ᠥᠪᠥᠷ ᠮᠣᠩᠭᠤᠯ᠂ ᠪᠡᠭᠡᠵᠢᠩ ᠭᠤᠸᠠᠩᠰᠢ ᠬᠠᠶᠢᠨᠠᠨ ᠲᠠᠢ ︽ᠵᠢᠭᠤᠯᠴᠢᠯᠠᠯ + ᠲᠡᠮᠦᠷ ᠵᠠᠮ︾᠎ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠦᠭᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/12/16
     ᠥᠪᠥᠷ ᠮᠣᠩᠭᠤᠯ᠂ ᠪᠡᠭᠡᠵᠢᠩ᠂ ᠭᠤᠸᠠᠩᠰᠢ᠂ ᠬᠠᠶᠢᠨᠠᠨ ᠤ ᠵᠢᠭᠤᠯᠴᠢᠯᠠᠯ᠂ ᠲᠡᠮᠦᠷ ᠵᠠᠮ ᠤᠨ ᠰᠠᠯᠠᠭ᠎ᠠ ᠮᠥᠴᠢᠷ ᠤᠳ ᠣᠶᠢᠷ᠎ᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠤᠷᠤ ᠲᠦᠯᠦᠪ ᠤᠨ ᠵᠥᠪᠯᠡᠯᠴᠡᠭᠡᠷ ᠲᠣᠭᠲᠠᠭᠠᠵᠤ᠂ ᠬᠠᠮᠲᠤ ᠪᠠᠷ ︽ᠵᠢᠭᠤᠯᠴᠢᠯᠠᠯ + ᠲᠡᠮᠦᠷ ᠵᠠᠮ︾᠎ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠦᠭᠵᠢᠭᠦᠯᠬᠦ ᠪᠠᠷ ᠪᠤᠯᠪᠠ᠃ ᠪᠣᠷᠣ ᠲᠥᠯᠥᠪ ᠤᠨ ᠵᠦᠪᠳᠡᠯᠴᠡᠭᠡᠷ ᠲᠤ ᠪᠣᠯᠵᠣᠨ ᠲᠤᠭᠲᠠᠭᠰᠠᠨ ᠢᠶᠠᠷ᠂ ᠥᠪᠥᠷ ᠮᠣᠩᠭᠤᠯ᠂ ᠪᠡᠭᠡᠵᠢᠩ᠂ ᠭᠤᠸᠠᠩᠰᠢ᠂ ᠬᠠᠶᠢᠨᠠᠨ ᠨᠢ ᠵᠢᠭᠤᠯᠴᠢᠯᠠᠯ ᠪᠤᠯᠤᠨ ᠲᠡᠮᠦᠷ ᠵᠠᠮ ᠤᠨ ᠬᠤᠯᠪᠤᠭᠠᠲᠤ ᠬᠤᠷᠠᠯ ᠤᠨ ᠲᠥᠷᠢᠮ ᠢ ᠪᠠᠶᠢᠭᠤᠯᠵᠤ᠂ ᠲᠡᠮᠦᠷ ᠵᠠᠮ ᠤᠨ ᠲᠤᠰᠬᠠᠶ ᠴᠤᠪᠤᠭ᠎ᠠ ᠲᠡᠷᠭᠡ ᠶᠢᠨ ᠵᠢᠭᠤᠯᠴᠢᠯᠠᠯ ᠤᠨ ᠡᠵᠡᠩᠨᠡᠨ ᠪᠤᠷᠤᠯᠠᠭᠤᠯᠭ᠎ᠠ ᠶᠢᠨ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠵᠢᠭᠤᠯᠴᠢᠯᠠᠯ ᠤᠨ ᠨᠡᠷᠡᠲᠦ ᠲᠡᠮᠳᠡᠭ ᠢ ᠬᠠᠮᠲᠤᠪᠠᠷ ᠨᠡᠭᠡᠭᠡᠨ ᠬᠥᠭᠵᠢᠭᠦᠯᠬᠦ ᠪᠠ ᠡᠭᠦᠳᠴᠦ᠂ ᠲᠡᠮᠦᠷ ᠵᠠᠮ ᠤᠨ ᠵᠢᠭᠤᠯᠴᠢᠯᠠᠯ ᠤᠨ ᠲᠤᠰᠬᠠᠶ ᠴᠤᠪᠤᠭ᠎ᠠ ᠲᠡᠷᠭᠡ ᠶᠢ ᠰᠦᠪᠡᠭᠴᠢᠯᠡᠨ ᠳᠡᠯᠭᠡᠷᠡᠭᠦᠯᠵᠦ᠂ ᠵᠢᠭᠤᠯᠴᠢᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠲᠤᠰᠬᠠᠶ ᠴᠤᠪᠤᠭ᠎ᠠ ᠲᠡᠷᠭᠡ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠬᠠᠮᠲᠤ ᠪᠠᠷ ᠬᠠᠮᠠᠭᠠᠯᠠᠨ᠎ᠠ᠃ ᠡᠨᠡ 4 ᠮᠤᠵᠢ ᠣᠷᠣᠨ ᠬᠤᠲᠠ ᠶᠢᠨ ᠵᠢᠭᠤᠯᠴᠢᠯᠠᠯ ᠪᠠ ᠲᠡᠮᠦᠷ ᠵᠠᠮ ᠤᠨ ᠰᠠᠯᠠᠭ᠎ᠠ ᠮᠥᠴᠢᠷ ᠨᠢ ᠲᠡᠮᠦᠷ ᠵᠠᠮ ᠤᠨ ᠠᠶᠠᠨᠴᠢᠳ ᠤᠨ ᠢᠷᠡᠯᠲᠡ ᠶᠢ ᠵᠣᠬᠢᠶᠠᠨ ᠪᠠᠶᠢᠭᠤᠯᠬᠤ ᠪᠠ ᠵᠠᠮ ᠬᠠᠷᠢᠯᠴᠠᠭᠠᠨ ᠤ ᠲᠠᠯ᠎ᠠ ᠪᠠᠷ ᠦᠵᠡᠭᠦᠯᠬᠦ ᠬᠦᠴᠦᠷᠬᠡᠭ ᠶᠡᠭᠡ ᠳᠠᠪᠠᠭᠤᠯᠢᠭ ᠲᠠᠯ᠎ᠠ ᠶᠢ ᠠᠰᠢᠭᠯᠠᠨ᠂ ᠡᠭᠡ ᠤᠯᠤᠰ ᠤᠨ ᠤᠮᠠᠷᠠᠲᠤ ᠤᠷᠤᠨ᠂ ᠡᠮᠦᠨᠡᠲᠦ ᠤᠷᠤᠨ ᠢ ᠨᠢᠭᠡ ᠱᠤᠭᠤᠮ ᠳᠤ ᠬᠤᠯᠪᠤᠵᠤ᠂ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭᠠᠨ ᠤ ᠬᠤᠯᠪᠣᠭᠠᠰᠤ ᠶᠢ ᠪᠠᠶᠢᠭᠤᠯᠵᠤ᠂ ᠲᠡᠮᠦᠷ ᠵᠠᠮ ᠤᠨ ᠵᠢᠭᠤᠯᠴᠢᠯᠠᠯ ᠤᠨ ᠵᠠᠮ ᠱᠤᠭᠤᠮ ᠤᠨ ᠨᠡᠷᠡᠲᠦ ᠳᠡᠮᠳᠡᠭ ᠢ ᠡᠭᠦᠳᠴᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ᠂ ᠠᠭᠤᠰᠤᠯᠴᠠ ᠬᠦᠭᠵᠢᠬᠦ ᠶᠢ ᠪᠡᠶᠡᠯᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号