ᠥᠪᠥᠷ ᠵᠠᠰᠠᠭ ᠲᠠᠷᠬᠠᠭᠠᠭᠰᠠᠨ ﹇2016﹈ 65 ᠳ᠋ᠤᠭᠠᠷ ᠲᠤᠭᠠᠳᠤ | 2016 ᠣᠨ ᠤ 5 ᠳ᠋ᠤᠭᠠᠷ ᠰᠠᠷ᠎ᠠ ᠶᠢᠨ 27 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠪᠠ ᠵᠠᠩ ᠳ᠋ᠧ | ᠵᠢᠶᠠᠩ ᠬᠤᠷᠢᠶᠠᠨ ᠳᠠᠷᠤᠭ᠎ᠠ ᠶᠢᠨ ᠮᠠᠨ ᠤ ᠣᠷᠣᠨ ᠳᠠᠬᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠠᠮᠦᠷ ᠲᠥᠪᠰᠢᠨ ᠤ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠨᠢᠭᠦᠯᠬᠦ ᠳᠤ | ᠶᠠᠷᠢᠭᠰᠠᠨ ᠴᠢᠬᠤᠯᠠ ᠶᠠᠷᠢᠶ᠎ᠠ᠂ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 158 ᠳ᠋ᠤᠭᠠᠷ ᠤᠳᠠᠭ᠎ᠠ ᠶᠢᠨ | ᠪᠠᠶᠢᠩᠭᠤ ᠶᠢᠨ ᠭᠡᠰᠢᠭᠦᠳ ︵ᠦᠷᠭᠡᠳᠭᠡᠭᠰᠡᠨ︶ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠢᠳᠡᠭᠡᠨ ᠤ ᠠᠮᠦᠷ ᠲᠥᠪᠰᠢᠨᠳᠤ ᠦᠪᠦᠷ ᠮᠣᠩᠭᠤᠯ ᠤᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠤᠨ᠂ ᠪᠦᠬᠦ ᠣᠷᠣᠨ ᠳᠠᠬᠢ ᠡᠯ᠎ᠡ ᠦᠨᠳᠦᠰᠦᠲᠡᠨ ᠤ ᠠᠷᠠᠳ ᠲᠦᠮᠡᠨ ᠤ ︽ᠢᠳᠡᠭᠡᠨ | ᠤᠮᠳᠠᠭᠠᠨ ᠤ ᠠᠮᠦᠷ ᠲᠥᠪᠰᠢᠨ︾ ᠢ ᠪᠦᠲᠦᠮᠵᠢᠲᠡᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ᠤ | ᠪᠣᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠪᠦᠬᠦ ᠣᠷᠣᠨ ᠤ ᠢᠳᠡᠭᠡᠨ ᠤ ᠠᠮᠦᠷ ᠲᠥᠪᠰᠢᠨ ᠤ ᠪᠠᠲᠤᠯᠠᠭ᠎ᠠ ᠶᠢᠨ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ ᠨᠦᠬᠦᠳ ᠤᠨ ᠴᠢᠬᠤᠯᠠ ᠶᠠᠷᠢᠶ᠎ᠠ | ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠢᠳᠡᠭᠡᠨ ᠤ ᠠᠮᠦᠷ ᠲᠥᠪᠰᠢᠨ ᠤ | ᠠᠵᠢᠯ ᠤᠨ ᠴᠢᠬᠤᠯᠠ ᠴᠢᠨᠠᠷ ᠤᠨ ᠲᠠᠯ᠎ᠠ ᠪᠠᠷ ᠬᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠢᠳᠡᠭᠡᠨ ᠤ ᠠᠮᠦᠷ ᠲᠥᠪᠰᠢᠨ ᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠥᠪ ᠤᠨ | ᠤᠳᠤᠷᠢᠳᠬᠤ ᠨᠦᠬᠦᠳ ᠢᠳᠡᠭᠡᠨ ᠤ ᠠᠮᠦᠷ ᠲᠥᠪᠰᠢᠨ ᠤ ᠠᠵᠢᠯ ᠢ ᠴᠢᠩᠭᠠᠳᠬᠠᠬᠤ ᠪᠠᠷ ᠠᠯᠢ ᠣᠯᠠᠨ ᠴᠢᠬᠤᠯᠠ | ᠶᠠᠷᠢᠶ᠎ᠠ᠂ ᠴᠣᠬᠤᠯᠠᠪᠤᠷᠢ ᠪᠠ ᠵᠢᠭᠠᠪᠤᠷᠢ ᠭᠠᠷᠭᠠᠪᠠ᠃ 2016 ᠣᠨ ᠤ 5 ᠳ᠋ᠤᠭᠠᠷ ᠰᠠᠷ᠎ᠠ ᠶᠢᠨ 7 ᠤ ᠡᠳᠦᠷ ᠠᠴᠠ | 9 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠠᠷᠤᠭ᠎ᠠ ᠵᠠᠩ ᠳ᠋ᠧ ᠵᠢᠶᠠᠩ ᠨᠦᠬᠦᠷ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠳᠠᠬᠢ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠢᠳᠡᠭᠡᠨ ᠤ ᠠᠮᠦᠷ ᠲᠥᠪᠰᠢᠨ ᠤ ᠬᠠᠤᠯᠢ︾ ︵ᠳᠣᠷᠣᠭᠰᠢ ︽ᠢᠳᠡᠭᠡᠨ ᠤ ᠠᠮᠦᠷ ᠲᠥᠪᠰᠢᠨ ᠤ | ᠬᠠᠤᠯᠢ︾ ᠭᠡᠵᠦ ᠲᠣᠪᠴᠢᠯᠠᠨ᠎ᠠ︶ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠤᠭᠤᠳᠴᠤ᠂ | ᠤᠷᠢᠳ ᠬᠤᠵᠢᠳ ᠬᠦᠬᠡᠬᠤᠲᠠ᠂ ᠪᠠᠶᠠᠨᠨᠠᠭᠤᠷ ᠬᠤᠲᠠ ᠳᠤ ᠭᠦᠨᠵᠡᠭᠡᠶᠢᠷᠡᠨ ᠲᠣᠬᠠᠢ ᠶᠢᠨ ᠭᠠᠵᠠᠷ ᠲᠤᠨᠢ ᠪᠠᠶᠢᠴᠠᠭᠠᠨ | ᠵᠢᠯᠤᠭᠤᠳᠬᠤ ᠶᠢᠨ ᠬᠠᠮᠲᠤ ᠴᠢᠬᠤᠯᠠ ᠵᠢᠭᠠᠪᠤᠷᠢ ᠳᠤᠷᠠᠳᠴᠦ᠂ ᠦᠨᠳᠦᠰᠦᠨ ᠱᠠᠲᠤᠨ ᠳᠤ ︽ᠢᠳᠡᠭᠡᠨ ᠤ ᠠᠮᠦᠷ | ᠲᠥᠪᠰᠢᠨ ᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠭᠤᠳᠠᠯ ᠤᠨ ᠬᠤᠷᠠᠯ ᠪᠠ ᠦᠪᠡᠷᠲᠡᠭᠡᠨ | ᠵᠠᠰᠠᠬᠤ ᠣᠷᠣᠨ ᠤ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠲᠤᠰ ᠲᠤᠰ | ᠴᠢᠬᠤᠯᠠ ᠶᠠᠷᠢᠶ᠎ᠠ ᠲᠠᠯᠪᠢᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠦᠪᠦᠷ ᠮᠣᠩᠭᠤᠯ ᠤᠨ ᠡᠯ᠎ᠡ | ᠵᠦᠢᠯ ᠤᠨ ᠠᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯᠣᠨ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ | ᠲᠤᠤᠱᠯᠠᠭᠤᠯᠤᠨ ᠬᠡᠷᠡᠭᠵᠢᠭᠦᠯᠵᠦ ᠤᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠨ᠂ ᠦᠪᠦᠷ ᠮᠣᠩᠭᠤᠯ ᠤᠨ | ᠠᠵᠢᠯ ᠢᠯᠠᠩᠭᠤᠶ᠎ᠠ ᠢᠳᠡᠭᠡᠨ ᠤ ᠠᠮᠦᠷ ᠲᠥᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠠᠯ᠎ᠠ ᠳᠤ | ᠨᠠᠨᠳᠢᠨ ᠬᠦᠰᠡᠯ ᠲᠠᠯᠪᠢᠵᠤ᠂ ᠲᠤᠳᠤᠷᠬᠠᠢ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠤᠳ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ᠂ ᠬᠤᠷᠢᠶ᠎ᠠ ᠶᠢᠨ ᠳᠠᠷᠤᠭ᠎ᠠ | ᠵᠠᠩ ᠳ᠋ᠧ ᠵᠢᠶᠠᠩ ᠵᠡᠷᠭᠡ ᠲᠥᠪ ᠤᠨ ᠤᠳᠤᠷᠢᠳᠬᠤ ᠨᠦᠬᠦᠳ ᠤᠨ ᠴᠢᠬᠤᠯᠠ ᠶᠠᠷᠢᠶ᠎ᠠ᠂ ᠴᠣᠬᠤᠯᠠᠪᠤᠷᠢ ᠪᠠ | ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠢᠳᠡᠭᠡᠨ ᠤ ᠠᠮᠦᠷ ᠲᠥᠪᠰᠢᠨ ᠤ | ᠠᠵᠢᠯ ᠤᠨ ᠴᠢᠬᠤᠯᠠ ᠴᠢᠨᠠᠷ ᠤᠨ ᠲᠠᠯ᠎ᠠ ᠪᠠᠷ ᠬᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ | ᠰᠡᠷᠭᠡᠶᠢᠯᠡᠬᠦ ᠪᠠᠷ ᠭᠤᠣᠯ ᠪᠣᠯᠭᠠᠬᠤ᠂ ᠲᠥᠭᠰᠢᠭᠦᠷᠢ ᠶᠢ ᠬᠠᠮᠢᠶᠠᠷᠬᠤ᠂ ᠪᠦᠬᠦ ᠶᠠᠪᠤᠴᠠ ᠶᠢ ᠡᠵᠡᠮᠳᠡᠬᠦ᠂ ᠨᠡᠶᠢᠭᠡᠮ | ᠳᠠᠶᠠᠭᠠᠷ ᠬᠠᠮᠲᠤ ᠪᠠᠷ ᠵᠠᠰᠠᠬᠤ︾ ᠵᠠᠷᠴᠢᠮ ᠢ ᠪᠠᠷᠢᠮᠲᠠᠯᠠᠵᠤ᠂ ᠢᠳᠡᠭᠡᠨ ᠤ ᠠᠮᠦᠷ ᠲᠥᠪᠰᠢᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠪᠠᠷ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠬᠤ᠂ ᠡᠬᠡ | ᠤᠯᠤᠰ ᠤᠨ ᠤᠮᠠᠷᠠᠲᠤ ᠬᠢᠯᠢ ᠶᠢᠨ ᠭᠤᠶᠢᠲᠠ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠶᠢᠨ | ᠴᠢᠬᠤᠯᠠ ᠡᠭᠦᠷᠭᠡ ᠪᠣᠯᠭᠠᠵᠤ᠂ ᠨᠡᠩ ᠰᠠᠶᠢᠨ ᠡᠷᠡᠰ ᠵᠣᠷᠢᠭ ᠰᠢᠭᠤᠳᠴᠦ᠂ ᠨᠡᠩ ᠶᠡᠭᠡ ᠬᠦᠴᠦᠨ ᠴᠢᠳᠠᠯ ᠢᠶᠠᠷ | ᠢᠳᠡᠭᠡᠨ ᠤ ᠠᠮᠦᠷ ᠲᠥᠪᠰᠢᠨᠲᠦ ᠦᠪᠦᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠤᠨ᠂ ᠮᠠᠨ ᠤ ᠣᠷᠣᠨ ᠤ | ᠢᠳᠡᠭᠡᠨ ᠤ ᠠᠮᠦᠷ ᠲᠥᠪᠰᠢᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ ᠪᠣᠢ ᠪᠣᠯᠭᠠᠬᠤ | ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ | ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠬᠤᠶᠠᠷ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ ᠬᠠᠤᠯᠢ ᠶᠢ ᠮᠡᠳᠡᠬᠦ ᠬᠠᠤᠯᠢ ᠶᠢ | ᠵᠢᠷᠤᠮᠯᠠᠬᠤ ᠬᠠᠤᠯᠢ ᠶᠢ ᠬᠡᠷᠡᠭᠯᠡᠬᠦ ᠥᠳᠭᠡᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠬᠡᠷᠡᠭᠲᠡᠢ | ︽7 · 5︾ ᠶᠢᠨ ᠬᠠᠤᠯᠢ ᠲᠦᠭᠡᠮᠡᠯᠵᠢᠭᠦᠯᠬᠦ ᠠᠵᠢᠯ ᠢ ᠦᠷᠨᠢᠭᠦᠯᠬᠦ ᠲᠠᠢ ᠤᠶᠠᠯᠳᠤᠭᠤᠯᠤᠨ᠂ ︽ᠢᠳᠡᠭᠡᠨ ᠤ | ᠠᠮᠦᠷ ᠲᠥᠪᠰᠢᠨ ᠤ ᠬᠠᠤᠯᠢ︾ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ | ᠬᠡᠷᠡᠭᠲᠡᠢ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾᠂ ︽ᠬᠡᠨ ᠭᠤᠣᠯᠴᠢᠯᠠᠨ | ᠬᠠᠮᠢᠶᠠᠷᠪᠠᠯ ᠲᠡᠷᠡ ᠬᠠᠷᠢᠭᠤᠴᠠᠬᠤ︾ ᠱᠠᠭᠠᠷᠳᠠᠯᠭ᠎ᠠ ᠶᠤᠰᠤᠭᠠᠷ᠂ ᠤᠳᠤᠷᠢᠳᠬᠤ ᠺᠠᠳ᠋ᠷ᠂ ᠢᠳᠡᠭᠡᠨ ᠤ ᠠᠮᠦᠷ | ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠪᠠ ᠠᠵᠢᠯᠯᠠᠬᠰᠠᠳ ᠤᠨ ᠬᠠᠤᠯᠢ ᠪᠠᠷ ᠵᠠᠰᠠᠬᠤ ᠬᠦᠮᠦᠵᠢᠯ | ᠪᠣᠯᠪᠠᠰᠤᠷᠠᠭᠤᠯᠤᠯ ᠤᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ ︵ᠦᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ | ᠂ ᠳᠣᠲᠤᠭᠠᠲᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ | ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ | ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠨᠠᠶᠢᠳᠠᠪᠤᠷᠢᠵᠢᠭᠤᠯᠤᠨ᠎ᠠ︶᠃ ᠤᠬᠠᠭᠤᠯᠤᠨ ᠲᠠᠶᠢᠯᠪᠤᠷᠢᠯᠠᠬᠤ ᠪᠦᠯᠬᠦᠮ ᠵᠣᠬᠢᠶᠠᠨ ᠪᠠᠶᠢᠭᠤᠯᠤᠨ ᠪᠦᠬᠦ ᠣᠷᠣᠨ ᠳᠤ | ᠲᠣᠭᠤᠷᠢᠨ ᠤᠬᠠᠭᠤᠯᠬᠤ ᠪᠠ ᠬᠠᠪᠰᠤᠷᠤᠨ ᠵᠢᠯᠤᠭᠤᠳᠴᠤ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢᠨ | ᠮᠡᠳᠡᠯᠭᠡ ᠶᠢᠨ ᠤᠷᠤᠯᠳᠤᠭᠠᠨ ᠪᠠ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠶᠢ ᠦᠷᠨᠢᠭᠦᠯᠦᠨ᠂ ︽ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠢᠳᠡᠭᠡᠨ ᠤ ᠠᠮᠦᠷ ᠲᠥᠪᠰᠢᠨ ᠤ ᠠᠵᠢᠯᠲᠠᠨ ᠢ | ᠪᠣᠯᠪᠠᠰᠤᠷᠠᠭᠤᠯᠤᠨ ᠰᠢᠯᠭᠠᠨ ᠬᠢᠨᠠᠬᠤ ᠠᠷᠭ᠎ᠠ︾ ᠶᠢ ᠨᠡᠶᠢᠲᠡᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠪᠣᠯᠣᠨ | ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠤᠯᠢ ᠪᠠᠷ ᠵᠠᠰᠠᠬᠤ ᠮᠡᠳᠡᠯᠭᠡ | ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠢᠳᠡᠭᠡᠨ ᠤ ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠢ | ᠵᠢᠷᠤᠮᠯᠠᠬᠤ ᠦᠵᠡᠯ ᠤᠬᠠᠮᠰᠠᠷ ᠪᠠ ᠪᠡᠶ᠎ᠡ ᠪᠠᠨ ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ | ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠢ ᠠᠰᠢᠭᠯᠠᠨ᠂ ︽ᠢᠳᠡᠭᠡᠨ ᠤ ᠠᠮᠦᠷ ᠲᠥᠪᠰᠢᠨ ᠤ | ᠤᠬᠠᠭᠤᠯᠭ᠎ᠠ ᠶᠢᠨ ᠭᠠᠷᠠᠭ︾ ᠪᠣᠯᠣᠨ ︽ᠢᠳᠡᠭᠡᠨ ᠤ ᠠᠮᠦᠷ ᠲᠥᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠤᠯᠢ︾ | ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ | ᠬᠠᠮᠠᠭᠠᠯᠠᠯᠲᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ︽ᠵᠢᠷᠭᠤᠭᠠᠨ ᠬᠦᠷᠭᠡᠬᠦ︾ ︵ᠨᠡᠶᠢᠭᠡᠮ ᠲᠣᠭᠤᠷᠢᠭ ᠲᠤ ᠬᠦᠷᠭᠡᠬᠦ᠂ | ᠮᠠᠯᠵᠢᠬᠤ ᠲᠠᠷᠢᠶᠠᠯᠠᠬᠤ ᠣᠷᠣᠨ ᠳᠤ ᠬᠦᠷᠭᠡᠬᠦ᠂ ᠠᠯᠪᠠᠨ ᠪᠠᠶᠢᠭᠤᠯᠭ᠎ᠠ ᠳᠤ ᠬᠦᠷᠭᠡᠬᠦ᠂ ᠰᠤᠷᠭᠠᠭᠤᠯᠢ ᠳᠤ ᠬᠦᠷᠭᠡᠬᠦ᠂ | ᠠᠵᠤ ᠠᠬᠤᠶᠢᠯᠠᠯ ᠳᠤ ᠬᠦᠷᠭᠡᠬᠦ᠂ ᠭᠡᠷ ᠪᠦᠯᠢ ᠳᠤ ᠬᠦᠷᠭᠡᠬᠦ︶ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ | ᠦᠷᠨᠢᠭᠦᠯᠬᠦ ᠬᠡᠷᠡᠭᠲᠡᠢ᠃ ᠲᠤᠰᠬᠠᠢ ᠮᠡᠷᠭᠡᠵᠢᠯᠲᠡᠨ ᠢᠶᠠᠷ ᠬᠠᠤᠯᠢ ᠲᠠᠶᠢᠯᠪᠤᠷᠢᠯᠠᠭᠤᠯᠬᠤ᠂ ᠬᠡᠷᠡᠭ ᠤᠨ ᠵᠢᠱᠢᠶ᠎ᠡ ᠪᠠᠷ | ᠬᠠᠤᠯᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠪᠣᠯᠣᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ | ᠬᠡᠯᠪᠡᠷᠢ ᠶᠢ ᠠᠪᠴᠤ ᠪᠠᠶᠢᠭᠠᠳ ᠪᠦᠬᠦ ᠨᠡᠶᠢᠭᠡᠮ ᠳᠤ ᠬᠠᠨᠳᠤᠭᠤᠯᠤᠭᠰᠠᠨ ᠤᠬᠠᠭᠤᠯᠭ᠎ᠠ ᠪᠠ ᠤᠬᠠᠭᠤᠯᠬᠤ | ᠲᠠᠶᠢᠯᠤᠮᠵᠢ ᠶᠢ ᠰᠠᠶᠢᠲᠤᠷ ᠠᠳᠬᠤᠵᠤ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ ᠡᠷᠦᠬᠡ ᠪᠦᠷᠢ ᠬᠦᠮᠦᠨ | ᠪᠦᠬᠦᠨ ᠳᠤ ᠮᠡᠳᠡᠭᠦᠯᠵᠦ᠂ ᠬᠦᠮᠦᠰ ᠤᠨ ᠰᠡᠳᠬᠢᠯ ᠳᠤ ᠭᠦᠨ ᠰᠠᠭᠤᠭᠳᠠᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ | ᠦᠪᠡᠷᠲᠡᠭᠡᠨ ᠵᠠᠰᠬᠠᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠲᠣᠳᠤᠭᠠᠲᠤ ᠶᠢ ᠬᠠᠮᠠᠭᠠᠯᠠᠬᠤ ᠲᠢᠩᠬᠢᠮ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠬᠤ ᠶᠢᠨ | ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ | ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠨᠠᠶᠢᠳᠠᠪᠤᠷᠢᠵᠢᠭᠤᠯᠤᠨ᠎ᠠ︶ | ᠭᠤᠷᠪᠠ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠢᠭᠡᠲᠦᠯᠲᠡᠢ ᠡᠷᠬᠡ ᠰᠦᠷᠲᠦ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ | ᠲᠦᠷᠭᠡᠳᠭᠡᠬᠦ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ | ᠬᠠᠷᠠᠬᠠᠨ ᠲᠤᠰᠠᠭᠠᠷ ᠪᠠᠶᠢᠷᠢᠯᠠᠭᠤᠯᠤᠭᠠᠳᠤᠢ ᠠᠶᠢᠮᠠᠭ ᠬᠤᠲᠠ ᠨᠢ 2016 ᠣᠨ ᠤ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠬᠦᠨ ᠢ ᠲᠤᠰᠠᠭᠠᠷ ᠪᠠᠶᠢᠷᠢᠯᠠᠭᠤᠯᠬᠤ ᠶᠢᠨ ᠬᠠᠮᠲᠤ᠂ ᠠᠵᠢᠯᠲᠠᠨ ᠢ ᠬᠤᠪᠢᠶᠠᠷᠢᠯᠠᠨ | ᠰᠢᠯᠵᠢᠭᠦᠯᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠢ᠃ ᠬᠤᠰᠢᠭᠤ ᠰᠢᠶᠠᠨ | ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ | ᠪᠠᠶᠢᠷᠢᠯᠠᠭᠤᠯᠬᠤ ᠳᠤ ᠪᠤᠲᠠᠲᠠᠢ ᠠᠴᠠ ᠡᠭᠦᠰᠴᠦ᠂ ᠵᠠᠷᠴᠢᠮ ᠳᠡᠭᠡᠷ᠎ᠡ ᠪᠠᠨ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠪᠠ ᠢᠳᠡᠭᠡᠨ ᠤ ᠦᠢᠯᠡᠳᠪᠦᠷᠢᠯᠡᠵᠦ ᠡᠳ᠋ᠰᠢᠭᠦᠯᠭᠦ ᠬᠤᠪᠢ ᠶᠢᠨ ᠵᠢᠩ ᠢᠶᠠᠷ ᠶᠡᠭᠡ ᠪᠠᠶᠢᠬᠤ ᠭᠠᠵᠠᠷ | ᠣᠷᠣᠨ ᠨᠤᠭᠤᠳ ᠴᠦᠮ ᠲᠤᠰᠠᠭᠠᠷ ᠪᠠᠶᠢᠷᠢᠯᠠᠭᠤᠯᠪᠠᠯ ᠵᠣᠬᠢᠨ᠎ᠠ︔ ︽ᠬᠤᠶᠠᠷ ᠢ ᠨᠢᠭᠡ ᠪᠣᠯᠭᠠᠬᠤ︾᠂ ︽ᠭᠤᠷᠪᠠ ᠶᠢ | ᠨᠢᠭᠡ ᠪᠣᠯᠭᠠᠬᠤ︾ ᠪᠠᠶᠢᠷᠢᠯᠠᠭᠤᠯᠤᠯᠲᠠ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠨᠢ ᠲᠦᠷᠭᠡᠳᠭᠡᠨ ᠪᠠᠶᠢᠭᠤᠯᠤᠨ | ᠲᠡᠭᠦᠯᠳᠡᠷᠵᠢᠭᠦᠯᠵᠦ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ | ᠦᠨᠡᠨᠬᠦ ᠰᠠᠶᠢᠲᠤᠷ ᠭᠦᠢᠴᠡᠳᠭᠡᠨ᠂ ᠢᠳᠡᠭᠡᠨ ᠤ ᠠᠮᠦᠷ ᠲᠥᠪᠰᠢᠨ ᠤ ᠠᠵᠢᠯ ᠢ ᠴᠢᠩᠭᠠᠳᠬᠠᠬᠤ ᠠᠴᠠ ᠪᠢᠰᠢ | ᠰᠤᠯᠠᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠤᠳᠠᠳᠠᠶᠢᠵᠢᠭᠤᠯᠬᠤ ᠠᠴᠠ ᠪᠢᠰᠢ ᠬᠡᠶᠢᠰᠪᠦᠷᠢᠯᠡᠭᠦᠯᠵᠦ ᠪᠣᠯᠬᠤ ᠦᠭᠡᠢ᠃ | ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠪᠠ | ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠤᠰᠬᠠᠢ ᠲᠤᠰᠢᠶᠠᠯᠲᠤ ᠬᠢᠨᠠᠯᠲᠠ | ᠬᠠᠮᠢᠶᠠᠷᠤᠯᠲᠠ ᠶᠢᠨ ᠠᠵᠢᠯᠲᠠᠨ ᠢ ᠪᠦᠷᠢᠨ ᠲᠣᠬᠢᠷᠠᠭᠤᠯᠬᠤ ᠪᠠ ᠴᠢᠩᠭᠠᠳᠬᠠᠬᠤ ᠬᠡᠷᠡᠭᠲᠡᠢ᠃ ᠭᠠᠴᠠᠭ᠎ᠠ ᠲᠤᠰᠬᠤᠨ ︵ | ᠨᠡᠶᠢᠭᠡᠮ ᠲᠣᠭᠤᠷᠢᠭ︶ ᠳᠤ ᠮᠡᠳᠡᠭᠡ ᠵᠠᠩᠬᠢᠴᠢᠨ᠂ ᠬᠤᠯᠪᠣᠭᠠᠴᠢᠨ ᠢ ᠡᠯᠰᠡᠨ ᠬᠡᠷᠡᠭᠯᠡᠬᠦ ᠳᠡᠭᠡᠨ ᠬᠠᠮᠢᠶᠠᠷᠤᠯᠲᠠ ᠬᠢᠵᠦ | ᠰᠢᠯᠭᠠᠨ ᠬᠢᠨᠠᠬᠤ ᠶᠢ ᠴᠢᠩᠭᠠᠳᠬᠠᠵᠤ᠂ ᠲᠡᠳᠡᠨ ᠤ ᠠᠵᠢᠯ ᠤᠨ ᠣᠯᠭᠤᠮᠵᠢ ᠶᠢ ᠦᠨᠡᠨᠬᠦ ᠰᠢᠢᠳᠪᠦᠷᠢᠯᠡᠨ᠂ ᠲᠡᠳᠡᠨ ᠤ | ᠦᠢᠯᠡᠳᠦᠯ ᠢ ᠵᠢᠩᠬᠢᠨᠢ ᠪᠠᠷ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ | ᠲᠣᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠢᠳᠡᠪᠬᠢᠲᠡᠢ ᠰᠦᠪᠡᠭᠴᠢᠯᠡᠵᠦ᠂ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠬᠢᠨᠠᠨ ᠬᠠᠮᠢᠶᠠᠷᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠡᠭᠴᠡᠯᠡᠨ ᠲᠤᠳᠤᠷᠬᠠᠶᠢᠯᠠᠵᠤ᠂ ᠬᠢᠨᠠᠯᠲᠠ | ᠬᠠᠮᠢᠶᠠᠷᠤᠯᠲᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠨᠢᠭᠲᠠ ᠴᠢᠩᠭ᠎ᠠ ᠪᠣᠯᠭᠠᠨ᠂ ᠬᠢᠨᠠᠯᠲᠠ ᠬᠠᠮᠢᠶᠠᠷᠤᠯᠲᠠ ᠶᠢᠨ | ᠬᠦᠴᠦᠨ ᠴᠢᠳᠠᠯ ᠢᠶᠠᠨ ᠤᠯᠠᠮ ᠨᠢᠭᠡ ᠠᠯᠬᠤᠮ ᠦᠨᠳᠦᠰᠦᠨ ᠱᠠᠲᠦᠨ ᠳᠤ ᠴᠢᠭᠯᠡᠬᠦᠯᠵᠦ᠂ ᠰᠠᠯᠠᠭ᠎ᠠ ᠮᠦᠴᠢᠷ ᠤᠨ | ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ | ᠡᠮᠬᠢᠯᠡᠨ ᠨᠡᠶᠢᠯᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ | ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠨᠠᠶᠢᠳᠠᠪᠤᠷᠢᠵᠢᠭᠤᠯᠤᠨ᠎ᠠ︶ | ᠳᠥᠷᠪᠡ᠂ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ | ᠢᠳᠡᠭᠡᠨ ᠤ ᠠᠮᠦᠷ ᠲᠥᠪᠰᠢᠨ ᠤ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠢ | ᠢᠳᠡᠭᠡᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠡᠪᠴᠡᠩ ᠤᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ ᠳᠦᠷᠪᠡᠨ ᠱᠠᠲᠤᠨ ᠤ ᠢᠳᠡᠭᠡᠨ ᠤ ᠠᠮᠦᠷ ᠲᠥᠪᠰᠢᠨ ᠤ ᠪᠠᠶᠢᠴᠠᠭᠠᠨ | ᠰᠢᠯᠭᠠᠬᠤ ᠪᠠᠶᠢᠴᠠᠭᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠦᠪᠡᠷᠲᠡᠭᠡᠨ | ᠵᠠᠰᠠᠬᠤ ᠣᠷᠣᠨ ᠤ ᠢᠳᠡᠭᠡᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠥᠪ᠂ ᠪᠤᠭᠤᠳᠤ ᠶᠢᠨ ᠢᠳᠡᠭᠡᠨ ᠪᠠ | ᠡᠮ ᠤᠨ ᠵᠦᠢᠯ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠥᠪ᠂ ᠰᠢᠯᠢ ᠶᠢᠨ ᠭᠤᠣᠯ ᠤᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠲᠥᠪ ᠢ ᠬᠦᠴᠦᠯᠡᠨ | ᠪᠣᠢ ᠪᠣᠯᠭᠠᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ | ᠢᠳᠡᠪᠬᠢᠲᠡᠢ ᠪᠠᠷ ᠨᠦᠬᠦᠴᠡᠯ ᠪᠦᠷᠢᠯᠳᠦᠭᠦᠯᠵᠦ᠂ ᠢᠳᠡᠭᠡᠨ ᠤ ᠠᠮᠦᠷ ᠲᠥᠪᠰᠢᠨ ᠤ ᠪᠠᠶᠢᠴᠠᠭᠠᠨ ᠰᠢᠯᠭᠠᠬᠤ ᠪᠠᠶᠢᠴᠠᠭᠠᠨ | ᠰᠢᠨᠵᠢᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠬᠤ ᠬᠡᠷᠡᠭᠲᠡᠢ᠃ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠥᠷᠭᠡᠨ ᠪᠠᠶᠢᠴᠠᠭᠠᠯᠲᠠ ᠬᠢᠬᠦ ᠲᠥᠭᠦᠭᠡᠷᠦᠮᠵᠢ ᠬᠡᠮᠵᠢᠭᠦᠷᠯᠢᠭ ᠢ | ᠳᠠᠷᠦ᠋ᠢᠬᠠᠨ ᠲᠣᠬᠢᠷᠠᠭᠤᠯᠬᠤ ᠬᠡᠷᠡᠭᠲᠡᠢ᠃ ᠲᠤᠮᠤ ᠬᠡᠯᠪᠡᠷᠢ ᠶᠢᠨ ᠬᠡᠳᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ | ᠳᠡᠯᠭᠡᠭᠦᠷ ᠲᠤ ᠢᠳᠡᠭᠡᠨ ᠤ ᠲᠦᠷᠭᠡᠨ ᠪᠠᠶᠢᠴᠠᠭᠠᠯᠲᠠ ᠬᠢᠬᠦ ᠲᠠᠰᠤᠭ ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ | ᠠᠵᠤ ᠠᠬᠤᠶᠢᠯᠠᠯ ᠤᠳ ᠰᠢᠮᠳᠠᠭᠤᠯᠤᠨ ᠵᠢᠯᠤᠭᠤᠳᠴᠦ ᠪᠠᠶᠢᠭᠠᠳ ᠢᠳᠡᠭᠡᠨ ᠳᠤ ᠦᠪᠡᠰᠦᠪᠠᠨ ᠪᠠᠶᠢᠴᠠᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠤᠳ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠵᠠᠷᠤᠳᠠᠯ ᠢ ᠲᠤᠭ᠎ᠠ ᠶᠤᠰᠤᠭᠠᠷ ᠭᠦᠢᠴᠡᠳ | ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ | ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ ᠨᠤᠭᠤᠳ ᠬᠠᠮᠵᠢᠯᠴᠠᠨ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠲᠠᠪᠤ᠂ ᠬᠠᠤᠯᠢ ᠪᠠᠷ ᠵᠠᠰᠠᠬᠤ ᠰᠡᠳᠬᠢᠭᠦᠢ ᠪᠣᠯᠣᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠬᠦ ᠶᠢ | ᠪᠠᠷᠢᠮᠲᠠᠯᠠᠵᠤ᠂ ᠣᠷᠣᠨ ᠨᠤᠲᠤᠭ ᠤᠨ ᠴᠢᠨᠠᠷᠲᠠᠢ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠪᠠᠷᠢᠮᠵᠢᠶᠠᠲᠦ | ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠳᠡᠭᠡᠨ ᠤ ᠠᠮᠦᠷ ᠲᠥᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠠᠤᠯᠢ ᠲᠣᠭᠲᠠᠭᠠᠵᠤ | ᠪᠠᠶᠢᠴᠠᠭᠠᠨ ᠰᠤᠳᠤᠯᠬᠤ ᠶᠢ ᠡᠬᠢᠯᠡᠭᠦᠯᠵᠦ᠂ ᠳᠦᠬᠦᠷ ᠳᠦᠷᠢᠮ ᠲᠣᠭᠲᠠᠭᠠᠯ ᠪᠣᠯᠣᠨ ᠳᠦᠷᠢᠮ ᠵᠢᠷᠤᠮᠯᠡᠯ ᠤᠨ ᠬᠦᠴᠦᠨ | ᠦᠭᠡᠢ ᠪᠣᠯᠭᠠᠬᠤ᠂ ᠦᠭᠡᠷᠡᠴᠢᠯᠡᠬᠦ᠂ ᠲᠣᠭᠲᠠᠭᠠᠬᠤ᠂ ᠲᠠᠶᠢᠯᠪᠤᠷᠢᠯᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ | 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ︽ᠢᠳᠡᠰᠢᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠦᠢᠲᠡᠨ ᠲᠡᠭᠡᠭᠡᠪᠦᠷᠢ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ︾᠂ ︽ᠠᠮᠤ ᠪᠤᠳᠠᠭ᠎ᠠ ᠶᠢᠨ ᠠᠮᠦᠷ ᠲᠥᠪᠰᠢᠨ ᠤ ᠪᠠᠲᠤᠯᠠᠭ᠎ᠠ ᠶᠢᠨ ᠲᠣᠭᠲᠠᠴᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠰᠠᠨᠠᠯ︾᠂ ︽ᠭᠠᠳᠠᠭᠠᠲᠤ ᠳᠤ ᠭᠠᠷᠭᠠᠬᠤ ᠢᠳᠡᠭᠡᠨ ᠤ ᠬᠢᠨᠠᠯᠲᠠ ᠲᠠᠯᠪᠢᠵᠦ | ᠰᠤᠭᠤᠴᠠᠨ ᠪᠠᠶᠢᠴᠠᠭᠠᠬᠤ ᠠᠵᠢᠯᠯᠠᠭᠠᠨ ᠤ ᠵᠢᠷᠤᠮᠯᠡᠯ︾᠂ ︽ᠭᠠᠳᠠᠭᠠᠲᠤ ᠠᠴᠠ ᠣᠷᠤᠭᠤᠯᠵᠤ ᠭᠠᠷᠭᠠᠬᠤ ᠢᠳᠡᠭᠡᠨ ᠤ | ᠠᠵᠤ ᠠᠬᠤᠶᠢᠯᠠᠯ ᠤᠨ ᠲᠦᠷᠦᠯ ᠬᠤᠪᠢᠶᠠᠨ ᠬᠠᠮᠢᠶᠠᠷᠬᠤ ᠠᠵᠢᠯ ᠤᠨ ᠵᠢᠷᠤᠮᠯᠡᠯ︾᠂ ︽ᠢᠳᠡᠭᠡᠨ ᠤ ᠵᠢᠵᠢᠭ ᠳᠡᠯᠭᠡᠭᠡ | ᠮᠠᠶᠢᠮᠠᠶᠢᠴᠢᠨ ᠢ ᠪᠦᠷᠢᠳᠭᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾᠂ ︽ᠰᠦᠯᠵᠢᠶ᠎ᠡ ᠪᠠᠷ ᠬᠤᠭᠤᠯᠠ | ᠵᠠᠬᠢᠶᠠᠯᠠᠬᠤ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠣᠷᠰᠢᠨ ᠬᠡᠷᠡᠭᠵᠢᠭᠦᠯᠬᠦ︶︾ ᠵᠡᠷᠭᠡ ᠳᠦᠷᠢᠮ ᠲᠣᠭᠲᠠᠭᠠᠯ | ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠬᠢᠨᠠᠯᠲᠠ ᠬᠠᠮᠢᠶᠠᠷᠤᠯᠲᠠ ᠶᠢᠨ | ᠳᠦᠷᠢᠮ ᠤᠨ ᠬᠤᠭᠤᠰᠤᠨ ᠢ ᠨᠦᠬᠦᠪᠦᠷᠢᠯᠡᠨ᠂ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠤ ᠪᠤᠳᠠᠭ᠎ᠠ ᠶᠢᠨ ᠲᠣᠪᠴᠢᠶ᠎ᠠ᠂ ᠬᠠᠤᠯᠢ ᠳᠦᠷᠢᠮ ᠤᠨ ᠠᠯᠪᠠᠨ ᠭᠡᠷ᠂ | ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ | ᠲᠣᠪᠴᠢᠶ᠎ᠠ ᠨᠤᠭᠤᠳ ᠨᠠᠶᠢᠳᠠᠪᠤᠷᠢᠵᠢᠭᠤᠯᠤᠨ᠎ᠠ︶ | ᠢᠳᠡᠭᠡᠨ ᠤ ᠠᠮᠦᠷ ᠲᠥᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ | 2016 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠣᠷᠣᠨ ᠤ ᠣᠨᠴᠠᠯᠢᠭᠲᠤ ᠢᠳᠡᠭᠡᠨ ᠤ | ᠣᠷᠣᠨ ᠨᠣᠲᠤᠭ ᠤᠨ ᠪᠠᠷᠢᠮᠵᠢᠶ᠎ᠠ ᠶᠢᠨ ᠨᠠᠷᠢᠨ ᠬᠠᠭᠤᠳᠠᠰᠤ ᠵᠢᠴᠢ ᠠᠵᠢᠯ ᠤᠨ ᠲᠦᠰᠦᠯ ᠢ ᠲᠣᠭᠲᠠᠭᠠᠬᠤ ᠬᠡᠷᠡᠭᠲᠡᠢ᠃ | ᠦᠷᠦᠮ᠎ᠡ᠂ ᠬᠤᠷᠤᠳ ᠵᠡᠷᠭᠡ ᠶᠢᠨ ᠣᠷᠣᠨ ᠨᠤᠲᠤᠭ ᠤᠨ ᠪᠠᠷᠢᠮᠵᠢᠶ᠎ᠠ ᠳᠤ ᠱᠠᠯᠠᠪᠳᠠᠨ ᠵᠠᠰᠠᠪᠤᠷᠢ ᠣᠷᠤᠭᠤᠯᠵᠤ᠂ ᠰᠢᠷ᠎ᠠ | ᠲᠤᠰᠤ᠂ ᠬᠡᠭᠦᠦ ᠶᠢᠨ ᠰᠦ᠂ ᠲᠡᠮᠡᠭᠡᠨ ᠤ ᠰᠦ ᠵᠡᠷᠭᠡ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ | ᠲᠣᠭᠲᠠᠭᠠᠵᠤ᠂ ᠬᠠᠭᠤᠷᠠᠭᠰᠠᠨ ᠪᠤᠳᠠᠭ᠎ᠠ᠂ ᠴᠡᠭᠡ ᠵᠡᠷᠭᠡ ᠶᠢᠨ ᠣᠷᠣᠨ ᠨᠤᠲᠤᠭ ᠤᠨ ᠪᠠᠷᠢᠮᠵᠢᠶ᠎ᠠ ᠵᠢᠴᠢ ᠦᠬᠡᠷ | ᠬᠤᠨᠢᠨ ᠤ ᠮᠢᠬ᠎ᠠ ᠶᠢ ᠬᠡᠰᠡᠭᠯᠡᠬᠦ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠶᠢ ᠡᠳ᠋ᠰᠢᠭᠦᠯᠬᠦ ᠶᠢᠨ ᠡᠷᠡᠭᠦᠯ | ᠬᠠᠮᠠᠭᠠᠯᠠᠯ ᠤᠨ ᠵᠢᠷᠤᠮᠯᠡᠯ ᠢ ᠵᠢᠯ ᠤᠨ ᠳᠤᠲᠤᠷ᠎ᠠ ᠡᠬᠢᠯᠡᠭᠦᠯᠦᠨ᠂ ᠪᠣᠷᠴᠠᠭ ᠤᠨ ᠴᠢᠴᠢᠭᠡᠰᠦ᠂ ᠪᠣᠯᠭᠤᠭᠰᠠᠨ ᠮᠢᠬᠠᠨ | ᠢᠳᠡᠭᠡᠨ ᠵᠡᠷᠭᠡ ᠢᠳᠡᠭᠡᠨ ᠤ ᠪᠠᠷᠢᠮᠵᠢᠶ᠎ᠠ ᠶᠢ ᠰᠦᠪᠡᠭᠴᠢᠯᠡᠨ ᠲᠣᠭᠲᠠᠭᠠᠬᠤ ᠬᠡᠷᠡᠭᠲᠡᠢ᠃ ᠠᠵᠤ ᠠᠬᠤᠶᠢᠯᠠᠯ ᠢ | ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ ᠠᠵᠤ ᠠᠬᠤᠶᠢᠯᠠᠯ ᠤᠨ ᠢᠳᠡᠭᠡᠨ ᠤ ᠪᠠᠷᠢᠮᠵᠢᠶ᠎ᠠ ᠶᠢ ᠰᠤᠳᠤᠯᠤᠨ | ᠲᠣᠭᠲᠠᠭᠠᠵᠤ᠂ ᠴᠠᠭᠠᠨ ᠢᠳᠡᠭᠡ᠂ ᠮᠢᠬᠠᠨ ᠢᠳᠡᠭᠡᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠤᠯᠤᠰ ᠤᠨ | ᠪᠠᠷᠢᠮᠵᠢᠶ᠎ᠠ ᠠᠴᠠ ᠦᠨᠳᠦᠷ᠂ ᠣᠯᠠᠨ ᠤᠯᠤᠰ ᠤᠨ ᠪᠠᠷᠢᠮᠵᠢᠶ᠎ᠠ ᠲᠠᠢ ᠵᠡᠷᠭᠡᠴᠡᠬᠦ ᠨᠢᠭᠡ ᠪᠦᠯᠦᠭ ᠠᠵᠤ ᠠᠬᠤᠶᠢᠯᠠᠯ ᠤᠨ | ᠢᠳᠡᠭᠡᠨ ᠤ ᠪᠠᠷᠢᠮᠵᠢᠶ᠎ᠠ ᠶᠢ ᠲᠣᠭᠲᠠᠭᠠᠬᠤ ᠪᠠᠷ ᠴᠢᠷᠮᠠᠶᠢᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠵᠡᠷᠭᠡ | ᠰᠠᠯᠠᠭ᠎ᠠ ᠮᠦᠴᠢᠷ ᠤᠳ ᠬᠠᠮᠵᠢᠯᠴᠠᠨ᠎ᠠ︶ | ᠵᠢᠷᠭᠤᠭ᠎ᠠ᠂ ᠢᠷᠡᠯᠲᠡ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠳᠡᠰᠢᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠢ ᠦᠨᠡᠨᠬᠦ ᠪᠠᠲᠤᠯᠠᠬᠤ | ᠬᠡᠷᠡᠭᠲᠡᠢ | ᠢᠷᠡᠯᠲᠡ ᠠᠴᠠ ᠨᠢ ᠵᠠᠰᠠᠬᠤ ᠶᠢ ᠴᠢᠩᠭᠠᠷᠠᠭᠤᠯᠵᠤ᠂ ᠲᠠᠷᠢᠶᠠᠨ ᠤ ᠡᠮ᠂ ᠮᠠᠯ ᠤᠨ ᠪᠠᠺᠲ᠋ᠧᠷᠢ ᠲᠠᠷᠤᠬᠤ ᠡᠮ᠂ | ᠬᠠᠷ᠎ᠠ ᠮᠢᠬᠠᠯᠠᠭᠤᠯᠬᠤ ᠬᠠᠨᠳᠠ ᠶᠢ ᠬᠡᠷᠡᠭᠯᠡᠬᠦ ᠪᠠ ᠮᠠᠯ ᠲᠡᠵᠢᠭᠡᠪᠦᠷᠢ ᠤᠰᠤᠨ ᠤ ᠭᠠᠷᠤᠯᠲᠠ ᠳᠤ ᠪᠠᠺᠲ᠋ᠧᠷᠢ ᠳᠠᠷᠤᠬᠤ | ᠡᠮ ᠢ ᠲᠣᠭᠲᠠᠭᠠᠯ ᠠᠴᠠ ᠵᠦᠷᠢᠴᠡᠨ ᠬᠡᠷᠡᠭᠯᠡᠬᠦ ᠶᠢ ᠴᠠᠭᠠᠵᠠᠯᠠᠨ ᠬᠢᠵᠠᠭᠠᠷᠯᠠᠬᠤ ᠪᠠᠷ ᠭᠤᠣᠯᠳᠠᠯᠭ᠎ᠠ ᠪᠣᠯᠭᠠᠭᠰᠠᠨ | ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠦᠷᠨᠢᠭᠦᠯᠬᠦ ᠬᠡᠷᠡᠭᠲᠡᠢ᠃ ᠢᠳᠡᠰᠢᠨ ᠤ ᠲᠠᠷᠢᠶᠠᠯᠠᠩ ᠤᠨ | ᠪᠦᠲᠦᠭᠡᠭᠳᠡᠭᠦᠨ ᠢ ᠲᠠᠷᠢᠬᠤ᠂ ᠮᠠᠯ ᠲᠡᠵᠢᠭᠡᠪᠦᠷᠢ ᠤᠰᠤᠨ ᠤ ᠭᠠᠷᠤᠯᠲᠠ ᠶᠢ ᠲᠡᠵᠢᠭᠡᠨ ᠦᠷᠡᠵᠢᠭᠦᠯᠬᠦ ᠵᠡᠷᠭᠡ | ᠭᠤᠭᠴᠤᠭ᠎ᠠ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠴᠠᠭᠠᠵᠠ ᠲᠠᠢ ᠡᠮ ᠤᠨ ᠵᠦᠢᠯ ᠢ ᠬᠠᠤᠯᠢ ᠪᠤᠰᠤ ᠪᠠᠷ ᠨᠡᠮᠡᠬᠦ᠂ | ᠡᠪᠡᠳᠴᠢᠨ ᠢᠶᠠᠷ ᠦᠬᠦᠭᠰᠡᠨ ᠪᠠ ᠡᠪᠡᠳᠴᠢᠨ ᠬᠢᠵᠢᠭ ᠲᠠᠢ ᠮᠠᠯ ᠲᠡᠵᠢᠭᠡᠪᠦᠷᠢ ᠶᠢ ᠬᠤᠳᠠᠯᠳᠤᠨ ᠠᠪᠬᠤ ᠪᠠ ᠨᠢᠳᠤᠯᠬᠤ | ᠂ ᠲᠠᠷᠢᠶᠠᠯᠠᠩ ᠤᠨ ᠡᠳ᠋ ᠪᠠᠷᠠᠭ᠎ᠠ ᠶᠢ ᠬᠠᠭᠤᠷᠮᠠᠬᠯᠠᠨ ᠦᠢᠯᠡᠳᠴᠦ ᠪᠣᠷᠤᠯᠠᠭᠤᠯᠬᠤ ᠵᠡᠷᠭᠡ ᠬᠠᠤᠯᠢ ᠲᠣᠭᠲᠠᠭᠠᠯ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠦᠷᠦᠰᠦ ᠰᠢᠷᠤᠢ᠂ ᠤᠰᠤ | ᠂ ᠬᠦᠨᠳᠦ ᠲᠡᠮᠦᠷᠯᠢᠭ ᠤᠨ ᠪᠣᠬᠢᠷᠳᠤᠯ ᠢ ᠵᠠᠰᠠᠬᠤ ᠡᠷᠴᠢᠮ ᠪᠠ ᠲᠡᠵᠢᠭᠡᠯ ᠪᠤᠷᠳᠤᠭ᠎ᠠ᠂ ᠲᠡᠵᠢᠭᠡᠯ ᠪᠤᠷᠳᠤᠭ᠎ᠠ ᠶᠢᠨ | ᠨᠡᠮᠡᠯᠲᠡ ᠡᠳ᠋ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠣᠷᠤᠭᠤᠯᠤᠯᠲᠠ ᠶᠢᠨ ᠡᠳ᠋ ᠢ ᠬᠡᠷᠡᠭᠯᠡᠬᠦ ᠶᠢ ᠡᠵᠡᠮᠳᠡᠬᠦ | ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠦᠢᠯᠡᠳᠪᠦᠷᠢᠯᠡᠯ ᠤᠨ ᠣᠷᠴᠢᠨ ᠲᠣᠭᠤᠷᠢᠨ ᠪᠠ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠠᠩᠬᠠᠨ ᠤ ᠪᠤᠭᠤᠮᠲᠠ ᠶᠢ ᠪᠠᠲᠤ ᠰᠠᠬᠢᠬᠤ ᠬᠡᠷᠡᠭᠲᠡᠢ ︵ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ | ᠵᠠᠰᠠᠬᠤ ᠣᠷᠣᠨ ᠤ ᠲᠤᠳᠤᠭᠠᠲᠤ ᠶᠢ ᠬᠠᠮᠠᠭᠠᠯᠠᠬᠤ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ | ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠨᠠᠶᠢᠳᠠᠪᠤᠷᠢᠵᠢᠭᠤᠯᠤᠨ᠎ᠠ︶᠃ ᠭᠤᠣᠯᠳᠠᠯᠭ᠎ᠠ ᠲᠠᠢ ᠲᠥᠭᠰᠢᠭᠦᠷᠢ ᠶᠢᠨ ᠳᠠᠯᠳᠠ ᠭᠡᠮ ᠢ ᠬᠢᠨᠠᠨ ᠬᠠᠮᠢᠶᠠᠷᠬᠤ ᠨᠡᠷᠡᠰ ᠤᠨ | ᠵᠢᠭᠰᠠᠭᠠᠯᠲᠠ ᠶᠢ ᠪᠠᠶᠢᠭᠤᠯᠵᠤ᠂ ᠲᠤᠭᠤᠷᠢᠨ ᠪᠠᠶᠢᠴᠠᠭᠠᠬᠤ ᠪᠠ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠤᠨ᠂ ᠪᠠᠶᠢᠴᠠᠭᠠᠯᠲᠠ ᠬᠢᠵᠦ ᠴᠣᠬᠢᠯᠲᠠ ᠥᠭᠬᠦ ᠳᠤ ᠬᠠᠮᠲᠤᠷᠠᠨ ᠦᠢᠯᠡᠳᠦᠯᠴᠡᠬᠦ ᠶᠢ | ᠬᠡᠷᠡᠭᠵᠢᠭᠦᠯᠬᠦ ᠬᠡᠷᠡᠭᠲᠡᠢ᠃ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠳᠠᠪᠠᠭᠤᠯᠢᠭ | ᠣᠷᠣᠨ ᠪᠦᠰᠡ ᠪᠣᠯᠣᠨ ︽ᠬᠤᠯᠢᠰᠢᠨ ᠢᠳᠡᠭᠡᠨ︾ ᠤ ᠪᠦᠲᠦᠭᠡᠭᠳᠡᠭᠦᠨ ᠢᠶᠠᠷ ᠭᠤᠣᠯᠳᠠᠯᠭ᠎ᠠ ᠪᠣᠯᠭᠠᠵᠤ᠂ ᠢᠳᠡᠰᠢᠨ | ᠨᠤᠭᠤᠭ᠎ᠠ᠂ ᠵᠢᠮᠢᠰ ᠤᠨ ᠪᠠᠷᠢᠮᠵᠢᠶᠠᠲᠦ ᠬᠦᠷᠢᠶᠡᠯᠡᠩ ᠪᠣᠯᠣᠨ ᠮᠠᠯ ᠲᠡᠵᠢᠭᠡᠪᠦᠷᠢ ᠲᠡᠵᠢᠭᠡᠨ ᠦᠷᠡᠵᠢᠭᠦᠯᠬᠦ ᠪᠠᠷᠢᠮᠵᠢᠶᠠᠲᠦ | ᠵᠢᠱᠢᠶ᠎ᠡ ᠦᠵᠡᠭᠦᠯᠬᠦ ᠲᠠᠯᠠᠪᠠᠢ᠂ ᠤᠰᠤᠨ ᠤ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠬᠰᠠᠨ | ᠦᠢᠯᠡᠳᠪᠦᠷᠢᠯᠡᠯ ᠢ ᠠᠬᠢᠭᠤᠯᠬᠤ ᠬᠡᠷᠡᠭᠲᠡᠢ᠃ ᠬᠢᠮᠢ ᠶᠢᠨ ᠪᠤᠷᠳᠤᠭᠤᠷ ᠲᠠᠷᠢᠶᠠᠨ ᠤ ᠡᠮ ᠢ ᠦᠴᠦᠬᠡᠨ ᠴᠦ ᠨᠡᠮᠡᠭᠳᠡᠭᠦᠯᠬᠦ | ᠦᠭᠡᠢ ᠠᠵᠢᠯᠯᠠᠭ᠎ᠠ ᠶᠢ ᠦᠷᠨᠢᠭᠦᠯᠵᠦ᠂ ᠣᠯᠠᠨ ᠨᠡᠶᠢᠲᠡ ᠳᠤ ᠬᠤᠣᠷᠳᠠᠬᠳᠠᠯ ᠦᠭᠡᠢ᠂ ᠪᠣᠬᠢᠷᠳᠤᠯ ᠦᠭᠡᠢ᠂ ᠤᠷᠭᠠᠨᠢᠭ | ᠂ ᠭᠠᠵᠠᠷ ᠵᠦᠢ ᠶᠢᠨ ᠲᠡᠮᠳᠡᠭ ᠵᠡᠷᠭᠡ ᠠᠮᠦᠷ ᠲᠥᠪᠰᠢᠨ ᠴᠢᠨᠠᠷ ᠰᠠᠶᠢᠲᠠᠢ ᠨᠡᠷᠡᠲᠦ ᠲᠦᠷᠦᠯ ᠲᠡᠮᠲᠡᠭᠲᠦ ᠢᠳᠡᠰᠢᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠬᠥᠭᠵᠢᠭᠦᠯᠬᠦ ᠬᠡᠷᠡᠭᠲᠡᠢ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ | ᠦᠵᠡᠭᠦᠯᠬᠦ ᠰᠢᠶᠠᠨ ᠪᠠ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠬᠡᠷᠡᠭᠵᠢᠭᠦᠯᠦᠨ᠂ 2016 ᠣᠨ ᠳᠤ ᠤᠯᠤᠰ ᠤᠨ ᠳᠡᠰ ᠤᠨ ᠲᠠᠷᠢᠶᠠᠯᠠᠩ ᠤᠨ ᠪᠦᠲᠦᠭᠡᠭᠳᠡᠭᠦᠨ ᠤ | ᠶᠠᠰᠤ ᠴᠢᠨᠠᠷ ᠤᠨ ᠠᠮᠦᠷ ᠲᠥᠪᠰᠢᠨ ᠰᠢᠶᠠᠨ 3 ᠪᠠ ᠦᠪᠡᠷᠲᠡᠭᠡᠨ ᠵᠠᠰᠬᠠᠤ ᠣᠷᠣᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ 8 ᠶᠢ ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠮᠦᠷᠳᠡᠨ | ᠤᠬᠤᠴᠢᠯᠠᠬᠤ ᠮᠡᠳᠡᠭᠡ ᠵᠠᠩᠭᠢ ᠶᠢᠨ ᠲᠡᠪᠴᠡᠩ ᠢ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠷᠰᠢᠯᠲᠠ ᠶᠢᠨ | ᠴᠢᠬ ᠤᠨ ᠲᠣᠷᠰᠢᠯᠭ᠎ᠠ ᠪᠠᠨ ᠳ᠋ᠦᠩᠨᠡᠨ᠂ ᠮᠦᠷᠳᠡᠨ ᠤᠬᠤᠴᠢᠯᠠᠬᠤ ᠬᠡᠪᠴᠢᠶ᠎ᠡ ᠶᠢ ᠦᠷᠭᠡᠳᠭᠡᠵᠦ᠂ ᠭᠠᠷᠤᠯᠲᠠ ᠶᠢᠨ | ᠣᠷᠣᠨ ᠤ ᠭᠡᠷᠡᠴᠢᠯᠡᠬᠦ ᠠᠵᠢᠯ ᠢ ᠦᠷᠨᠢᠭᠦᠯᠦᠨ᠂ ᠪᠦᠬᠦ ᠣᠷᠣᠨ ᠤ ᠠᠵᠤ ᠦᠢᠯᠡᠰᠵᠢᠭᠰᠡᠨ ᠬᠦᠲᠦᠴᠢ ᠠᠵᠤ | ᠠᠬᠤᠶᠢᠯᠠᠯ᠂ ᠣᠯᠠᠨ ᠨᠡᠶᠢᠲᠡ ᠳᠤ ᠬᠤᠣᠷᠳᠠᠯ ᠦᠭᠡᠢ᠂ ᠪᠣᠬᠢᠷᠳᠤᠯ ᠦᠭᠡᠢ᠂ ᠤᠷᠭᠠᠨᠢᠭ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠪᠠ ᠭᠠᠵᠠᠷ ᠵᠦᠢ ᠶᠢᠨ ᠲᠡᠮᠳᠡᠭ ᠢᠶᠠᠷ ᠮᠠᠭᠠᠳᠯᠠᠨ ᠨᠤᠲᠠᠯᠠᠭᠰᠠᠨ ᠠᠵᠤ ᠠᠬᠤᠶᠢᠯᠠᠯ᠂ | ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠪᠦᠲᠦᠭᠡᠭᠳᠡᠭᠦᠨ ᠪᠦᠬᠦᠨ ᠢ ᠮᠦᠷᠳᠡᠨ ᠤᠬᠤᠴᠢᠯᠠᠵᠤ | ᠪᠣᠯᠬᠤ ᠶᠢ ᠳᠠᠷᠦ᠋ᠢᠬᠠᠨ ᠪᠡᠶᠡᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠨᠠᠶᠢᠳᠠᠪᠤᠷᠢᠵᠢᠭᠤᠯᠤᠨ᠎ᠠ︶ | ᠳᠤᠯᠤᠭ᠎ᠠ᠂ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠳᠤᠪᠤᠶᠢᠯᠭᠠᠵᠤ᠂ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠲᠥᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠭᠰᠢᠭᠦᠷᠢ ᠶᠢ ᠬᠢᠨᠠᠨ ᠰᠢᠨᠵᠢᠬᠦ ᠤᠯᠤᠰ ᠤᠨ | ᠲᠦᠯᠦᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠦᠷ | ᠲᠥᠪᠰᠢᠨ ᠤ ᠲᠥᠭᠰᠢᠭᠦᠷᠢ ᠶᠢ ᠬᠢᠨᠠᠨ ᠰᠢᠨᠵᠢᠬᠦ ᠲᠦᠰᠦᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠢᠳᠡᠰᠢᠨ ᠤ | ᠲᠠᠷᠢᠶᠠᠯᠠᠩ ᠤᠨ ᠪᠦᠲᠦᠭᠡᠭᠳᠡᠭᠦᠨ᠂ ᠢᠳᠡᠭᠡᠨ᠂ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠭᠦᠨ ᠤ ᠲᠥᠭᠰᠢᠭᠦᠷᠢ ᠶᠢ | ᠬᠢᠨᠠᠨ ᠰᠢᠨᠵᠢᠬᠦ ᠪᠠ ᠰᠤᠳᠤᠯᠤᠨ ᠮᠠᠭᠠᠳᠯᠠᠬᠤ ᠠᠵᠢᠯ ᠢ ᠴᠢᠩᠭᠠᠳᠬᠠᠵᠤ᠂ ᠭᠠᠳᠠᠭᠠᠲᠤ ᠠᠴᠠ ᠣᠷᠤᠭᠤᠯᠵᠤ ᠭᠠᠷᠭᠠᠬᠤ | ᠢᠳᠡᠭᠡᠨ ᠢ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠲᠥᠭᠰᠢᠭᠦᠷᠢ ᠶᠢ ᠬᠢᠨᠠᠨ | ᠰᠢᠨᠵᠢᠭᠰᠡᠨ ᠮᠡᠳᠡᠭᠡ ᠵᠠᠩᠭᠢ ᠶᠢ ᠴᠠᠭ ᠲᠣᠬᠠᠢ ᠳᠤᠨᠢ ᠳᠡᠭᠡᠭᠰᠢ ᠮᠡᠳᠡᠭᠦᠯᠬᠦ ᠪᠠ ᠮᠡᠳᠡᠭᠡᠯᠡᠵᠦ᠂ ᠡᠷᠲᠡ ᠠᠳᠬᠤᠨ | ᠪᠠᠭ᠎ᠠ ᠠᠴᠠ ᠨᠢ ᠠᠳᠬᠤᠵᠦ ᠢᠯᠡᠷᠡᠯ ᠠᠴᠠ ᠨᠢ ᠠᠳᠬᠤᠬᠤ ᠶᠢ ᠪᠠᠷᠢᠮᠲᠠᠯᠠᠨ᠂ ᠢᠳᠡᠭᠡᠨ ᠤ ᠠᠮᠦᠷ ᠲᠥᠪᠰᠢᠨ ᠤ | ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠲᠠᠷᠢᠶᠠᠯᠠᠩ ᠮᠠᠯ ᠠᠵᠤ ᠠᠬᠤᠢ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠵᠡᠷᠭᠡ ᠰᠠᠯᠠᠭ᠎ᠠ ᠮᠦᠴᠢᠷ ᠤᠳ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠬᠢᠨᠠᠨ ᠰᠢᠨᠵᠢᠭᠰᠡᠨ ᠪᠠᠶᠢᠳᠠᠯ ᠢᠶᠠᠨ | ᠦᠨᠳᠦᠰᠦᠯᠡᠨ᠂ ᠲᠠᠷᠢᠶᠠᠨ ᠤ ᠡᠮ᠂ ᠮᠠᠯ ᠤᠨ ᠡᠮ᠂ ᠬᠢᠮᠢ ᠶᠢᠨ ᠪᠣᠷᠳᠤᠭᠤᠷ᠂ ᠲᠡᠵᠢᠭᠡᠯ ᠪᠣᠷᠳᠤᠭᠠᠨ ᠤ ᠨᠡᠮᠡᠯᠲᠡ ᠡᠳ᠋ | ᠵᠡᠷᠭᠡ ᠲᠠᠷᠢᠶᠠᠯᠠᠩ ᠤᠨ ᠣᠷᠤᠭᠤᠯᠤᠯᠲᠠ ᠶᠢᠨ ᠡᠳ᠋᠂ ᠨᠢᠯᠬ᠎ᠠ ᠨᠢᠷᠠᠢ ᠬᠡᠦᠬᠡᠳ ᠲᠤ ᠵᠤᠷᠢᠬᠵᠢᠭᠤᠯᠤᠬᠰᠠᠨ | ᠨᠠᠶᠢᠷᠠᠯᠭ᠎ᠠ ᠲᠠᠢ ᠢᠳᠡᠭᠡᠨ᠂ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠣᠨᠴᠤᠭᠤᠢ ᠬᠡᠷᠡᠭᠴᠡᠭᠡ ᠲᠠᠢ | ᠨᠠᠶᠢᠷᠠᠯᠭ᠎ᠠ ᠲᠠᠢ ᠢᠳᠡᠭᠡᠨ ᠵᠡᠷᠭᠡ ᠣᠨᠴᠤᠭᠤᠢ ᠢᠳᠡᠭᠡᠨ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠵᠢᠯ ᠤᠨ | ᠠᠰᠠᠷᠠᠮᠵᠢ ᠶᠢᠨ ᠬᠦᠷᠢᠶᠡᠯᠡᠩ᠂ ᠪᠠᠷᠢᠯᠭ᠎ᠠ ᠶᠢᠨ ᠭᠠᠵᠠᠷ᠂ ᠳᠡᠭᠡᠳᠦ ᠬᠤᠷᠳᠤ ᠶᠢᠨ ᠵᠠᠰᠠᠮᠠᠯ ᠵᠠᠮ ᠳᠠᠭᠠᠤ ᠵᠡᠷᠭᠡ | ᠭᠤᠣᠯᠳᠠᠯᠭ᠎ᠠ ᠲᠠᠢ ᠭᠠᠵᠠᠷ ᠲᠤ ᠬᠤᠶᠠᠷ ᠰᠠᠷ᠎ᠠ ᠶᠢᠨ ᠬᠤᠭᠤᠴᠠᠭ᠎ᠠ ᠲᠠᠢ ᠢᠳᠡᠭᠡᠨ ᠤ ᠠᠮᠦᠷ ᠲᠥᠪᠰᠢᠨ ᠤ ᠬᠢᠨᠠᠯᠲᠠ | ᠬᠠᠮᠢᠶᠠᠷᠤᠯᠲᠠ ᠶᠢᠨ ︽ᠳᠠᠬᠢᠵᠦ ᠦᠵᠡᠬᠦ︾ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ | ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ | ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠨᠠᠶᠢᠳᠠᠪᠤᠷᠢᠵᠢᠭᠤᠯᠤᠨ᠎ᠠ︶ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠲᠣᠭᠰᠢᠨ ᠬᠤᠣᠷ ᠲᠠᠢ᠂ ᠶᠡᠭᠡ ᠬᠤᠣᠷ ᠲᠠᠢ ᠲᠠᠷᠢᠶᠠᠨ ᠤ ᠡᠮ ᠢ ᠬᠠᠤᠯᠢ | ᠴᠠᠭᠠᠵᠠ ᠳᠤ ᠲᠤᠳᠤᠷᠬᠠᠢ ᠴᠠᠭᠠᠵᠠᠯᠠᠭᠰᠠᠨ ᠲᠠᠷᠢᠮᠠᠯ ᠤᠨ ᠵᠦᠢᠯ ᠤᠨ ᠦᠢᠯᠡᠳᠪᠦᠷᠢᠯᠡᠯ ᠳᠤ ᠬᠡᠷᠡᠭᠯᠡᠬᠦ ᠶᠢ ᠴᠢᠩᠭ᠎ᠠ | ᠴᠠᠭᠠᠵᠠᠯᠠᠨ᠂ ᠮᠠᠨ ᠤ ᠣᠷᠣᠨ ᠤ ᠴᠠᠭᠠᠨ ᠢᠳᠡᠭᠡ᠂ ᠮᠢᠬᠠᠨ ᠢᠳᠡᠭᠡᠨ ᠵᠢᠴᠢ ᠣᠷᠣᠨ ᠨᠤᠲᠤᠭ ᠪᠠ ᠦᠨᠳᠦᠰᠦᠲᠡᠨ ᠤ | ᠣᠨᠴᠠᠯᠢᠭᠲᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳᠦᠷ | ᠲᠤᠳᠤᠮ ᠤᠨ ᠬᠢᠨᠠᠨ ᠪᠠᠶᠢᠴᠠᠭᠠᠬᠤ ᠳᠤ ᠲᠣᠣᠷᠵᠢᠭᠤᠯᠤᠭᠰᠠᠨ᠂ ᠬᠦᠰᠦᠨᠦᠭᠵᠢᠭᠦᠯᠦᠭᠰᠡᠨ᠂ ᠣᠷᠤᠮᠵᠢᠭᠤᠯᠤᠭᠰᠠᠨ᠂ | ᠤᠶᠤᠨᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠰᠦ᠂ ᠮᠢᠬ᠎ᠠ᠂ ᠠᠮᠤ | ᠪᠤᠳᠠᠭ᠎ᠠ ᠢᠳᠡᠰᠢᠨ ᠲᠤᠰᠤ᠂ ᠬᠠᠷ᠎ᠠ ᠠᠷᠢᠬᠢ ᠵᠡᠷᠭᠡ ᠭᠤᠣᠯᠳᠠᠯᠭ᠎ᠠ ᠲᠠᠢ ᠢᠳᠡᠭᠡᠨ ᠤ ᠲᠣᠭᠤᠷᠢᠨ ᠳᠤ ︽ᠢᠳᠡᠰᠢᠨ ᠤ | ᠪᠤᠰᠦ ᠡᠳ᠋ ᠢ ᠬᠠᠤᠯᠢ ᠪᠤᠰᠤ ᠪᠠᠷ ᠨᠡᠮᠡᠬᠦ ᠪᠠ ᠬᠤᠶᠠᠷ ᠢ ᠬᠡᠲᠦᠷᠡᠭᠦᠯᠬᠦ︾᠂ ᠬᠤᠳᠠᠯ ᠵᠦᠢᠯ ᠢ ᠬᠤᠯᠢᠵᠤ | ᠬᠠᠭᠤᠷᠮᠠᠬᠯᠠᠬᠤ᠂ ᠮᠢᠺᠷᠣᠪ ᠨᠢ ᠪᠠᠷᠢᠮᠵᠢᠶ᠎ᠠ ᠠᠴᠠ ᠬᠡᠲᠦᠷᠡᠬᠦ᠂ ᠬᠡᠪᠰᠢᠭᠦᠯᠦᠭᠴᠢ ᠡᠳ᠋ ᠤᠨ ᠪᠤᠬᠢᠷᠳᠤᠯ ᠵᠡᠷᠭᠡ | ᠭᠤᠣᠯᠳᠠᠯᠭ᠎ᠠ ᠲᠠᠢ ᠠᠰᠠᠭᠤᠳᠠᠯ ᠢᠶᠠᠷ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠳᠤ | ᠲᠤᠰᠬᠠᠶᠢᠯᠠᠨ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠦᠷᠨᠢᠭᠦᠯᠬᠦ ᠬᠡᠷᠡᠭᠲᠡᠢ᠃ ᠵᠠᠰᠠᠬ ᠵᠠᠬᠢᠷᠭᠠᠨ ᠤ | ᠬᠡᠷᠡᠭᠵᠢᠭᠦᠯᠬᠦ ᠬᠠᠤᠯᠢ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠵᠤᠯᠭᠠᠭᠤᠯᠬᠤ ᠶᠢ ᠴᠢᠩᠭᠠᠷᠠᠭᠤᠯᠵᠤ᠂ | ᠬᠡᠷᠡᠭ ᠢ ᠲᠠᠩᠨᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠦᠴᠦᠬᠡᠨ ᠴᠦ ᠬᠦᠯᠢᠴᠡᠬᠦ ᠦᠭᠡᠢ᠂ ᠲᠥᠷᠭᠡᠨ | ᠬᠦᠳᠡᠯᠬᠦ᠂ ᠬᠦᠨᠳᠦ ᠴᠣᠬᠢᠯᠲᠠ ᠥᠭᠬᠦ᠂ ᠲᠦᠢᠯ ᠤᠨ ᠣᠨᠣᠪᠴᠢᠲᠠᠢ ᠪᠠᠷ ᠴᠣᠬᠢᠯᠲᠠ ᠥᠭᠬᠦ᠂ ᠲᠦᠷᠭᠡᠨ ᠪᠠᠶᠢᠴᠠᠭᠠᠨ | ᠭᠦᠢᠴᠡᠳᠭᠡᠵᠦ᠂ ᠢᠳᠡᠭᠡᠨ ᠤ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠰᠤᠷᠭᠠᠨ | ᠬᠦᠮᠦᠵᠢᠯ ᠤᠨ ᠲᠢᠩᠬᠢᠮ᠂ ᠲᠤᠳᠤᠭᠠᠲᠤ ᠶᠢ ᠬᠠᠮᠠᠭᠠᠯᠠᠬᠤ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠨᠠᠢᠮᠠ᠂ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠶᠤᠨᠴᠢ ᠪᠠᠷ ᠬᠢᠨᠠᠨ | ᠬᠠᠮᠢᠶᠠᠷᠬᠤ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ | ︽ᠨᠢᠭᠡ ᠱᠠᠲᠤ ᠠᠴᠠ ᠪᠠᠶᠢᠷᠢᠯᠠᠭᠤᠯᠵᠤ᠂ ᠳᠥᠷᠪᠡᠨ ᠱᠠᠲᠤᠨ ᠤ ᠬᠢᠨ ᠬᠡᠷᠡᠭᠯᠡᠬᠦ︾ ᠵᠠᠷᠴᠢᠮ ᠤᠨ ᠶᠤᠰᠤᠭᠠᠷ | ᠳᠡᠭᠡᠳᠦ ᠳᠡᠰ ᠤᠨ ᠵᠢᠷᠤᠭ ᠲᠦᠯᠦᠪᠯᠡᠭᠡ ᠶᠢ ᠰᠠᠶᠢᠲᠤᠷ ᠬᠢᠵᠦ᠂ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠬᠢᠨ ᠬᠡᠷᠡᠭᠯᠡᠬᠦ ᠶᠢᠨ | ᠳᠡᠭᠡᠷ᠎ᠡ ᠳᠡᠭᠡᠲᠦ ᠳᠤᠤᠷᠠᠲᠦ ᠱᠠᠲᠦ ᠪᠠᠷ ᠨᠡᠪᠲᠡᠷᠡᠯᠴᠡᠭᠰᠡᠨ᠂ ᠪᠦᠷᠢᠯᠳᠦᠭᠦᠨ ᠨᠢᠭᠡᠴᠡ ᠨᠦᠭᠦᠳ ᠬᠠᠮᠲᠤᠪᠠᠷ ᠬᠦᠷᠳᠡᠬᠦ | ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠡᠪᠴᠡᠩ ᠪᠠᠶᠢᠭᠤᠯᠬᠤ ᠶᠢ | ᠠᠬᠢᠭᠤᠯᠵᠤ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠬᠢ ᠪᠠᠶᠠᠯᠢᠭ ᠢ | ᠬᠠᠮᠲᠤᠪᠠᠷ ᠬᠦᠷᠲᠡᠬᠦ ᠪᠠ ᠮᠡᠳᠡᠭᠡ ᠵᠠᠩᠭᠢ ᠰᠣᠯᠢᠯᠴᠠᠬᠤ ᠶᠢ ᠴᠢᠩᠭᠠᠳᠬᠠᠬᠤ ᠬᠡᠷᠡᠭᠲᠡᠢ᠃ 2016 ᠣᠨ ᠤ ᠵᠢᠯ ᠤᠨ | ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠱᠠᠲᠤᠨ ᠤ ᠲᠡᠪᠴᠡᠩ ᠢ ᠪᠠᠶᠢᠭᠤᠯᠬᠤ ᠶᠢ ᠪᠡᠶᠡᠯᠡᠭᠦᠯᠬᠦ ᠶᠢᠨ | ᠬᠠᠮᠲᠤ᠂ ᠡᠯ᠎ᠡ ᠠᠶᠢᠮᠠᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠰᠦᠯᠵᠢᠶ᠎ᠡ ᠨᠡᠪᠲᠡᠷᠡᠬᠦ ᠶᠢ | ᠪᠡᠶᠡᠯᠡᠭᠦᠯᠬᠦ ᠪᠠᠷ ᠴᠢᠷᠮᠠᠶᠢᠵᠤ᠂ 2017 ᠣᠨ ᠪᠣᠯᠬᠤ ᠳᠤ ᠪᠦᠬᠦ ᠣᠷᠣᠨ ᠤ 102 ᠬᠤᠰᠢᠭᠤ ᠰᠢᠶᠠᠨ ︵ᠬᠤᠲᠠ᠂ | ᠲᠣᠭᠤᠷᠢᠭ︶ ᠳᠤ ᠬᠦᠷᠲᠡᠯ᠎ᠡ ᠦᠷᠭᠡᠳᠭᠡᠨ᠂ ᠭᠤᠣᠯᠳᠠᠯᠭ᠎ᠠ ᠲᠠᠢ ᠠᠵᠤ ᠠᠬᠤᠶᠢᠯᠠᠯ᠂ ᠨᠢᠭᠡᠴᠡ ᠶᠢᠨ ᠡᠯᠧᠺᠲᠷᠣᠨ | ᠬᠢᠨᠠᠯᠲᠠ ᠬᠠᠮᠢᠶᠠᠷᠤᠯᠲᠠ ᠶᠢ ᠪᠦᠷᠢᠨ ᠪᠦᠷᠭᠦᠭᠦᠯᠬᠦ ᠶᠢ ᠪᠡᠶᠡᠯᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠳᠣᠲᠤᠭᠠᠲᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ | ᠨᠠᠶᠢᠳᠠᠪᠤᠷᠢᠵᠢᠭᠤᠯᠤᠨ᠎ᠠ︶ | ᠰᠦ᠂ ᠮᠢᠬ᠎ᠠ᠂ ᠠᠮᠤ᠂ ᠲᠤᠰᠤ᠂ ᠠᠷᠢᠬᠢ ᠵᠡᠷᠭᠡ ᠲᠦᠷᠦᠯ ᠤᠨ ᠢᠳᠡᠭᠡᠨ ᠢᠶᠠᠷ ᠭᠤᠣᠯᠳᠠᠯᠭ᠎ᠠ ᠪᠣᠯᠭᠠᠵᠤ᠂ | ᠬᠡᠳᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠢᠴᠢ ᠲᠤᠮᠤ ᠬᠡᠯᠪᠡᠷᠢ ᠶᠢᠨ ᠢᠳᠡᠭᠡᠨ ᠤ | ᠦᠢᠯᠡᠳᠪᠦᠷᠢᠯᠡᠯ ᠡᠳ᠋ᠰᠢᠭᠦᠯᠭᠡ ᠡᠵᠡᠩᠨᠡᠯᠲᠡ ᠶᠢᠨ ᠠᠵᠤ ᠠᠬᠤᠶᠢᠯᠠᠯ ᠳᠤ ᠮᠦᠷᠳᠡᠨ ᠤᠬᠤᠴᠢᠯᠠᠬᠤ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠢᠬ ᠤᠨ ᠬᠡᠪᠴᠢᠶ᠎ᠡ ᠶᠢ ᠦᠷᠭᠡᠳᠭᠡᠬᠦ ᠬᠡᠷᠡᠭᠲᠡᠢ᠃ ᠰᠦ ᠵᠢᠴᠢ | ᠴᠠᠭᠠᠨ ᠢᠳᠡᠭᠡ᠂ ᠦᠬᠡᠷ ᠬᠤᠨᠢᠨ ᠮᠢᠬ᠎ᠠ ᠵᠢᠴᠢ ᠮᠢᠬᠠᠨ ᠢᠳᠡᠭᠡᠨ᠂ ᠲᠦᠮᠦᠰᠦ᠂ ᠬᠠᠷ᠎ᠠ ᠠᠷᠢᠬᠢ ᠵᠡᠷᠭᠡ | ᠦᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠪᠦᠲᠦᠭᠡᠭᠳᠡᠭᠦᠨ ᠪᠠ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠭᠦᠨ ᠤ | ᠶᠠᠰᠤ ᠴᠢᠨᠠᠷ ᠢ ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠵᠤ᠂ 2017 ᠣᠨ ᠤ ᠵᠢᠯ ᠤᠨ | ᠰᠡᠭᠦᠯᠴᠢ ᠠᠴᠠ ᠡᠮᠦᠨ᠎ᠡ ᠭᠤᠣᠯᠳᠠᠯᠭ᠎ᠠ ᠲᠠᠢ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ | ᠪᠠ ᠢᠳᠡᠭᠡᠨ ᠤ ᠶᠠᠰᠤ ᠴᠢᠨᠠᠷ ᠤᠨ ᠠᠮᠦᠷ ᠲᠥᠪᠰᠢᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠬᠤ᠂ | ᠢᠷᠡᠯᠲᠡ ᠶᠢ ᠨᠢ ᠮᠦᠷᠳᠡᠨ ᠤᠬᠤᠴᠢᠯᠠᠵᠤ ᠪᠣᠯᠬᠤ᠂ ᠶᠠᠪᠤᠴᠠ ᠶᠢ ᠨᠢ ᠡᠵᠡᠮᠳᠡᠵᠦ ᠪᠣᠯᠬᠤ᠂ ᠬᠠᠷᠢᠭᠤᠴᠠᠯᠭ᠎ᠠ ᠶᠢ ᠨᠢ | ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ | ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ | ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶ | ᠶᠢᠰᠦ᠂ ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠲᠠᠢ ᠠᠵᠢᠯ ᠤᠨ ᠪᠠᠶᠢᠷᠢ ᠲᠠᠢ ᠠᠵᠢᠯᠲᠠᠨ ᠲᠠᠢ ᠠᠷᠭ᠎ᠠ ᠠᠪᠴᠠᠯ ᠲᠠᠢ ᠪᠠᠶᠢᠬᠤ ᠶᠢ | ᠪᠡᠶᠡᠯᠡᠭᠦᠯᠬᠦ ᠬᠡᠷᠡᠭᠲᠡᠢ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠢᠳᠡᠭᠡᠨ ᠤ ᠠᠮᠦᠷ | ᠲᠥᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ︵ᠦᠪᠦᠷ ᠨᠠᠮ ᠲᠠᠷᠬᠠᠭᠠᠭᠰᠠᠨ ﹇ | 2016﹈ 8 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ | ᠪᠠᠶᠢᠬᠤ᠂ ᠣᠷᠣᠨ ᠨᠤᠲᠤᠭ ᠢᠶᠠᠨ ᠬᠠᠮᠠᠭᠠᠯᠠᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ | ᠪᠠᠶᠢᠭᠤᠯᠤᠯ ᠤᠨ ᠦᠭᠡᠷᠡᠴᠢᠯᠡᠯᠲᠡ᠂ ᠡᠩᠨᠡᠭᠡ ᠶᠢᠨ ᠪᠠᠶᠢᠭᠤᠯᠤᠯᠲᠠ ᠪᠠ ᠮᠡᠷᠭᠡᠵᠢᠯ ᠤᠨ ᠲᠤᠯᠭᠠᠭᠤᠷᠢᠯᠠᠯ ᠵᠡᠷᠭᠡ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ︽ᠡᠭᠦᠷᠭᠡ ᠬᠠᠷᠢᠭᠤᠴᠠᠯᠭ᠎ᠠ ᠲᠠᠢ᠂ ᠠᠵᠢᠯ ᠤᠨ ᠪᠠᠶᠢᠷᠢ ᠲᠠᠢ᠂ | ᠠᠵᠢᠯᠲᠠᠨ ᠲᠠᠢ᠂ ᠠᠷᠭ᠎ᠠ ᠠᠪᠴᠠᠯ ᠲᠠᠢ ᠪᠠᠶᠢᠬᠤ︾ ᠶᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ ᠠᠵᠢᠯ ᠢ ᠲᠤᠰ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠪᠣᠯᠣᠨ ᠬᠠᠷᠠᠯᠲᠠᠲᠦ ᠶᠢ ᠰᠢᠯᠭᠠᠨ ᠬᠢᠨᠠᠬᠤ ᠰᠢᠰᠲ᠋ᠧᠮᠵᠢ ᠳᠤ | ᠣᠷᠤᠭᠤᠯᠤᠨ᠂ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ | 2016 ᠣᠨ ᠳᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ | ᠬᠦᠮᠦᠨ ᠨᠢᠭᠡᠪᠦᠷᠢ ᠳᠤ ᠳᠤᠮᠳᠠᠴᠢ ᠪᠠᠷ 15 ᠲᠦᠭᠦᠷᠢᠭ ᠤᠨ ᠪᠠᠷᠢᠮᠵᠢᠶ᠎ᠠ ᠳᠤ ᠬᠦᠷᠦᠭᠦᠯᠦᠨ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠮᠦ ᠪᠦᠷᠢ ᠳᠤ 1.3 ᠲᠦᠭᠦᠷᠢᠭ᠂ | ᠮᠠᠯ ᠤᠨ ᠲᠤᠭ᠎ᠠ ᠲᠤᠯᠤᠭᠠᠢ ᠪᠦᠷᠢ ᠳᠤ 0.5 ᠲᠦᠭᠦᠷᠢᠭ ᠤᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃ ᠢᠳᠡᠭᠡᠨ ᠤ | ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ᠂ ᠪᠠᠶᠢᠴᠠᠭᠠᠨ ᠬᠠᠤᠯᠢ ᠬᠡᠷᠡᠭᠵᠢᠭᠦᠯᠬᠦ᠂ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ᠂ ᠶᠡᠷᠦᠩᠬᠡᠶᠢᠯᠡᠨ | ᠵᠣᠬᠢᠴᠠᠭᠤᠯᠬᠤ ᠵᠡᠷᠭᠡ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠢᠳᠡᠭᠡᠨ ᠤ ᠠᠮᠦᠷ | ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ | ᠠᠵᠢᠯᠲᠠᠨ ᠢ ᠵᠦᠢ ᠵᠣᠬᠢᠰᠲᠠᠢ ᠲᠣᠬᠢᠷᠠᠭᠤᠯᠵᠤ᠂ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠦᠨᠳᠦᠰᠦᠨ ᠱᠠᠲᠤᠨ ᠤ ᠰᠠᠭᠤᠷᠢ ᠶᠢ ᠪᠠᠲᠤᠵᠢᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠪᠠᠷᠢᠮᠵᠢᠶᠠᠵᠢᠬᠰᠠᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠯᠠᠬᠤ ᠲᠠᠯᠠᠪᠤᠷ᠂ ᠬᠠᠤᠯᠢ ᠬᠡᠷᠡᠭᠵᠢᠭᠦᠯᠬᠦ ᠲᠤᠨᠤᠭ | ᠲᠥᠭᠦᠭᠡᠷᠦᠮᠵᠢ᠂ ᠬᠠᠤᠯᠢ ᠬᠡᠷᠡᠭᠵᠢᠭᠦᠯᠬᠦ ᠲᠡᠷᠭᠡ ᠬᠦᠰᠭᠡ᠂ ᠥᠳᠲᠡᠷ ᠲᠥᠷᠭᠡᠨ ᠪᠠᠶᠢᠴᠠᠭᠠᠨ ᠬᠡᠮᠵᠢᠬᠦ ᠬᠡᠮᠵᠢᠭᠦᠷᠯᠢᠭ | ᠵᠡᠷᠭᠡ ᠶᠢ ᠨᠠᠶᠢᠳᠠᠪᠤᠷᠢᠵᠢᠭᠤᠯᠤᠨ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ 60% ᠠᠴᠠ | ᠳᠡᠭᠡᠭᠰᠢᠬᠢ ᠳᠤ ᠪᠠᠷᠢᠮᠵᠢᠶᠠᠵᠢᠬᠰᠠᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 2017 ᠣᠨ ᠤ ᠵᠢᠯ ᠤᠨ | ᠰᠡᠭᠦᠯᠴᠢ ᠠᠴᠠ ᠡᠮᠦᠨ᠎ᠡ ᠪᠦᠬᠦᠨ ᠢ ᠬᠠᠮᠢᠶ᠎ᠠ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠰᠢᠯᠭᠠᠨ ᠬᠢᠨᠠᠬᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠠᠷᠪᠠ᠂ ᠦᠯᠢᠭᠡᠷ ᠳᠠᠭᠤᠷᠢᠶᠠᠯ ᠡᠭᠦᠳᠬᠦ ᠠᠵᠢᠯ ᠢ ᠢᠳᠡᠪᠬᠢᠲᠡᠢ ᠦᠷᠨᠢᠭᠦᠯᠵᠦ᠂ ᠢᠳᠡᠭᠡᠨ ᠪᠠ ᠡᠮ ᠤᠨ | ᠵᠦᠢᠯ ᠤᠨ ᠠᠮᠦᠷ ᠲᠥᠪᠰᠢᠨᠲᠦ ᠦᠪᠦᠷ ᠮᠣᠩᠭᠤᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠯᠤᠰ ᠪᠠ ᠦᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ︽ᠬᠤᠶᠠᠷ ᠢ ᠡᠭᠦᠳᠴᠦ ᠨᠢᠭᠡ ᠶᠢ ᠪᠠᠶᠢᠭᠤᠯᠬᠤ︾ ︵ᠤᠯᠤᠰ ᠤᠨ | ᠢᠳᠡᠭᠡᠨ ᠤ ᠠᠮᠦᠷ ᠲᠥᠪᠰᠢᠨ ᠤ ᠬᠤᠲᠠ᠂ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ | ᠰᠢᠶᠠᠨ ᠢ ᠡᠭᠦᠳᠬᠦ ᠪᠠ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨᠲᠦ ᠦᠪᠦᠷ ᠮᠣᠩᠭᠤᠯ ᠢ ᠪᠦᠲᠦᠭᠡᠨ | ᠪᠠᠶᠢᠭᠤᠯᠬᠤ︶ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠭᠦᠷᠭᠡ᠂ ᠠᠷᠭ᠎ᠠ ᠬᠡᠮᠵᠢᠶ᠎ᠡ᠂ ᠴᠠᠭ | ᠬᠤᠭᠤᠴᠠᠭ᠎ᠠ᠂ ᠬᠠᠷᠢᠭᠤᠴᠠᠯᠭ᠎ᠠ ᠶᠢ ᠲᠣᠭᠲᠠᠭᠠᠨ᠂ ᠦᠷᠭᠦᠯᠵᠢᠯᠡᠨ ᠬᠦᠴᠦᠯᠡᠵᠦ᠂ ᠳᠦᠷᠪᠡᠨ ᠱᠠᠲᠤ ᠪᠠᠷ ᠢᠶᠠᠨ | ᠬᠠᠮᠲᠤᠷᠠᠨ ᠬᠦᠳᠡᠯᠦᠯᠴᠡᠵᠦ᠂ ᠬᠤᠭᠤᠴᠠᠭ᠎ᠠ ᠬᠤᠪᠢᠶᠠᠨ ᠪᠠᠷᠢᠮᠵᠢᠶ᠎ᠠ ᠳᠤ ᠬᠦᠷᠦᠭᠦᠯᠦᠨ᠂ ᠱᠠᠭᠠᠷᠳᠠᠯᠭ᠎ᠠ ᠶᠤᠰᠤᠭᠠᠷ | ᠲᠣᠭᠲᠠᠭᠰᠠᠨ ᠬᠤᠭᠤᠴᠠᠭᠠᠨ ᠳᠠᠭᠠᠨ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠬᠦᠬᠡᠬᠤᠲᠠ᠂ | ᠤᠯᠠᠭᠠᠨᠴᠠᠪ ᠬᠤᠲᠠ ᠨᠢ ᠤᠯᠤᠰ ᠤᠨ ᠳᠡᠰ ᠤᠨ ᠢᠳᠡᠭᠡᠨ ᠤ ᠠᠮᠦᠷ ᠲᠥᠪᠰᠢᠨᠲᠦ ᠬᠤᠲᠠ ᠶᠢᠨ ᠳᠤᠮᠳᠠ | ᠬᠤᠭᠤᠴᠠᠭᠠᠨ ᠤ ᠰᠢᠯᠭᠠᠨ ᠬᠤᠷᠢᠶᠠᠵᠤ ᠦᠨᠡᠯᠡᠨ ᠵᠢᠱᠢᠬᠦ ᠶᠢᠨ ᠤᠭᠲᠤᠬᠤ ᠠᠵᠢᠯ ᠢ ᠰᠠᠶᠢᠲᠤᠷ ᠬᠢᠵᠦ᠂ ᠪᠤᠰᠤᠳ | ᠠᠶᠢᠮᠠᠭ ᠬᠤᠲᠠ ᠨᠢ ᠢᠳᠡᠭᠡᠨ ᠤ ᠠᠮᠦᠷ ᠲᠥᠪᠰᠢᠨ ᠤ ᠬᠤᠲᠠ ᠶᠢ ᠡᠭᠦᠳᠦᠨ ᠪᠠᠶᠢᠭᠤᠯᠬᠤ ᠡᠷᠴᠢᠮ ᠢᠶᠠᠨ | ᠴᠢᠩᠭᠠᠷᠠᠭᠤᠯᠤᠨ᠂ ᠢᠳᠡᠭᠡᠨ ᠤ ᠠᠮᠦᠷ ᠲᠥᠪᠰᠢᠨ ᠤ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠵᠡᠭᠡᠯᠢ᠂ | ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠬᠦ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠬᠦ ᠬᠡᠷᠡᠭᠲᠡᠢ᠃ | ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ | ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ | ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨᠲᠦ ᠦᠪᠦᠷ ᠮᠣᠩᠭᠤᠯ ᠢ ᠪᠦᠲᠦᠭᠡᠨ ᠪᠠᠶᠢᠭᠤᠯᠬᠤ | ᠪᠠᠷᠢᠮᠵᠢᠶ᠎ᠠ ᠶᠢᠨ ᠱᠠᠭᠠᠷᠳᠠᠯᠭ᠎ᠠ ᠶᠤᠰᠤᠭᠠᠷ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠢᠳᠡᠭᠡᠨ ᠤ | ᠡᠳ᠋ᠰᠢᠭᠦᠯᠭᠡ ᠶᠢᠨ ᠬᠦᠷᠢᠶᠡᠯᠡᠩ ᠲᠣᠭᠤᠷᠢᠭ ᠢ 1 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠵᠤ᠂ ᠡᠮᠦᠨᠡᠬᠢ | ᠬᠤᠭᠤᠴᠠᠭᠠᠨ ᠳᠤ ᠡᠳᠦᠷ ᠲᠤᠳᠤᠮ ᠤᠨ ᠬᠡᠷᠡᠭᠯᠡᠭᠡ ᠶᠢᠨ ᠬᠡᠮᠵᠢᠶ᠎ᠡ ᠪᠠᠷ ᠶᠡᠭᠡ ᠹᠧᠨᠲ᠋ᠢᠶᠣᠣᠷ᠂ ᠮᠠᠨᠳᠠᠤ᠂ ᠪᠣᠷᠴᠠᠭ ᠤᠨ | ᠴᠢᠴᠢᠭᠡᠰᠦ᠂ ᠳ᠋ᠧᠥᠹᠦ᠋ ︽ᠳᠥᠷᠪᠡᠨ ᠴᠠᠭᠠᠨ︾ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠳᠤ ᠣᠷᠤᠭᠤᠯᠬᠤ ᠪᠠᠷ ᠴᠢᠷᠮᠠᠶᠢᠵᠤ᠂ 2017 ᠣᠨ ᠪᠣᠯᠬᠤ ᠳᠤ ᠵᠢᠵᠢᠭ | ᠦᠢᠯᠡᠳᠭᠡᠯ ᠤᠨ ᠭᠠᠵᠠᠷ ᠢ ᠬᠦᠷᠢᠶᠡᠯᠡᠩ ᠳᠤ ᠣᠷᠤᠭᠤᠯᠤᠭᠰᠠᠨ ᠨᠤᠷᠮ᠎ᠠ ᠪᠠᠨ 60% ᠠᠴᠠ ᠳᠡᠭᠡᠭᠰᠢ ᠳᠤ | ᠬᠦᠷᠦᠭᠦᠯᠬᠦ ᠬᠡᠷᠡᠭᠲᠡᠢ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ | ᠭᠠᠵᠠᠷ ᠪᠦᠷᠢ ᠳᠡᠭᠡᠨ 2016 ᠣᠨ ᠤ ᠵᠢᠯ ᠤᠨ ᠰᠡᠭᠦᠯᠴᠢ ᠠᠴᠠ ᠡᠮᠦᠨ᠎ᠡ ᠬᠤᠭᠤᠯᠠ ᠪᠠ ᠲᠣᠭᠤᠭᠠᠨ ᠭᠡᠷ ᠤᠨ | ᠬᠠᠶᠠᠭᠳᠠᠮᠠᠯ ᠪᠤᠳᠠᠰ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠶᠢ 1 ᠪᠠᠶᠢᠭᠤᠯᠵᠤ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠬᠤᠭᠤᠯᠠ ᠪᠠ | ᠲᠣᠭᠤᠭᠠᠨ ᠭᠡᠷ ᠤᠨ ᠬᠠᠶᠠᠭᠳᠠᠮᠠᠯ ᠪᠤᠳᠠᠰ ᠢ ᠵᠢᠷᠤᠮᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ | ᠵᠢᠷᠤᠮᠵᠢᠭᠤᠯᠤᠭᠰᠠᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠦᠯᠢᠭᠡᠷ ᠳᠠᠭᠤᠷᠢᠶᠠᠯ ᠡᠭᠦᠳᠬᠦ ᠠᠵᠢᠯᠯᠠᠭ᠎ᠠ ᠶᠢ | ᠢᠳᠡᠪᠬᠢᠲᠡᠢ ᠦᠷᠨᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠰᠢᠨ ᠤ ᠲᠠᠷᠢᠶᠠᠯᠠᠩ ᠤᠨ | ᠪᠦᠲᠦᠭᠡᠭᠳᠡᠭᠦᠨ ᠪᠠ ᠢᠳᠡᠭᠡᠨ ᠤ ᠲᠦᠪᠯᠡᠷᠡᠭᠦᠯᠦᠨ ᠰᠤᠯᠢᠯᠴᠠᠬᠤ ᠵᠠᠬ᠎ᠠ ᠳᠡᠯᠭᠡᠭᠦᠷ ᠢ 1 ᠠᠴᠠ 2 ᠦᠭᠡᠷᠡᠴᠢᠯᠡᠨ | ᠪᠠᠶᠢᠭᠤᠯᠬᠤ ᠪᠤᠶᠤ ᠰᠢᠨ᠎ᠡ ᠪᠠᠷ ᠪᠠᠶᠢᠭᠤᠯᠬᠤ ᠶᠢ ᠠᠬᠢᠭᠤᠯᠵᠤ᠂ ᠲᠦᠪᠯᠡᠷᠡᠭᠦᠯᠦᠨ ᠰᠤᠯᠢᠯᠴᠠᠬᠤ ᠵᠠᠬ᠎ᠠ ᠳᠡᠯᠭᠡᠭᠦᠷ ᠢ | ᠡᠷᠬᠢᠯᠡᠭᠰᠡᠨ ᠨᠢᠭᠡᠴᠡ ᠨᠢᠭᠡᠪᠦᠷᠢ ᠨᠢ ᠲᠦᠷᠭᠡᠨ ᠪᠠᠶᠢᠴᠠᠭᠠᠯᠲᠠ ᠬᠢᠬᠦ ᠲᠥᠭᠦᠭᠡᠷᠦᠮᠵᠢ ᠶᠢ ᠲᠣᠬᠢᠷᠠᠭᠤᠯᠤᠨ᠂ ᠪᠠᠶᠢᠴᠠᠭᠠᠨ | ᠰᠢᠯᠭᠠᠬᠤ ᠠᠵᠢᠯ ᠢ ᠦᠷᠨᠢᠭᠦᠯᠵᠦ᠂ ᠥᠷᠭᠡᠨ ᠣᠯᠠᠨ ᠠᠷᠠᠳ ᠲᠦᠮᠡᠨ ᠢ ᠰᠠᠨᠠᠭ᠎ᠠ ᠠᠮᠦᠷ ᠬᠡᠷᠡᠭᠯᠡᠬᠦ ᠪᠤᠯᠭᠠᠵᠦ᠂ | ᠢᠳᠡᠭᠡᠨ ᠤ ᠠᠮᠦᠷ ᠲᠥᠪᠰᠢᠨ ᠳᠤ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠠᠷᠪᠠᠨ ᠨᠢᠭᠡ᠂ ᠨᠡᠶᠢᠭᠡᠮ ᠳᠠᠶᠠᠭᠠᠷ ᠬᠠᠮᠲᠤ ᠪᠠᠷ ᠵᠠᠰᠠᠬᠤ ᠪᠠᠶᠢᠳᠠᠯ ᠢ ᠬᠦᠴᠦᠯᠡᠨ ᠪᠠᠶᠢᠭᠤᠯᠵᠤ᠂ ᠠᠷᠠᠳ | ᠤᠯᠠᠨ ᠤ ᠵᠣᠯ ᠵᠢᠷᠭᠠᠯ ᠤᠨ ᠢᠯᠡᠳᠭᠡᠭᠴᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ | ᠢᠳᠡᠭᠡᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠮᠢᠶᠠᠷᠤᠯᠲᠠ ᠶᠢᠨ ᠵᠢᠷᠤᠮᠯᠡᠯ ᠢ ᠶᠡᠬᠡᠪᠡᠷ ᠬᠡᠷᠡᠭᠵᠢᠭᠦᠯᠵᠦ᠂ | ᠲᠥᠭᠰᠢᠭᠦᠷᠢ ᠶᠢ ᠳᠡᠰ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ | ᠪᠠᠷᠠᠭ᠎ᠠ ᠤᠷᠤᠭᠤᠯᠬᠤ ᠶᠢ ᠪᠠᠶᠢᠴᠠᠭᠠᠬᠤ᠂ ᠦᠢᠯᠡᠳᠪᠦᠷᠢ ᠠᠴᠠ ᠭᠠᠷᠬᠤ ᠳᠤ ᠪᠠᠶᠢᠴᠠᠭᠠᠨ ᠰᠢᠯᠭᠠᠬᠤ᠂ ᠦᠨᠡᠮᠯᠡᠯ | ᠦᠵᠡᠵᠦ ᠫᠢᠶᠤᠤ ᠪᠠᠶᠢᠴᠠᠭᠠᠬᠤ᠂ ᠬᠤᠳᠠᠯᠳᠤᠨ ᠠᠪᠬᠤ ᠪᠠ ᠪᠣᠷᠤᠯᠠᠭᠤᠯᠬᠤ ᠡᠬᠡ ᠳᠠᠩᠰᠠ ᠶᠢ ᠲᠡᠮᠲᠡᠭᠯᠡᠬᠦ᠂ | ᠪᠣᠯᠪᠠᠰᠤᠷᠠᠭᠤᠯᠤᠨ ᠰᠢᠯᠭᠠᠨ ᠬᠢᠨᠠᠬᠤ᠂ ᠲᠥᠭᠰᠢᠭᠦᠷᠢ ᠶᠢ ᠦᠪᠡᠷ ᠢᠶᠠᠨ ᠪᠠᠶᠢᠴᠠᠭᠠᠬᠤ᠂ ᠪᠦᠲᠦᠭᠡᠭᠳᠡᠭᠦᠨ ᠢ ᠡᠭᠡᠭᠦᠯᠬᠦ᠂ | ᠪᠦᠬᠦ ᠶᠠᠪᠤᠴᠠ ᠶᠢ ᠲᠡᠮᠲᠡᠭᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠬᠠᠮᠢᠶᠠᠷᠤᠯᠲᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠪᠤᠯᠵᠤᠨ ᠶᠠᠷᠢᠯᠴᠠᠬᠤ | ᠬᠡᠪᠰᠢᠭᠰᠡᠨ ᠲᠣᠭᠲᠠᠴᠠ ᠶᠢ ᠠᠬᠢᠭᠤᠯᠤᠨ ᠪᠠᠶᠢᠭᠤᠯᠵᠤ᠂ ᠠᠵᠤ ᠠᠬᠤᠶᠢᠯᠠᠯ ᠢ ᠰᠢᠮᠳᠠᠭᠤᠯᠤᠨ ᠢᠳᠡᠭᠡᠨ ᠤ ᠠᠮᠦᠷ | ᠲᠥᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠬᠡᠷᠡᠭᠲᠡᠢ᠃ ᠠᠵᠢᠯᠡᠬᠰᠡᠳ ᠤᠨ ᠨᠡᠶᠢᠭᠡᠮ | ᠨᠡᠶᠢᠲᠡ ᠶᠢᠨ ᠶᠤᠰᠤ ᠮᠤᠷᠠᠯ ᠪᠠ ᠠᠵᠢᠯ ᠮᠡᠷᠭᠡᠵᠢᠯ ᠤᠨ ᠶᠤᠰᠤ ᠮᠤᠷᠠᠯ ᠤᠨ ᠬᠦᠮᠦᠵᠢᠯ ᠢ ᠦᠷᠨᠢᠭᠦᠯᠬᠦ ᠬᠡᠷᠡᠭᠲᠡᠢ ︵ | ᠦᠪᠡᠷᠲᠡᠭᠡᠨ ᠵᠠᠰᠬᠠᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠪᠦᠷ ᠮᠣᠩᠭᠤᠯ ᠤᠨ ᠬᠢᠯᠢ ᠪᠠᠷ ᠣᠷᠤᠭᠤᠯᠵᠤ ᠭᠠᠷᠭᠠᠬᠤ ᠶᠢᠨ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ | ᠲᠣᠪᠴᠢᠶ᠎ᠠ ᠵᠡᠷᠭᠡ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶᠃ ᠢᠳᠡᠭᠡᠨ ᠤ ᠠᠮᠦᠷ ᠲᠥᠪᠰᠢᠨ ᠤ ᠢᠳᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠳᠡᠭᠡᠨ ᠤ ᠠᠮᠦᠷ ᠲᠥᠪᠰᠢᠨ ᠤ ᠠᠮᠠᠯᠠᠯᠲᠠ ᠶᠢᠨ ᠠᠵᠢᠯᠯᠠᠭ᠎ᠠ ᠶᠢ | ᠦᠷᠨᠢᠭᠦᠯᠦᠨ᠂ ᠢᠳᠡᠭᠡᠨ ᠤ ᠠᠮᠦᠷ ᠲᠥᠪᠰᠢᠨ ᠤ ᠢᠲᠡᠭᠡᠯ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ | ᠠᠯᠳᠠᠭᠰᠠᠳ ᠢ ᠵᠠᠯᠬᠠᠭᠠᠨ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠢᠳᠡᠭᠡᠨ ᠤ ᠠᠮᠦᠷ | ᠲᠥᠪᠰᠢᠨ ᠤ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠠᠵᠢᠯ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ | ᠣᠨᠣᠪᠴᠢᠲᠠᠢ ᠨᠡᠶᠢᠲᠡᠯᠡᠵᠦ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠠᠤᠯᠢ ᠲᠣᠭᠲᠠᠭᠠᠯ ᠠᠴᠠ ᠵᠦᠷᠢᠴᠡᠭᠰᠡᠨ | ᠠᠵᠤ ᠠᠬᠤᠶᠢᠯᠠᠯ ᠪᠣᠯᠣᠨ ᠬᠤᠪᠢ ᠬᠦᠮᠦᠨ ᠤ ︽ᠨᠡᠷ᠎ᠡ ᠶᠢᠨ ᠬᠠᠷ᠎ᠠ ᠳᠠᠩᠰᠠ︾ ᠶᠢ ᠨᠡᠶᠢᠭᠡᠮ ᠨᠡᠶᠢᠲᠡ ᠳᠤ ᠨᠡᠶᠢᠲᠡᠯᠡᠨ | ᠂ ᠨᠡᠶᠢᠭᠡᠮ ᠤᠨ ᠣᠯᠠᠨ ᠨᠡᠶᠢᠲᠡ ᠳᠤ ᠲᠥᠭᠰᠢᠭᠦᠷᠢ ᠶᠢᠨ ᠪᠠᠶᠢᠳᠠᠯ ᠢ ᠣᠶᠢᠯᠠᠭᠠᠭᠤᠯᠵᠤ᠂ ᠲᠥᠭᠰᠢᠭᠦᠷᠢ ᠠᠴᠠ | ᠵᠠᠶᠢᠯᠠᠭᠤᠯᠤᠨ᠎ᠠ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ | ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠦᠷ ᠮᠣᠩᠭᠤᠯ ᠤᠨ ᠠᠵᠤ | ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶᠃ ᠢᠳᠡᠭᠡᠨ ᠤ ᠠᠮᠦᠷ | ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠵᠦ᠂ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠢᠳᠡᠭᠡᠨ ᠤ ᠠᠮᠦᠷ ᠲᠥᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠭᠤᠯᠬᠤ ᠬᠡᠷᠡᠭᠲᠡᠢ᠃ ᠢᠳᠡᠭᠡᠨ ᠤ ᠠᠮᠦᠷ ᠲᠥᠪᠰᠢᠨ ᠢ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠤᠬᠠᠭᠤᠯᠭ᠎ᠠ ᠶᠢᠨ ᠬᠡᠪᠴᠢᠶ᠎ᠡ ᠪᠣᠯᠣᠨ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ | ᠰᠤᠷᠭᠠᠯᠲᠠ᠂ ᠠᠮᠦᠷ ᠲᠥᠪᠰᠢᠨ ᠤ ᠬᠦᠮᠦᠵᠢᠯ ᠤᠨ ᠠᠵᠢᠯᠯᠠᠭ᠎ᠠ ᠶᠢᠨ ᠠᠭᠤᠯᠭ᠎ᠠ ᠳᠤ ᠣᠷᠤᠭᠤᠯᠬᠤ ᠬᠡᠷᠡᠭᠲᠡᠢ᠃ ︽ | ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ | ᠱᠠᠩᠨᠠᠬᠤ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠡᠭᠦᠯᠳᠡᠷᠵᠢᠭᠦᠯᠵᠦ᠂ ᠱᠠᠩᠨᠠᠯ ᠲᠠᠢ ᠢᠯᠡᠴᠢᠯᠡᠨ ᠮᠡᠳᠡᠭᠦᠯᠬᠦ | ᠳᠦᠷᠢᠮ ᠢ ᠬᠡᠷᠡᠭᠵᠢᠭᠦᠯᠬᠦ ᠬᠡᠷᠡᠭᠲᠡᠢ᠃ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢᠨ ᠰᠡᠷᠡᠮᠵᠢ ᠪᠤᠶᠤ | ᠬᠡᠷᠡᠭᠯᠡᠭᠡ ᠶᠢᠨ ᠰᠠᠨᠠᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠨᠡᠶᠢᠲᠡᠯᠡᠵᠦ᠂ ᠬᠡᠷᠡᠭᠯᠡᠭᠴᠢᠳ ᠤᠨ ᠡᠷᠬᠡ ᠠᠰᠢᠭ ᠢ | ᠦᠨᠡᠨᠬᠦ ᠬᠠᠮᠠᠭᠠᠯᠠᠬᠤ ᠬᠡᠷᠡᠭᠲᠡᠢ᠃ ︽ᠰᠠᠷ᠎ᠠ ᠪᠦᠷᠢ 3 · 15︾ ᠲᠠᠢ ᠪᠠᠶᠢᠬᠤ ᠬᠡᠷᠡᠭᠯᠡᠭᠡ ᠶᠢᠨ ᠡᠷᠬᠡ ᠶᠢ | ᠬᠠᠮᠠᠭᠠᠯᠠᠬᠤ ᠵᠡᠷᠭᠡ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠬᠡᠷᠡᠭᠲᠡᠢ᠃ ᠢᠳᠡᠭᠡᠨ ᠤ ᠠᠵᠢᠯ ᠲᠦᠷᠦᠯ ᠤᠨ | ᠨᠡᠶᠢᠭᠡᠮᠯᠢᠭ ᠤᠨ ᠠᠵᠢᠯ ᠲᠦᠷᠦᠯ ᠢᠶᠠᠷ ᠢᠶᠠᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠶᠢ ᠨᠢ ᠠᠬᠢᠭᠤᠯᠵᠤ᠂ | ᠢᠳᠡᠭᠡᠨ ᠤ ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠤᠰᠤᠭᠠᠷ ᠦᠢᠯᠡᠳᠪᠦᠷᠢᠯᠡᠨ ᠡᠵᠡᠩᠨᠡᠬᠦ ᠶᠢ ᠬᠦᠲᠦᠯᠦᠨ | ᠵᠢᠯᠤᠭᠤᠳᠬᠤ ᠪᠠ ᠰᠢᠮᠳᠠᠭᠤᠯᠤᠨ᠂ ᠢᠳᠡᠭᠡᠨ ᠤ ᠠᠮᠦᠷ ᠲᠥᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ | ᠬᠡᠷᠡᠭᠲᠡᠢ᠃ ᠦᠨᠳᠦᠰᠦᠨ ᠱᠠᠲᠤᠨ ᠤ ᠢᠳᠡᠭᠡᠨ ᠤ ᠠᠮᠦᠷ ᠲᠥᠪᠰᠢᠨ ᠤ ᠮᠡᠳᠡᠭᠡ ᠵᠠᠩᠬᠢᠴᠢᠨ᠂ ᠬᠤᠯᠪᠣᠭᠠᠴᠢᠨ᠂ | ᠲᠣᠣᠷᠵᠢᠭᠤᠯᠤᠭᠴᠢ ᠶᠢᠨ ᠡᠩᠨᠡᠭᠡ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠱᠠᠲᠤᠨ ᠤ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠦ ᠬᠤᠷᠠᠯ ᠨᠢ ᠢᠳᠡᠭᠡᠨ ᠤ ᠠᠮᠦᠷ ᠲᠥᠪᠰᠢᠨ ᠳᠤ | ᠬᠢᠨᠠᠯᠲᠠ ᠲᠠᠯᠪᠢᠬᠤ ᠶᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠴᠢᠬᠤᠯᠠ ᠠᠭᠤᠯᠭ᠎ᠠ ᠪᠣᠯᠭᠠᠨ᠂ ᠪᠦᠬᠦ | ᠨᠡᠶᠢᠭᠡᠮ ᠤᠨ ᠬᠦᠴᠦᠨ ᠢ ᠳᠠᠶᠢᠴᠢᠯᠠᠨ ᠢᠳᠡᠭᠡᠨ ᠤ ᠠᠮᠦᠷ ᠲᠥᠪᠰᠢᠨ ᠳᠤ ᠬᠢᠨᠠᠯᠲᠠ ᠲᠠᠯᠪᠢᠬᠤ ᠳᠤ ᠣᠷᠤᠯᠴᠠᠭᠤᠯᠬᠤ | ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ | ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠠᠵᠢᠯ ᠲᠦᠷᠦᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ | ᠵᠣᠬᠢᠶᠠᠨ ᠪᠠᠶᠢᠭᠤᠯᠤᠯᠲᠠ ᠨᠤᠭᠤᠳ ᠬᠠᠮᠵᠢᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠨᠠᠶᠢᠳᠠᠪᠤᠷᠢᠵᠢᠭᠤᠯᠤᠨ᠎ᠠ︶ | ᠠᠷᠪᠠᠨ ᠬᠤᠶᠠᠷ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ︵ᠠᠯᠪᠠᠨ ᠭᠡᠷ︶ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠭᠡᠨ ᠤ ᠠᠮᠦᠷ ᠲᠥᠪᠰᠢᠨ ᠤ ᠠᠵᠢᠯ ᠤᠨ ᠨᠡᠶᠢᠯᠡᠮᠡᠯ ᠬᠦᠴᠦᠨ ᠢ | ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ | ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠲᠦᠷᠦᠭᠦᠯᠡᠨ | ᠠᠳᠬᠤᠬᠤ ᠶᠡᠷᠦᠩᠬᠡᠢ ᠦᠢᠯᠡᠳᠦᠯ ᠪᠣᠯᠣᠨ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ | ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠵᠤ ᠭᠦᠢᠴᠡᠳᠭᠡᠯᠭᠡᠬᠦ᠂ ᠰᠢᠯᠭᠠᠨ ᠬᠢᠨᠠᠵᠤ | ᠦᠨᠡᠯᠡᠬᠦ ᠡᠭᠦᠷᠭᠡ ᠬᠠᠷᠢᠭᠤᠴᠠᠯᠭ᠎ᠠ ᠶᠢ ᠢᠳᠡᠪᠬᠢᠲᠡᠢ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠡ ᠶᠢᠨ ᠠᠵᠢᠯ ᠤᠨ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠨ᠂ ᠴᠤᠭᠭᠠᠷ ᠠᠳᠬᠤᠵᠤ ᠬᠠᠮᠲᠤᠪᠠᠷ | ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃ 2016 ᠣᠨ ᠤ 6 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠠᠮᠦᠷ ᠲᠥᠪᠰᠢᠨ ᠤ ᠵᠦᠪᠯᠡᠯ ᠤᠨ ᠪᠦᠷᠢᠯᠳᠦᠭᠦᠨ ᠨᠢᠭᠡᠴᠡ ᠶᠢᠨ ᠢᠳᠡᠭᠡᠨ ᠤ ᠠᠮᠦᠷ ᠲᠥᠪᠰᠢᠨ ᠤ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠰᠠᠨᠠᠯ︾ ᠢ ᠲᠣᠭᠲᠠᠭᠠᠨ | ᠨᠡᠶᠢᠲᠡᠯᠡᠵᠦ᠂ ᠡᠯ᠎ᠡ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠤᠳᠤᠷᠬᠠᠶᠢᠯᠠᠨ᠂ ᠰᠠᠯᠠᠭ᠎ᠠ ᠮᠦᠴᠢᠷ ᠤᠳ ᠤᠨ ᠬᠤᠭᠤᠷᠤᠨᠳᠤᠬᠢ ᠬᠠᠮᠵᠢᠯᠴᠠᠬᠤ ᠬᠠᠷᠢᠴᠠᠭ᠎ᠠ ᠪᠣᠯᠣᠨ ᠬᠠᠮᠵᠢᠯᠴᠠᠬᠤ | ᠲᠣᠭᠲᠠᠴᠠ ᠶᠢ ᠨᠠᠷᠢᠯᠢᠬᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠦᠷᠢᠨ ᠲᠡᠭᠦᠯᠳᠡᠷ᠂ ᠨᠢᠬᠲᠠᠴᠠ ᠲᠠᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯ ᠤᠨ ᠵᠦᠪᠯᠡᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ ᠨᠦᠭᠦᠳ | ᠬᠠᠮᠵᠢᠯᠴᠠᠨ᠎ᠠ︶᠃ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠢᠳᠡᠭᠡᠨ ᠪᠠ | ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠲᠣᠭᠲᠠᠮᠠᠯ ᠬᠤᠷᠠᠯ ᠪᠣᠯᠣᠨ ᠲᠤᠰᠬᠠᠶᠢᠯᠠᠨ ᠮᠡᠳᠡᠭᠦᠯᠬᠦ | ᠳᠦᠷᠢᠮ ᠢ ᠨᠡᠶᠢᠲᠡᠯᠡᠬᠦ ᠬᠡᠷᠡᠭᠲᠡᠢ᠃ ᠤᠯᠠᠷᠢᠯ ᠪᠣᠯᠭᠠᠨ ᠳᠤ ᠨᠢᠭᠡ ᠤᠳᠠᠭ᠎ᠠ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠵᠦᠪᠯᠡᠯ ᠤᠨ ᠪᠦᠭᠦᠳᠡ ᠬᠤᠷᠠᠯ ᠢ ᠬᠤᠷᠠᠯᠳᠤᠭᠤᠯᠵᠤ᠂ ᠡᠯ᠎ᠡ ᠪᠦᠷᠢᠯᠳᠦᠭᠦᠨ ᠨᠢᠭᠡᠴᠡ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠤᠨᠤᠰᠴᠤ᠂ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠢᠳᠡᠭᠡᠨ ᠤ ᠠᠮᠦᠷ | ᠲᠥᠪᠰᠢᠨ ᠤ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠬᠠᠮᠲᠤᠷᠠᠭᠰᠠᠨ ᠬᠤᠷᠠᠯ ᠤᠨ ᠳᠦᠷᠢᠮ ᠢ | ᠲᠡᠭᠦᠯᠳᠡᠷᠵᠢᠭᠦᠯᠵᠦ᠂ ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ | ᠭᠡᠷ ᠨᠢ 2 ᠰᠠᠷ᠎ᠠ ᠳᠤ ᠨᠢᠭᠡ ᠤᠳᠠᠭ᠎ᠠ ᠪᠦᠷᠢᠯᠳᠦᠭᠦᠨ ᠨᠢᠭᠡᠴᠡ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠤᠨ᠂ | ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠴᠠᠭ ᠲᠣᠬᠠᠢ ᠳᠤᠨᠢ ᠳ᠋ᠦᠩᠨᠡᠵᠦ᠂ ᠣᠷᠤᠰᠢᠵᠤ ᠪᠠᠶᠢᠭ᠎ᠠ | ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠳᠠᠷᠠᠭ᠎ᠠ ᠠᠯᠬᠤᠮ ᠤᠨ ᠠᠵᠢᠯ ᠢ ᠰᠤᠳᠤᠯᠤᠨ | ᠲᠣᠬᠢᠷᠠᠭᠤᠯᠵᠤ᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠰᠢᠮᠳᠠᠭᠤᠯᠤᠨ᠂ ᠢᠳᠡᠭᠡᠨ ᠤ ᠠᠮᠦᠷ | ᠲᠥᠪᠰᠢᠨ ᠤ ᠠᠵᠢᠯ ᠤᠨ ᠪᠠᠶᠢᠳᠠᠯ ᠢ ᠴᠠᠭ ᠲᠣᠬᠠᠢ ᠳᠤᠨᠢ ᠮᠡᠳᠡᠭᠦᠯᠬᠦ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ | ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠮᠡᠳᠡᠭᠡ ᠵᠠᠩᠭᠢ ᠶᠢᠨ ᠰᠤᠯᠢᠯᠴᠠᠭᠠᠨ ᠤ | ᠲᠡᠪᠴᠡᠩ ᠢ ᠪᠠᠶᠢᠭᠤᠯᠵᠤ᠂ ᠠᠵᠢᠯ ᠤᠨ ᠬᠦᠳᠡᠯᠦᠯ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ | ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠬᠠᠮᠲᠦ ᠪᠠᠷ ᠬᠦᠷᠲᠡᠬᠦ ᠶᠢ ᠪᠡᠶᠡᠯᠡᠭᠦᠯᠬᠦ | ᠬᠡᠷᠡᠭᠲᠡᠢ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ | ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠬᠠᠮᠵᠢᠯᠴᠠᠨ᠎ᠠ︶᠃ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ︽ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠨᠡᠬᠡᠮᠵᠢᠯᠡᠬᠦ ᠶᠢᠨ ᠲᠦᠷ ᠬᠡᠷᠡᠭᠵᠢᠭᠦᠯᠬᠦ ᠲᠣᠭᠲᠠᠭᠠᠯ︾ | ᠢ ᠲᠣᠭᠲᠠᠭᠠᠨ ᠨᠡᠶᠢᠲᠡᠯᠡᠵᠦ᠂ ᠢᠳᠡᠭᠡᠨ ᠤ ᠠᠮᠦᠷ ᠲᠥᠪᠰᠢᠨ ᠤ ᠠᠵᠢᠯ ᠤᠨ ᠬᠠᠷᠢᠴᠠᠭᠤᠯᠭ᠎ᠠ ᠲᠠᠢ ᠬᠦᠮᠦᠰ | ᠯᠦᠭᠡ ᠶᠢᠨ ᠪᠤᠯᠵᠤᠨ ᠶᠠᠷᠢᠯᠴᠠᠬᠤ ᠳᠦᠷᠢᠮ ᠢ ᠪᠠᠶᠢᠭᠤᠯᠤᠨ᠂ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠡᠷᠴᠢᠮ ᠢ | ᠴᠢᠩᠭᠠᠷᠠᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠵᠦᠪᠯᠡᠯ ᠤᠨ ᠠᠯᠪᠠᠨ ᠭᠡᠷ ᠠᠴᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠮᠵᠢᠯᠴᠠᠨ᠎ᠠ︶ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠪᠦᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ | ᠲᠥᠪᠰᠢᠨ ᠠᠴᠠ ᠢᠳᠡᠭᠡᠨ ᠤ ᠠᠮᠦᠷ ᠲᠥᠪᠰᠢᠨ ᠤ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ | ᠠᠮᠦᠷ ᠲᠥᠪᠰᠢᠨ ᠢ ᠪᠠᠲᠤᠯᠠᠬᠤ ᠶᠢ ᠠᠷᠠᠳ ᠤᠨ ᠠᠮᠢᠳᠤᠷᠠᠯ ᠤᠨ ᠲᠤᠮᠤ ᠬᠡᠷᠡᠭ᠂ ᠬᠥᠭᠵᠢᠯᠲᠡ ᠶᠢᠨ ᠢᠨᠵᠧᠨᠧᠷᠢᠩ | ᠪᠣᠯᠣᠨ ᠤᠯᠤᠰ ᠲᠥᠷᠥ ᠶᠢᠨ ᠡᠭᠦᠷᠭᠡ ᠪᠣᠯᠭᠠᠨ᠂ ᠠᠵᠢᠯ ᠤᠨ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠦ᠂ | ᠬᠠᠷᠢᠭᠤᠴᠠᠯᠭᠠᠲᠤ ᠨᠢᠭᠡᠴᠡ᠂ ᠪᠣᠲᠠᠲᠠᠢ ᠴᠠᠭ ᠬᠤᠭᠤᠴᠠᠭ᠎ᠠ ᠶᠢ ᠲᠤᠳᠤᠷᠬᠠᠶᠢᠯᠠᠨ᠂ ᠲᠥᠷᠥ ᠶᠢᠨ ᠪᠣᠳᠣᠯᠭ᠎ᠠ ᠬᠠᠤᠯᠢ | ᠴᠠᠭᠠᠵᠠ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠠᠲᠤᠯᠠᠭ᠎ᠠ᠂ ᠠᠵᠢᠯᠲᠠᠨ ᠪᠠ | ᠵᠠᠷᠤᠳᠠᠯ ᠤᠨ ᠪᠠᠲᠤᠯᠠᠭ᠎ᠠ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢᠨ ᠪᠠᠲᠤᠯᠠᠭ᠎ᠠ ᠵᠡᠷᠭᠡ ᠠᠷᠭ᠎ᠠ | ᠬᠡᠮᠵᠢᠶ᠎ᠡ ᠶᠢ ᠠᠪᠴᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠦᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ |