ᠥᠪᠥᠷ ᠮᠣᠩᠭᠤᠯ ᠣᠷᠣᠨ ᠵᠠᠶ ᠶᠢᠨ ᠲᠥᠯᠥᠪᠵᠢᠭᠦᠯᠭᠡ ᠶᠢᠨ ᠥᠭᠡᠷᠡᠴᠢᠯᠡᠯᠲᠡ ᠬᠢᠭᠡᠳ ᠤᠯᠠᠨ ᠲᠥᠯᠥᠪᠵᠢᠭᠦᠯᠭᠡ ᠶᠢ ᠨᠢᠭᠡᠳᠬᠡᠬᠦ ᠶᠢ ᠠᠬᠢᠭᠤᠯᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/12/16
     ᠥᠪᠥᠷ ᠮᠣᠩᠭᠤᠯ ᠤᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠭᠤᠣᠯᠯᠠᠨ ᠡᠷᠭᠢᠯᠡᠵᠦ᠂ ᠵᠦᠩ ᠶᠠᠨ ᡁᠢ ᠺᠥ᠋ ᠶᠢᠨ ᠳᠡᠮᠵᠢᠭᠰᠡᠨ ︽ᠥᠪᠥᠷ ᠮᠣᠩᠭᠤᠯ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠥᠭᠡᠷᠡᠴᠢᠯᠡᠯᠲᠡ ᠬᠢᠭᠡᠳ ︿ᠤᠯᠠᠨ ᠲᠥᠯᠥᠪᠵᠢᠭᠦᠯᠭᠡ ᠶᠢ ᠨᠢᠭᠡᠳᠬᠡᠬᠦ﹀᠎ ᠶᠢ ᠠᠬᠢᠭᠤᠯᠬᠤ ᠰᠤᠳᠤᠯᠤᠨ ᠶᠠᠷᠢᠯᠴᠠᠬᠤ ᠬᠤᠷᠠᠯ︾᠎ ᠢ 12 ᠳ᠋ᠤᠭᠠᠷ ᠰᠠᠷ᠎ᠠ ᠶᠢᠨ 15᠎ ᠤ ᠡᠳᠦᠷ ᠬᠥᠬᠡᠬᠤᠲᠠ ᠳᠤ ᠬᠤᠷᠠᠯᠳᠤᠪᠠ᠃      ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠠᠵᠢᠯ ᠪᠣᠯ ᠮᠠᠨ ᠤ ᠤᠯᠤᠰ ᠤᠨ ᠭᠤᠣᠯ ᠴᠣᠭᠴᠠ ᠶᠢᠨ ᠴᠢᠳᠠᠮᠵᠢᠳᠦ ᠣᠷᠣᠨ ᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠦᠨ᠂ ᠮᠠᠨ ᠤ ᠤᠯᠤᠰ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠣᠯᠳᠠᠯᠭᠠᠲᠤ ᠴᠢᠭᠯᠡᠯ ᠮᠥᠨ᠃ ᠲᠡᠭᠦᠨ ᠤ ᠭᠤᠣᠯ ᠵᠣᠷᠢᠯᠭ᠎ᠠ ᠨᠢ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠᠷ ᠤᠳᠤᠷᠢᠳᠤᠯᠭ᠎ᠠ ᠪᠣᠯᠭᠠᠵᠤ᠂ ᠬᠤᠳᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ᠂ ᠰᠤᠷᠭᠠᠨ ᠬᠥᠮᠦᠵᠢᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠥᠯᠥᠪᠵᠢᠭᠦᠯᠭᠡ ᠶᠢᠨ ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠨᠡᠭᠡᠭᠡᠨ ᠠᠰᠢᠭᠯᠠᠯᠲᠠ ᠡᠮᠬᠢ ᠵᠢᠷᠤᠮ ᠲᠠᠢ ᠪᠠᠶᠢᠬᠤ᠂ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢᠨ ᠣᠷᠣᠨ ᠵᠠᠶ ᠵᠦᠢ ᠵᠣᠬᠢᠰᠲᠠᠶ ᠪᠠᠶᠢᠬᠤ᠂ ᠭᠠᠵᠠᠷ ᠰᠢᠷᠣᠶ ᠶᠢᠨ ᠡᠬᠢ ᠪᠠᠶᠠᠯᠢᠭ ᠢ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠵᠤ᠂ ᠠᠵᠤ ᠠᠬᠤᠶ ᠨᠡᠶᠢᠭᠡᠮ ᠠᠮᠢ ᠠᠬᠤᠶ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃      ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠵᠡᠷᠭᠡ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠠᠵᠢᠯ ᠤᠨ ᠭᠤᠣᠯᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠤᠳ ᠢ ᠤᠷᠢᠨ ᠮᠠᠨ ᠤ ᠣᠷᠣᠨ ᠤ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠠᠨᠢᠯᠴᠠᠭᠤᠯᠪᠠ︔ ᠵᠦᠩ ᠶᠠᠨ ᡁᠢ ᠶᠧ ᠪᠦᠯᠦᠭᠯᠡᠯ ᠵᠡᠷᠭᠡ ᠶᠢᠨ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠷᠬᠢᠯᠡᠭᠰᠡᠨ ᠲᠤᠰᠬᠠᠶ ᠮᠡᠷᠭᠡᠵᠢᠯᠲᠡᠨ ᠢ ᠤᠷᠢᠨ ᠮᠡᠷᠭᠡᠵᠢᠯ ᠤᠨ ᠲᠥᠰᠦᠯ ᠢ ᠰᠤᠳᠤᠯᠤᠨ ᠶᠠᠷᠢᠯᠴᠠᠵᠤ᠂ ᠬᠥᠬᠡᠨᠠᠭᠤᠷ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠥᠯᠥᠪᠵᠢᠭᠦᠯᠭᠡ ᠶᠢᠨ ᠭᠠᠵᠠᠷ᠂ ᠵᠡᠭᠦᠨᠭᠠᠷ ᠬᠤᠰᠢᠭᠤ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠵᠡᠷᠭᠡ ᠣᠷᠣᠨ ᠤ ᠳᠣᠲᠣᠷ᠎ᠠ ᠭᠠᠳᠠᠨᠠᠬᠢ ᠨᠡᠯᠢᠶᠡᠳ ᠰᠠᠶᠢᠨ ᠬᠢᠵᠦ ᠪᠠᠶᠢᠭ᠎ᠠ ᠭᠠᠵᠠᠷ ᠣᠷᠣᠨ ᠪᠣᠯᠤᠨ ᠲᠤᠷᠰᠢᠯᠲᠠ ᠶᠢᠨ ᠨᠢᠭᠡᠴᠡ ᠶᠢ ᠤᠷᠢᠨ ᠲᠤᠷᠰᠢᠯᠭ᠎ᠠ ᠲᠠᠨᠢᠯᠴᠠᠭᠤᠯᠵᠤ᠂ ᠪᠠᠶᠢᠳᠠᠯ ᠢᠶᠠᠨ ᠨᠡᠪᠲᠡᠷᠡᠯᠴᠡᠬᠦ᠂ ᠲᠤᠷᠰᠢᠯᠭ᠎ᠠ ᠪᠠᠨ ᠰᠣᠯᠢᠯᠴᠠᠬᠤ᠂ ᠠᠰᠠᠭᠤᠳᠠᠯ ᠢ ᠡᠮᠬᠢᠯᠡᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠰᠢᠢᠳᠪᠦᠷᠢᠯᠡᠬᠦ ᠠᠷᠭ᠎ᠠ ᠶᠢ ᠡᠷᠢᠬᠦ ᠬᠠᠷᠠᠯᠲᠠ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠶᠢᠨ ᠠᠵᠢᠯ ᠢ ᠨᠡᠩ ᠰᠠᠶᠢᠲᠤᠷ ᠲᠦᠯᠬᠢᠨ ᠠᠬᠢᠭᠤᠯᠬᠤ ᠳᠤ ᠰᠢᠢᠳᠪᠦᠷᠢᠲᠦ ᠪᠤᠳᠦᠯᠭ᠎ᠠ ᠶᠢᠨ ᠦᠨᠳᠦᠰᠦᠯᠡᠯ ᠪᠣᠯᠣᠨ ᠰᠠᠨᠠᠭᠤᠯᠭ᠎ᠠ ᠥᠭᠴᠦ᠂ ᠪᠠᠰᠠ ᠡᠯ᠎ᠡ ᠠᠶᠢᠮᠠᠭ ᠬᠤᠲᠠ ᠬᠤᠰᠢᠭᠤ ᠰᠢᠶᠠᠨ ᠤ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳᠤ ᠲᠤᠷᠰᠢᠯᠭ᠎ᠠ ᠶᠢᠨ ᠯᠠᠪᠯᠠᠯᠲᠠ ᠪᠣᠯᠣᠨ ᠰᠢᠢᠳᠪᠦᠷᠢᠯᠡᠬᠦ ᠲᠥᠰᠥᠯ ᠢ    ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号