ᠪᠦᠬᠦ ᠣᠷᠣᠨ ᠤ ᠴᠠᠰᠤ ᠬᠤᠴᠢᠭᠰᠠᠨ ᠪᠠ ᠬᠤᠷᠠᠮᠳᠤᠭᠰᠠᠨ ᠴᠠᠰᠤ ᠶᠢᠨ ᠬᠦᠨᠴᠡ ᠶᠢᠨ ᠲᠠᠷᠬᠠᠯᠲᠠ ᠶᠢᠨ | ᠪᠠᠶᠢᠳᠠᠯ ᠢ ᠬᠢᠨᠠᠨ ᠬᠡᠮᠵᠢᠭᠰᠡᠨ ᠵᠠᠳᠠᠯᠤᠯᠲᠠ ᠶᠢᠨ ᠳ᠋ᠦᠩ ᠠᠴᠠ ᠦᠵᠡᠪᠡᠯ᠂ 12 ᠳ᠋ᠤᠭᠠᠷ ᠰᠠᠷ᠎ᠠ ᠶᠢᠨ ᠡᠬᠢᠨ | ᠪᠣᠯᠲᠠᠯ᠎ᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ ᠶᠡᠬᠡᠩᠬᠢ ᠬᠡᠰᠡᠭ ᠭᠠᠵᠠᠷ | ᠣᠷᠣᠨ ᠂ ᠤᠯᠠᠭᠠᠨᠬᠠᠳᠠ ᠬᠤᠲᠠ ᠶᠢᠨ ᠶᠡᠬᠡᠩᠬᠢ ᠬᠡᠰᠡᠭ ᠭᠠᠵᠠᠷ ᠣᠷᠣᠨ᠂ ᠰᠢᠯᠢ ᠶᠢᠨ ᠭᠤᠣᠯ ᠠᠶᠢᠮᠠᠭ ᠤᠨ ᠶᠡᠬᠡᠩᠬᠢ | ᠬᠡᠰᠡᠭ᠂ ᠤᠯᠠᠭᠠᠨᠴᠠᠪ ᠬᠤᠲᠠ ᠪᠣᠯᠤᠨ ᠪᠤᠭᠤᠲᠤ ᠬᠤᠲᠠ ᠶᠢᠨ ᠵᠡᠭᠦᠨ ᠬᠤᠶᠢᠲᠤ ᠬᠡᠰᠡᠭ ᠤᠨ ᠴᠠᠰᠤ ᠬᠤᠴᠢᠭᠰᠠᠨ | ᠲᠠᠯᠠᠪᠠᠶ ᠨᠢ ᠪᠠᠷᠤᠭ 66.27 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠠᠷᠤᠭ ᠪᠥᠬᠦ ᠣᠷᠣᠨ ᠤ | ᠶᠡᠷᠦᠩᠬᠡᠶ ᠲᠠᠯᠠᠪᠠᠢ ᠶᠢᠨ 56.01% ᠶᠢ ᠡᠵᠡᠯᠡᠪᠡ᠃ ᠷᠠᠰᠢᠶᠠᠨ ᠬᠤᠳᠠ ᠳᠤ ᠬᠤᠷᠠᠮᠳᠤᠭᠰᠠᠨ ᠴᠠᠰᠤ ᠶᠢᠨ ᠬᠠᠮᠤᠭ | ᠭᠦᠨ ᠨᠢ 24 ᠰᠡᠨᠲ᠋ᠢᠮᠧᠲᠷ ᠪᠤᠯᠤᠨ᠎ᠠ᠃ ᠬᠤᠷᠠᠮᠳᠤᠭᠰᠠᠨ ᠴᠠᠰᠤ ᠶᠢᠨ ᠬᠦᠨᠴᠡ ᠨᠢ ᠠᠳᠠᠯᠢ ᠪᠤᠰᠤ ᠣᠷᠣᠨ | ᠪᠦᠰᠡ ᠳᠤ ᠵᠠᠭᠤ ᠢᠯᠡᠭᠦᠦ ᠲᠦᠮᠡᠨ ᠬᠥᠮᠦᠨ ᠠᠮᠠ ᠪᠤᠯᠤᠨ ᠮᠢᠩᠭ᠎ᠠ ᠲᠦᠮᠡ ᠰᠢᠬᠠᠮ ᠮᠠᠯ ᠨᠦᠯᠦᠭᠡᠯᠡᠭᠳᠡᠭᠰᠡᠨ | ᠪᠠᠶᠢᠨ᠎ᠠ᠃ ᠵᠢᠱᠢᠯᠲᠡ ᠪᠠᠷ 12 ᠳ᠋ᠤᠭᠠᠷ ᠰᠠᠷ᠎ᠠ ᠶᠢᠨ 17-18 ᠤ ᠡᠳᠦᠷ ᠪᠤᠯᠲᠠᠯ᠎ᠠ᠂ ᠳᠤᠮᠳᠠ ᠵᠡᠭᠦᠨ ᠬᠡᠰᠡᠭ ᠤᠨ | ᠬᠤᠶᠢᠭᠤᠷᠬᠢ ᠭᠠᠵᠠᠷ ᠤᠷᠤᠨ ᠳᠤ ᠪᠠᠭ᠎ᠠ ᠴᠠᠰᠤ ᠲᠠᠢ᠂ ᠳᠤᠯᠠᠭᠠᠨ ᠤ ᠬᠡᠮᠵᠢᠶ᠎ᠡ 6℃ ᠤᠷᠴᠢᠮ ᠪᠠᠭᠤᠷᠠᠨ᠎ᠠ᠃ |