ᠥᠪᠥᠷ ᠮᠣᠩᠭᠤᠯ ᠡᠯ᠎ᠡ ᠭᠠᠵᠠᠷ ᠤᠳ ᠤᠨ ᠬᠠᠷᠢᠶ᠎ᠠ ᠬᠤᠰᠢᠭᠤ ᠰᠢᠶᠠᠨ ᠢ ᠰᠢᠮᠳᠠᠭᠤᠯᠵᠤ ᠪᠠᠶᠢᠭᠠᠳ ᠰᠠᠷ᠎ᠠ ᠪᠦᠷᠢ ᠶᠢᠨ 10᠎ ᠤ ᠡᠳᠦᠷ ᠠᠴᠠ ᠡᠮᠦᠨ᠎ᠡ ᠲᠤᠰ ᠰᠠᠷ᠎ᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠣᠯᠭᠤᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2016/12/15
     ᠣᠶᠢᠷ᠎ᠠ ᠳᠤ᠂ ᠥᠪᠥᠷ ᠮᠣᠩᠭᠤᠯ ᠡᠯ᠎ᠡ ᠭᠠᠵᠠᠷ ᠤᠳ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢᠨ ᠪᠡᠯᠡ ᠮᠥᠩᠭᠦ ᠶᠢ ᠣᠯᠤᠭᠰᠠᠨ 30 ᠡᠳᠦᠷ ᠤᠨ ᠳᠣᠲᠣᠷ᠎ᠠ᠂ ᠪᠡᠯᠡ ᠮᠥᠩᠭᠦ ᠶᠢ ᠬᠠᠷᠢᠶ᠎ᠠ ᠬᠤᠰᠢᠭᠤ ᠰᠢᠶᠠᠨ ᠳᠤ ᠪᠠᠭᠤᠯᠭᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠬᠠᠷᠢᠶ᠎ᠠ ᠬᠤᠰᠢᠭᠤ ᠰᠢᠶᠠᠨ ᠢ ᠰᠢᠮᠳᠠᠭᠤᠯᠵᠤ ᠪᠠᠶᠢᠭᠠᠳ ᠰᠠᠷ᠎ᠠ ᠪᠦᠷᠢ ᠶᠢᠨ 10᠎ ᠤ ᠡᠳᠦᠷ ᠠᠴᠠ ᠡᠮᠦᠨ᠎ᠡ ᠲᠤᠰ ᠰᠠᠷ᠎ᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠦᠴᠢᠷᠳᠡᠯ ᠲᠠᠢ ᠤᠯᠠᠨ ᠲᠦᠮᠡᠨ ᠳᠤ ᠣᠯᠭᠤᠬᠤ ᠬᠡᠷᠡᠭᠲᠡᠢ᠃ ᠮᠥᠩᠭᠦᠨ ᠭᠦᠢᠯᠭᠡᠭᠡ ᠨᠢ ᠬᠥᠭᠵᠢᠭᠡᠳᠦᠶ ᠵᠠᠷᠢᠮ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠲᠤᠰ ᠤᠯᠠᠷᠢᠯ ᠤᠨ ᠠᠩᠬᠠᠳᠤᠭᠠᠷ ᠰᠠᠷ᠎ᠠ ᠶᠢᠨ10᠎ ᠤ ᠡᠳᠦᠷ ᠠᠴᠠ ᠡᠮᠦᠨ᠎ᠡ ᠲᠤᠰ ᠤᠯᠠᠷᠢᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠡᠷᠦᠬᠡ ᠳᠤᠨᠢ ᠣᠯᠭᠤᠬᠤ ᠬᠡᠷᠡᠭᠲᠡᠢ᠃      2016 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠢᠭᠡᠳᠦᠯᠲᠡᠶ ᠪᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠪᠣᠯᠭᠠᠨ ᠡᠮᠬᠢᠯᠡᠨ ᠨᠡᠶᠢᠯᠡᠭᠦᠯᠪᠡ᠃ ᠡᠯ᠎ᠡ ᠭᠠᠵᠠᠷ ᠤᠳ ᠣᠷᠣᠨ ᠨᠤᠲᠤᠭ ᠤᠨ ᠪᠣᠳᠠᠲᠠᠶ ᠳᠤ ᠦᠨᠳᠦᠰᠦᠯᠡᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠ ᠬᠡᠷᠡᠭᠯᠡᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠨᠢ ᠦᠯᠡᠳᠡᠪᠦᠷᠢ ᠲᠠᠢ ᠭᠠᠵᠠᠷ ᠣᠷᠣᠨ ᠨᠤᠭᠤᠳ ᠡᠷᠲᠡ ᠠᠴᠠ ᠲᠥᠰᠦᠪᠯᠡᠨ ᠪᠤᠳᠤᠬᠤ ᠪᠠ ᠲᠣᠬᠢᠷᠠᠭᠤᠯᠵᠤ᠂ ᠨᠢᠭᠡ ᠪᠦᠯᠦᠭ ᠪᠡᠯᠡ ᠮᠥᠩᠭᠦ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠢ ᠲᠦᠷ ᠴᠠᠭ ᠲᠡᠩᠬᠡᠷᠡᠭᠦᠯᠦᠨ ᠲᠤᠰᠠᠯᠠᠬᠤ ᠵᠠᠷᠤᠯᠭ᠎ᠠ ᠳᠤ ᠬᠡᠷᠡᠭᠯᠡᠬᠦ ᠬᠡᠷᠡᠭᠲᠡᠢ᠃ ᠡᠯ᠎ᠡ ᠭᠠᠵᠠᠷ ᠤᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠠᠯᠠᠮᠵᠢ ᠶᠢᠨ ᠪᠡᠯᠡ ᠮᠥᠩᠭᠦ ᠶᠢᠨ ᠵᠠᠷᠤᠯᠭ᠎ᠠ ᠨᠢ ᠲᠤᠰ ᠵᠢᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠠᠭᠤᠯᠭᠠᠭᠰᠠᠨ ᠲᠤᠰᠠᠯᠠᠮᠵᠢ ᠶᠢᠨ ᠪᠡᠯᠡ ᠮᠥᠩᠭᠦ ᠠᠴᠠ ᠴᠥᠬᠡᠨ ᠪᠣᠯ ᠥᠪᠡᠷᠲᠡᠭᠡᠨ ᠵᠠᠰᠠᠬᠤ ᠣᠷᠣᠨ ᠠᠴᠠ ᠳᠠᠷᠠᠭ᠎ᠠ ᠵᠢᠯ ᠤᠨ ᠪᠡᠯᠡ ᠮᠥᠩᠭᠦ ᠶᠢ ᠬᠤᠪᠢᠶᠠᠷᠢᠯᠠᠬᠤ ᠳᠤ ᠬᠠᠰᠤᠵᠤ ᠭᠠᠷᠭᠠᠬᠤ ᠪᠣᠯᠣᠨ᠎ᠠ᠃ ᠡᠯ᠎ᠡ ᠭᠠᠵᠠᠷ ᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠪᠠᠨ ᠢᠳᠡᠪᠬᠢᠲᠡᠶ ᠲᠣᠬᠢᠷᠠᠭᠤᠯᠵᠤ᠂ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠡᠷᠦᠬᠡ ᠪᠠᠷ ᠪᠠᠲᠤᠯᠠᠭ᠎ᠠ ᠣᠯᠭᠤᠬᠤ ᠶᠢ ᠬᠡᠷᠡᠭᠵᠢᠭᠦᠯᠦᠭᠰᠡᠨ ᠠᠶᠢᠮᠠᠭ ᠬᠤᠳᠠ ᠠᠴᠠ ᠭᠠᠳᠠᠨ᠎ᠠ᠂ ᠪᠤᠰᠤᠳ ᠠᠶᠢᠮᠠᠭ ᠬᠤᠲᠠ ᠶᠢᠨ ᠬᠥᠮᠦᠨ ᠪᠦᠷᠢ ᠰᠠᠷ᠎ᠠ ᠶᠢᠨ ᠳᠤᠮᠳᠠᠴᠢ ᠲᠤᠰᠠᠯᠠᠮᠵᠢ ᠣᠯᠭᠤᠬᠤ ᠬᠢᠷᠢ ᠲᠥᠪᠰᠢᠨ ᠢ ᠲᠦᠷᠦᠭᠦᠦ ᠵᠢᠯ ᠤᠨ ᠡᠴᠦᠰ ᠤᠨ ᠬᠥᠮᠦᠨ ᠪᠦᠷᠢ ᠶᠢᠨ ᠰᠠᠷ᠎ᠠ ᠶᠢᠨ ᠳᠤᠮᠳᠠᠴᠢ ᠲᠤᠰᠠᠯᠠᠮᠵᠢ ᠣᠯᠭᠤᠭᠰᠠᠨ ᠬᠢᠷᠢ ᠲᠦᠪᠰᠢᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ 2016 ᠣᠨ ᠤ ᠰᠡᠭᠦᠯᠴᠢ ᠳᠤ᠂ ᠬᠥᠮᠦᠨ ᠪᠦᠷᠢ ᠰᠠᠷ᠎ᠠ ᠶᠢᠨ ᠳᠤᠮᠳᠠᠴᠢ ᠲᠤᠰᠠᠯᠠᠮᠵᠢ ᠣᠯᠭᠤᠬᠤ ᠬᠢᠷᠢ ᠲᠦᠪᠰᠢᠨ ᠮᠥᠨ ᠯᠡ ᠨᠢᠳᠤᠨᠤᠨ ᠤ ᠠᠶᠢᠮᠠᠭ ᠬᠤᠳᠠ ᠶᠢᠨ ᠵᠢᠯ ᠤᠨ ᠡᠴᠦᠰ ᠤᠨ ᠲᠤᠰᠠᠯᠠᠮᠵᠢ ᠶᠢᠨ ᠬᠢᠷᠢ ᠲᠦᠪᠰᠢᠨ ᠠᠴᠠ ᠪᠠᠨ ᠳᠣᠣᠷ᠎ᠠ ᠪᠠᠶᠢᠪᠠᠯ᠂ ᠥᠪᠡᠷᠲᠡᠭᠡᠨ ᠵᠠᠰᠠᠬᠤ ᠣᠷᠣᠨ ᠲᠠᠷᠠᠭ᠎ᠠ ᠵᠢᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠠᠯᠠᠮᠵᠢ ᠶᠢᠨ ᠮᠥᠩᠭᠦ ᠶᠢ ᠬᠤᠪᠢᠶᠠᠷᠢᠯᠠᠬᠤ ᠳᠤ ᠬᠠᠰᠤᠵᠤ ᠭᠠᠷᠭᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号