ᠤᠶᠢᠷ᠎ᠠ ᠳᠤ᠂ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠱᠠᠩᠨᠠᠯ︾ ᠤᠨ ᠡᠴᠦᠰ ᠤᠨ ᠦᠨᠡᠯᠡᠨ ᠬᠢᠨᠠᠭᠰᠠᠨ ᠦᠷ᠎ᠡ ᠳ᠋ᠦᠩ ᠢ ᠪᠡᠭᠡᠵᠢᠩ ᠳᠤ | ᠨᠡᠶᠢᠲᠡᠯᠡᠪᠡ᠃ ︽ᠥᠪᠥᠷ ᠮᠣᠩᠭᠤᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠪᠠᠶᠢᠭᠤᠯᠤᠯᠲᠠ︾ | ᠶᠢᠨ ᠲᠦᠷᠦᠯ ᠵᠦᠢᠯ ᠪᠤᠯᠤᠨ ᠪᠤᠰᠤᠳ 9 ᠲᠦᠷᠦᠯ ᠵᠦᠢᠯ ᠬᠠᠮᠲᠤ ᠪᠠᠷ ᠳᠥᠷᠪᠡᠳᠦᠭᠡᠷ ᠬᠤᠭᠤᠴᠠᠭᠠᠨ ᠤ ︽ | ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠱᠠᠩᠨᠠᠯ︾ ᠢ ᠬᠦᠷᠲᠡᠪᠡ᠂ ᠡᠨᠡ ᠨᠢ ᠮᠠᠨ ᠤ | ᠣᠷᠣᠨ ᠠᠩᠬ᠎ᠠ ᠤᠳᠠᠭ᠎ᠠ ᠡᠨᠡᠬᠦ ᠶᠡᠭᠡ ᠱᠠᠩᠨᠠᠯ ᠢ ᠤᠯᠵᠤ ᠪᠠᠶᠢᠭ᠎ᠠ ᠶᠤᠮ᠃ ᠠᠯᠠᠱᠠ ᠵᠡᠭᠦᠨ ᠬᠤᠰᠢᠭᠤ ᠶᠢᠨ | ᠵᠠᠰᠠᠭ ᠤᠨ ᠣᠷᠳᠣᠨ ᠤ ︽ᠬᠠᠤᠯᠢ ᠲᠦᠷᠢᠮ ᠤᠨ ᠨᠠᠷᠢᠨ ᠪᠢᠴᠢᠭᠡᠴᠢ ᠶᠢᠨ ᠲᠦᠷᠢᠮ︾ ᠪᠤᠯᠤᠨ ᠪᠤᠰᠤᠳ 14 | ᠲᠦᠷᠦᠯ ᠵᠦᠢᠯ ᠨᠢ ᠨᠡᠷ᠎ᠡ ᠳᠤᠷᠠᠳᠤᠭᠰᠠᠨ ᠱᠠᠩᠨᠠᠯ ᠭᠥᠷᠳᠡᠪᠡ᠃ | ︽ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠱᠠᠩᠨᠠᠯ︾ ᠨᠢ 2010 | ᠣᠨ ᠠᠴᠠ ᠡᠬᠢᠯᠡᠨ ᠶᠠᠪᠤᠭᠳᠠᠵᠤ᠂ ᠬᠤᠶᠠᠷ ᠵᠢᠯ ᠳᠤ ᠨᠢᠭᠡ ᠤᠳᠠᠭ᠎ᠠ ᠱᠠᠩᠨᠠᠯ ᠤᠯᠭᠤᠨ᠎ᠠ᠃ ᠡᠨᠡ ᠪᠣᠯ ᠮᠠᠨ ᠤ | ᠤᠯᠤᠰ ᠤᠨ ᠠᠩᠬᠠᠳᠤᠭᠠᠷ ᠡᠷᠳᠡᠮ ᠰᠢᠨᠵᠢᠯᠡᠭᠡᠨ ᠤ ᠪᠠᠶᠢᠭᠤᠯᠤᠮᠵᠢ ︵ᠳᠤᠮᠳᠠᠳᠤ ᠤᠯᠤᠰ ᠤᠨ ᠤᠯᠤᠰ ᠲᠥᠷᠥ ᠬᠠᠤᠯᠢ | ᠴᠠᠭᠠᠵᠠ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠰᠠᠭ ᠵᠠᠬᠢᠷᠭᠠᠨ ᠤ ᠬᠠᠤᠯᠢ ᠶᠢᠨ ᠤᠬᠠᠭᠠᠨ ᠤ | ᠰᠤᠳᠤᠯᠭᠠᠨ ᠤ ᠨᠡᠶᠢᠭᠡᠮᠯᠢᠭ︶ ᠠᠴᠠ ᠡᠭᠦᠰᠭᠡᠨ ᠪᠠᠶᠢᠭᠤᠯᠤᠭᠰᠠᠨ ᠰᠢᠨᠵᠢᠯᠡᠬᠦ ᠤᠬᠠᠭᠠᠨᠴᠢ ᠦᠨᠡᠯᠡᠯᠲᠡ ᠶᠢᠨ | ᠪᠠᠷᠢᠮᠵᠢᠶ᠎ᠠ ᠪᠤᠯᠤᠨ ᠢᠯᠡ ᠪᠠᠷ ᠰᠢᠯᠭᠠᠨ ᠰᠣᠩᠭᠤᠬᠤ ᠶᠠᠪᠤᠴᠠ ᠶᠢ ᠦᠨᠳᠦᠰᠦᠯᠡᠨ ᠡᠯ᠎ᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠢ ᠪᠠᠶᠢᠭᠤᠯᠬᠤ ᠲᠦᠷᠢᠮ ᠪᠤᠯᠤᠨ ᠠᠷᠭ᠎ᠠ ᠬᠡᠮᠵᠢᠶ᠎ᠡ ᠶᠢ ᠰᠠᠶᠢᠰᠢᠶᠠᠨ ᠬᠥᠬᠢᠭᠦᠯᠬᠦ ᠱᠠᠩᠨᠠᠯ ᠪᠤᠯᠤᠨ᠎ᠠ᠂ | ᠣᠳᠣᠬᠠᠨ ᠤ ᠮᠠᠨ ᠤ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠪᠠᠷ ᠬᠢ | ᠴᠤᠷ ᠤᠨ ᠭᠠᠭᠴᠠ ᠪᠦᠬᠦ ᠤᠯᠤᠰ ᠤᠨ ᠴᠢᠨᠠᠷᠲᠠᠶ ᠱᠠᠩᠨᠠᠯ ᠪᠤᠯᠤᠨ᠎ᠠ᠃ |