ᠣᠷᠳᠣᠰ ᠬᠤᠲᠠ ᠶᠢᠨ ᠬᠡᠰᠡᠭ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠶᠢ ᠵᠥᠪᠰᠢᠶᠡᠷᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠤᠬᠤᠯᠠᠪᠤᠷᠢ ᠶᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠠᠮᠵᠢᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2016/12/15
                 ᠥᠪᠥᠷ ᠵᠠᠰᠠᠭ ᠲᠠᠷᠬᠠᠭᠠᠭᠰᠠᠨ ﹇2016﹈ 71 ᠳ᠋ᠤᠭᠡᠷ ᠲᠤᠭᠠᠳᠤ                        2016 ᠣᠨ ᠤ 6 ᠳ᠋ᠤᠭᠠᠷ ᠰᠠᠷ᠎ᠠ ᠶᠢᠨ 23᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠬᠡᠰᠡᠭ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠳᠤ ᠲᠣᠬᠢᠷᠠᠭᠤᠯᠣᠯᠲᠠ ᠬᠢᠬᠦ ᠶᠢ ᠵᠦᠪᠰᠢᠶᠡᠷᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠣᠬᠤᠯᠠᠪᠤᠷᠢ︾ ︵ᠲᠥᠷᠥ ᠵᠠᠬᠢᠳᠠᠯ ﹇2016﹈ 102 ᠳ᠋ᠤᠭᠠᠷ ᠲᠣᠭᠠᠲᠤ︶᠎ ᠶᠢ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠶᠢᠨ ᠬᠠᠮᠳᠤ᠂ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠣᠷᠳᠣᠰ ᠬᠤᠲᠠ ᠨᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠶᠣᠰᠤᠭᠠᠷ ᠬᠢᠶ᠎ᠠ ᠪᠠᠭᠰᠢ ᠲᠣᠭᠤᠷᠢᠭ ᠪᠣᠯᠣᠨ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ ᠶᠢᠨ ᠬᠤᠭᠤᠷᠣᠨᠳᠤᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠠᠭᠠᠭ ᠱᠣᠭᠤᠮ ᠳᠤ ᠳᠠᠷᠦ᠋ᠢᠬᠠᠨ ᠬᠠᠶᠢᠨ ᠲᠣᠭᠲᠠᠭᠠᠯᠲᠠ ᠬᠢᠬᠦ ᠶᠢᠨ ᠬᠠᠮᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠬᠠᠶᠢᠨ ᠵᠠᠭᠠᠭᠯᠠᠭᠰᠠᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠦᠪᠰᠢᠶᠡᠷᠡᠭᠦᠯᠬᠦ ᠬᠡᠷᠡᠭᠲᠡᠢ᠃      ᠬᠤᠶᠠᠷ᠂ ᠣᠷᠳᠣᠰ ᠬᠤᠲᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ᠂ ᠲᠤᠰ ᠤᠳᠠᠭᠠᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠤᠨ ᠦᠷᠭᠦᠯᠵᠢᠯᠡᠬᠦ ᠴᠢᠨᠠᠷ ᠢ ᠦᠨᠡᠨᠬᠦ ᠪᠠᠳᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠢᠳᠡᠪᠬᠢᠲᠡᠢ ᠬᠠᠮᠵᠢᠯᠴᠠᠵᠤ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠪᠠᠶᠢᠭᠤᠯᠬᠤ ᠶᠠᠪᠤᠴᠠ ᠳᠠᠬᠢ ᠡᠯ᠎ᠡ ᠲᠥᠷᠥᠯ ᠤᠨ ᠠᠰᠠᠭᠤᠳᠠᠯ ᠤᠳ ᠢ ᠳᠠᠷᠦ᠋ᠢᠬᠠᠨ ᠬᠠᠮᠵᠢᠯᠴᠠᠨ ᠰᠢᠢᠳᠪᠦᠷᠢᠯᠡᠵᠦ᠂ ᠲᠤᠰ ᠤᠳᠠᠭᠠᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠲᠣᠭᠲᠠᠭᠤᠨ ᠢᠶᠠᠷ ᠡᠮᠬᠢ ᠵᠢᠷᠤᠮ ᠲᠠᠢ ᠪᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ                ᠬᠡᠰᠡᠭ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠳᠤ ᠲᠣᠬᠢᠷᠠᠭᠤᠯᠣᠯᠲᠠ ᠬᠢᠬᠦ ᠶᠢ                ᠵᠦᠪᠰᠢᠶᠡᠷᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠣᠬᠤᠯᠠᠪᠤᠷᠢ                         ︵ᠲᠥᠷᠥ ᠵᠠᠬᠢᠳᠠᠯ ﹇2016﹈ 102 ᠳ᠋ᠤᠭᠠᠷ ᠲᠣᠭᠠᠲᠤ︶      ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ᠄      ᠲᠠᠨ ᠤ ᠣᠷᠣᠨ ᠤ ︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠪᠠᠶᠢᠭᠤᠯᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠥᠪᠥᠷ ᠵᠠᠰᠠᠭ ᠲᠠᠷᠬᠠᠭᠠᠭᠰᠠᠨ ﹇2016﹈ 29 ᠳ᠋ᠤᠭᠡᠷ ᠲᠣᠭᠠᠲᠤ︶᠎ ᠶᠢ ᠣᠯᠵᠤ ᠠᠪᠤᠯ᠎ᠠ᠃      ᠡᠳᠦᠭᠡ ᠳᠣᠣᠷᠠᠬᠢ ᠮᠡᠲᠦ ᠴᠤᠬᠤᠯᠠᠪᠦᠷᠢᠯᠠᠪᠠ᠄      ᠣᠷᠳᠣᠰ ᠬᠤᠲᠠ ᠬᠢᠶ᠎ᠠ ᠪᠠᠭᠰᠢ ᠲᠣᠭᠤᠷᠢᠭ ᠪᠠᠶᠢᠭᠤᠯᠵᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠠ ᠪᠠᠭᠰᠢ ᠵᠡᠭᠡᠯᠢ ᠭᠤᠳᠤᠮᠵᠢ᠂ ᠴᠢᠩ ᠴᠥᠨ ᠱᠠᠨ ᠵᠡᠭᠡᠯᠢ ᠭᠤᠳᠤᠮᠵᠢ᠂ ᠪᠢᠨ ᠡᠾᠤ ᠵᠡᠭᠡᠯᠢ ᠭᠤᠳᠤᠮᠵᠢ ᠶᠢ ᠬᠢᠶ᠎ᠠ ᠪᠠᠭᠰᠢ ᠲᠣᠭᠤᠷᠢᠭ ᠤᠨ ᠬᠠᠷᠢᠶᠠᠨ ᠳᠤ ᠬᠤᠪᠢᠶᠠᠷᠢᠯᠠᠨ᠂ ᠬᠠ ᠪᠠᠭᠰᠢ ᠵᠡᠭᠡᠯᠢ ᠭᠤᠳᠤᠮᠵᠢ᠂ ᠴᠢᠩ ᠴᠥᠨ ᠱᠠᠨ ᠵᠡᠭᠡᠯᠢ ᠭᠤᠳᠤᠮᠵᠢ᠂ ᠪᠢᠨ ᠡᠾᠤ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠣᠷᠣᠨ ᠢᠶᠠᠷ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠪᠣᠯᠭᠠᠵᠤ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠢᠨ ᠡᠾᠤ ᠵᠡᠭᠡᠯᠢ ᠭᠤᠳᠤᠮᠵᠢ ᠶᠢᠨ ᠣᠷᠳᠣᠰ ᠵᠡᠭᠦᠨ ᠵᠡᠭᠡᠯᠢ ᠶᠢᠨ 10 ᠳ᠋ᠤᠭᠠᠷ ᠨᠣᠮᠧᠷ ᠲᠤ ᠰᠠᠭᠤᠷᠢᠰᠢᠬᠤ ᠶᠢ ᠵᠦᠪᠰᠢᠶᠡᠷᠡᠪᠡ᠃      ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠣᠬᠢᠷᠠᠭᠤᠯᠤᠯᠲᠠ ᠳᠤ ᠬᠤᠯᠪᠣᠭᠳᠠᠭᠰᠠᠨ ᠡᠯ᠎ᠡ ᠲᠥᠷᠥᠯ ᠤᠨ ᠪᠠᠶᠢᠭᠤᠯᠤᠮᠵᠢ ᠨᠤᠭᠤᠳ ᠢ ︽ᠴᠣᠮᠬᠠᠳᠬᠠᠬᠤ᠂ ᠨᠢᠭᠡᠳᠭᠡᠬᠦ᠂ ᠬᠦᠴᠦᠨ ᠴᠢᠳᠠᠪᠤᠷᠢ︾᠎ ᠲᠠᠢ ᠪᠠᠶᠢᠬᠤ ᠵᠠᠷᠴᠢᠮ ᠤᠨ ᠶᠣᠰᠤᠭᠠᠷ ᠪᠠᠶᠢᠷᠢᠯᠠᠭᠤᠯᠵᠤ᠂ ᠬᠤᠯᠪᠣᠭᠳᠠᠬᠤ ᠵᠠᠰᠠᠭ ᠵᠠᠬᠢᠷᠭᠠᠨ ᠤ ᠣᠷᠣᠨ ᠤ ᠵᠠᠭᠠᠭ ᠱᠣᠭᠤᠮ ᠢ ᠲᠣᠭᠲᠠᠭᠠᠯ ᠶᠣᠰᠤᠭᠠᠷ ᠳᠠᠷᠦ᠋ᠢᠬᠠᠨ ᠬᠠᠶᠢᠨ ᠲᠣᠭᠲᠠᠭᠠᠵᠤ᠂ ᠬᠡᠷᠡᠭᠯᠡᠬᠦ ᠠᠵᠢᠯᠲᠠᠨ ᠤ ᠣᠷᠣᠨ ᠲᠤᠭ᠎ᠠ ᠪᠠ ᠵᠠᠷᠤᠳᠠᠯ ᠢ ᠲᠠᠨ ᠤ ᠣᠷᠣᠨ ᠥᠪᠡᠷᠲᠡᠭᠡᠨ ᠰᠢᠢᠳᠪᠦᠷᠢᠯᠡᠬᠦ ᠬᠡᠷᠡᠭᠲᠡᠢ᠃ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠴᠢᠯᠦᠭᠡᠲᠡᠢ ᠪᠠᠶᠢᠬᠤ᠂ ᠬᠠᠮᠳᠤ ᠳᠠᠭᠠᠨ ᠬᠦᠷᠲᠡᠯᠴᠡᠬᠦ ᠬᠦᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠬᠦᠮᠦᠨ ᠢᠶᠠᠷ ᠦᠨᠳᠦᠰᠦ ᠪᠣᠯᠭᠠᠬᠤ᠂ ᠳᠥᠷᠪᠡᠨ ᠣᠳᠣᠬᠢᠴᠢᠯᠠᠯᠲᠠ ᠶᠢ ᠵᠡᠷᠭᠡ ᠳᠤᠨᠢ ᠶᠠᠪᠤᠭᠳᠠᠭᠤᠯᠬᠤ᠂ ᠰᠢᠯᠢᠳᠡᠭᠵᠢᠭᠦᠯᠦᠨ ᠪᠠᠶᠢᠷᠢᠯᠠᠭᠤᠯᠬᠤ᠂ ᠠᠮᠢ ᠠᠬᠤᠢ ᠶᠢᠨ ᠪᠣᠯᠪᠠᠰᠤᠨ᠂ ᠰᠣᠶᠣᠯ ᠤᠨ ᠤᠯᠠᠮᠵᠢᠯᠠᠯ ᠲᠠᠢ ᠳᠤᠮᠳᠠᠲᠤ ᠤᠯᠤᠰ ᠤᠨ ᠣᠨᠴᠠᠯᠢᠭ ᠪᠦᠬᠦᠢ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢᠨ ᠵᠠᠮ ᠢᠶᠠᠷ ᠶᠠᠪᠤᠬᠤ ᠶᠢ ᠪᠠᠷᠢᠮᠲᠠᠯᠠᠵᠤ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠴᠦ᠂ ᠬᠤᠲᠠ ᠶᠢᠨ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ ᠵᠦᠢᠯ ᠤᠨ ᠰᠠᠬᠢᠯᠭ᠎ᠠ︾᠎ ᠶᠢᠨ ᠱᠠᠭᠠᠷᠳᠠᠯᠭ᠎ᠠ ᠶᠣᠰᠤᠭᠠᠷ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠭᠲᠤ ᠲᠠᠩᠬᠢᠮ ᠪᠠᠭᠤᠳᠠᠯ ᠢ ᠰᠢᠨ᠎ᠡ ᠪᠠᠷ ᠪᠠᠶᠢᠭᠤᠯᠬᠤ ᠦᠭᠡᠢ᠂ ᠡᠳ᠋ ᠤᠨ ᠵᠠᠰᠠᠭ ᠠᠴᠠ ᠲᠡᠵᠢᠭᠡᠵᠦ ᠪᠠᠶᠢᠭ᠎ᠠ ᠬᠦᠮᠦᠰ ᠢ ᠨᠡᠮᠡᠭᠳᠡᠭᠦᠯᠬᠦ ᠦᠭᠡᠢ᠂ ︽ᠠᠯᠪᠠᠨ ᠤ ᠭᠤᠷᠪᠠᠨ ᠵᠠᠷᠤᠳᠠᠯ︾᠎ ᠢ ᠨᠡᠮᠡᠭᠳᠡᠭᠦᠯᠬᠦ ᠦᠭᠡᠢ ᠪᠠᠶᠢᠬᠤ ᠶᠢ ᠴᠢᠩᠭ᠎ᠠ ᠵᠢᠷᠤᠮᠯᠠᠬᠤ ᠬᠡᠷᠡᠭᠲᠡᠢ᠃ ᠲᠥᠪ ᠤᠨ ᠰᠠᠶᠢᠲᠤᠷ ᠭᠠᠮᠨᠠᠨ ᠠᠷᠪᠢᠯᠠᠬᠤ ᠲᠣᠭᠲᠠᠭᠠᠯ ᠪᠠ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠣᠷᠣᠨ ᠪᠦᠰᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠵᠣᠬᠢᠴᠠᠩᠭᠤᠢ ᠪᠦᠭᠡᠳ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠬᠢ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠡᠮᠬᠢ ᠵᠢᠷᠤᠮ ᠲᠠᠢ ᠯᠠᠪᠳᠠᠭᠤᠨ ᠪᠠᠳᠤᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃             ᠪᠦᠭᠦᠲᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ                                2016 ᠣᠨ ᠤ 6 ᠳ᠋ᠤᠭᠠᠷ ᠰᠠᠷ᠎ᠠ ᠶᠢᠨ 8᠎ ᠤ ᠡᠳᠦᠷ  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ