ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ ᠨᠣᠣᠰᠣ ᠨᠣᠯᠤᠤᠷ ᠤᠨ ᠠᠵᠤ ᠦᠢᠯᠡᠰ ᠤᠨ ᠳᠠᠪᠠᠯᠲᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2016/12/15
     ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ  ᠨᠣᠣᠰᠣ ᠨᠣᠯᠤᠤᠷ ᠤᠨ ᠨᠡᠬᠡᠮᠡᠯ ᠤᠨ ᠠᠵᠤ ᠦᠢᠯᠡᠰ ᠤᠨ ᠣᠷᠴᠢᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠲᠧᠩ ᠳ᠋ᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠬᠦ ᠲᠠᠰᠤᠭ ᠲᠤ ᠠᠵᠢᠯᠴᠢᠳ ᠶᠠᠭ ᠨᠡᠬᠡᠮᠡᠯ ᠤᠨ ᠠᠵᠢᠯ ᠳᠠᠭᠠᠨ ᠶᠠᠭᠠᠷᠠᠯᠳᠤᠵᠤ ᠪᠠᠶᠢᠯ᠎ᠠ᠃ ᠲᠤᠰ ᠬᠤᠰᠢᠭᠤ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠨ᠂ ᠨᠣᠣᠰᠣ ᠨᠣᠯᠤᠤᠷ ᠪᠣᠯᠪᠠᠰᠤᠷᠠᠭᠤᠯᠬᠤ ᠠᠵᠤ ᠦᠢᠯᠡᠳᠪᠦᠷᠢ ᠶᠢ ᠶᠡᠬᠡᠪᠡᠷ ᠬᠦᠭᠵᠢᠭᠦᠯᠬᠦ ᠶᠢᠨ ᠬᠠᠮᠲᠤ ︽ᠥᠪᠥᠷ ᠮᠣᠩᠭᠤᠯ ᠤᠨ ᠰᠥᠨᠢᠳ ᠨᠣᠣᠰᠣ ᠨᠣᠯᠤᠤᠷ ᠤᠨ ᠨᠡᠬᠡᠮᠡᠯ ᠤᠨ ᠠᠵᠤ ᠦᠢᠯᠡᠰ ᠤᠨ ᠣᠷᠴᠢᠯ ᠠᠵᠤ ᠠᠬᠤᠶ ᠶᠢᠨ ᠬᠦᠷᠢᠶᠡᠯᠡᠩ ᠲᠣᠭᠤᠷᠢᠭ︾᠎ ᠢᠶᠠᠷ ᠠᠴᠢᠶᠠᠯᠠᠪᠤᠷᠢ ᠪᠣᠯᠭᠠᠵᠤ᠂ ᠲᠥᠷᠥ ᠶᠢᠨ ᠪᠤᠳᠤᠯᠭ᠎ᠠ ᠶᠢᠨ ᠳᠡᠮᠵᠢᠯᠭᠡ ᠪᠣᠯᠣᠨ ᠵᠢᠯᠣᠭᠤᠳᠤᠯᠭ᠎ᠠ ᠪᠠᠷ ᠲᠣᠯᠣᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠬᠤ ᠪᠠ ᠣᠷᠣᠭᠤᠯᠤᠨ ᠠᠪᠴᠢᠷᠠᠵᠤ᠂ ᠨᠣᠣᠰᠣ ᠨᠣᠯᠤᠤᠷ ᠤᠨ ᠠᠵᠤ ᠦᠢᠯᠡᠰ ᠢ ᠳᠠᠪᠠᠯᠲᠠ ᠮᠠᠶ᠋ᠢᠭ ᠢᠶᠠᠷ ᠬᠦᠭᠵᠢᠭᠦᠯᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号