ᠭᠠᠭᠴᠠᠮᠣᠳᠤ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠵᠥᠭᠡᠭᠡᠪᠦᠷᠢᠯᠡᠭᠰᠡᠨ ᠬᠡᠮᠵᠢᠶ᠎ᠡ ᠬᠤᠣᠰ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2016/12/15
    ᠤᠷᠠᠳ ᠪᠣᠭᠤᠮᠲᠠ ᠶᠢᠨ ᠭᠠᠭᠴᠠᠮᠣᠳᠣ ᠪᠣᠭᠤᠮᠲᠠ ᠳᠤ᠂ ᠮᠣᠩᠭᠤᠯ ᠤᠯᠤᠰ ᠤᠨ ᠲᠡᠭᠡᠭᠡᠪᠦᠷᠢ ᠶᠢᠨ ᠲᠡᠷᠭᠡ ᠨᠢ ᠮᠠᠰᠢᠨ ᠢᠶᠠᠷ ᠪᠠᠶᠢᠴᠠᠭᠠᠬᠤ ᠪᠣᠭᠤᠮᠲᠠ ᠶᠢ ᠥᠩᠭᠡᠷᠡᠭᠡᠵᠦ ᠪᠠᠶᠢᠭ᠎ᠠ  ᠃      11 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ᠂ ᠤᠷᠠᠳ ᠪᠣᠭᠤᠮᠲᠠ ᠶᠢᠨ ᠭᠠᠭᠴᠠᠮᠣᠳᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 1111.19 ᠲᠦᠮᠡᠨ ᠲᠣᠨ ᠳᠤ ᠬᠦᠷᠴᠦ᠂ 104.74%᠎ ᠪᠠᠷ ᠨᠡᠮᠡᠭᠳᠡᠵᠦ᠂ ᠠᠷᠠᠯᠵᠢᠶᠠᠨ ᠤ ᠥᠷᠳᠡᠭ ᠨᠢ 32.26 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠪᠣᠯᠵᠤ᠂ ᠨᠡᠶᠢᠯᠡᠭᠡᠳ ᠪᠠᠷᠤᠭ 4.88 ᠳ᠋ᠦᠩᠰᠢᠭᠤᠷ ᠳ᠋ᠣᠯᠯᠠᠷ ᠲᠤ ᠬᠦᠷᠪᠡ︔ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ ᠨᠢ 85.5 ᠲᠦᠮᠡᠨ ᠲᠣᠨ ᠳᠤ ᠬᠦᠷᠴᠦ᠂ 8.27%᠎ ᠪᠠᠷ ᠨᠡᠮᠡᠭᠳᠡᠪᠡ᠃      ᠡᠨᠡ ᠵᠢᠯ ᠤᠨ 3 ᠳ᠋ᠤᠭᠠᠷ ᠰᠠᠷ᠎ᠠ ᠠᠴᠠ ᠨᠠᠰᠢ᠂ ᠭᠠᠭᠴᠠᠮᠣᠳᠤ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠣᠷᠤᠭᠤᠯᠤᠯᠲᠠ ᠲᠦᠷᠭᠡᠨ ᠨᠡᠮᠡᠭᠳᠡᠬᠦ ᠪᠠᠶᠢᠳᠠᠯ ᠲᠠᠢ ᠪᠣᠯᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠢᠶᠠᠷ᠂ ᠳᠣᠣᠷᠠᠳᠤ ᠤᠷᠤᠰᠬᠠᠯ ᠤᠨ ᠨᠡᠭᠦᠷᠡᠰᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠨᠡᠮᠡᠭᠳᠡᠵᠦ᠂ ᠡᠭᠦᠨ ᠤ ᠳᠡᠭᠡᠷ᠎ᠡ ᠮᠣᠩᠭᠤᠯ ᠤᠯᠤᠰ ᠤᠨ ᠴᠢᠨᠠᠷ ᠰᠠᠶᠢᠲᠠᠶ ᠬᠡᠤᠷᠰᠤ ᠨᠢ ᠨᠢᠭᠡᠨᠲᠡ ᠤᠯᠤᠰ ᠤᠨ ᠳᠣᠲᠣᠭᠠᠳᠤ ᠳᠤ ᠵᠣᠬᠢᠬᠤ ᠵᠠᠬ᠎ᠠ ᠳᠡᠯᠭᠡᠭᠦᠷ ᠲᠠᠢ ᠪᠣᠯᠤᠭᠰᠠᠨ ᠠᠴᠠ ᠪᠣᠭᠤᠮᠲᠠ ᠶᠢᠨ ᠮᠣᠩᠭᠤᠯ ᠤᠯᠤᠰ ᠤᠨ ᠨᠡᠭᠦᠷᠡᠰᠦᠨ ᠤ ᠭᠠᠳᠠᠭᠰᠢ ᠰᠢᠯᠵᠢᠭᠦᠯᠦᠯᠲᠡ ᠲᠦᠷᠭᠡᠳᠴᠦ᠂ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠣᠷᠤᠭᠤᠯᠤᠯᠲᠠ ᠶᠢᠨ ᠰᠢᠷᠦᠭᠦᠨ ᠨᠡᠮᠡᠭᠳᠡᠯ ᠢ ᠠᠬᠢᠭᠤᠯᠪᠠ᠃ ᠡᠭᠦᠨ ᠤ ᠬᠠᠮᠲᠤ᠂ ᠮᠣᠩᠭᠤᠯ ᠤᠯᠤᠰ ᠤᠨ ᠨᠡᠭᠦᠷᠡᠰᠦᠨ ᠤ ᠦᠨ᠎ᠡ ᠨᠢ ᠲᠣᠭᠲᠠᠪᠤᠷᠢᠵᠢᠵᠤ᠂ ᠨᠡᠭᠦᠷᠡᠰᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠬᠠᠨᠳᠤᠰᠢ ᠨᠢ ᠨᠡᠯᠢᠶᠡᠳ ᠭᠦᠢᠴᠡᠳ ᠪᠠᠶᠢᠬᠤ ᠨᠢ ᠭᠠᠭᠴᠠᠮᠣᠳᠤ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠣᠷᠤᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠵᠦ ᠪᠠᠶᠢᠭ᠎ᠠ ᠰᠢᠯᠲᠠᠭᠠᠨ ᠤ ᠨᠢᠭᠡ ᠨᠢ ᠪᠣᠯᠪᠠ᠃ ᠤᠷᠠᠳ ᠪᠣᠭᠤᠮᠲᠠ ᠶᠢᠨ ᠪᠦᠷᠢᠳᠬᠡᠯ ᠠᠴᠠ ᠦᠵᠡᠪᠡᠯ᠂ 1 ᠳ᠋ᠦ᠋ᠭᠡᠷ ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ᠂ ᠭᠠᠭᠴᠠᠮᠣᠳᠤ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠬᠡᠮᠵᠢᠶ᠎ᠡ ᠨᠢ 1207.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 90.61%᠎ ᠪᠠᠷ ᠨᠡᠮᠡᠭᠳᠡᠵᠦ᠂ ᠬᠢᠯᠢ ᠪᠠᠷ ᠣᠷᠣᠵᠤ ᠭᠠᠷᠬᠤ ᠲᠡᠭᠡᠭᠡᠪᠦᠷᠢ ᠶᠢᠨ ᠪᠠᠭᠠᠵᠢ ᠬᠡᠷᠡᠭᠰᠡᠯ 39.79 ᠲᠦᠮᠡᠨ ᠲᠡᠷᠭᠡ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 95.1%᠎ ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠨᠢ 1197.03 ᠲᠦᠮᠡᠨ ᠲᠣᠨ ᠳᠤ ᠬᠦᠷᠴᠦ᠂ 92.3%᠎ ᠪᠠᠷ ᠨᠡᠮᠡᠭᠳᠡᠵᠦ᠂ ᠬᠥᠬᠡᠬᠤᠲᠠ ᠪᠣᠭᠤᠮᠲᠠ ᠶᠢᠨ ᠪᠦᠬᠦ ᠪᠣᠭᠤᠮᠲᠠ ᠣᠷᠣᠨ ᠤ ᠲᠡᠷᠢᠭᠦᠨ ᠳᠤ ᠪᠠᠶᠢᠷᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号