠴᠢᠨᠠᠷ ᠲᠤ ᠬᠤᠭᠤᠴᠠᠭ᠎ᠠ᠂ ᠪᠦᠯᠦᠭ ᠬᠤᠪᠢᠶᠠᠨ ᠨᠢᠭᠡᠲᠦᠯᠲᠦ ᠴᠢᠨᠠᠷᠲᠠᠢ | ᠦᠨᠡᠯᠡᠯᠲᠡ ᠬᠢᠨ᠎ᠡ᠃ ᠣᠷᠣᠨ ᠤ ᠳᠤᠲᠤᠷᠠᠬᠢ ᠠᠵᠤ ᠠᠬᠤᠶᠢᠯᠠᠯ ᠤᠨ ᠮᠡᠷᠭᠡᠵᠢᠯ ᠤᠨ ᠳᠠᠪᠰᠢᠯᠲᠠ ᠪᠠᠷ ᠳᠠᠮᠵᠢᠨ ᠵᠠᠬ᠎ᠠ | ᠳᠡᠯᠭᠡᠭᠦᠷ ᠲᠤ ᠭᠠᠷᠭᠠᠭᠰᠠᠨ ᠡᠮ ᠤᠨ ᠵᠦᠢᠯ ᠤᠨ ᠪᠠᠷᠢᠮᠵᠢᠶ᠎ᠠ ᠪᠣᠯᠣᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ | ᠵᠣᠷᠢᠬᠵᠢᠭᠤᠯᠤᠨ᠎ᠠ᠃ ᠬᠢᠲᠠᠳ ᠡᠮ ᠤᠨ ᠲᠠᠷᠢᠯᠭ᠎ᠠ ᠶᠢᠨ ᠡᠮ ᠤᠨ ᠠᠶᠤᠯ ᠦᠭᠡᠢ ᠴᠢᠨᠠᠷ ᠲᠤ ᠳᠠᠬᠢᠵᠤ ᠦᠨᠡᠯᠡᠬᠦ | ᠠᠵᠢᠯ ᠢ ᠢᠳᠡᠪᠬᠢᠲᠡᠢ ᠠᠬᠢᠭᠤᠯᠤᠨ᠎ᠠ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠲᠣᠭᠲᠠᠭᠠᠭᠰᠠᠨ ᠴᠠᠭ ᠬᠤᠭᠤᠴᠠᠭᠠᠨ ᠤ ᠳᠤᠲᠤᠷ᠎ᠠ ᠶᠠᠰᠤ ᠴᠢᠨᠠᠷ ᠤᠨ ᠨᠢᠭᠡᠲᠦᠯᠲᠦ ᠴᠢᠨᠠᠷᠲᠠᠢ ᠦᠨᠡᠯᠡᠯᠲᠡ ᠬᠢᠬᠦ ᠳᠤ | ᠦᠯᠦ ᠬᠢᠷᠢ ᠲᠡᠩᠴᠡᠭᠰᠡᠨ ᠳᠠᠭᠤᠷᠢᠶᠠᠮᠠᠯ ᠡᠮ ᠢ ᠳᠠᠬᠢᠵᠤ ᠳᠠᠩᠰᠠᠯᠠᠬᠤ ᠦᠭᠡᠢ᠃ ︵ᠬᠠᠷᠢᠭᠤᠴᠠᠯᠭᠠᠲᠤ ᠰᠠᠯᠠᠭ᠎ᠠ | ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ︶ | ︵ᠵᠢᠷᠭᠤᠭ᠎ᠠ︶ ᠰᠢᠨ᠎ᠡ ᠶᠢ ᠡᠭᠦᠳᠦᠭᠰᠡᠨ ᠡᠮ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢ ᠲᠦᠷᠭᠡᠳᠭᠡᠨ᠎ᠡ᠃ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠᠷ ᠭᠤᠣᠯ ᠪᠣᠯᠭᠠᠵᠤ᠂ ᠰᠢᠨ᠎ᠡ ᠶᠢ ᠡᠭᠦᠳᠬᠦ ᠪᠠ ᠳᠠᠭᠤᠷᠢᠶᠠᠨ | ᠦᠢᠯᠡᠳᠬᠦ ᠶᠢ ᠤᠶᠠᠯᠳᠤᠭᠤᠯᠬᠤ ᠰᠢᠨ᠎ᠡ ᠶᠢ ᠡᠭᠦᠳᠦᠨ ᠬᠥᠭᠵᠢᠭᠦᠯᠬᠦ ᠴᠢᠭᠯᠡᠯᠲᠡ ᠶᠢ ᠪᠠᠷᠢᠮᠲᠠᠯᠠᠨ᠂ ᠤᠯᠤᠰ ᠤᠨ | ᠰᠢᠨ᠎ᠡ ᠶᠢ ᠡᠭᠦᠳᠦᠭᠰᠡᠨ ᠡᠮ ᠳᠤ ᠣᠨᠴᠤᠭᠤᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠬᠦ ᠶᠢ | ᠨᠠᠶᠢᠳᠠᠪᠤᠷᠢᠵᠢᠭᠤᠯᠤᠨ᠎ᠠ᠃ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠠᠶᠢᠽ ᠡᠪᠡᠳᠴᠢᠨ᠂ ᠬᠤᠣᠷᠲᠤ | ᠬᠠᠪᠤᠳᠠᠷ᠂ ᠬᠦᠨᠳᠦ ᠶᠡᠭᠡ ᠬᠠᠯᠳᠠᠪᠤᠷᠢᠲᠦ ᠡᠪᠡᠳᠴᠢᠨ᠂ ᠬᠠᠴᠢᠨ ᠡᠪᠡᠳᠴᠢᠨ ᠵᠡᠷᠭᠡ ᠡᠪᠡᠳᠴᠢᠨ ᠢ ᠰᠡᠷᠭᠡᠶᠢᠯᠡᠨ | ᠵᠠᠰᠠᠬᠤ ᠳᠤ ᠰᠢᠨ᠎ᠡ ᠶᠢ ᠡᠭᠦᠳᠦᠭᠰᠡᠨ ᠡᠮ᠂ ᠡᠮᠴᠢᠯᠡᠭᠡᠨ ᠳᠤ ᠪᠠᠴᠢᠮ ᠬᠡᠷᠡᠭᠴᠡᠭᠡᠲᠡᠢ ᠰᠢᠨ᠎ᠡ ᠡᠮ᠂ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠪᠣᠯᠣᠨ ᠤᠯᠤᠰ ᠤᠨ ᠭᠤᠣᠯᠳᠠᠯᠭ᠎ᠠ ᠲᠠᠢ | ᠨᠡᠭᠡᠭᠡᠨ ᠬᠥᠭᠵᠢᠭᠦᠯᠬᠦ ᠲᠦᠯᠦᠪᠯᠡᠭᠡ ᠳᠤ ᠵᠢᠭᠰᠠᠭᠠᠨ ᠣᠷᠤᠭᠤᠯᠤᠭᠰᠠᠨ ᠡᠮ᠂ ᠬᠢᠯᠢ ᠶᠢᠨ ᠲᠤᠳᠤᠷ᠎ᠠ | ᠦᠢᠯᠡᠳᠪᠦᠷᠢᠯᠡᠬᠦ ᠪᠠᠷ ᠰᠢᠯᠵᠢᠭᠦᠯᠦᠭᠰᠡᠨ ᠰᠢᠨ᠎ᠡ ᠶᠢ ᠡᠭᠦᠳᠦᠭᠰᠡᠨ ᠡᠮ ᠪᠠ ᠬᠡᠦᠬᠡᠳ ᠤᠨ ᠤᠤᠭᠤᠬᠤ ᠡᠮ ᠵᠢᠴᠢ | ᠲᠡᠷᠢᠭᠦᠨ ᠤ ᠨᠠᠶᠢᠷᠠᠯᠲᠠ ᠶᠢᠨ ᠮᠡᠷᠭᠡᠵᠢᠯ ᠢ ᠬᠡᠷᠡᠭᠯᠡᠭᠰᠡᠨ᠂ ᠡᠮᠴᠢᠯᠡᠬᠦ ᠠᠷᠭ᠎ᠠ ᠠᠪᠴᠠᠯ ᠳᠤ ᠰᠢᠨ᠎ᠡ ᠶᠢ ᠡᠭᠦᠳᠦᠭᠰᠡᠨ᠂ | ᠡᠮᠴᠢᠯᠡᠬᠦ ᠳᠠᠪᠠᠭᠤᠯᠢᠭ ᠢᠶᠠᠷ ᠢᠯᠡᠷᠬᠡᠢ ᠰᠢᠨ᠎ᠡ ᠶᠢ ᠡᠭᠦᠳᠦᠭᠰᠡᠨ ᠡᠮ ᠢ ᠲᠦᠷᠭᠡᠳᠭᠡᠨ ᠬᠢᠨᠠᠨ ᠦᠨᠡᠯᠡᠬᠦ ᠪᠠ ᠬᠢᠨᠠᠨ | ᠵᠥᠪᠰᠢᠶᠡᠷᠡᠨ᠎ᠡ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ︶ | ︵ᠳᠣᠯᠤᠭ᠎ᠠ︶ ᠡᠮ ᠤᠨ ᠵᠦᠢᠯ ᠤᠨ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠡᠵᠡᠮᠰᠢᠭᠴᠢ ᠶᠢᠨ | ᠳᠦᠷᠢᠮ ᠤᠨ ᠲᠣᠷᠰᠢᠯᠲᠠ ᠶᠢᠨ ᠴᠢᠬ ᠢ ᠢᠳᠡᠪᠬᠢᠲᠡᠢ ᠠᠬᠢᠭᠤᠯᠤᠨ᠎ᠠ᠃ ᠡᠮ ᠤᠨ ᠵᠦᠢᠯ ᠤᠨ ᠵᠠᠬ᠎ᠠ ᠳᠡᠯᠭᠡᠭᠦᠷ ᠲᠤ | ᠭᠠᠷᠭᠠᠬᠤ ᠵᠥᠪᠰᠢᠶᠡᠷᠡᠯ ᠡᠵᠡᠮᠰᠢᠭᠴᠢ ᠶᠢᠨ ᠳᠦᠷᠢᠮ ᠤᠨ ᠲᠣᠷᠰᠢᠯᠲᠠ ᠶᠢᠨ ᠴᠢᠬ ᠤᠨ ᠪᠡᠯᠡᠳᠭᠡᠯ ᠠᠵᠢᠯ ᠢ ᠰᠠᠶᠢᠲᠤᠷ | ᠬᠢᠨ᠎ᠡ᠃ ᠡᠮ ᠤᠨ ᠵᠦᠢᠯ ᠤᠨ ᠰᠤᠳᠤᠯᠤᠨ ᠬᠥᠭᠵᠢᠭᠦᠯᠬᠦ ᠪᠠᠶᠢᠭᠤᠯᠤᠮᠵᠢ ᠪᠠ ᠰᠢᠨᠵᠢᠯᠡᠬᠦ ᠤᠬᠠᠭᠠᠨ ᠰᠤᠳᠤᠯᠭᠠᠨ ᠤ | ᠠᠵᠢᠯᠲᠠᠳ ᠤᠨ ᠰᠢᠨ᠎ᠡ ᠡᠮ ᠳᠠᠩᠰᠠᠯᠠᠬᠤ ᠪᠠᠷ ᠭᠤᠶᠤᠴᠢᠯᠠᠬᠤ ᠶᠢ ᠵᠣᠷᠢᠬᠵᠢᠭᠤᠯᠵᠤ᠂ ᠠᠵᠤ ᠠᠬᠤᠶᠢᠯᠠᠯ ᠳᠤ | ᠰᠢᠯᠵᠢᠭᠦᠯᠦᠨ ᠥᠭᠴᠦ ᠦᠢᠯᠡᠳᠪᠦᠷᠢᠯᠡᠭᠦᠯᠬᠦ ᠳᠡᠭᠡᠨ ᠵᠦᠪᠬᠡᠨ ᠦᠢᠯᠡᠳᠪᠦᠷᠢᠯᠡᠯ ᠤᠨ ᠠᠵᠤ ᠠᠬᠤᠶᠢᠯᠠᠯ ᠤᠨ | ᠲᠤᠬᠠᠢ ᠶᠢᠨ ᠭᠠᠵᠠᠷ ᠲᠤᠨᠢ ᠤᠷ᠎ᠠ ᠮᠡᠷᠭᠡᠵᠢᠯ ᠢ ᠨᠢ ᠬᠢᠨᠠᠨ ᠪᠠᠶᠢᠴᠠᠭᠠᠬᠤ ᠪᠠ ᠦᠢᠯᠡᠳᠭᠦᠨ ᠢ ᠨᠢ ᠪᠠᠶᠢᠴᠠᠭᠠᠨ | ᠰᠢᠯᠭᠠᠵᠤ᠂ ᠡᠮ ᠤᠨ ᠵᠦᠢᠯ ᠤᠨ ᠮᠡᠷᠭᠡᠵᠢᠯ ᠳᠤ ᠬᠢᠨᠠᠨ ᠦᠨᠡᠯᠡᠯᠲᠡ ᠶᠢ ᠳᠠᠪᠳᠠᠵᠤ ᠬᠢᠬᠦ ᠦᠭᠡᠢ᠃ ︵ | ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠨᠠᠢᠮᠠ︶ ᠭᠤᠶᠤᠴᠢᠯᠠᠭᠴᠢ ᠶᠢᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠤᠯᠤᠰ ᠤᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠬᠤ ᠪᠠᠷ ᠭᠤᠶᠤᠴᠢᠯᠠᠬᠤ ᠵᠢᠷᠤᠮᠯᠡᠯ ᠢ | ᠬᠢᠨᠠᠮᠠᠭᠠᠢ ᠨᠠᠶᠢᠳᠠᠪᠤᠷᠢᠵᠢᠭᠤᠯᠵᠤ᠂ ᠭᠤᠶᠤᠴᠢᠯᠠᠭᠴᠢ ᠶᠢ ᠬᠦᠲᠦᠯᠦᠨ ᠵᠢᠯᠤᠭᠤᠳᠬᠤ ᠪᠠ ᠰᠢᠮᠳᠠᠭᠤᠯᠵᠤ ᠪᠠᠶᠢᠭᠠᠳ | ᠲᠣᠭᠲᠠᠭᠠᠭᠰᠠᠨ ᠨᠦᠬᠦᠴᠡᠯ ᠪᠠ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠡᠨ ᠡᠮᠬᠢ | ᠵᠢᠷᠤᠮ ᠲᠠᠢ ᠭᠤᠶᠤᠴᠢᠯᠠᠬᠤ ᠪᠤᠯᠭᠠᠵᠦ᠂ ᠭᠤᠶᠤᠴᠢᠯᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ | ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠶᠢᠰᠦ︶ ᠬᠢᠨᠠᠨ ᠵᠥᠪᠰᠢᠶᠡᠷᠡᠬᠦ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠣᠬᠠᠢ ᠳᠤᠨᠢ ᠢᠯᠡ | ᠪᠣᠯᠭᠠᠨ᠎ᠠ᠃ ᠬᠢᠨᠠᠯᠲᠠ ᠬᠠᠮᠢᠶᠠᠷᠤᠯᠲᠠ ᠬᠢᠭᠡᠳ ᠰᠢᠨ᠎ᠡ ᠡᠭᠦᠳᠦᠯᠲᠡ᠂ ᠦᠷ᠎ᠡ ᠪᠦᠲᠦᠭᠡᠯ ᠬᠢᠭᠡᠳ ᠠᠵᠤ ᠦᠢᠯᠡᠰ ᠢ | ᠵᠠᠯᠭᠠᠯᠳᠤᠭᠤᠯᠬᠤ ᠶᠢ ᠢᠳᠡᠪᠬᠢᠲᠡᠢ ᠠᠬᠢᠭᠤᠯᠵᠤ᠂ ᠳᠣᠣᠷ᠎ᠠ ᠬᠢᠷᠢ ᠬᠡᠮᠵᠢᠶ᠎ᠡ ᠲᠠᠢ ᠪᠠᠷ ᠳᠠᠪᠲᠠᠨ ᠦᠢᠯᠡᠳᠬᠦ᠂ | ᠦᠢᠯᠡᠳᠪᠦᠷᠢᠯᠡᠯ ᠤᠨ ᠤᠷ᠎ᠠ ᠮᠡᠷᠭᠡᠵᠢᠯ ᠨᠢ ᠬᠤᠴᠤᠷᠤᠩᠭᠤᠢ ᠳᠠᠭᠤᠷᠢᠶᠠᠮᠠᠯ ᠡᠮ ᠢ ᠦᠢᠯᠡᠳᠪᠦᠷᠢᠯᠡᠬᠦ ᠪᠠ ᠬᠢᠨᠠᠨ | ᠵᠥᠪᠰᠢᠶᠡᠷᠡᠬᠦ ᠶᠢ ᠴᠢᠩᠭ᠎ᠠ ᠡᠵᠡᠮᠳᠡᠨ᠂ ᠵᠠᠬ᠎ᠠ ᠳᠡᠯᠭᠡᠭᠦᠷ ᠲᠤ ᠳᠤᠳᠠᠭᠳᠠᠵᠤ ᠪᠠᠶᠢᠭ᠎ᠠ ᠡᠮ ᠤᠨ ᠵᠦᠢᠯ ᠡᠮᠴᠢᠯᠡᠭᠡ ᠶᠢᠨ | ᠪᠠᠭᠠᠵᠢ ᠬᠡᠷᠡᠭᠰᠡᠯ ᠢ ᠰᠤᠳᠤᠯᠤᠨ ᠬᠥᠭᠵᠢᠭᠦᠯᠬᠦ ᠪᠠ ᠦᠢᠯᠡᠳᠪᠦᠷᠢᠯᠡᠬᠦ ᠶᠢ ᠵᠣᠷᠢᠬᠵᠢᠭᠤᠯᠤᠨ᠎ᠠ᠃ ᠤᠯᠤᠰ ᠤᠨ | ᠬᠤᠯᠪᠣᠭᠳᠠᠯ ᠪᠦᠬᠦᠢ ᠶᠠᠮᠦᠨ ᠵᠦᠪᠯᠡᠯ ᠤᠨ ᠨᠡᠶᠢᠲᠡᠯᠡᠭᠰᠡᠨ ᠬᠢᠵᠠᠭᠠᠷᠯᠠᠬᠤ ᠲᠦᠷᠦᠯ ᠪᠠ ᠵᠣᠷᠢᠬᠵᠢᠭᠤᠯᠬᠤ ᠲᠦᠷᠦᠯ ᠤᠨ | ᠡᠮ ᠤᠨ ᠵᠦᠢᠯ ᠢ ᠬᠢᠨᠠᠨ ᠵᠥᠪᠰᠢᠶᠡᠷᠡᠬᠦ ᠭᠠᠷᠴᠠᠭ ᠢ ᠦᠨᠳᠦᠰᠦᠯᠡᠵᠦ᠂ ᠭᠤᠶᠤᠴᠢᠯᠠᠭᠴᠢ ᠳᠤ ᠡᠮ ᠤᠨ ᠵᠦᠢᠯ | ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠬᠦ ᠨᠠᠷᠢᠨ ᠬᠠᠭᠤᠳᠠᠰᠤ᠂ ᠳᠠᠩᠰᠠᠯᠠᠬᠤ ᠪᠠᠷ ᠭᠤᠶᠤᠴᠢᠯᠠᠭᠰᠠᠨ | ᠮᠡᠳᠡᠭᠡ ᠵᠠᠩᠭᠢ᠂ ᠬᠢᠨᠠᠨ ᠵᠥᠪᠰᠢᠶᠡᠷᠡᠬᠦ ᠠᠬᠢᠴᠠ ᠪᠣᠯᠣᠨ ᠦᠷ᠎ᠡ ᠳ᠋ᠦᠩ ᠢ ᠴᠠᠭ ᠲᠤᠬᠠᠢ ᠳᠤᠨᠢ ᠢᠯᠡ ᠪᠣᠯᠭᠠᠨ᠂ | ᠭᠤᠶᠤᠴᠢᠯᠠᠭᠴᠢ ᠶᠢ ᠬᠦᠲᠦᠯᠦᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠭᠤᠶᠤᠴᠢᠯᠠᠭᠤᠯᠤᠨ᠎ᠠ︔ ᠡᠮ ᠤᠨ | ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠬᠦ ᠨᠠᠷᠢᠨ ᠬᠠᠭᠤᠳᠠᠰᠤ ᠵᠢᠴᠢ ᠬᠠᠤᠯᠢ ᠴᠠᠭᠠᠵᠠ ᠶᠢᠨ | ᠦᠨᠳᠦᠰᠦᠯᠡᠯ᠂ ᠬᠢᠨᠠᠨ ᠵᠥᠪᠰᠢᠶᠡᠷᠡᠬᠦ ᠱᠠᠭᠠᠷᠳᠠᠯᠭ᠎ᠠ ᠪᠣᠯᠣᠨ ᠭᠦᠢᠴᠡᠳᠭᠡᠬᠦ ᠴᠠᠭ ᠬᠤᠭᠤᠴᠠᠭ᠎ᠠ ᠶᠢ ᠴᠠᠭ | ᠲᠤᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ︵ | ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠠᠷᠪᠠ︶ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠡᠮᠴᠢᠯᠡᠭᠡᠨ ᠤ ᠲᠣᠷᠰᠢᠯᠲᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠣᠯᠠᠨ ᠤᠯᠤᠰ ᠤᠨ ᠣᠯᠠᠨ ᠲᠥᠪ ᠤᠨ ᠡᠮᠴᠢᠯᠡᠭᠡᠨ ᠤ | ᠲᠣᠷᠰᠢᠯᠲᠠ ᠳᠤ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠲᠣᠷᠰᠢᠯᠲᠠ ᠶᠢᠨ ᠪᠠᠶᠢᠭᠤᠯᠤᠮᠵᠢ ᠶᠢᠨ | ᠣᠷᠤᠯᠴᠠᠬᠤ ᠶᠢ ᠵᠣᠷᠢᠬᠵᠢᠭᠤᠯᠤᠨ᠎ᠠ᠃ ᠡᠮᠴᠢᠯᠡᠭᠡᠨ ᠤ ᠲᠣᠷᠰᠢᠯᠲᠠ ᠶᠢᠨ ᠪᠦᠬᠦ ᠶᠠᠪᠤᠴᠠ ᠳᠤ ᠬᠢᠨᠠᠯᠲᠠ ᠬᠠᠮᠢᠶᠠᠷᠤᠯᠲᠠ | ᠬᠢᠬᠦ ᠶᠢ ᠴᠢᠩᠭᠠᠳᠬᠠᠵᠤ᠂ ᠡᠮᠴᠢᠯᠡᠭᠡᠨ ᠤ ᠲᠣᠷᠰᠢᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠲᠠᠲᠠᠢ ᠪᠦᠭᠡᠳ | ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠨ᠂ ᠲᠣᠷᠰᠢᠭᠳᠠᠭᠴᠢ ᠳᠤ ᠭᠤᠶᠤᠴᠢᠯᠠᠭᠴᠢ᠂ ᠡᠮᠴᠢᠯᠡᠭᠡᠨ ᠤ | ᠲᠣᠷᠰᠢᠯᠲᠠ ᠶᠢᠨ ᠪᠠᠶᠢᠭᠤᠯᠤᠮᠵᠢ ᠵᠢᠴᠢ ᠡᠰᠢ ᠶᠤᠰᠤᠨ ᠤ ᠺᠣᠮᠢᠰ ᠤᠨ ᠬᠠᠮᠠᠭᠠᠯᠠᠬᠤ ᠬᠠᠷᠢᠭᠤᠴᠠᠯᠭ᠎ᠠ ᠶᠢ | ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠠᠷᠪᠠᠨ ᠨᠢᠭᠡ︶ ᠡᠮ ᠤᠨ ᠵᠦᠢᠯ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠦᠭᠦᠮᠴᠢᠯᠡᠨ᠎ᠡ᠃ ᠡᠮ ᠤᠨ | ᠵᠦᠢᠯ ᠪᠠ ᠡᠮ ᠪᠤᠭᠤᠳᠠᠯᠯᠠᠬᠤ ᠮᠠᠲ᠋ᠧᠷᠢᠶᠠᠯ᠂ ᠡᠮ ᠤᠨ ᠲᠤᠰᠠᠯᠠᠬᠤ ᠮᠠᠲ᠋ᠧᠷᠢᠶᠠᠯ ᠯᠤᠭ᠎ᠠ ᠶᠢᠨ ᠬᠤᠯᠪᠤᠭ᠎ᠠ ᠲᠠᠢ ᠬᠢᠨᠠᠨ | ᠵᠥᠪᠰᠢᠶᠡᠷᠡᠬᠦ ᠶᠢ ᠬᠢᠨᠠᠮᠠᠭᠠᠢ ᠬᠡᠷᠡᠭᠵᠢᠭᠦᠯᠵᠦ᠂ ᠳᠠᠭᠤᠷᠢᠶᠠᠮᠠᠯ ᠡᠮ ᠤᠨ ᠠᠮᠢᠳᠤ ᠪᠤᠳᠠᠰ ᠤᠨ ᠲᠡᠩᠴᠡᠭᠦᠦ | ᠦᠢᠯᠡᠳᠦᠯᠳᠦ ᠴᠢᠨᠠᠷᠲᠠᠢ ᠲᠣᠷᠰᠢᠯᠲᠠ ᠶᠢ ᠬᠢᠨᠠᠨ ᠵᠥᠪᠰᠢᠶᠡᠷᠡᠬᠦ ᠪᠠᠨ ᠳᠠᠩᠰᠠᠯᠠᠬᠤ ᠪᠣᠯᠭᠠᠨ ᠦᠭᠡᠷᠡᠴᠢᠯᠡᠬᠦ ᠬᠠᠮᠢᠶ᠎ᠠ | ᠪᠦᠬᠦᠢ ᠠᠵᠢᠯ ᠢ ᠬᠠᠪᠰᠤᠷᠤᠨ ᠰᠠᠶᠢᠲᠤᠷ ᠬᠢᠨ᠎ᠡ᠃ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ | ᠬᠤᠭᠤᠷᠤᠨᠳᠤᠬᠢ ᠡᠮ ᠤᠨ ᠵᠦᠢᠯ ᠤᠨ ᠮᠡᠷᠭᠡᠵᠢᠯ ᠢ ᠰᠢᠯᠵᠢᠭᠦᠯᠦᠨ ᠬᠤᠳᠠᠯᠳᠤᠬᠤ ᠳᠡᠰ ᠳᠠᠷᠠᠭᠠᠯᠠᠯ ᠢ ᠳᠦᠭᠦᠮᠴᠢᠯᠡᠵᠦ᠂ | ︽ᠡᠮ ᠤᠨ ᠵᠦᠢᠯ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠤᠰᠤᠭᠠᠷ᠂ ᠠᠵᠤ ᠠᠬᠤᠶᠢᠯᠠᠯ ᠢ | ᠨᠡᠶᠢᠯᠡᠭᠦᠯᠦᠨ ᠳᠠᠬᠢᠵᠤ ᠵᠣᠬᠢᠶᠠᠨ ᠪᠠᠶᠢᠭᠤᠯᠬᠤ ᠪᠠ ᠪᠦᠯᠦᠭᠯᠡᠯ ᠤᠨ ᠳᠤᠲᠤᠭᠠᠲᠤ ᠳᠤ ᠲᠦᠷᠦᠯ ᠤᠨ ᠪᠦᠲᠦᠴᠡ ᠶᠢ | ᠲᠣᠬᠢᠷᠠᠭᠤᠯᠬᠤ ᠵᠡᠷᠭᠡ ᠲᠦᠷᠦᠯ ᠢ ᠰᠢᠯᠵᠢᠭᠦᠯᠬᠦ ᠪᠠᠨ ᠲᠦᠷᠭᠡᠳᠭᠡᠵᠦ᠂ ᠰᠢᠨ᠎ᠡ ᠶᠢ ᠡᠭᠦᠳᠦᠭᠰᠡᠨ ᠡᠮ ᠤᠨ | ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ᠂ ᠣᠳᠣ ᠶᠢᠨ ᠪᠠᠶᠢᠭ᠎ᠠ ᠲᠦᠷᠦᠯ ᠵᠦᠢᠯ ᠤᠨ ᠬᠠᠳᠠᠭᠠᠯᠠᠯᠲᠠ ᠶᠢ | ᠴᠢᠯᠦᠭᠡᠲᠡᠢ ᠪᠣᠯᠭᠠᠵᠤ᠂ ᠦᠢᠯᠡᠳᠪᠦᠷᠢᠯᠡᠬᠦ ᠴᠢᠳᠠᠪᠤᠷᠢ ᠶᠢ ᠲᠦᠷᠭᠡᠬᠡᠨ ᠪᠣᠢ ᠪᠣᠯᠭᠠᠨ᠎ᠠ᠃ ︵ᠬᠠᠷᠢᠭᠤᠴᠠᠯᠭᠠᠲᠤ | ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ︶ | ︵ᠠᠷᠪᠠᠨ ᠬᠤᠶᠠᠷ︶ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ | ᠦᠭᠡᠷᠡᠴᠢᠯᠡᠨ᠎ᠡ᠃ ᠦᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠭᠠᠵᠢ ᠬᠡᠷᠡᠭᠰᠡᠯ ᠤᠨ ᠠᠵᠤ ᠠᠬᠤᠶᠢᠯᠠᠯ ᠤᠨ | ᠰᠤᠳᠤᠯᠤᠨ ᠬᠥᠭᠵᠢᠭᠦᠯᠵᠦ ᠰᠢᠨ᠎ᠡ ᠶᠢ ᠡᠭᠦᠳᠬᠦ ᠶᠢ ᠵᠣᠷᠢᠬᠵᠢᠭᠤᠯᠵᠤ᠂ ᠠᠮᠢᠳᠤ ᠪᠤᠳᠠᠰ ᠤᠨ ᠠᠨᠠᠭᠠᠬᠤ ᠤᠬᠠᠭᠠᠨ ᠤ | ᠮᠠᠲ᠋ᠧᠷᠢᠶᠠᠯ᠂ ᠴᠦᠮ᠎ᠡ ᠶᠢᠨ ᠮᠡᠷᠭᠡᠵᠢᠯ ᠤᠨ ᠡᠮᠴᠢᠯᠡᠭᠡ ᠶᠢᠨ ᠲᠥᠭᠦᠭᠡᠷᠦᠮᠵᠢ᠂ ᠠᠨᠠᠭᠠᠬᠤ ᠤᠬᠠᠭᠠᠨ ᠤ ᠰᠡᠭᠦᠳᠡᠷ ᠤᠨ | ᠵᠢᠷᠤᠬ ᠲᠥᠭᠦᠭᠡᠷᠦᠮᠵᠢ᠂ ᠠᠨᠠᠭᠠᠬᠤ ᠤᠬᠠᠭᠠᠨ ᠤ ᠪᠠᠶᠢᠴᠠᠭᠠᠨ ᠰᠢᠯᠭᠠᠬᠤ ᠲᠥᠭᠦᠭᠡᠷᠦᠮᠵᠢ᠂ ᠬᠠᠪᠤᠳᠠᠷ ᠢ ᠡᠮᠨᠡᠬᠦ | ᠲᠥᠭᠦᠭᠡᠷᠦᠮᠵᠢ᠂ ᠤᠶᠤᠨᠴᠢ ᠪᠠᠷ ᠣᠨᠣᠰᠢᠯᠠᠨ ᠡᠮᠨᠡᠬᠦ ᠲᠥᠭᠦᠭᠡᠷᠦᠮᠵᠢ᠂ ᠮᠣᠩᠭᠤᠯ ᠬᠢᠲᠠᠳ ᠡᠮ ᠡᠮᠨᠡᠯᠭᠡ ᠶᠢᠨ | ᠣᠨᠴᠤᠭᠤᠢ ᠣᠨᠣᠰᠢᠯᠠᠨ ᠡᠮᠨᠡᠬᠦ ᠲᠥᠭᠦᠭᠡᠷᠦᠮᠵᠢ᠂ ᠳᠡᠭᠡᠳᠦ ᠦᠵᠦᠭᠦᠷ ᠤᠨ ᠬᠤᠷᠤᠭᠳᠠᠯ ᠮᠠᠲ᠋ᠧᠷᠢᠶᠠᠯ ᠵᠡᠷᠭᠡ | ᠡᠮᠴᠢᠯᠡᠭᠡ ᠶᠢᠨ ᠪᠠᠭᠠᠵᠢ ᠬᠡᠷᠡᠭᠰᠡᠯ ᠢ ᠰᠤᠳᠤᠯᠤᠨ ᠬᠥᠭᠵᠢᠭᠦᠯᠬᠦ ᠶᠢ ᠭᠤᠣᠯᠳᠠᠯᠭ᠎ᠠ ᠲᠠᠢ ᠳᠡᠮᠵᠢᠨ᠎ᠡ᠃ ᠳᠡᠭᠡᠷ᠎ᠡ | ᠳᠤᠷᠠᠳᠤᠭᠰᠠᠨ ᠦᠢᠯᠡᠳᠬᠦᠨ ᠵᠢᠴᠢ ᠦᠢᠯᠡᠳᠭᠦᠨ ᠤ ᠭᠤᠤᠯᠯᠠᠬᠤ ᠮᠡᠷᠭᠡᠵᠢᠯ ᠤᠨ ᠲᠤᠰᠬᠠᠢ ᠠᠰᠢᠭ ᠲᠠᠢ᠂ ᠴᠢᠬᠤᠯᠠ | ᠶᠡᠭᠡ ᠡᠮᠴᠢᠯᠡᠭᠡᠨ ᠤ ᠦᠨ᠎ᠡ ᠥᠷᠲᠡᠭ ᠲᠠᠢ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠬᠤ ᠪᠠᠷ ᠭᠤᠶᠤᠴᠢᠯᠠᠬᠤ ᠶᠢ | ᠣᠨᠴᠤᠭᠤᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ ᠬᠡᠪᠴᠢᠶ᠎ᠡ ᠳᠤ ᠵᠢᠭᠰᠠᠭᠠᠨ ᠣᠷᠤᠭᠤᠯᠵᠤ᠂ ᠤᠷᠢᠳᠠᠪᠠᠷ | ᠭᠦᠢᠴᠡᠳᠭᠡᠨ᠎ᠡ᠃ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠮᠡᠷᠭᠡᠵᠢᠯ ᠤᠨ ᠵᠢᠯᠤᠭᠤᠳᠤᠯᠭ᠎ᠠ ᠶᠢᠨ | ᠵᠠᠷᠴᠢᠮ ᠢ ᠬᠢᠨᠠᠮᠠᠭᠠᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠢᠨ ᠶᠠᠰᠤ ᠴᠢᠨᠠᠷ ᠢ ᠪᠠᠲᠤᠯᠠᠭᠰᠠᠨ ᠤᠷᠢᠳᠠᠯ ᠳᠣᠣᠷ᠎ᠠ᠂ | ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠭᠡᠨ᠎ᠡ᠃ ︵ | ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ︶ | ︵ᠠᠷᠪᠠᠨ ᠭᠤᠷᠪᠠ︶ ᠬᠢᠨᠠᠨ ᠦᠨᠡᠯᠡᠬᠦ ᠶᠠᠰᠤ ᠴᠢᠨᠠᠷ ᠤᠨ ᠡᠵᠡᠮᠳᠡᠯ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ | ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠲᠤᠰᠬᠠᠢ ᠮᠡᠷᠭᠡᠵᠢᠯᠲᠡᠨ ᠤ | ᠺᠣᠮᠢᠰ ᠵᠢᠴᠢ ᠲᠤᠰᠬᠠᠶᠢᠵᠢᠭᠰᠠᠨ ᠮᠡᠷᠭᠡᠵᠢᠯ ᠲᠠᠢ ᠬᠢᠨᠠᠨ ᠦᠨᠡᠯᠡᠬᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ | ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠦᠷ ᠲᠥᠪᠰᠢᠨ ᠤ ᠲᠥᠭᠰᠢᠭᠦᠷᠢ ᠶᠢ | ᠰᠤᠳᠤᠯᠤᠨ ᠮᠠᠭᠠᠳᠯᠠᠬᠤ ᠪᠠ ᠮᠡᠷᠭᠡᠵᠢᠯ ᠤᠨ ᠬᠢᠨᠠᠨ ᠦᠨᠡᠯᠡᠬᠦ ᠶᠠᠪᠤᠴᠠ ᠳᠠᠬᠢ ᠨᠡᠶᠢᠲᠡᠯᠢᠭ ᠴᠢᠨᠠᠷᠲᠠᠢ ᠪᠡᠷᠬᠡ | ᠲᠦᠪᠡᠭᠲᠡᠢ ᠠᠰᠠᠭᠤᠳᠠᠯ ᠢ ᠰᠤᠳᠤᠯᠬᠤ ᠪᠠᠨ ᠴᠢᠩᠭᠠᠳᠬᠠᠨ᠂ ᠰᠤᠳᠤᠯᠭᠠᠨ ᠤ ᠦᠷ᠎ᠡ ᠪᠦᠲᠦᠭᠡᠯ ᠢ ᠴᠠᠭ ᠲᠣᠬᠠᠢ ᠳᠤᠨᠢ | ᠬᠢᠨᠠᠨ ᠦᠨᠡᠯᠡᠬᠦ ᠠᠵᠢᠯ ᠢ ᠵᠢᠯᠤᠭᠤᠳᠬᠤ ᠶᠢᠨ ᠮᠡᠷᠭᠡᠵᠢᠯ ᠤᠨ ᠪᠠᠷᠢᠮᠵᠢᠶ᠎ᠠ ᠪᠣᠯᠭᠠᠨ ᠤᠯᠠᠷᠢᠯᠠᠭᠤᠯᠵᠤ᠂ ᠬᠢᠨᠠᠨ | ᠦᠨᠡᠯᠡᠬᠦ ᠶᠢᠨ ᠪᠠᠷᠢᠮᠵᠢᠶᠠᠵᠢᠭᠤᠯᠬᠤ ᠬᠢᠷ ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠦᠭᠡᠲᠡᠢ ᠲᠠᠰᠤᠯᠤᠯᠲᠠ ᠶᠢᠨ ᠡᠷᠬᠡ ᠶᠢ | ᠬᠢᠨᠠᠨ ᠦᠨᠡᠯᠡᠬᠦ ᠶᠢ ᠴᠢᠩᠳᠠᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠠᠷᠪᠠᠨ ᠳᠥᠷᠪᠡ︶ ᠡᠮ ᠤᠨ ᠵᠦᠢᠯ ᠢ ᠳᠠᠬᠢᠨᠲᠠ ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ | ᠡᠮ ᠤᠨ ᠵᠦᠢᠯ ᠢ ᠳᠠᠬᠢᠨᠲᠠ ᠳᠠᠩᠰᠠᠯᠠᠬᠤ ᠲᠣᠬᠠᠢ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ | ᠵᠥᠪᠰᠢᠶᠡᠷᠡᠭᠰᠡᠨ ᠪᠢᠴᠢᠭ ᠤᠨ ᠳ᠋ᠤᠭᠠᠷ ᠤᠨ ᠬᠦᠴᠦᠨ ᠲᠠᠢ ᠬᠤᠭᠤᠴᠠᠭᠠᠨ ᠳᠤᠲᠤᠷ᠎ᠠ ᠵᠠᠬ᠎ᠠ ᠳᠡᠯᠭᠡᠭᠦᠷ ᠲᠤ | ᠭᠠᠷᠭᠠᠭᠰᠠᠨ ᠦᠭᠡᠢ᠂ ᠡᠮ ᠤᠨ ᠵᠦᠢᠯ ᠤᠨ ᠶᠠᠰᠤ ᠴᠢᠨᠠᠷ᠂ ᠡᠮᠴᠢᠯᠡᠭᠡᠨ ᠤ ᠠᠴᠢ ᠲᠤᠰᠠ ᠪᠠ ᠮᠠᠭᠤ ᠨᠦᠯᠦᠭᠡ | ᠲᠤᠰᠬᠠᠯ ᠭᠠᠷᠬᠤ ᠶᠢ ᠦᠷᠭᠦᠯᠵᠢᠯᠡᠨ ᠰᠢᠯᠭᠠᠨ ᠪᠠᠶᠢᠴᠠᠭᠠᠬᠤ ᠬᠠᠷᠢᠭᠤᠴᠠᠯᠭ᠎ᠠ ᠶᠢ ᠭᠦᠢᠴᠡᠳᠭᠡᠵᠦ ᠴᠢᠳᠠᠬᠤ ᠦᠭᠡᠢ | ᠤᠯᠤᠰ ᠤᠨ ᠡᠮ ᠤᠨ ᠵᠦᠢᠯ ᠢ ᠳᠠᠬᠢᠨᠲᠠ ᠳᠠᠩᠰᠠᠯᠠᠵᠤ ᠥᠭᠬᠦ ᠦᠭᠡᠢ᠃ ︵ᠬᠠᠷᠢᠭᠤᠴᠠᠯᠭᠠᠲᠤ ᠰᠠᠯᠠᠭ᠎ᠠ ᠮᠦᠴᠢᠷ᠄ | ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠦᠪᠡᠷᠲᠡᠭᠡᠨ | ᠵᠠᠰᠠᠬᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ | ᠳᠦᠷᠢᠮ ᠤᠨ ᠦᠭᠡᠷᠡᠴᠢᠯᠡᠯᠲᠡ ᠶᠢᠨ ᠲᠢᠩᠬᠢᠮ ᠤᠨ ᠬᠤᠭᠤᠷᠤᠨᠳᠤᠬᠢ ᠬᠠᠮᠲᠤᠷᠠᠭᠰᠠᠨ ᠬᠤᠷᠠᠯ ︵ᠳᠣᠷᠤᠭᠰᠢ | ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠤᠨ ᠳᠦᠷᠢᠮ ᠢ ᠪᠠᠶᠢᠭᠤᠯᠵᠤ᠂ ᠪᠦᠷᠢᠯᠳᠦᠭᠦᠨ ᠨᠢᠭᠡᠴᠡ ᠳᠤ | ᠦᠪᠡᠷᠲᠡᠭᠡᠨ ᠵᠠᠰᠬᠠᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠮᠤᠩᠭᠤᠯ ᠬᠢᠲᠠᠳ ᠡᠮ ᠡᠮᠡᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠦᠴᠢᠷ ᠤᠳ ᠪᠠᠭᠲᠠᠨ᠎ᠠ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠢ ᠲᠦᠷᠦᠭᠦᠯᠡᠬᠦ ᠨᠢᠭᠡᠴᠡ ᠪᠣᠯᠬᠤ ᠪᠦᠭᠡᠳ ᠭᠤᠣᠯ ᠬᠠᠷᠢᠭᠤᠴᠠᠯᠭᠠᠲᠠᠨ | ᠨᠦᠬᠦᠳ ᠨᠢ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠶᠢᠨ ᠡᠭᠦᠷᠭᠡ ᠶᠢ ᠡᠭᠦᠷᠭᠡᠯᠡᠨ᠂ ᠡᠯ᠎ᠡ ᠪᠦᠷᠢᠯᠳᠦᠭᠦᠨ | ᠨᠢᠭᠡᠴᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠦᠬᠦᠳ ᠨᠢ ᠬᠠᠮᠲᠤᠷᠠᠭᠰᠠᠨ ᠬᠤᠷᠠᠯ ᠤᠨ ᠭᠡᠰᠢᠭᠦᠨ | ᠪᠣᠯᠣᠨ᠎ᠠ᠃ | ᠬᠠᠮᠲᠤᠷᠠᠭᠰᠠᠨ ᠬᠤᠷᠠᠯ ᠤᠨ ᠭᠤᠣᠯ ᠡᠭᠦᠷᠭᠡ ᠬᠠᠷᠢᠭᠤᠴᠠᠯᠭ᠎ᠠ ᠪᠤᠯ᠄ ᠦᠪᠡᠷᠲᠡᠭᠡᠨ ᠵᠠᠰᠠᠬᠤ ᠣᠷᠣᠨ ᠤ | ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ | ᠦᠭᠡᠷᠡᠴᠢᠯᠡᠯᠲᠡ ᠶᠢᠨ ᠠᠵᠢᠯ ᠢ ᠵᠢᠯᠤᠭᠤᠳᠤᠨ ᠵᠣᠬᠢᠴᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠴᠠᠭ ᠲᠣᠬᠠᠢ ᠳᠤᠨᠢ ᠰᠤᠳᠤᠯᠤᠨ ᠲᠣᠭᠲᠠᠭᠠᠵᠤ᠂ ᠴᠢᠬᠤᠯᠠ ᠵᠦᠢᠯᠡᠰ ᠢ ᠳᠤᠲᠤᠷᠬᠠᠶᠢᠯᠠᠨ᠂ | ᠦᠭᠡᠷᠡᠴᠢᠯᠡᠯᠲᠡ ᠶᠢᠨ ᠠᠵᠢᠯ ᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠠᠯᠠᠭ᠎ᠠ ᠮᠦᠴᠢᠷ ᠤᠨ | ᠬᠤᠭᠤᠷᠤᠨᠳᠤᠬᠢ ᠬᠠᠮᠢᠶ᠎ᠠ ᠪᠦᠬᠦᠢ ᠠᠵᠢᠯ ᠢ ᠨᠢᠭᠡᠲᠦᠯᠲᠡᠢ ᠲᠦᠯᠦᠪᠯᠡᠨ ᠵᠣᠬᠢᠴᠠᠭᠤᠯᠤᠨ᠎ᠠ᠃ | ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠡᠯ᠎ᠡ ᠬᠠᠮᠲᠤᠷᠠᠭᠰᠠᠨ ᠬᠤᠷᠠᠯ ᠤᠨ | ᠪᠦᠷᠢᠯᠳᠦᠭᠦᠨ ᠨᠢᠭᠡᠴᠡ ᠨᠢ ᠴᠦᠮ ᠨᠢᠭᠡ ᠬᠤᠯᠪᠣᠭᠠᠴᠢᠨ ᠲᠣᠭᠲᠠᠭᠠᠵᠤ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ | ᠭᠡᠰᠢᠭᠦᠨ ᠪᠣᠯᠭᠠᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠨᠢ ᠬᠠᠮᠲᠤᠷᠠᠭᠰᠠᠨ ᠬᠤᠷᠠᠯ ᠤᠨ ᠵᠣᠬᠢᠶᠠᠨ | ᠪᠠᠶᠢᠭᠤᠯᠬᠤ᠂ ᠬᠠᠷᠢᠯᠴᠠᠬᠤ ᠪᠠ ᠵᠣᠬᠢᠴᠠᠭᠤᠯᠬᠤ ᠠᠵᠢᠯ ᠢ ᠭᠤᠣᠯᠴᠢᠯᠠᠨ ᠬᠠᠷᠢᠭᠤᠴᠠᠨ᠎ᠠ︔ ᠬᠤᠷᠠᠯᠳᠤᠭᠤᠯᠤᠭᠴᠢ ᠶᠢᠨ | ᠳᠤᠷᠠᠳᠤᠯᠭ᠎ᠠ ᠪᠣᠶᠣ ᠪᠦᠷᠢᠯᠳᠦᠭᠦᠨ ᠨᠢᠭᠡᠴᠡ ᠶᠢᠨ ᠰᠠᠨᠠᠠᠭᠤᠯᠭᠠ ᠶᠢ ᠦᠨᠳᠦᠰᠦᠯᠡᠨ᠂ ᠬᠠᠮᠲᠤᠷᠠᠭᠰᠠᠨ ᠬᠤᠷᠠᠯ ᠤᠨ | ᠵᠦᠪᠯᠡᠬᠦ ᠰᠡᠳᠦᠪ ᠢ ᠰᠤᠳᠤᠯᠤᠨ ᠳᠤᠷᠠᠳᠤᠨ᠎ᠠ︔ ᠪᠦᠷᠢᠯᠳᠦᠭᠦᠨ ᠨᠢᠭᠡᠴᠡ ᠶᠢᠨ ᠬᠤᠯᠪᠣᠭᠳᠠᠯ ᠪᠦᠬᠦᠢ ᠠᠵᠢᠯ ᠤᠨ | ᠪᠠᠶᠢᠳᠠᠯ ᠢ ᠬᠤᠷᠢᠶᠠᠩᠭᠤᠶᠢᠯᠠᠬᠤ ᠶᠢᠨ ᠬᠠᠮᠲᠤ ᠮᠡᠳᠡᠭᠡᠯᠡᠨ᠎ᠡ︔ ᠪᠦᠷᠢᠯᠳᠦᠭᠦᠨ ᠨᠢᠭᠡᠴᠡ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠪᠠ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠢ | ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠮᠳᠠᠭᠤᠯᠤᠨ᠎ᠠ︔ ᠬᠠᠮᠲᠤᠷᠠᠭᠰᠠᠨ ᠬᠤᠷᠠᠯ ᠤᠨ ᠲᠤᠰᠢᠶᠠᠨ ᠬᠢᠯᠭᠡᠭᠰᠡᠨ | ᠪᠤᠰᠤᠳ ᠠᠵᠢᠯ ᠢ ᠳᠠᠭᠠᠭᠠᠨ ᠠᠪᠴᠤ ᠭᠦᠢᠴᠡᠳᠭᠡᠨ᠎ᠡ᠃ | ︵ᠠᠷᠪᠠᠨ ᠵᠢᠷᠭᠤᠭ᠎ᠠ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠮ ᠤᠨ ᠵᠦᠢᠯ ᠡᠮᠴᠢᠯᠡᠭᠡ ᠶᠢᠨ | ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠨ ᠬᠠᠮᠢᠶᠠᠷᠬᠤ ᠪᠠ ᠰᠢᠨ᠎ᠡ ᠶᠢ ᠡᠭᠦᠳᠦᠭᠰᠡᠨ ᠡᠮ ᠤᠨ | ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠣᠨᠴᠤᠭᠤᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠠᠷᠭ᠎ᠠ ᠵᠡᠷᠭᠡ ᠶᠢᠨ | ᠲᠣᠬᠠᠢ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ | ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠵᠤ᠂ | ᠬᠠᠮᠢᠶ᠎ᠠ ᠪᠦᠬᠦᠢ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠬᠠᠮᠢᠶ᠎ᠠ ᠪᠦᠬᠦᠢ ᠳᠦᠬᠦᠷᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ | ᠮᠤᠩᠭᠤᠯ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠪᠠ ᠠᠬᠢᠭᠤᠯᠤᠨ᠎ᠠ᠃ | ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠮᠤᠩᠭᠤᠯ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ︶ | ︵ᠠᠷᠪᠠᠨ ᠳᠤᠯᠤᠭ᠎ᠠ︶ ᠬᠢᠨᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠢᠯᠡ ᠪᠠᠷ ᠤᠷᠢᠬᠤ ᠪᠠ | ᠨᠢᠭᠡᠴᠡ ᠠᠴᠠ ᠲᠠᠨᠢᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠᠨ ᠤ ᠣᠷᠣᠨ ᠤ ᠳᠡᠭᠡᠳᠦ ᠵᠡᠷᠭᠡ ᠶᠢᠨ | ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠨᠢᠭᠡᠴᠡ ᠪᠠ ᠡᠮᠴᠢᠯᠡᠭᠡᠨ ᠤ ᠪᠠᠶᠢᠭᠤᠯᠤᠮᠵᠢ ᠠᠴᠠ | ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠠᠮᠢᠶ᠎ᠠ ᠪᠦᠬᠦᠢ ᠠᠯᠳᠠᠷᠲᠤ ᠲᠤᠰᠬᠠᠢ ᠮᠡᠷᠭᠡᠵᠢᠯᠲᠡᠨ ᠪᠠ ᠳᠡᠭᠡᠳᠦ ᠵᠡᠷᠭᠡ ᠶᠢᠨ | ᠲᠤᠰᠬᠠᠢ ᠴᠢᠳᠠᠪᠤᠷᠢᠲᠠᠨ ᠢ ᠰᠤᠩᠭᠤᠨ ᠤᠷᠢᠵᠤ᠂ ᠡᠮᠴᠢᠯᠡᠭᠡ ᠶᠢᠨ ᠪᠠᠭᠠᠵᠢ ᠬᠡᠷᠡᠭᠰᠡᠯ ᠤᠨ ᠳᠠᠩᠰᠠᠯᠠᠯ ᠢ ᠬᠢᠨᠠᠨ | ᠦᠨᠡᠯᠡᠭᠰᠡᠨ ᠳᠤ ᠳᠠᠬᠢᠵᠤ ᠬᠢᠨᠠᠬᠤ ᠺᠤᠮᠢᠰ ᠢ ᠪᠠᠶᠢᠭᠤᠯᠤᠨ᠂ ᠮᠠᠷᠭᠤᠭᠠᠨ ᠲᠠᠢ ᠬᠢᠨᠠᠨ ᠦᠨᠡᠯᠡᠭᠰᠡᠨ ᠦᠷ᠎ᠡ ᠳ᠋ᠦᠩ ᠢ | ᠴᠠᠭ ᠲᠣᠬᠠᠢ ᠳᠤᠨᠢ ᠳᠠᠬᠢᠨᠲᠠ ᠬᠢᠨᠠᠨ᠎ᠠ᠃ ᠡᠮᠴᠢᠯᠡᠭᠡ ᠶᠢᠨ ᠪᠠᠭᠠᠵᠢ ᠬᠡᠷᠡᠭᠰᠡᠯ ᠤᠨ ᠡᠮᠴᠢᠯᠡᠭᠡᠨ ᠤ ᠲᠣᠷᠰᠢᠯᠲᠠ ᠶᠢᠨ | ᠲᠤᠰᠬᠠᠢ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠡᠮᠴᠢᠯᠡᠭᠡᠨ ᠤ ᠲᠣᠷᠰᠢᠯᠲᠠ ᠶᠢᠨ ᠲᠤᠭ᠎ᠠ ᠪᠠᠷᠢᠮᠲᠠ ᠶᠢᠨ | ᠦᠨᠡᠨ ᠪᠤᠳᠠᠳᠤ ᠴᠢᠨᠠᠷ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠮᠴᠢᠯᠡᠭᠡᠨ ᠤ ᠲᠣᠷᠰᠢᠯᠲᠠ ᠶᠢᠨ | ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠦᠨᠡᠨ ᠪᠣᠲᠠᠲᠠᠢ᠂ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠨ᠎ᠠ᠃ | ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ︶ | ︵ᠠᠷᠪᠠᠨ ᠨᠠᠢᠮᠠ︶ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠬᠢᠷᠠᠭᠤᠯᠤᠨ᠎ᠠ᠃ ᠣᠷᠣᠯᠭ᠎ᠠ ᠵᠠᠷᠤᠯᠭ᠎ᠠ ᠶᠢ | ᠶᠡᠷᠦᠩᠬᠡᠢ ᠳᠡᠭᠡᠨ ᠲᠡᠩᠴᠡᠭᠦᠷᠢᠲᠡᠢ ᠪᠠᠶᠢᠯᠭᠠᠬᠤ ᠵᠠᠷᠴᠢᠮ ᠶᠤᠰᠤᠭᠠᠷ᠂ ᠡᠮ ᠤᠨ ᠵᠦᠢᠯ ᠡᠮᠴᠢᠯᠡᠭᠡ ᠶᠢᠨ ᠪᠠᠭᠠᠵᠢ | ᠬᠡᠷᠡᠭᠰᠡᠯ ᠢ ᠳᠠᠩᠰᠠᠯᠠᠬᠤ ᠳᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ 5 ᠵᠢᠯ ᠳᠤ ᠨᠢᠭᠡ ᠤᠳᠠᠭ᠎ᠠ | ᠲᠣᠬᠢᠷᠠᠭᠤᠯᠤᠨ᠎ᠠ᠃ ᠰᠦᠢᠳᠭᠡᠯ ᠬᠤᠷᠢᠶᠠᠭᠰᠠᠨ ᠣᠷᠤᠯᠭ᠎ᠠ ᠶᠢ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ | ᠣᠷᠣᠯᠭ᠎ᠠ ᠵᠠᠷᠤᠯᠭ᠎ᠠ ᠶᠢ ᠠᠰ ᠲᠤᠨᠢ ᠪᠤᠳᠤᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠢᠨᠠᠨ ᠦᠨᠡᠯᠡᠬᠦ ᠬᠢᠨᠠᠨ | ᠵᠥᠪᠰᠢᠶᠡᠷᠡᠬᠦ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠢᠶᠠᠷ ᠳᠠᠮᠵᠢᠨ ᠲᠣᠬᠢᠷᠠᠭᠤᠯᠤᠨ᠎ᠠ᠃ | ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ᠂ ᠡᠳ᠋ ᠤᠨ ᠵᠠᠰᠠᠭ ᠤᠨ ᠲᠢᠩᠬᠢᠮ︶ | ︵ᠠᠷᠪᠠ ᠶᠢᠰᠦ︶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ | ᠠᠵᠤ ᠠᠬᠤᠶᠢᠯᠠᠯ ᠤᠳ ᠰᠢᠨ᠎ᠡ ᠶᠢ ᠡᠭᠦᠳᠦᠭᠰᠡᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ | ᠳᠠᠩᠰᠠᠯᠠᠬᠤ ᠪᠠᠷ ᠭᠤᠶᠤᠴᠢᠯᠠᠪᠠᠯ ᠰᠦᠢᠳᠭᠡᠯ ᠬᠤᠷᠢᠶᠠᠬᠤ ᠳᠠᠭᠠᠨ ᠵᠣᠬᠢᠬᠤ ᠬᠠᠷᠠᠭᠠᠯᠵᠠᠯ ᠦᠵᠡᠭᠦᠯᠦᠨ᠎ᠡ᠃ | ᠨᠢᠭᠡᠲᠦᠯᠲᠦ ᠴᠢᠨᠠᠷᠲᠠᠢ ᠦᠨᠡᠯᠡᠯᠲᠡ ᠪᠠᠷ ᠳᠠᠮᠵᠢᠭᠰᠠᠨ ᠳᠠᠭᠤᠷᠢᠶᠠᠮᠠᠯ ᠡᠮ ᠳᠤ᠂ ᠳᠤᠲᠤᠷᠬᠠᠶᠢᠯᠠᠯᠲᠠ ᠪᠠ ᠲᠡᠮᠲᠡᠭ | ᠳᠡᠭᠡᠷ᠎ᠡ ᠨᠢ ᠳᠤᠲᠤᠷᠬᠠᠶᠢᠯᠠᠬᠤ ᠶᠢ ᠵᠥᠪᠰᠢᠶᠡᠷᠡᠵᠦ᠂ ᠡᠮᠴᠢᠯᠡᠭᠡᠨ ᠤ ᠬᠡᠷᠡᠭᠯᠡᠭᠡᠨ᠂ ᠳᠠᠭᠠᠭᠠᠴᠢᠯᠠᠯᠲᠠ ᠵᠠᠷᠯᠠᠵᠤ | ᠬᠤᠳᠠᠯᠳᠤᠨ ᠠᠪᠬᠤ᠂ ᠡᠮᠴᠢᠯᠡᠭᠡᠨ ᠤ ᠳᠠᠭᠠᠳᠬᠠᠯ ᠠᠴᠠ ᠵᠠᠷᠤᠴᠠᠭᠤᠯᠬᠤ ᠵᠡᠷᠭᠡ ᠲᠠᠯ᠎ᠠ ᠪᠠᠷ ᠳᠡᠮᠵᠢᠯᠭᠡ ᠣᠯᠭᠤᠨ᠂ | ᠡᠮᠴᠢᠯᠡᠭᠡᠨ ᠤ ᠪᠠᠶᠢᠭᠤᠯᠤᠮᠵᠢ ᠨᠢ ᠤᠷᠢᠳᠠᠪᠠᠷ ᠬᠤᠳᠠᠯᠳᠤᠨ ᠠᠪᠬᠤ ᠶᠢᠨ ᠬᠠᠮᠲᠤ᠂ ᠡᠮᠴᠢᠯᠡᠭᠡᠨ ᠳᠤ ᠤᠷᠢᠳᠠᠪᠠᠷ | ᠰᠤᠩᠭᠤᠨ ᠬᠡᠷᠡᠭᠯᠡᠨ᠎ᠡ᠃ ᠠᠳᠠᠯᠢ ᠲᠦᠷᠦᠯ ᠤᠨ ᠡᠮ ᠤᠨ ᠵᠦᠢᠯ ᠳᠤ ᠨᠢᠭᠡᠲᠦᠯᠲᠦ ᠴᠢᠨᠠᠷᠲᠠᠢ ᠦᠨᠡᠯᠡᠯᠲᠡ ᠪᠠᠷ | ᠳᠠᠮᠵᠢᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ 3 ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠡᠮ ᠤᠨ | ᠵᠦᠢᠯ ᠬᠤᠳᠠᠯᠳᠤᠨ ᠠᠪᠬᠤ ᠵᠡᠷᠭᠡ ᠲᠠᠯ᠎ᠠ ᠳᠤ ᠨᠢᠭᠡᠲᠦᠯᠲᠦ ᠴᠢᠨᠠᠷᠲᠠᠢ ᠦᠨᠡᠯᠡᠯᠲᠡ ᠪᠠᠷ ᠳᠠᠮᠵᠢᠭᠰᠠᠨ ᠦᠭᠡᠢ | ᠲᠦᠷᠦᠯ ᠢ ᠳᠠᠬᠢᠵᠤ ᠰᠤᠩᠭᠤᠨ ᠬᠡᠷᠡᠭᠯᠡᠵᠦ ᠪᠤᠯᠬᠤ ᠦᠭᠡᠢ᠃ ᠨᠢᠭᠡᠲᠦᠯᠲᠦ ᠴᠢᠨᠠᠷᠲᠠᠢ ᠦᠨᠡᠯᠡᠯᠲᠡ ᠪᠠᠷ ᠳᠠᠮᠵᠢᠭᠰᠠᠨ | ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠮᠡᠷᠭᠡᠵᠢᠯ ᠤᠨ ᠦᠭᠡᠷᠡᠴᠢᠯᠡᠯᠲᠡ ᠬᠢᠬᠦ᠂ | ᠬᠤᠯᠪᠣᠭᠳᠠᠯ ᠪᠦᠬᠦᠢ ᠨᠦᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠬᠠᠮᠢᠶ᠎ᠠ ᠪᠦᠬᠦᠢ ᠪᠡᠯᠡ ᠮᠦᠩᠭᠦ ᠶᠢᠨ | ᠳᠡᠮᠵᠢᠯᠭᠡ ᠶᠢ ᠭᠤᠶᠤᠴᠢᠯᠠᠵᠤ ᠪᠣᠯᠣᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ | ᠵᠦᠪᠯᠡᠯ᠂ ᠡᠳ᠋ ᠤᠨ ᠵᠠᠰᠠᠭ ᠤᠨ ᠲᠢᠩᠬᠢᠮ︶ | ︵ᠬᠤᠷᠢ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠬᠢᠨᠠᠨ ᠦᠨᠡᠯᠡᠬᠦ᠂ ᠪᠠᠶᠢᠴᠠᠭᠠᠯᠲᠠ ᠬᠢᠬᠦ | ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢᠨ | ᠪᠠᠶᠢᠴᠠᠭᠠᠬᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ | ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠢᠨᠠᠨ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ | ᠬᠦᠮᠦᠨ ᠬᠡᠷᠡᠭᠯᠡᠬᠦ ᠳᠦᠷᠢᠮ ᠳᠤ ᠦᠭᠡᠷᠡᠴᠢᠯᠡᠯᠲᠡ ᠬᠢᠵᠦ᠂ ᠨᠡᠶᠢᠭᠡᠮ ᠳᠤ ᠬᠠᠨᠳᠤᠭᠤᠯᠤᠨ ᠮᠡᠷᠭᠡᠵᠢᠯ ᠤᠨ ᠬᠢᠨᠠᠨ | ᠦᠨᠡᠯᠡᠬᠦ ᠠᠵᠢᠯᠲᠠᠨ ᠢ ᠤᠷᠢᠨ ᠠᠵᠢᠯ ᠡᠭᠦᠷᠭᠡᠯᠡᠬᠦ ᠬᠢᠷᠢ ᠭᠡᠮ ᠢ ᠰᠢᠯᠭᠠᠷᠠᠭᠤᠯᠤᠨ ᠲᠣᠭᠲᠠᠭᠠᠬᠤ ᠰᠢᠰᠲ᠋ᠧᠮᠵᠢ ᠶᠢ | ᠪᠠᠶᠢᠭᠤᠯᠤᠨ᠎ᠠ᠃ ᠠᠵᠢᠯ ᠮᠡᠷᠭᠡᠵᠢᠯᠵᠢᠭᠦᠯᠦᠭᠰᠡᠨ ᠬᠢᠨᠠᠨ ᠦᠨᠡᠯᠡᠭᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠠᠬᠢᠭᠤᠯᠵᠤ᠂ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠮᠡᠷᠭᠡᠵᠢᠯ ᠤᠨ ᠬᠢᠨᠠᠨ ᠦᠨᠡᠯᠡᠬᠦ ᠬᠦᠴᠦᠨ ᠢ | ᠲᠡᠭᠦᠯᠳᠡᠷᠵᠢᠭᠦᠯᠦᠨ᠂ ᠨᠡᠶᠢᠭᠡᠮ ᠳᠤ ᠬᠠᠨᠳᠤᠭᠤᠯᠤᠨ ᠴᠢᠳᠠᠪᠤᠷᠢᠲᠠᠨ ᠤᠷᠢᠵᠤ᠂ ᠭᠡᠷ᠎ᠡ ᠪᠠᠷ ᠬᠠᠮᠢᠶᠠᠷᠬᠤ ᠶᠢ | ᠬᠡᠷᠡᠭᠵᠢᠭᠦᠯᠦᠨ᠂ ᠲᠡᠲᠡᠨ ᠤ ᠴᠠᠯᠢᠩ ᠪᠠ ᠨᠡᠶᠢᠭᠡᠮ ᠤᠨ ᠪᠠᠲᠤᠯᠠᠭ᠎ᠠ ᠶᠢ ᠤᠯᠤᠰ ᠪᠠ ᠦᠪᠡᠷᠲᠡᠭᠡᠨ ᠵᠠᠰᠬᠠᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠦᠨ᠎ᠡ᠃ ᠲᠣᠬᠠᠢ ᠶᠢᠨ ᠲᠠᠯᠠᠪᠠᠢ ᠶᠢᠨ ᠳᠠᠩᠰᠠᠯᠠᠯ ᠢ | ᠬᠠᠷᠭᠤᠭᠤᠯᠤᠨ ᠪᠠᠶᠢᠴᠠᠭᠠᠭᠴᠢ ᠪᠠ GMP ︵ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ | ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠯᠡᠯ︶ ᠪᠠᠶᠢᠴᠠᠭᠠᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠲᠦᠷᠦᠭᠦᠴᠢ ᠲᠤᠰᠬᠠᠢ ᠠᠵᠢᠯ ᠤᠨ ᠪᠠᠶᠢᠷᠢ ᠶᠢᠨ ᠳᠦᠷᠢᠮ ᠢ | ᠪᠠᠶᠢᠭᠤᠯᠵᠤ᠂ ᠠᠵᠢᠯ ᠤᠨ ᠪᠠᠶᠢᠷᠢ ᠶᠢᠨ ᠰᠢᠰᠲ᠋ᠧᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠡᠭᠦᠷᠭᠡ | ᠬᠠᠷᠢᠭᠤᠴᠠᠯᠭ᠎ᠠ ᠶᠢᠨ ᠠᠵᠢᠯ ᠡᠭᠦᠷᠭᠡ᠂ ᠠᠵᠢᠯ ᠤᠨ ᠪᠠᠷᠢᠮᠵᠢᠶ᠎ᠠ ᠪᠣᠯᠣᠨ ᠠᠵᠢᠯ ᠡᠭᠦᠷᠭᠡᠯᠡᠬᠦ ᠨᠦᠬᠦᠴᠡᠯ ᠵᠡᠷᠭᠡ ᠶᠢ | ᠲᠤᠳᠤᠷᠬᠠᠶᠢᠯᠠᠵᠤ᠂ ᠠᠵᠢᠯ ᠤᠨ ᠪᠠᠶᠢᠷᠢ ᠪᠠᠷ ᠠᠵᠢᠯᠲᠠᠨ ᠤᠷᠢᠨ᠎ᠠ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠳᠦᠷᠢᠮ ᠢ ᠪᠦᠷᠢᠨᠰᠢᠭᠦᠯᠵᠦ᠂ ᠮᠡᠷᠭᠡᠵᠢᠯ ᠤᠨ ᠠᠵᠢᠯᠲᠠᠨ ᠪᠠ ᠡᠩᠨᠡᠭᠡ ᠶᠢᠨ ᠲᠣᠭᠲᠠᠭᠤᠨ ᠪᠠᠶᠢᠬᠤ ᠶᠢ ᠦᠨᠡᠨᠬᠦ | ᠪᠠᠲᠤᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠣᠷᠣᠨ ᠲᠤᠭ᠎ᠠ ᠶᠢᠨ ᠠᠯᠪᠠᠨ ᠭᠡᠷ︶ | ᠦᠪᠡᠷᠲᠡᠭᠡᠨ ᠵᠠᠰᠬᠠᠤ ᠣᠷᠣᠨ ᠤ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠢᠨᠠᠯᠲᠠ | ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠠᠬᠢ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ | ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠨ ᠨᠦᠬᠦᠴᠡᠯ ᠳᠤ ᠨᠡᠶᠢᠴᠡᠬᠦ ᠬᠢᠨᠠᠨ ᠦᠨᠡᠯᠡᠬᠦ | ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠰᠤᠳᠤᠯᠭᠠᠨ ᠤ ᠪᠠᠶᠢᠭᠤᠯᠤᠮᠵᠢ ᠳᠤ | ᠨᠠᠶᠢᠳᠠᠵᠤ ᠤᠯᠤᠰ ᠠᠴᠠ ᠡᠷᠬᠡ ᠣᠯᠭᠤᠭᠰᠠᠨ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠮᠡᠷᠭᠡᠵᠢᠯ ᠤᠨ | ᠴᠢᠨᠠᠷᠲᠠᠢ ᠬᠢᠨᠠᠨ ᠦᠨᠡᠯᠡᠬᠦ ᠠᠵᠢᠯ ᠳᠤ ᠣᠷᠤᠯᠴᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠷᠢᠨ ᠨᠢᠭᠡ︶ ᠬᠤᠳᠠᠯ ᠬᠡᠯᠡᠵᠦ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠰᠤᠳᠤᠯᠤᠨ ᠬᠥᠭᠵᠢᠭᠦᠯᠬᠦ ᠪᠠ ᠭᠤᠶᠤᠴᠢᠯᠠᠬᠤ | ᠶᠠᠪᠤᠴᠠ ᠳᠠᠬᠢ ᠬᠤᠳᠠᠯ ᠬᠡᠯᠡᠵᠦ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠭᠤᠶᠤᠴᠢᠯᠠᠭᠴᠢ ᠵᠢᠴᠢ ᠬᠠᠮᠢᠶ᠎ᠠ ᠪᠦᠬᠦᠢ ᠬᠠᠷᠢᠴᠠᠭᠤᠯᠭ᠎ᠠ ᠲᠠᠢ ᠬᠦᠮᠦᠨ ᠤ ᠬᠠᠷᠢᠭᠤᠴᠠᠯᠭ᠎ᠠ ᠶᠢ | ᠬᠠᠤᠯᠢ ᠶᠤᠰᠤᠭᠠᠷ ᠨᠡᠬᠡᠮᠵᠢᠯᠡᠨ᠂ ᠰᠢᠳᠭᠡᠨ ᠲᠣᠷᠭᠠᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠲᠡᠯᠡᠨ᠎ᠡ᠃ | ᠬᠤᠳᠠᠯ ᠬᠠᠭᠤᠷᠮᠠᠭ ᠮᠠᠲ᠋ᠧᠷᠢᠶᠠᠯ ᠪᠣᠯᠣᠨ ᠵᠠᠬᠪᠤᠷ ᠵᠦᠢᠯ ᠢ ᠮᠡᠳᠡᠭᠦᠯᠦᠨ ᠬᠦᠷᠭᠡᠭᠰᠡᠨ ᠭᠤᠶᠤᠴᠢᠯᠠᠭᠴᠢ ᠳᠤ ᠨᠦᠯᠦᠭᠡ | ᠮᠠᠭᠤᠲᠠᠢ ᠦᠢᠯᠡ ᠠᠵᠢᠯᠯᠠᠭ᠎ᠠ ᠶᠢᠨ ᠲᠡᠮᠲᠡᠭᠯᠡᠯ ᠢ ᠪᠠᠶᠢᠭᠤᠯᠵᠤ᠂ 5 ᠵᠢᠯ ᠳᠤᠲᠤᠷ᠎ᠠ ᠲᠡᠳᠡᠨ ᠤ ᠭᠤᠶᠤᠴᠢᠯᠠᠯ ᠢ | ᠬᠦᠯᠢᠶᠡᠨ ᠠᠪᠴᠤ ᠰᠢᠢᠳᠪᠦᠷᠢᠯᠡᠬᠦ ᠦᠭᠡᠢ᠃ ︵ᠬᠠᠷᠢᠭᠤᠴᠠᠯᠭᠠᠲᠤ ᠰᠠᠯᠠᠭ᠎ᠠ ᠮᠦᠴᠢᠷ᠄ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ |