ᠥᠪᠥᠷ ᠮᠣᠩᠭᠤᠯ ᠤᠨ ᠨᠠᠢᠮᠠᠨ ᠬᠤᠰᠢᠭᠤ ᠶᠢᠨ ᠲᠠᠴᠢᠨᠲᠠᠯ᠎ᠠ ᠣᠷᠣᠨ ᠳᠤ ᠴᠢᠯᠠᠭᠤᠨ ᠲᠤᠰᠤ ᠰᠢᠲᠠᠮᠠᠬᠠᠶ ᠬᠡᠢ ᠤᠯᠳᠠᠪᠠ
ᠨᠡᠶᠢᠲᠡᠯᠡᠭᠰᠡᠨ ᠴᠠᠭ᠄
2016/12/14
      ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦᠨ ᠤ ᠲᠦᠷᠦᠯ ᠵᠦᠢᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠨ ᠬᠤᠰᠢᠭᠤ ᠶᠢᠨ ᠲᠠᠴᠢᠨᠲᠠᠯ᠎ᠠ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠤᠷᠢᠳᠴᠢᠯᠠᠭᠰᠠᠨ ᠪᠤᠯᠤᠮᠵᠢᠲᠤ ᠬᠠᠶᠢᠨ ᠪᠠᠶᠢᠴᠠᠭᠠᠯᠲᠠ︾᠎ ᠶᠢᠨ ᠶᠠᠪᠤᠴᠠ ᠳᠤ ᠴᠢᠯᠠᠭᠤᠨ ᠲᠤᠰᠦ ᠰᠢᠲᠠᠮᠠᠬᠠᠢ ᠬᠡᠢ ᠶᠢᠨ ᠳᠠᠪᠬᠤᠷᠭ᠎ᠠ ᠶᠢ ᠤᠯᠵᠤ ᠮᠡᠳᠡᠪᠡ᠃ ᠲᠤᠰ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠢᠯᠴᠢ ᠶᠢᠨ ᠬᠠᠶᠢᠨ ᠪᠠᠶᠢᠴᠠᠭᠠᠯᠲᠠ ᠶᠢᠨ ᠲᠦᠷᠦᠯ ᠵᠦᠢᠯ ᠪᠤᠯᠤᠨ᠎ᠠ᠃ ᠪᠠᠷᠢᠯᠭ᠎ᠠ ᠶᠢᠨ ᠬᠤᠳᠳᠤᠭ ᠤᠨ 800-1300m᠎ ᠤᠨ ᠬᠡᠰᠡᠭ ᠲᠤ ᠤᠰᠤ ᠲᠠᠲᠠᠨ ᠲᠤᠷᠰᠢᠬᠤ ᠦᠶᠡᠰ᠂ ᠤᠰᠤᠨ ᠳᠤᠲᠤᠷ᠎ᠠ ᠲᠤᠰᠤᠨ ᠤ  ᠠᠭᠤᠯᠤᠭᠳᠠᠬᠤᠨ 23.90mg/L ᠪᠠᠶᠢᠵᠤ᠂ ᠬᠤᠳᠳᠤᠭ ᠤᠨ 1426.9-1472.8 m᠎ ᠤᠨ ᠬᠦᠨᠴᠡ ᠳᠤ ᠲᠤᠰᠤᠨ ᠳᠠᠪᠬᠤᠷᠭ᠎ᠠ ᠪᠠᠶᠢᠬᠤ ᠶᠢ ᠣᠯᠵᠤ ᠮᠡᠳᠡᠪᠡ᠃ ᠲᠤᠰ ᠬᠡᠰᠡᠭ ᠤᠨ ᠴᠢᠯᠠᠭᠤᠯᠢᠭ ᠴᠢᠨᠠᠷᠲᠤ ᠨᠢ ᠭᠤᠤᠯᠳᠠᠭᠤ ᠨᠠᠷᠢᠨ ᠡᠯᠡᠰᠦᠨ ᠴᠢᠯᠠᠭᠤᠯᠢᠭ᠂ ᠲᠣᠰᠣᠲᠤ ᠵᠠᠨᠠᠷ ᠤᠨ ᠴᠢᠯᠠᠭᠤᠯᠢᠭ ᠪᠤᠯᠤᠨ᠎ᠠ᠂ ᠨᠠᠢᠮᠠᠨ ᠤ ᠬᠤᠲᠣᠭᠤᠷ ᠭᠠᠵᠠᠷ ᠤᠨ ᠭᠸᠤᠯᠤᠬᠢ ᠶᠢᠨ ᠲᠣᠭᠲᠠᠴᠠ ᠨᠢ ᠴᠢᠯᠠᠭᠤᠨ ᠲᠤᠰᠤ ᠪᠦᠷᠢᠯᠳᠤᠬᠦ᠂ ᠬᠠᠳᠠᠭᠠᠯᠠᠬᠤ ᠨᠥᠬᠦᠴᠡᠯ ᠢ ᠪᠦᠷᠢᠯᠳᠦᠬᠦᠯᠵᠤ᠂ ᠤᠯᠠᠮ ᠨᠢᠭᠡ ᠠᠯᠬᠤᠮ ᠬᠠᠶᠢᠨ ᠰᠢᠨᠵᠢᠯᠡᠬᠦ ᠪᠠ ᠰᠤᠳᠤᠯᠬᠤ ᠦᠨ᠎ᠡ ᠴᠡᠨ᠎ᠡ ᠲᠠᠢ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号